| ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠯᠲᠠ ᠳᠤ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠪᠠ | ᠬᠤᠷᠠᠯ ᠢᠶᠠᠷ ᠵᠢᠭᠠᠵᠤ ᠭᠠᠷᠭᠠᠭᠰᠠᠨ ᠨᠢ ᠂ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠯᠲᠠ ᠳᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠪᠣᠯ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠨᠢ ᠪᠠᠭᠤᠷᠠᠭᠤᠯᠬᠤ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ | ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠂ ᠰᠡᠷᠭᠡᠶᠢᠯᠡᠬᠦ ᠪᠠ ᠵᠠᠰᠠᠬᠤ ᠶᠢ ᠵᠡᠷᠭᠡ ᠪᠠᠷ ᠠᠳᠬᠤᠬᠤ ᠂ ᠦᠡᠭᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ | ᠪᠠᠷᠢᠮᠲᠠᠯᠠᠵᠤ ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ | ᠪᠠᠶᠢᠭᠤᠯᠤᠮᠵᠢ ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠂ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠣᠭᠠᠨ ᠤ ᠲᠤᠬᠠᠶᠢᠯᠠᠭᠰᠠᠨ ᠠᠵᠢᠯ | ᠡᠵᠡᠩᠨᠡᠬᠦ ᠠᠵᠤ ᠠᠬᠤᠶᠢᠯᠠᠯ ᠵᠡᠷᠭᠡ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠭᠤᠣᠯ ᠴᠣᠭᠴᠠ ᠳᠤ ᠠᠩᠬᠠᠷᠤᠯ ᠢᠶᠠᠨ ᠲᠥᠪᠯᠡᠷᠡᠭᠦᠯᠵᠦ ᠂ | ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠬᠠᠮᠵᠢᠯᠴᠠᠭᠰᠠᠨ ᠥᠨᠳᠥᠷ ᠪᠦᠲᠦᠮᠵᠢᠲᠡᠢ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ ᠪᠠᠶᠢᠭᠤᠯᠤᠨ᠎ᠠ ᠃ | ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠳᠠᠩᠰᠠᠨ ᠤ ᠳᠦᠷᠢᠮ ᠢ ᠪᠦᠷᠢᠨᠰᠢᠭᠦᠯᠵᠦ ᠂ ᠪᠣᠶ ᠪᠦᠬᠦᠢ ᠰᠦᠢᠳᠬᠡᠯ | ᠬᠤᠷᠢᠶᠠᠬᠤ ᠲᠥᠷᠥᠯ ᠵᠦᠢᠯ ᠢ ᠴᠥᠮ ᠨᠠᠷᠢᠨ ᠳᠠᠩᠰᠠᠨ ᠳᠤ ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ ᠪᠣᠯᠭᠠᠵᠤ ᠂ ᠦᠢᠯᠡᠴᠢᠯᠡᠭᠡᠨ ᠤ ᠠᠭᠤᠯᠭ᠎ᠠ ᠂ | ᠦᠢᠯᠡᠴᠢᠯᠡᠭᠡᠨ ᠤ ᠪᠠᠷᠢᠮᠵᠢᠶ᠎ᠠ ᠂ ᠰᠦᠢᠳᠬᠡᠯ ᠬᠤᠷᠢᠶᠠᠬᠤ ᠲᠤᠭ᠎ᠠ ᠬᠡᠮᠵᠢᠶ᠎ᠡ ᠶᠢ ᠲᠣᠳᠣᠷᠬᠠᠶᠢᠯᠠᠨ᠎ᠠ ᠂ ᠨᠠᠷᠢᠨ ᠳᠠᠩᠰᠠᠨ ᠤ ᠳᠣᠲᠣᠷᠠᠬᠢ ᠠᠴᠠ ᠪᠤᠰᠤᠳ ᠶᠠᠮᠠᠷ ᠴᠤ | ᠰᠦᠢᠳᠬᠡᠯ ᠬᠤᠷᠢᠶᠠᠵᠤ ᠪᠣᠯᠬᠤ ᠦᠭᠡᠢ ᠂ ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢᠨ ᠦᠯᠡᠳᠡᠭᠡᠯ ᠲᠥᠷᠥ ᠶᠢᠨ | ᠪᠣᠳᠣᠯᠭ᠎ᠠ ᠨᠤᠭᠤᠳ ᠢ ᠬᠠᠤᠯᠢ ᠲᠣᠭᠲᠠᠭᠠᠯ ᠶᠣᠰᠣᠭᠠᠷ ᠢᠯᠭᠠᠷᠠᠭᠤᠯᠤᠨ᠎ᠠ ᠃ | ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢᠨ ᠦᠨᠳᠦᠰᠦᠯᠡᠯ ᠦᠭᠡᠢ ᠂ ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠡᠷᠬᠡ ᠠᠴᠠ ᠪᠠᠨ ᠳᠠᠪᠠᠭᠤᠯᠵᠤ | ᠳᠣᠭᠲᠠᠭᠠᠭᠰᠠᠨ ᠪᠠᠶᠢᠪᠠᠯ ᠴᠥᠮ ᠬᠦᠴᠦᠨ ᠦᠭᠡᠢ ᠪᠣᠯᠭᠠᠨ᠎ᠠ ︔ ᠲᠠᠲᠠᠪᠤᠷᠢᠯᠠᠵᠤ ᠬᠤᠷᠢᠶᠠᠬᠤ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠦᠭᠰᠡᠨ ᠂ | ᠲᠠᠲᠠᠪᠤᠷᠢᠯᠠᠵᠤ ᠬᠤᠷᠢᠶᠠᠬᠤ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠭᠰᠡᠨ ᠦᠢᠯᠡ ᠠᠵᠢᠯᠯᠠᠭ᠎ᠠ ᠨᠤᠭᠤᠳ ᠢ ᠡᠷᠡᠰ ᠵᠠᠯᠠᠷᠠᠭᠤᠯᠤᠨ᠎ᠠ ︔ ᠠᠵᠤ ᠠᠬᠤᠶᠢᠯᠠᠯ ᠯᠤᠭ᠎ᠠ | ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢᠨ ᠲᠥᠷᠥ ᠶᠢᠨ ᠪᠣᠳᠣᠯᠭ᠎ᠠ ᠶᠢ ᠦᠨᠡᠨ ᠬᠦ ᠰᠢᠨ᠎ᠡ ᠪᠠᠷ ᠨᠡᠶᠢᠲᠡᠯᠡᠬᠦ ᠴᠢᠬᠤᠯᠠᠲᠠᠢ ᠪᠣᠯ ᠬᠠᠤᠯᠢ ᠶᠣᠰᠣᠴᠢ ᠴᠢᠨᠠᠷ ᠂ | ᠲᠥᠪ ᠭᠤᠥᠯᠴᠢ ᠴᠢᠨᠠᠷ ᠵᠢᠴᠢ ᠨᠡᠶᠢᠭᠡᠮ ᠳᠠᠬᠢ ᠨᠥᠯᠥᠭᠡ ᠶᠢᠨ ᠵᠢᠱᠢᠯᠲᠡ ᠵᠡᠷᠭᠡ ᠲᠠᠯ᠎ᠠ ᠠᠴᠠ ᠬᠢᠨᠠᠨ ᠬᠠᠷᠭᠤᠭᠤᠯᠤᠯᠲᠠ ᠪᠠᠨ ᠴᠢᠩᠭᠠᠳᠬᠠᠨ᠎ᠠ ᠃ | ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢ ᠬᠢᠨᠠᠨ ᠰᠢᠨᠵᠢᠵᠦ ᠦᠨᠡᠯᠡᠨ ᠵᠢᠱᠢᠬᠦ ᠳᠦᠷᠢᠮ ᠢᠶᠠᠨ ᠪᠦᠷᠢᠨᠰᠢᠭᠦᠯᠦᠨ ᠂ | ᠠᠰᠠᠭᠤᠳᠠᠯ ᠤᠳ ᠤᠨ ᠰᠦᠪᠡᠭᠴᠢ ᠨᠦᠭᠦᠳ ᠢ ᠴᠤᠭᠯᠠᠭᠤᠯᠬᠤ ᠪᠠ ᠰᠢᠢᠳᠪᠦᠷᠢᠯᠡᠬᠦ ᠲᠣᠭᠲᠠᠴᠠ ᠪᠠᠨ ᠰᠢᠯᠢᠳᠡᠭᠵᠢᠭᠦᠯᠵᠦ ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠂ | ᠬᠠᠮᠵᠢᠯᠴᠠᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠵᠢᠱᠢᠯᠲᠡ ᠶᠢ ᠨᠢ | ᠴᠢᠨᠠᠭᠰᠢᠳᠠ ᠤᠯᠠᠮ ᠳᠣᠭᠲᠠᠪᠤᠷᠢᠵᠢᠭᠤᠯᠤᠨ ᠂ ᠬᠥᠭᠵᠢᠯᠲᠡ ᠶᠢᠨ ᠢᠲᠡᠭᠡᠯ ᠢ ᠨᠢ ᠨᠡᠮᠡᠭᠳᠡᠭᠦᠯᠦᠨ᠎ᠡ ᠃ | ︽ ᠤᠷᠤᠭ ᠤᠨ ᠪᠦᠷᠢᠳᠬᠡᠯ ᠤᠨ ᠳᠦᠷᠢᠮ ︵ ᠵᠠᠰᠠᠪᠤᠷᠢ ᠣᠷᠣᠭᠤᠯᠤᠭᠰᠠᠨ ᠲᠥᠰᠥᠯ ︶ ︾ ᠢ ᠬᠢᠨᠠᠨ ᠵᠥᠪᠯᠡᠵᠦ ᠪᠠᠲᠤᠯᠠᠪᠠ | ᠬᠤᠷᠠᠯ ᠢᠶᠠᠷ ︽ ᠤᠷᠤᠭ ᠤᠨ ᠪᠦᠷᠢᠳᠬᠡᠯ ᠤᠨ ᠳᠦᠷᠢᠮ ︵ ᠵᠠᠰᠠᠪᠤᠷᠢ ᠣᠷᠣᠭᠤᠯᠤᠭᠰᠠᠨ ᠲᠥᠰᠥᠯ ︶ ︾ ᠢ ᠬᠢᠨᠠᠨ ᠵᠥᠪᠯᠡᠵᠦ ᠪᠠᠲᠤᠯᠠᠪᠠ ᠃ | ᠬᠤᠷᠠᠯ ᠢᠶᠠᠷ ᠵᠢᠭᠠᠵᠤ ᠭᠠᠷᠭᠠᠭᠰᠠᠨ ᠨᠢ ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠤ ᠢᠷᠭᠡᠨ ᠤ ᠬᠠᠤᠯᠢ ᠶᠢᠨ ᠪᠢᠴᠢᠭ ᠤᠨ ᠲᠣᠭᠲᠠᠭᠠᠯ ᠢ | ᠨᠠᠶᠢᠳᠠᠪᠤᠷᠢᠵᠢᠭᠤᠯᠤᠨ ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠳ ᠲᠤ ᠢᠳᠡᠪᠬᠢᠲᠡᠢ ᠬᠠᠷᠢᠭᠤᠯᠲᠠ ᠥᠭᠴᠦ ᠂ ᠣᠶᠢᠷ᠎ᠠ ᠶᠢᠨ ᠵᠢᠯ ᠤᠳ ᠤᠨ | ᠣᠷᠤᠭ ᠤᠨ ᠪᠦᠷᠢᠳᠬᠡᠯ ᠤᠨ ︽ ᠮᠤᠵᠢ ᠠᠯᠤᠰᠯᠠᠨ ᠨᠡᠶᠢᠳᠡᠮ ᠭᠦᠢᠴᠡᠳᠬᠡᠬᠦ ︾ ᠵᠡᠷᠭᠡ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠤᠳ ᠢ | ᠬᠠᠤᠯᠢ ᠴᠠᠭᠠᠵᠠ ᠶᠢᠨ ᠳᠦᠷᠢᠮ ᠪᠣᠯᠭᠠᠵᠤ ᠂ ᠣᠷᠤᠭ ᠤᠨ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠂ ᠣᠷᠤᠭ ᠤᠨ ᠪᠦᠷᠢᠳᠬᠡᠯ ᠤᠨ | ᠦᠢᠯᠡᠴᠢᠯᠡᠭᠡ ᠶᠢ ᠰᠢᠯᠢᠳᠡᠭᠵᠢᠭᠦᠯᠬᠦ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ ᠃ | ︽ ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ ︾ ᠱᠠᠭᠠᠷᠳᠠᠯᠭ᠎ᠠ ᠶᠣᠰᠣᠭᠠᠷ ᠂ ᠪᠥᠬᠦ ᠤᠯᠤᠰ ᠤᠨ ᠣᠷᠤᠭ ᠤᠨ ᠰᠠᠭᠤᠷᠢ ᠮᠡᠳᠡᠭᠡ | ᠵᠠᠩᠭᠢ ᠶᠢᠨ ᠬᠥᠮᠥᠷᠭᠡ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠴᠢᠩᠭᠠᠳᠬᠠᠨ ᠂ ᠤᠷᠤᠭ ᠤᠨ ᠪᠦᠷᠢᠳᠬᠡᠯ ᠢ ︽ ᠪᠥᠬᠦ | ᠤᠯᠤᠰ ᠲᠤ ᠨᠡᠶᠢᠳᠡᠮ ᠭᠦᠢᠴᠡᠳᠬᠡᠬᠦ ︾ ᠶᠢ ᠪᠡᠶᠡᠯᠡᠭᠦᠯᠬᠦ ᠪᠠᠨ ᠲᠦᠷᠭᠡᠳᠬᠡᠨ ᠠᠬᠢᠭᠤᠯᠵᠤ ᠂ ᠤᠷᠤᠭ ᠤᠨ ᠪᠦᠷᠢᠳᠬᠡᠯ ᠤᠨ ᠦᠢᠯᠡᠴᠢᠯᠡᠭᠡᠨ ᠢ ᠪᠠᠷᠢᠮᠵᠢᠶᠠᠵᠢᠭᠤᠯᠬᠤ ᠂ | ᠵᠢᠷᠤᠮᠵᠢᠭᠤᠯᠬᠤ ᠂ ᠳᠦᠭᠦᠮᠯᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ | ᠤᠷᠤᠭ ᠭᠡᠷ ᠪᠦᠯᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠢᠨᠠᠷᠲᠠᠢ ᠵᠢᠭᠠᠨ ᠵᠢᠯᠤᠭᠤᠳᠬᠤ ᠠᠵᠢᠯ ᠪᠠ ᠤᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ | ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ ᠂ ᠤᠷᠤᠭ ᠬᠤᠷᠢᠮ ᠤᠨ ᠪᠣᠯᠪᠠᠰᠤᠨ ᠵᠠᠩ ᠦᠢᠯᠡ ᠶᠢ ᠰᠠᠨᠠᠭᠠᠴᠢᠯᠠᠨ ᠂ ᠭᠡᠷ ᠪᠦᠯᠢ ᠶᠢᠨ | ᠡᠶ᠎ᠡ ᠵᠣᠬᠢᠴᠠᠯ ᠢ ᠠᠬᠢᠭᠤᠯᠵᠤ ᠂ ᠢᠳᠡᠪᠬᠢᠲᠡᠢ ᠥᠭᠡᠳᠡᠷᠬᠡᠭ ᠰᠢᠨ᠎ᠡ ᠮᠠᠶ᠋ᠢᠭ ᠤᠨ ᠤᠷᠤᠭ ᠬᠤᠷᠢᠮ ᠦᠷᠡᠵᠢᠯ ᠤᠨ ᠰᠣᠶᠣᠯ ᠢ ᠪᠤᠢ ᠪᠣᠯᠭᠠᠨ᠎ᠠ ᠃ | | |