| 3 ᠰᠠᠷ᠎ᠠ ᠶᠢᠨ 24 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠤᠷᠢᠳ ᠬᠤᠵᠢᠳ ᠰᠢᠦᠸᠠᠢ ᠵᠢᠶᠠ ᠸᠠᠨ ᠪᠠᠯᠭᠠᠰᠤ ᠂ | ᠨᠥᠬᠦᠷᠯᠡᠯ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠸᠧᠢ ᠵᠢᠶᠠ ᠮᠣᠣ ᠪᠠᠯᠭᠠᠰᠤ ᠂ ᠯᠦᠩ ᠺᠧᠦ ᠪᠠᠯᠭᠠᠰᠤ ᠂ ᠱᠠᠭᠳᠠᠷ ᠪᠠᠯᠭᠠᠰᠤ ᠪᠠ ᠵᠡᠭᠦᠨᠭᠠᠷ ᠠᠵᠤ | ᠦᠢᠯᠡᠰ ᠤᠨ ᠬᠦᠷᠢᠶᠡᠯᠡᠩ ᠳᠤ ᠬᠦᠷᠴᠦ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠂ ᠣᠶ | ᠰᠢᠭᠤᠢ ᠨᠤᠳᠤᠭ ᠪᠡᠯᠴᠢᠭᠡᠷ ᠤᠨ ᠵᠢᠷᠤᠭ ᠢ ᠬᠠᠯᠠᠨ ᠰᠠᠶᠢᠵᠢᠷᠠᠭᠤᠯᠵᠤ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠱᠠᠯᠠᠪᠳᠠᠭᠤᠯᠤᠨ ᠵᠢᠯᠤᠭᠤᠳᠴᠤ | ᠪᠠᠶᠢᠴᠠᠭᠠᠵᠠᠢ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠠᠯᠪᠠᠨ ᠭᠡᠷ ᠤᠨ ᠡᠷᠬᠢᠯᠡᠭᠴᠢ ᠸᠠᠩ ᠮᠢᠨ ᠂ ᠵᠡᠭᠦᠨᠭᠠᠷ ᠠᠵᠤ ᠠᠬᠤᠢ ᠶᠢᠨ | ᠨᠡᠭᠡᠭᠡᠯᠲᠡ ᠶᠢᠨ ᠤᠷᠤᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠰᠢᠶᠠᠩ ᠪᠠᠯᠭᠠᠰᠤ ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ | ᠬᠠᠷᠢᠭᠤᠴᠠᠯᠭᠠᠲᠠᠳ ᠲᠣᠰ ᠲᠣᠰ ᠣᠷᠣᠯᠴᠠᠵᠠᠢ ᠃ | | ᠵᠢᠷᠤᠭ ᠄3 ᠰᠠᠷ᠎ᠠ ᠶᠢᠨ 24 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠰᠢᠦᠸᠠᠢ ᠵᠢᠶᠠ ᠸᠠᠨ ᠪᠠᠯᠭᠠᠰᠤᠨ ᠤ ᠬᠤᠸᠠ | ᠹᠦ᠋ ᠨᠡᠭᠦᠷᠡᠰᠦᠨ ᠠᠭᠤᠷᠬᠠᠢ ᠶᠢᠨ ᠠᠬᠤᠢ ᠲᠠᠯᠠᠪᠠᠶ ᠳᠤ ᠪᠣᠬᠢᠷᠲᠤᠯ ᠦᠭᠡᠢ ᠠᠭᠤᠷᠬᠠᠢ ᠶᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠲᠥᠰᠥᠯ ᠢ ᠪᠠᠶᠢᠴᠠᠭᠠᠨ | ᠦᠵᠡᠪᠡ ᠃ | ᠶᠤᠸᠠᠢ ᠴᠧᠨ ᠶᠠᠨ ᠰᠡᠭᠦᠳᠡᠷᠯᠡᠪᠡ | ᠰᠢᠦᠸᠠᠢ ᠵᠢᠶᠠ ᠸᠠᠨ ᠪᠠᠯᠭᠠᠰᠤᠨ ᠳᠤ ᠂ ᠸᠠᠩ ᠭᠦᠸᠧ ᠴᠢᠦᠸᠠᠨ ᠤᠷᠢᠳ ᠬᠤᠵᠢᠳ ᠰᠦᠨ ᠵᠢᠶᠠ ᠬᠤᠤ ᠨᠡᠭᠦᠷᠡᠰᠦᠨ ᠠᠭᠤᠷᠬᠠᠢ᠂ ᠬᠤᠸᠠ ᠹᠦ᠋ ᠨᠡᠭᠦᠷᠡᠰᠦᠨ | ᠠᠭᠤᠷᠬᠠᠢ ᠵᠢᠴᠢ ᠵᠠᠷᠢᠮ ᠴᠢᠯᠠᠭᠤ ᠮᠠᠯᠲᠠᠬᠤ ᠦᠢᠯᠡᠳᠪᠦᠷᠢ ᠳᠤ ᠬᠦᠷᠴᠦ ᠤᠢ ᠰᠢᠭᠤᠢ ᠨᠤᠳᠤᠭ ᠪᠡᠯᠴᠢᠭᠡᠷ ᠤᠨ ᠵᠢᠷᠤᠭ ᠢ ᠬᠠᠯᠠᠨ ᠰᠠᠶᠢᠵᠢᠷᠠᠭᠤᠯᠵᠤ ᠴᠡᠭᠴᠡᠯᠡᠨ | ᠵᠠᠰᠠᠬᠰᠠᠨ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠨᠡᠭᠦᠷᠡᠰᠦ ᠵᠥᠭᠡᠭᠡᠪᠦᠷᠢᠯᠡᠬᠦ ᠵᠠᠮ ᠤᠨ ᠣᠷᠴᠢᠨ ᠲᠣᠭᠤᠷᠢᠨ ᠢ ᠵᠠᠰᠠᠭᠰᠠᠨ ᠵᠢᠴᠢ | ᠭᠤᠣᠯ ᠤᠨ ᠵᠠᠮ ᠢ ᠴᠡᠪᠡᠷᠯᠡᠵᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ᠃ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠵᠤ ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ ᠶᠢᠨ ᠲᠣᠭᠤᠷᠢᠨ ᠳᠤ ᠂ ᠣᠶ ᠰᠢᠭᠤᠢ ᠡᠪᠡᠰᠦᠲᠦ | ᠭᠠᠵᠠᠷ ᠢ ᠳᠦᠷᠢᠮᠵᠢᠬᠦᠯᠤᠨ ᠬᠠᠮᠢᠶᠠᠷᠬᠤ ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠰᠡᠷᠭᠦᠭᠡᠨ ᠵᠠᠰᠠᠬᠤ ᠠᠵᠢᠯ ᠢ ᠰᠠᠶᠢᠲᠤᠷ ᠬᠢᠬᠦ ᠶᠢ ᠦᠨᠡᠨᠬᠦ ᠰᠠᠶᠢᠲᠤᠷ | ᠠᠳᠬᠤᠵᠤ ᠂ ᠠᠭᠤᠷᠬᠠᠢ ᠶᠢ ᠰᠡᠷᠭᠦᠭᠡᠨ ᠵᠠᠰᠠᠬᠤ ᠪᠠᠷ ᠪᠤᠳᠤᠵᠤ ᠠᠪᠤᠬᠰᠠᠨ ᠪᠡᠯᠡ ᠮᠥᠩᠭᠦ ᠶᠢ ᠭᠦᠢᠴᠡᠳ ᠰᠠᠶᠢᠲᠤᠷ ᠬᠡᠷᠡᠭᠯᠡᠨ ᠂ ᠪᠣᠬᠢᠷᠲᠤᠯ ᠦᠭᠡᠢ ᠠᠭᠤᠷᠬᠠᠢ ᠶᠢᠨ | ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ ᠂ ᠨᠡᠭᠦᠷᠡᠰᠦ ᠲᠡᠭᠡᠭᠡᠪᠦᠷᠢᠯᠡᠬᠦ ᠵᠠᠮ ᠵᠢᠴᠢ ᠵᠠᠮ ᠳᠠᠭᠠᠤ ᠶᠢᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠂ ᠵᠠᠮ ᠤᠨ ᠲᠣᠭᠤᠰᠣ ᠰᠢᠷᠣᠢ ᠶᠢᠨ ᠪᠣᠬᠢᠷᠲᠤᠯ ᠢ ᠦᠨᠡᠨᠬᠦ ᠪᠠᠭᠠᠰᠬᠠᠬᠤ ᠶᠢ ᠣᠯᠠᠨ ᠠᠷᠭ᠎ᠠ ᠬᠡᠮᠵᠢᠶ᠎ᠡ ᠪᠠᠷ ᠴᠡᠭᠴᠡᠯᠡᠨ ᠵᠠᠰᠠᠵᠤ ᠂ | ᠬᠠᠲᠤᠨ ᠭᠤᠣᠯ ᠤᠨ ᠡᠷᠭᠢ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠲᠣᠭᠲᠠᠴᠠ ᠶᠢ ᠴᠢᠩᠭ᠎ᠠ ᠬᠡᠷᠡᠭᠵᠢᠭᠦᠯᠵᠦ ᠂ ᠴᠡᠪᠡᠷᠯᠡᠨ ᠴᠡᠭᠴᠡᠯᠡᠵᠦ ᠵᠠᠰᠠᠭᠰᠠᠨ ᠦᠷ᠎ᠡ | ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠪᠠ ᠃ | ᠨᠥᠬᠦᠷᠯᠡᠯ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠂ ᠸᠠᠩ ᠬᠦᠸᠧ ᠴᠢᠤᠸᠠᠨ ᠤᠤᠯ ᠤᠨ ᠳ᠋ᠢ ᠬᠤᠸᠠ ᠱᠠᠩ ᠲᠦᠩ ᠪᠧᠲ᠋ᠤᠨ ᠤ ᠦᠷᠳᠡᠭᠡ ᠶᠢᠨ | ᠭᠤᠣᠯ ᠤᠨ ᠵᠠᠮ ᠢ ᠡᠵᠡᠯᠡᠭᠰᠡᠨ ᠠᠰᠠᠭᠤᠳᠠᠯ ᠢ ᠬᠠᠯᠠᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃ ᠳᠡᠷᠡ ᠴᠢᠬᠤᠯᠠᠴᠢᠯᠠᠬᠤ ᠳᠠᠭᠠᠨ ᠂ ᠭᠤᠣᠯ | ᠨᠠᠭᠤᠷ ᠤᠨ ᠡᠷᠭᠢ ᠶᠢ ᠬᠢᠨᠠᠨ ᠬᠠᠮᠢᠶᠠᠷᠴᠤ ᠲᠣᠭᠤᠷᠢᠨ ᠪᠠᠶᠢᠴᠠᠭᠠᠬᠤ ᠪᠠ ᠬᠠᠯᠠᠨ ᠰᠠᠶᠢᠵᠢᠷᠠᠭᠤᠯᠵᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ︽ ᠡᠷᠬᠢᠨ | ᠬᠠᠷᠠᠬᠤ ︾ ᠶᠢ ᠪᠠᠶᠢᠩᠭᠤ ᠶᠢᠨ ᠪᠥᠭᠡᠳ ᠣᠷᠳᠣ ᠬᠤᠭᠤᠴᠠᠭ᠎ᠠ ᠪᠠᠷ ᠰᠠᠶᠢᠲᠤᠷ ᠥᠷᠨᠢᠭᠦᠯᠵᠦ ᠂ ᠬᠠᠮᠠᠭᠠᠯᠠᠨ ᠵᠠᠰᠠᠬᠤ ᠶᠢ ᠴᠢᠩᠭ᠎ᠠ ᠳᠦᠷᠢᠮᠵᠢᠬᠦᠯᠤᠨ ᠬᠡᠷᠡᠭᠵᠢᠭᠦᠯᠵᠦ ᠂ | ᠡᠷᠡᠰ ᠰᠢᠭᠤᠷᠬᠠᠢ ᠪᠠᠷ ᠦᠨᠡᠨ ᠪᠣᠳᠠᠲᠠᠢ ᠪᠠᠷ ᠪᠡᠷᠭᠡ ᠠᠰᠠᠭᠤᠳᠠᠯ ᠢ ᠴᠠᠭ ᠳᠤᠬᠠᠢ ᠳᠤᠨᠢ ᠦᠭᠡᠷᠡᠴᠢᠯᠡᠨ ᠰᠢᠢᠳᠪᠤᠷᠢᠯᠡᠵᠤ ᠂ ᠲᠤᠶᠢᠯᠪᠤᠷᠢᠲᠠᠢ ᠥᠭᠡᠷᠡᠴᠢᠯᠡᠬᠦ ᠬᠡᠷᠡᠭᠲᠡᠢ | ᠭᠡᠪᠡ ᠃ | ᠸᠧᠢ ᠵᠢᠶᠠ ᠮᠣᠣ ᠪᠠᠯᠭᠠᠰᠤᠨ ᠳᠤ ᠂ ᠸᠠᠩ ᠭᠦᠸᠧ ᠴᠢᠦᠸᠠᠨ ᠤᠮᠠᠷᠠᠲᠤ ᠶᠢᠨ ᠸᠧᠢ ᠵᠢᠶᠠ ᠮᠣᠣ ᠵᠠᠳᠠᠭᠠᠢ ᠨᠡᠭᠦᠷᠡᠰᠦᠨ ᠠᠭᠤᠷᠬᠠᠢ ᠂ ᠹᠠᠨ ᠵᠢᠶᠠ ᠮᠣᠣ | ᠲᠣᠰᠬᠤᠨ ᠤ ᠬᠠᠶᠠᠭᠳᠠᠮᠠᠯ ᠬᠦᠬᠦᠷ ᠤᠨ ᠠᠭᠤᠷᠬᠠᠢ ᠳᠤ ᠳᠤᠰ ᠳᠤᠰ ᠭᠦᠨᠵᠡᠭᠡᠶᠢᠷᠡᠵᠦ ᠂ ᠨᠡᠭᠦᠷᠡᠰᠦᠨ ᠠᠭᠤᠷᠬᠠᠢ ᠶᠢᠨ ᠮᠠᠯᠲᠠᠯᠲᠠ ᠶᠢᠨ ᠣᠷᠣᠨ ᠤ ᠭᠤᠣᠯ ᠤᠨ ᠵᠠᠮ ᠢ | ᠡᠵᠡᠯᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠠᠬᠢᠴᠠ ᠶᠢ ᠵᠣᠬᠢᠴᠠᠭᠤᠯᠤᠨ ᠠᠬᠢᠭᠤᠯᠬᠤ ᠂ ᠬᠦᠬᠦᠷ ᠤᠨ ᠦᠯᠡᠳᠡᠭᠳᠡᠯ ᠬᠦᠳᠡᠷ ᠤᠨ ᠲᠦᠭᠰᠢᠭᠦᠷᠢ ᠶᠢᠨ ᠬᠡᠮ ᠰᠣᠭᠤᠭ ᠢ | ᠪᠠᠶᠢᠴᠠᠭᠠᠨ ᠬᠡᠮᠵᠢᠬᠦ ᠪᠠ ᠵᠠᠰᠠᠬᠤ ᠠᠵᠢᠯ ᠢ ᠲᠦᠷᠭᠡᠳᠬᠡᠬᠦ ᠲᠤᠬᠠᠢ ᠲᠣᠰ ᠲᠣᠰ ᠤᠯᠠᠮ ᠨᠢᠭᠡ ᠠᠯᠬᠤᠮ ᠴᠢᠬᠤᠯᠠᠴᠢᠯᠠᠭᠰᠠᠨ ᠪᠠᠶᠢᠨ᠎ᠠ ᠃ ᠳᠡᠷᠡ ᠱᠠᠭᠠᠷᠳᠠᠬᠤ ᠳᠠᠭᠠᠨ᠂ | ᠬᠠᠷᠢᠶ᠎ᠠ ᠭᠠᠵᠠᠷ ᠤᠨ ᠰᠢᠶᠠᠩ ᠪᠠᠯᠭᠠᠰᠤ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠠᠵᠤ ᠠᠬᠤᠶᠢᠯᠠᠯ ᠤᠨ ᠬᠢᠨ ᠭᠤᠣᠯ ᠤᠨ ᠵᠠᠮ ᠢ ᠡᠵᠡᠯᠡᠨ ᠬᠡᠷᠡᠭᠯᠡᠬᠦ | ᠴᠣᠬᠤᠯᠠᠪᠤᠷᠢ ᠶᠢ ᠬᠠᠤᠯᠢ ᠲᠣᠭᠲᠠᠭᠠᠯ ᠶᠣᠰᠣᠭᠠᠷ ᠣᠯᠣᠭᠰᠠᠨ ᠤ ᠳᠠᠷᠠᠭ᠎ᠠ ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠬᠤ ᠶᠢᠨ ᠬᠠᠮᠲᠤ ᠂ ᠭᠠᠵᠠᠷ ᠬᠡᠷᠡᠭᠯᠡᠬᠦ ᠠᠵᠤ | ᠠᠬᠤᠶᠢᠯᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ︽ ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ ︾ ᠲᠠᠢ ᠪᠠᠶᠢᠬᠤ ᠶᠢ ᠵᠢᠷᠤᠮᠯᠠᠨ ᠬᠠᠯᠠᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠲᠥᠰᠥᠯ ᠢ ᠲᠣᠭᠲᠠᠭᠠᠵᠤ ᠂ ᠰᠢᠢᠳᠪᠤᠷᠢᠯᠡᠬᠦ ᠠᠷᠭᠠᠴᠠᠭᠠᠬᠤ ᠪᠣᠳᠣᠯᠭ᠎ᠠ ᠶᠢ ᠰᠤᠳᠤᠯᠤᠨ ᠂ ᠬᠠᠯᠠᠨ ᠰᠠᠶᠢᠵᠢᠷᠠᠭᠤᠯᠬᠤ | ᠭᠠᠷᠳᠠᠮ ᠢ ᠭᠦᠢᠴᠡᠳᠬᠡᠬᠦ ᠬᠡᠷᠡᠭᠲᠡᠢ ︔ ᠬᠦᠬᠦᠷ ᠤᠨ ᠦᠯᠡᠳᠡᠭᠳᠡᠯ ᠬᠦᠳᠡᠷ ᠪᠣᠯᠣᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢ ᠰᠡᠷᠭᠦᠭᠡᠨ | ᠵᠠᠰᠠᠬᠤ ᠠᠵᠢᠯ ᠢ ᠨᠢᠭᠡᠳᠦᠯᠲᠡᠢ ᠲᠥᠯᠥᠪᠵᠢᠬᠦᠯᠤᠨ ᠠᠬᠢᠭᠤᠯᠵᠤ ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠬᠡᠮᠵᠢᠶ᠎ᠡ ᠶᠢ ᠦᠨᠳᠦᠰᠦᠯᠡᠨ ᠵᠠᠰᠠᠬᠤ | ᠪᠠᠷᠢᠮᠵᠢᠶ᠎ᠠ ᠶᠢ ᠲᠣᠭᠲᠠᠭᠠᠵᠤ ᠂ ᠵᠠᠰᠠᠬᠤ ᠠᠷᠭ᠎ᠠ ᠬᠡᠮᠵᠢᠶ᠎ᠡ ᠶᠢ ᠲᠣᠭᠲᠠᠭᠠᠨ ᠂ ᠵᠠᠰᠠᠬᠤ ᠠᠬᠢᠴᠠ ᠶᠢ ᠲᠦᠷᠭᠡᠳᠬᠡᠬᠦ ᠭᠡᠷᠡᠭᠳᠡᠢ ᠭᠡᠪᠡ᠃ | ᠯᠦᠩ ᠺᠧᠦ ᠪᠠᠯᠭᠠᠰᠤᠨ ᠳᠤ ᠂ ᠸᠠᠩ ᠭᠦᠸᠧ ᠴᠢᠦᠸᠠᠨ ᠵᠢᠦᠢ ᠨᠧᠩ ᠱᠠ ᠶᠠᠨ ᠭᠠᠯ ᠲᠦᠢᠮᠡᠷ ᠭᠠᠷᠳᠠᠭ ᠣᠷᠣᠨ ᠳᠤ ᠭᠦᠨᠵᠡᠭᠡᠶᠢᠷᠡᠵᠦ ᠭᠠᠯ ᠲᠦᠢᠮᠡᠷ | ᠭᠠᠷᠳᠠᠭ ᠣᠷᠣᠨ ᠢ ᠵᠠᠰᠠᠭᠰᠠᠨ ᠦᠷ᠎ᠡ ᠪᠦᠲᠦᠮᠵᠢ ᠪᠣᠯᠣᠨ ᠤᠢ ᠰᠢᠭᠤᠢ ᠨᠤᠳᠤᠭ ᠪᠡᠯᠴᠢᠭᠡᠷ ᠤᠨ ᠵᠢᠷᠤᠭ ᠢ ᠬᠠᠯᠠᠨ ᠰᠠᠶᠢᠵᠢᠷᠠᠭᠤᠯᠤᠭᠰᠠᠨ ᠠᠬᠢᠴᠠ ᠶᠢ ᠠᠬᠤᠢ | ᠲᠠᠯᠠᠪᠠᠢ ᠳᠤ ᠱᠠᠯᠠᠪᠳᠠᠭᠤᠯᠤᠨ ᠵᠢᠯᠤᠭᠤᠳᠴᠤ ᠪᠠᠶᠢᠴᠠᠭᠠᠵᠠᠢ ᠃ ᠳᠡᠷᠡ ᠴᠢᠬᠤᠯᠠᠴᠢᠯᠠᠬᠤ ᠳᠠᠭᠠᠨ ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠭᠠᠯ ᠳᠤᠶᠢᠮᠠᠷ | ᠭᠠᠷᠳᠠᠭ ᠣᠷᠣᠨ ᠢ ᠵᠠᠰᠠᠬᠤ ᠲᠥᠰᠥᠯ ᠪᠠ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠭᠠᠯ ᠴᠤᠭ ᠢ ᠬᠥᠳᠡᠯᠦᠩᠭᠦᠢ ᠪᠠᠷ ᠴᠡᠪᠡᠷᠯᠡᠬᠦ ᠶᠢ ᠦᠨᠡᠨ | ᠬᠦ ᠪᠠᠲᠤᠯᠠᠬᠤ ᠬᠡᠷᠡᠭᠲᠡᠢ ︔ ᠤᠢ ᠰᠢᠭᠤᠢ ᠨᠤᠳᠤᠭ ᠪᠡᠯᠴᠢᠭᠡᠷ ᠤᠨ ᠵᠢᠷᠤᠭ ᠢ ᠬᠠᠯᠠᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠲᠣᠭᠲᠠᠭᠰᠠᠨ ᠬᠤᠭᠤᠴᠠᠭᠠᠨ ᠳᠤ | ᠴᠢᠨᠠᠷ ᠰᠠᠶᠢᠲᠠᠢ ᠪᠡᠶᠡᠯᠡᠭᠦᠯᠵᠦ ᠂ ᠪᠠᠷᠢᠮᠵᠢᠶ᠎ᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠰᠢᠯᠭᠠᠨ ᠬᠤᠷᠢᠶᠠᠵᠤ ᠲᠠᠩᠰᠠ ᠲᠤᠰᠢᠶᠠᠬᠤ ᠬᠡᠷᠡᠭᠲᠡᠢ ᠭᠡᠪᠡ᠃ | ᠵᠡᠭᠦᠨᠭᠠᠷ ᠠᠵᠤ ᠦᠢᠯᠡᠰ ᠤᠨ ᠬᠦᠷᠢᠶᠡᠯᠡᠩ ᠪᠣᠯᠣᠨ ᠱᠠᠬᠳᠠᠷ ᠪᠠᠯᠭᠠᠰᠤᠨ ᠳᠤ ᠂ ᠸᠠᠩ ᠭᠦᠸᠧ ᠴᠢᠦᠸᠠᠨ ᠤᠷᠢᠳ ᠬᠤᠵᠢᠳ ᠤᠤᠯ ᠤᠨ ᠵᠦᠸᠧ ᠰᠢᠶᠦ᠋ᠩ | ᠱᠠᠩ ᠲᠦᠩ ᠪᠧᠲ᠋ᠤᠨ ᠤ ᠦᠷᠳᠡᠭᠡ᠂ ᠾᠧ ᠱᠠᠩ ᠸᠠᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠦᠷᠳᠡᠭᠡ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ | ᠰᠢᠢᠳᠪᠦᠷᠢᠯᠡᠬᠦ ᠦᠢᠯᠡᠳᠪᠦᠷᠢ ᠳᠤ ᠬᠦᠷᠴᠦ ᠱᠠᠩ ᠲᠦᠩ ᠪᠧᠲ᠋ᠤᠨ ᠤ ᠦᠷᠳᠡᠭᠡ ᠶᠢᠨ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠤᠨ ᠠᠰᠠᠭᠤᠳᠠᠯ ᠢ | ᠵᠠᠰᠠᠬᠤ ᠂ ᠬᠠᠶᠠᠭᠳᠠᠮᠠᠯ ᠪᠣᠳᠠᠰ ᠢ ᠬᠠᠮᠢᠶᠠᠷᠤᠨ ᠰᠢᠢᠳᠪᠦᠷᠢᠯᠡᠬᠦ ᠪᠠ ᠳᠠᠪᠤᠰᠤ ᠶᠡᠬᠡᠳᠡᠢ ᠤᠰᠤ ᠶᠢ ᠰᠢᠢᠳᠪᠦᠷᠢᠯᠡᠬᠦ ᠵᠡᠷᠭᠡ ᠤᠴᠢᠷ ᠶᠠᠪᠤᠳᠠᠯ ᠢ ᠱᠠᠯᠠᠪᠳᠠᠭᠤᠯᠤᠨ | ᠵᠢᠯᠤᠭᠤᠳᠴᠤ ᠪᠠᠶᠢᠴᠠᠭᠠᠵᠠᠢ ᠃ ᠳᠡᠷᠡ ᠴᠢᠬᠤᠯᠠᠴᠢᠯᠠᠬᠤ ᠳᠠᠭᠠᠨ ᠂ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠶ | ᠬᠤᠷᠢᠭᠯᠠᠨ ᠵᠣᠭᠰᠣᠭᠠᠵᠤ ᠂ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ ᠂ ᠤᠳᠤ ᠪᠠᠶᠢᠭ᠎ᠠ | ᠳᠠᠪᠤᠰᠤ ᠶᠡᠬᠡᠳᠡᠢ ᠤᠰᠤ ᠶᠢ ᠰᠢᠢᠳᠪᠦᠷᠢᠯᠡᠬᠦ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ ᠭᠡᠪᠡ ᠃ | | ᠵᠢᠷᠤᠭ ᠄ 3 ᠰᠠᠷ᠎ᠠ ᠶᠢᠨ 24 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ︽ ᠳᠦᠷᠪᠡ ᠶᠢ ᠬᠢᠬᠦ ᠦᠭᠡᠢ ᠬᠤᠶᠠᠷ | ᠰᠢᠭᠤᠳ ︾ ᠬᠡᠯᠪᠡᠷᠢ ᠪᠠᠷ ᠮᠧᠩ ᠰᠢᠶᠠᠩ ᠨᠡᠭᠦᠷᠡᠰᠦᠨ ᠠᠭᠤᠷᠬᠠᠢ ᠳᠤ ᠬᠦᠷᠴᠦ ᠣᠷᠴᠢᠨ ᠳᠤᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ | ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ ᠃ | ᠶᠤᠸᠠᠢ ᠴᠧᠨ ᠶᠠᠨ ᠰᠡᠬᠦᠳᠡᠷᠯᠡᠪᠡ | ᠡᠨᠡ ᠬᠤᠭᠤᠴᠠᠭᠠᠨ ᠳᠤ ᠂ ᠸᠠᠩ ᠭᠦᠸᠧ ᠴᠢᠦᠸᠠᠨ ᠪᠠᠰᠠ︽ᠳᠥᠷᠪᠡ ᠶᠢ ᠬᠢᠬᠦ ᠦᠭᠡᠢ ᠬᠤᠶᠠᠷ ᠰᠢᠭᠤᠳ︾ ᠬᠡᠯᠪᠡᠷᠢ ᠪᠠᠷ ᠱᠧᠩ ᠲᠦᠩ ᠱᠠᠩ ᠲᠦᠩ | ᠪᠧᠲ᠋ᠤᠨ ᠤ ᠦᠷᠳᠡᠭᠡ᠂ ᠮᠧᠩ ᠰᠢᠶᠠᠩ ᠨᠡᠭᠦᠷᠡᠰᠦᠨ ᠠᠭᠤᠷᠬᠠᠢ ᠳᠤ ᠬᠦᠷᠴᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠵᠤ ᠂ ᠱᠠᠭᠳᠠᠷ ᠪᠠᠯᠭᠠᠰᠤ ᠶᠢᠨ ᠹᠦ᠋ ᠯᠦ ᠲᠣᠰᠬᠤᠨ ᠤ ᠠᠷᠠᠳ ᠤᠨ ᠵᠥᠪᠯᠡᠯ ᠳᠤ | ᠬᠦᠷᠴᠦ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠤᠬᠴᠠᠯᠠᠯᠳᠠ ᠶᠢᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠠᠢ᠃ | |