| ᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ ᠂ 3 ᠰᠠᠷ᠎ᠠ ᠶᠢᠨ 23 ᠤ ᠡᠳᠦᠷ ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠡᠤ ᠵᠢᠶᠠᠨ ᠰᠢᠶᠦ᠋ᠨ ᠵᠡᠭᠦᠨᠭᠠᠷ ᠬᠤᠰᠢᠭᠤᠨ ᠳᠤ ᠬᠦᠷᠴᠦ ᠠᠵᠤ ᠠᠬᠤᠶ ᠶᠢᠨ ᠡᠷᠬᠢᠯᠳᠡ ᠂ ᠠᠮᠢ | ᠠᠬᠤᠶ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠬᠰᠠᠨ ᠪᠠᠶᠢᠴᠠᠭᠠᠯᠳᠠ ᠳᠤ ᠢᠯᠡᠷᠡᠬᠦᠯᠦᠭᠰᠡᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠂ ︽ | ᠵᠢᠷᠭᠤᠭᠠᠨ ᠠᠵᠢᠯᠯᠠᠭ᠎ᠠ ︾ ᠶᠢ ᠠᠬᠢᠭᠤᠯᠬᠤ ᠪᠠᠠᠶᠤᠯᠭᠦᠶ ᠤᠶᠢᠯᠡᠳᠪᠤᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ ᠃ ᠬᠤᠰᠢᠭᠤᠨ | ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠵᠣᠣ ᠱᠤᠸᠠᠨ ᠂ ᠬᠤᠲᠠ ᠶᠢᠨ ᠳᠠᠭᠠᠭᠠᠴᠢᠯᠠᠨ ᠬᠤᠯᠪᠤᠭᠠᠯᠠᠵᠤ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠂ ᠬᠤᠲᠠ ᠶᠢᠨ ᠡᠨᠧᠷᠭᠢ ᠶᠢᠨ ᠲᠣᠪᠴᠢᠶ᠎ᠠ ᠂ | ᠬᠤᠰᠢᠭᠤᠨ ᠤ ᠵᠠᠰᠠᠭ ᠤᠨ ᠣᠷᠳᠣᠨ ᠤ ᠬᠤᠯᠪᠤᠬᠳᠠᠯ ᠪᠥᠬᠦᠶ ᠬᠠᠷᠢᠭᠤᠴᠠᠯᠭᠠᠲᠠᠳ ᠤᠷᠢᠳ ᠬᠤᠵᠢᠳ ᠶᠠᠷᠢᠯᠴᠠᠬᠤ ᠬᠤᠷᠠᠯ ᠪᠠ ᠪᠠᠶᠢᠴᠠᠭᠠᠨ ᠰᠤᠳᠤᠯᠤᠯᠲᠠ ᠳᠤ | ᠣᠷᠣᠯᠴᠠᠪᠠ ᠃ | ᠶᠠᠷᠢᠯᠴᠠᠬᠤ ᠬᠤᠷᠠᠯ ᠳᠡᠭᠡᠷ᠎ᠡ ᠂ ᠵᠡᠭᠦᠨᠭᠠᠷ ᠬᠤᠰᠢᠭᠤᠨ ᠤ ᠬᠢᠨ ᠠᠵᠤ ᠠᠬᠤᠢ ᠶᠢᠨ ᠡᠷᠬᠢᠯᠳᠡ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠬᠰᠠᠨ ᠪᠠᠶᠢᠴᠠᠭᠠᠯᠳᠠ ᠳᠤ ᠢᠯᠡᠷᠡᠬᠦᠯᠦᠭᠰᠡᠨ ᠠᠰᠠᠭᠤᠳᠠᠯ ᠢ ᠬᠠᠯᠠᠨ ᠰᠠᠶᠢᠵᠢᠷᠠᠭᠤᠯᠤᠭᠰᠠᠨ ᠂ ︽ ᠵᠢᠷᠭᠤᠭᠠᠨ ᠠᠵᠢᠯᠯᠠᠭ᠎ᠠ ︾ ᠶᠢ ᠠᠬᠢᠭᠤᠯᠤᠭᠰᠠᠨ ᠂ | ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠳᠤᠳᠤᠷᠬᠠᠢ ᠬᠠᠷᠢᠭᠤ ᠮᠡᠳᠡᠭᠦᠯᠵᠡᠢ ᠃ ᠦ᠋ ᠵᠢᠶᠠᠨ ᠰᠢᠶᠦ᠋ᠨ ᠵᠡᠭᠦᠨᠭᠠᠷ ᠬᠤᠰᠢᠭᠤᠨ ᠤ ᠡᠯ᠎ᠡ ᠲᠠᠯ᠎ᠠ ᠶᠢᠨ ᠠᠵᠢᠯ | ᠳᠡᠭᠡᠷ᠎ᠠ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ ᠂ ᠠᠵᠤ ᠠᠬᠤᠢ ᠶᠢᠨ ᠡᠷᠬᠢᠯᠳᠡ ᠶᠢᠨ ᠬᠢᠨᠠᠨ ᠬᠡᠮᠵᠢᠯᠲᠡ | ᠵᠠᠳᠠᠯᠤᠯᠲᠠ ᠳᠤᠬᠢᠷᠠᠭᠤᠯᠤᠯᠳᠠ ᠶᠢ ᠴᠢᠩᠭᠠᠳᠬᠠᠵᠤ ᠂ ᠤᠯᠠᠨ ᠠᠷᠭ᠎ᠠ ᠪᠠᠷᠢᠯ ᠢᠶᠠᠷ ᠳᠠᠯᠳᠠ ᠬᠦᠴᠦᠨ ᠢ ᠠᠭᠤᠳᠠᠯᠵᠤ ᠂ ᠨᠡᠮᠡᠭᠳᠡᠯ ᠤᠨ ᠭᠡᠮᠵᠢᠶ᠎ᠠ ᠶᠢ ᠥᠷᠭᠡᠳᠬᠡᠵᠦ ᠂ | ᠳᠦᠷᠦᠬᠦᠦ ᠤᠯᠠᠷᠢᠯ ᠤᠨ ︽ ᠰᠠᠶᠢᠨ ᠡᠬᠢᠯᠡᠯᠲᠡ ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ | ᠴᠢᠩᠭ᠎ᠠ ᠠᠳᠬᠤᠵᠤ ᠂ ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠠᠯᠠᠨ ᠰᠠᠶᠢᠵᠢᠷᠠᠭᠤᠯᠬᠤ ᠶᠢ ᠠᠳᠬᠤᠵᠤ ᠂ ᠳᠤᠲᠠᠭᠤᠳᠠᠯ ᠪᠠᠭᠤᠷᠠᠢ ᠲᠠᠯ᠎ᠠ ᠶᠢ | ᠴᠢᠩᠭ᠎ᠠ ᠠᠩᠬᠠᠷᠴᠤ ᠲᠡᠰ ᠳᠡᠪᠰᠢᠭᠦᠯᠬᠦ ᠶᠢ ᠠᠳᠬᠤᠵᠤ ᠂ ᠥᠩᠭᠡᠷᠡᠭᠰᠡᠨ ᠵᠢᠯ ᠤᠳ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠴᠠᠭ ᠲᠤᠬᠠᠢ ᠳᠤᠨᠢ ︽ | ᠡᠷᠬᠢᠨ ᠬᠠᠷᠠᠬᠤ ︾ ᠶᠢ ᠵᠣᠬᠢᠶᠠᠨ ᠪᠠᠶᠢᠭᠤᠯᠵᠤ ᠂ ᠬᠠᠯᠠᠨ ᠰᠠᠶᠢᠵᠢᠷᠠᠭᠤᠯᠤᠯᠲᠠ ᠶᠢᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ ᠃ ᠳᠡᠭᠡᠳᠦ ᠱᠠᠲᠤᠨ ᠤ ᠰᠠᠯᠠᠭ᠎ᠠ | ᠮᠥᠴᠢᠷ ᠯᠦᠭᠡ ᠶᠢᠨ ᠨᠢᠭᠲᠠ ᠨᠡᠪᠲᠡᠷᠡᠯᠴᠡᠭᠡ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ ᠂ ᠬᠤᠲᠠ ᠶᠢᠨ ᠳᠠᠭᠠᠭᠠᠴᠢᠯᠠᠨ ᠬᠤᠯᠪᠣᠭᠠᠯᠠᠵᠤ ᠱᠠᠯᠠᠪᠳᠠᠭᠤᠯᠤᠨ | ᠵᠢᠯᠣᠭᠤᠳᠬᠤ ᠳᠤᠭᠤᠶᠢᠯᠠᠩ ᠤᠨ ᠤᠶᠢᠯᠡᠳᠤᠯ ᠢ ᠬᠦᠢᠴᠡᠳ ᠪᠠᠳᠠᠷᠠᠭᠤᠯᠤᠨ ᠂ ᠬᠤᠰᠢᠭᠤ ᠂ ᠰᠢᠶᠠᠩ ᠂ ᠲᠣᠰᠬᠤᠨ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ | ᠠᠵᠢᠯ ᠤᠨ ᠲᠣᠭᠲᠠᠴᠠ ᠶᠢ ᠪᠠᠶᠢᠭᠤᠯᠵᠤ ᠂ ᠡᠯ᠎ᠡ ᠲᠠᠯ᠎ᠠ ᠶᠢᠨ ᠬᠦᠴᠦᠨ ᠢ ᠬᠦᠢᠴᠡᠳ ᠳᠠᠶᠢᠴᠢᠯᠠᠨ ᠂ ᠠᠵᠢᠯ ᠤᠨ ᠬᠠᠮᠳᠤᠷᠠᠯ ᠬᠦᠴᠦᠨ ᠢ ᠪᠦᠷᠢᠯᠳᠦᠭᠦᠯᠵᠦ ᠂ ᠡᠯ᠎ᠡ | ᠵᠤᠶᠢᠯ ᠤᠨ ᠠᠵᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ ᠂ ᠡᠯ᠎ᠡ ᠲᠥᠷᠥᠯ ᠤᠨ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠶᠠᠰᠤ ᠴᠢᠨᠠᠷ ᠢ | ᠪᠠᠲᠤᠯᠠᠨ ᠲᠤᠭ᠎ᠠ ᠬᠡᠮᠵᠢᠶ᠎ᠡ ᠶᠢ ᠪᠠᠲᠤᠯᠠᠨ ᠬᠠᠯᠠᠨ ᠰᠠᠶᠢᠵᠢᠷᠠᠭᠤᠯᠵᠤ ᠂ ᠠᠰᠠᠭᠤᠳᠠᠯ ᠢ ᠬᠠᠯᠠᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠲᠡᠶ ᠳᠡᠭᠡᠭᠰᠢᠯᠡᠭᠦᠯᠬᠦ ᠬᠡᠷᠡᠭᠲᠡᠶ ᠃ ︽ ᠵᠢᠷᠭᠤᠭᠠᠨ ᠠᠵᠢᠯᠯᠠᠭ᠎ᠠ ︾ ᠶᠢᠨ | ᠬᠡᠷᠡᠭᠵᠢᠭᠦᠯᠦᠯᠲᠡ ᠶᠢ ᠲᠦᠷᠭᠡᠨ ᠠᠬᠢᠭᠤᠯᠵᠤ ᠂ ᠠᠬᠢᠭᠤᠯᠬᠤ ᠠᠷᠭ᠎ᠠ ᠭᠡᠮᠵᠢᠶ᠎ᠠ ᠶᠢ ᠨᠠᠷᠢᠯᠢᠬᠵᠢᠭᠤᠯᠵᠤ ᠂ ᠮᠥᠷᠳᠡᠨ ᠳᠠᠭᠠᠵᠤ ᠦᠷ᠎ᠡ ᠪᠦᠲᠦᠮᠵᠢ ᠤᠯᠬᠤ ᠶᠢ | ᠴᠢᠩᠭᠠᠳᠬᠠᠵᠤ ᠂ ᠡᠯ᠎ᠡ ᠵᠦᠢᠯ ᠤᠨ ᠠᠵᠢᠯ ᠢ ᠣᠨᠣᠪᠴᠢᠲᠠᠢ ᠲᠥᠯᠥᠪᠵᠢᠭᠦᠯᠬᠦ ᠂ ᠪᠣᠳᠠᠲᠠᠢ ᠠᠳᠬᠤᠬᠤ ᠂ ᠬᠢᠵᠤ ᠪᠦᠳᠤᠭᠡᠬᠦ ᠂ ᠪᠣᠳᠠᠳᠤ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠢ ᠃ ᠠᠶᠤᠯᠭᠦᠢ ᠦᠢᠯᠡᠳᠪᠦᠷᠢᠯᠡᠯ ᠢ ᠦᠷᠭᠦᠯᠵᠢᠯᠡᠨ ᠰᠠᠶᠢᠲᠤᠷ ᠠᠳᠬᠤᠵᠤ ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠴᠢᠩᠭᠠᠳᠬᠠᠵᠤ ᠂ ᠡᠯ᠎ᠡ ᠲᠦᠷᠦᠯ ᠤᠨ ᠠᠮᠤᠷ | ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ | ᠠᠬᠤᠢ ᠶᠢ ᠪᠤᠢ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ ᠃ | ᠵᠣᠣ ᠱᠤᠸᠠᠨ ᠢᠯᠡᠷᠬᠡᠶᠢᠯᠡᠬᠦ ᠳᠡᠭᠡᠨ ᠂ ᠵᠡᠭᠦᠨᠭᠠᠷ ᠬᠤᠰᠢᠭᠤᠨ ᠤ ᠬᠢᠨ ᠲᠡᠷᠢᠭᠦᠯᠡᠭᠴᠢ ᠸᠠᠩ ᠯᠢ ᠰᠢᠶᠠ ᠶᠢᠨ ᠤᠷᠳᠤᠰ ᠬᠤᠳᠠ ᠳᠤ ᠪᠠᠶᠢᠴᠠᠭᠠᠨ ᠰᠤᠳᠤᠯᠤᠯᠲᠠ | ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠡᠷᠡᠰ | ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠂ ᠨᠡᠩ | ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ ᠂ ᠠᠵᠤ ᠠᠬᠤᠢ ᠶᠢᠨ ᠬᠥᠭᠵᠢᠯᠲᠡ ᠶᠢᠨ ᠰᠠᠶᠢᠵᠢᠷᠠᠬᠤ | ᠬᠠᠨᠳᠤᠰᠢ ᠶᠢ ᠦᠷᠭᠦᠯᠵᠢᠯᠡᠨ ᠪᠠᠬᠢᠵᠢᠭᠦᠯᠵᠦ ᠂ ᠪᠦᠬᠦ ᠬᠤᠳᠠ ᠶᠢᠨ ᠨᠢᠭᠡᠳᠦᠭᠡᠷ ᠤᠯᠠᠷᠢᠯ ᠤᠨ ︽ ᠰᠠᠶᠢᠨ ᠡᠬᠢᠯᠡᠯᠲᠡ ︾ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ | ᠡᠷᠭᠦᠨ᠎ᠡ ᠭᠡᠪᠡ ᠃ | ᠶᠠᠷᠢᠯᠴᠠᠬᠤ ᠬᠤᠷᠠᠯ ᠤᠨ ᠲᠠᠷᠠᠭ᠎ᠠ ᠂ ᠦ᠋ ᠵᠢᠶᠠᠨ ᠰᠢᠶᠦ᠋ᠨ ᠪᠠᠰᠠ ᠵᠡᠭᠦᠨᠭᠠᠷ ᠬᠤᠰᠢᠭᠤᠨ ᠤ ᠪᠠᠷᠢᠯᠭ᠎ᠠ ᠶᠢᠨ ᠬᠤᠭ ᠨᠣᠪᠰᠢ ᠶᠢᠨ ᠰᠢᠯᠵᠢᠬᠦᠯᠵᠤ ᠵᠦᠭᠡᠭᠡᠪᠤᠷᠢᠯᠡᠬᠦ | ᠦᠷᠲᠡᠭᠡ ᠪᠣᠯᠤᠨ ᠳ᠋ᠠ ᠲᠠᠩ ᠭᠦᠸᠧ ᠶᠤᠸᠠᠨ ᠤ ᠯᠦᠩ ᠸᠠᠩ ᠭᠸᠤ ᠨᠡᠭᠦᠷᠡᠰᠦᠨ ᠠᠭᠤᠷᠬᠠᠢ ᠳᠤ ᠬᠦᠷᠴᠦ ᠪᠣᠳᠠᠲᠠᠢ ᠭᠠᠵᠠᠷ ᠲᠤᠨᠢ ᠱᠠᠯᠠᠪᠳᠠᠭᠤᠯᠤᠨ ᠵᠢᠯᠣᠭᠤᠳᠴᠤ | ᠪᠠᠶᠢᠴᠠᠭᠠᠨ ᠰᠤᠳᠤᠯᠤᠯᠲᠠ ᠬᠢᠵᠡᠢ ᠃ | | |