| ᠭᠤᠣᠯ ᠡᠭᠦᠷᠭᠡ ︵ ᠨᠢᠭᠡ ︶ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠰᠠᠭᠤᠷᠢ ᠪᠠᠲᠤᠯᠠᠭ᠎ᠠ ᠶᠢ ᠴᠢᠩᠭᠠᠳᠬᠠᠨ᠎ᠠ | 1. ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠭᠠᠵᠠᠷ | ᠰᠢᠷᠣᠶ ᠶᠢᠨ ᠪᠠᠶᠢᠴᠠᠭᠠᠯᠲᠠ ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠭᠠᠵᠠᠷ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠬᠤᠵᠢᠷᠯᠢᠭ ᠭᠠᠵᠠᠷ ᠤᠨ ᠨᠡᠶᠢᠳᠡᠮ | ᠪᠠᠶᠢᠴᠠᠭᠠᠯᠲᠠ ᠪᠠ ᠬᠠᠮᠢᠶ᠎ᠠ ᠪᠦᠬᠦᠢ ᠲᠡᠦᠬᠡᠨ ᠲᠤᠷᠰᠢᠯᠭ᠎ᠠ ᠶᠢᠨ ᠲᠤᠭ᠎ᠠ ᠪᠠᠷᠢᠮᠲᠠ ᠵᠡᠷᠭᠡ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠲᠠᠢ ᠤᠶᠠᠯᠳᠤᠭᠤᠯᠤᠨ ᠂ | ᠭᠦᠨᠵᠡᠭᠡᠶ ᠵᠠᠳᠠᠯᠤᠨ ᠰᠤᠳᠤᠯᠵᠤ ᠂ 2024 ᠣᠨ ᠤ ᠵᠢᠯ ᠤᠨ ᠡᠴᠦᠰ ᠠᠴᠠ ᠡᠮᠦᠨ᠎ᠡ ᠂ ᠪᠥᠬᠦ ᠬᠤᠲᠠ ᠶᠢᠨ ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠰᠠᠭᠤᠷᠢ | ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ ᠂ ᠬᠤᠵᠢᠷᠰᠢᠭᠰᠠᠨ ᠭᠠᠵᠠᠷ ᠤᠨ ᠡᠬᠢ ᠪᠠᠶᠠᠯᠢᠭ ᠤᠨ ᠲᠤᠭ᠎ᠠ ᠬᠡᠮᠵᠢᠶ᠎ᠡ ᠂ ᠲᠠᠷᠬᠠᠯᠲᠠ ᠂ ᠠᠮᠢ ᠠᠬᠤᠶ ᠶᠢᠨ | ᠨᠥᠬᠦᠴᠡᠯ ᠂ ᠬᠥᠷᠥᠰᠥ ᠰᠢᠷᠣᠶ ᠶᠢᠨ ᠰᠢᠨᠵᠢ ᠪᠠᠶᠢᠳᠠᠯ ᠂ ᠬᠤᠵᠢᠷᠰᠢᠭᠰᠠᠨ ᠬᠡᠮᠵᠢᠶ᠎ᠡ ᠂ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠂ ᠭᠠᠵᠠᠷ | ᠰᠢᠷᠣᠶ ᠶᠢᠨ ᠡᠷᠬᠡ ᠶᠢᠨ ᠬᠠᠷᠢᠶ᠎ᠠ ᠪᠠ ᠳᠠᠭᠠᠭᠠᠴᠢᠯᠠᠯᠲᠠ ᠡᠵᠡᠩᠨᠡᠯᠲᠡ ᠵᠡᠷᠭᠡ ᠪᠠᠶᠢᠳᠠᠯ ᠢ ᠡᠵᠡᠮᠰᠢᠵᠦ ᠂ ᠪᠥᠬᠦ ᠬᠤᠲᠠ ᠶᠢᠨ ᠬᠤᠵᠢᠷᠯᠢᠭ ᠭᠠᠵᠠᠷ ᠤᠨ ᠡᠬᠢ | ᠪᠠᠶᠠᠯᠢᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠳᠤ ᠰᠠᠭᠤᠷᠢ ᠲᠤᠯᠭᠠᠭᠤᠷᠢᠯᠠᠯ ᠬᠠᠩᠭᠠᠨ᠎ᠠ ᠃ ︹ | ᠬᠠᠷᠢᠭᠤᠴᠠᠯᠭᠠᠲᠤ ᠨᠢᠭᠡᠴᠢ ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ︶ ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠂ ᠬᠤᠲᠠ ᠶᠢᠨ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ ︺ | 2. ᠬᠤᠵᠢᠷᠯᠢᠬ ᠭᠠᠵᠠᠷ ᠢ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ ᠃ ᠪᠦᠬᠦ ᠬᠤᠲᠠ ᠶᠢᠨ ᠬᠤᠵᠢᠷᠯᠢᠬ ᠭᠠᠵᠠᠷ ᠤᠨ | ᠲᠥᠷᠥᠯ ᠵᠦᠢᠯ ᠪᠠ ᠲᠠᠷᠬᠠᠯᠲᠠ ᠶᠢᠨ ᠣᠨᠴᠠᠯᠢᠭ ᠢ ᠦᠨᠳᠦᠰᠦᠯᠡᠵᠦ ᠂ ᠤᠰᠤᠨ ᠤ ᠡᠬᠢ ᠪᠠᠶᠠᠯᠢᠭ ᠪᠠ ᠣᠷᠴᠢᠨ ᠲᠣᠭᠤᠷᠢᠨ ᠤ ᠳᠠᠭᠠᠭᠠᠴᠠ ᠪᠠᠷ ᠬᠠᠲᠠᠭᠤ ᠬᠢᠵᠠᠭᠠᠷᠯᠠᠯ | ᠪᠣᠯᠭᠠᠵᠤ ᠂ ᠣᠲᠣ ᠶᠢᠨ ᠪᠠᠶᠢᠭ᠎ᠠ ᠬᠤᠵᠢᠷᠯᠢᠬ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠪᠠᠷ ᠭᠤᠤᠯᠳᠠᠯᠭ᠎ᠠ ᠪᠣᠯᠭᠠᠨ ᠂ ᠬᠤᠵᠢᠷᠯᠢᠬ ᠭᠠᠵᠠᠷ ᠵᠡᠷᠭᠡ | ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ ᠂ ᠬᠤᠵᠢᠷᠯᠢᠬ ᠭᠠᠵᠠᠷ ᠢ ᠶᠡᠷᠦᠩᠬᠡᠶᠢᠯᠡᠨ | ᠠᠰᠢᠭᠯᠠᠬᠤ ᠬᠠᠷᠠᠯᠲᠠ ᠡᠭᠦᠷᠭᠡ ᠂ ᠨᠡᠭᠡᠭᠡᠨ ᠬᠥᠭᠵᠢᠭᠦᠯᠬᠦ ᠪᠠᠶᠢᠷᠢᠯᠠᠭᠤᠯᠤᠯᠲᠠ ᠂ ᠮᠡᠷᠭᠡᠵᠢᠯ ᠤᠨ ᠠᠷᠭ᠎ᠠ ᠵᠠᠮ ᠢ ᠵᠦᠶ ᠵᠣᠬᠢᠰᠲᠠᠶ ᠳᠣᠭᠢᠷᠠᠭᠤᠯᠤᠨ ᠂ ᠬᠤᠵᠢᠷᠯᠢᠬ | ᠭᠠᠵᠠᠷ ᠤᠨ ᠤᠨᠴᠠᠯᠢᠭᠳᠤ ᠲᠠᠷᠢᠶᠠᠯᠠᠩ ᠢ ᠬᠥᠭᠵᠢᠭᠦᠯᠵᠦ ᠂ ᠣᠷᠣᠨ ᠪᠦᠰᠡ ᠂ ᠱᠠᠲᠤ ᠦᠶ᠎ᠡ ᠬᠤᠪᠢᠶᠠᠨ ᠬᠤᠵᠢᠷᠯᠢᠬ ᠭᠠᠵᠠᠷ ᠢ ᠶᠡᠷᠦᠩᠬᠡᠶᠢᠯᠡᠨ ᠠᠰᠢᠭᠯᠠᠬᠤ | ᠭᠤᠤᠯᠳᠠᠯᠭ᠎ᠠ ᠲᠠᠢ ᠡᠭᠦᠷᠭᠡ ᠶᠢ ᠬᠡᠷᠡᠭᠵᠢᠭᠦᠯᠦᠨ᠎ᠡ ᠃ ︹ ᠬᠠᠷᠢᠭᠤᠴᠠᠯᠭᠠᠲᠤ ᠨᠢᠭᠡᠴᠢ ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ | ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠂ ᠬᠤᠲᠠ ᠶᠢᠨ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ︺ | 3. ᠬᠤᠵᠢᠷᠯᠢᠭ ᠭᠠᠵᠠᠷ ᠢ ᠬᠢᠨᠠᠨ ᠬᠡᠮᠵᠢᠵᠦ ᠬᠠᠮᠢᠶᠠᠷᠤᠨ ᠬᠠᠮᠠᠭᠠᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ᠃ ᠬᠤᠵᠢᠷᠯᠢᠭ ᠭᠠᠵᠠᠷ ᠢ ᠶᠡᠷᠦᠩᠬᠡᠶᠢᠯᠡᠨ | ᠠᠰᠢᠭᠯᠠᠬᠤ ᠲᠥᠷᠥᠯ ᠵᠦᠢᠯ ᠤᠨ ᠮᠡᠳᠡᠭᠡ ᠵᠠᠩᠭᠢ ᠶᠢ ᠨᠢᠭᠡᠳᠦᠯᠲᠡᠶ ᠪᠠᠷ ᠵᠢᠷᠤᠭ ᠰᠡᠭᠦᠳᠡᠷ ᠲᠠᠢ ᠨᠢ ᠬᠥᠮᠥᠷᠭᠡ ᠳᠤ ᠣᠷᠣᠭᠤᠯᠬᠤ ᠶᠢ ᠪᠥᠬᠦ ᠲᠠᠯ᠎ᠠ ᠪᠠᠷ ᠠᠬᠢᠭᠤᠯᠵᠤ ᠂ | ᠭᠠᠵᠠᠷ ᠰᠢᠷᠣᠶ ᠶᠢᠨ ᠣᠳᠣᠬᠢ ᠪᠠᠶᠢᠳᠠᠯ ᠤᠨ ᠵᠢᠷᠤᠭ ᠢᠶᠠᠷ ᠰᠠᠭᠤᠷᠢ ᠵᠢᠷᠤᠭ ᠪᠣᠯᠭᠠᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠂ ᠲᠠᠷᠢᠶᠠᠨ ᠭᠠᠵᠠᠷ ᠤᠨ ᠶᠠᠰᠤ | ᠴᠢᠨᠠᠷ ᠢ ᠬᠢᠨᠠᠨ ᠬᠡᠮᠵᠢᠬᠦ ᠂ ᠤᠰᠤ ᠬᠤᠵᠢᠷ ᠪᠠ ᠳᠠᠪᠤᠰᠤᠨ ᠤ ᠬᠡᠮᠵᠢᠶ᠎ᠡ ᠶᠢ ᠬᠥᠳᠡᠯᠦᠩᠭᠦᠶ ᠪᠠᠷ ᠬᠢᠨᠠᠨ ᠬᠡᠮᠵᠢᠬᠦ ᠵᠡᠷᠭᠡ ᠮᠡᠳᠡᠭᠡ ᠵᠠᠩᠭᠢ ᠶᠢ ᠬᠤᠷᠠᠮᠳᠤᠭᠤᠯᠵᠤ ᠂ | ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ︽ ᠨᠢᠭᠡ ᠵᠢᠷᠤᠭ ︾ ᠢ ᠭᠠᠷᠭᠠᠨ᠎ᠠ ᠃ ᠬᠤᠵᠢᠷᠰᠢᠬᠰᠠᠨ ᠭᠠᠵᠠᠷ ᠢ ᠬᠢᠨᠠᠨ ᠬᠡᠮᠵᠢᠬᠦ ᠲᠣᠭᠲᠠᠯᠴᠠᠭ᠎ᠠ ᠶᠢ ᠲᠦᠷᠭᠡᠨ | ᠪᠠᠶᠢᠭᠤᠯᠵᠤ ᠂ ᠬᠥᠷᠥᠰᠥ ᠰᠢᠷᠣᠢ ᠶᠢᠨ ᠬᠤᠵᠢᠷ ᠂ ᠤᠰᠤ ᠪᠠ ᠳᠠᠪᠤᠰᠤᠨ ᠤ ᠬᠡᠮᠵᠢᠶ᠎ᠡ ᠶᠢᠨ ᠬᠥᠳᠡᠯᠦᠩᠭᠦᠢ ᠬᠤᠪᠢᠷᠠᠯᠲᠠ ᠵᠡᠷᠭᠡ ᠬᠢᠨᠠᠨ ᠬᠡᠮᠵᠢᠬᠦ ᠲᠣᠣᠷ ᠰᠦᠯᠵᠢᠶ᠎ᠡ ᠶᠢ | ᠲᠡᠭᠦᠯᠳᠡᠷᠵᠢᠭᠦᠯᠵᠦ ᠂ 2024 ᠣᠨ ᠳᠤ ᠬᠤᠵᠢᠷᠰᠢᠭᠰᠠᠨ ᠲᠠᠷᠢᠶᠠᠨ ᠭᠠᠵᠠᠷ ᠤᠨ ᠤᠷᠳᠤ ᠬᠤᠭᠤᠴᠠᠭᠠᠨ ᠤ ᠪᠠᠶᠢᠷᠢ ᠲᠣᠭᠲᠠᠭᠠᠯᠲᠠ ᠶᠢᠨ ᠬᠢᠨᠠᠨ ᠬᠡᠮᠵᠢᠬᠦ ᠴᠡᠭ ᠢ | 18 ᠪᠠᠶᠢᠭᠤᠯᠤᠨ᠎ᠠ ᠃ ᠬᠥᠷᠥᠰᠥ ᠰᠢᠷᠣᠶ ᠶᠢᠨ ᠬᠤᠵᠢᠷᠰᠢᠭᠰᠠᠨ ᠬᠡᠮᠵᠢᠶ᠎ᠡ ᠶᠢ ᠦᠨᠡᠯᠡᠨ ᠵᠢᠱᠢᠬᠦ ᠂ ᠤᠷᠢᠳᠴᠢᠯᠠᠨ ᠰᠡᠷᠡᠮᠵᠢᠯᠡᠭᠦᠯᠬᠦ ᠂ ᠮᠡᠳᠡᠭᠡᠯᠡᠬᠦ ᠲᠣᠭᠲᠠᠴᠠ ᠶᠢ | ᠪᠠᠶᠢᠭᠤᠯᠵᠤ ᠂ ᠬᠡᠨ ᠳᠠᠭᠠᠭᠠᠴᠢᠯᠠᠪᠠᠯ ᠬᠡᠨ ᠬᠠᠮᠢᠶᠠᠷᠴᠤ ᠬᠠᠮᠠᠭᠠᠯᠠᠬᠤ ᠂ ᠬᠡᠨ ᠬᠡᠷᠡᠭᠯᠡᠪᠡᠯ ᠬᠡᠨ ᠬᠠᠮᠢᠶᠠᠷᠴᠤ ᠬᠠᠮᠠᠭᠠᠯᠠᠬᠤ ᠱᠠᠭᠠᠷᠳᠠᠯᠭ᠎ᠠ ᠶᠣᠰᠣᠭᠠᠷ ᠂ ᠣᠷᠣᠨ ᠪᠦᠰᠡ | ᠲᠥᠷᠥᠯ ᠬᠡᠯᠪᠡᠷᠢ ᠬᠤᠪᠢᠶᠠᠨ ᠬᠤᠵᠢᠷᠰᠢᠭᠰᠠᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠬᠠᠮᠢᠶᠠᠷᠴᠤ ᠬᠠᠮᠠᠭᠠᠯᠠᠬᠤ ᠬᠡᠪᠴᠢᠶᠡᠨ ᠳᠤ ᠣᠷᠣᠭᠤᠯᠤᠨ᠎ᠠ ᠃ ︹ | ᠬᠠᠷᠢᠭᠤᠴᠠᠯᠭᠠᠲᠤ ᠨᠢᠭᠡᠴᠢ ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ︶ ︺ | 4. ᠠᠮᠢ ᠠᠬᠤᠶ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠨ᠎ᠠ ᠃ ᠬᠤᠵᠢᠷᠯᠢᠭ ᠲᠠᠷᠢᠶᠠᠨ ᠭᠠᠵᠠᠷ ᠪᠠ ᠬᠤᠵᠢᠷᠯᠢᠭ ᠠᠲᠠᠷ | ᠭᠠᠵᠠᠷ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠢᠯ ᠢ ᠥᠷᠨᠢᠭᠦᠯᠵᠦ ᠂ ᠠᠮᠢ ᠠᠬᠤᠶ ᠣᠷᠴᠢᠨ ᠲᠣᠭᠤᠷᠢᠨ ᠤ ᠨᠥᠯᠥᠭᠡ ᠶᠢ ᠭᠦᠢᠴᠡᠳ ᠨᠤᠲᠠᠯᠠᠵᠤ | ᠦᠨᠡᠯᠡᠨ ᠵᠢᠱᠢᠵᠦ ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠂ ᠴᠢᠬᠤᠯᠠ ᠨᠤᠭᠤ ᠭᠠᠵᠠᠷ ᠂ | ᠭᠤᠤᠯᠳᠠᠯᠭ᠎ᠠ ᠲᠠᠢ ᠡᠯᠡᠰᠦᠷᠬᠡᠭ ᠣᠷᠣᠨ ᠵᠡᠷᠭᠡ ᠣᠷᠣᠨ ᠪᠦᠰᠡ ᠠᠴᠠ ᠵᠠᠶᠢᠯᠠᠵᠦ ᠂ ᠪᠦᠬᠦ ᠬᠤᠲᠠ ᠶᠢᠨ ᠤᠰᠤᠨ ᠤ ᠡᠬᠢ ᠪᠠᠶᠠᠯᠢᠭ ᠢ ᠠᠰᠢᠭᠯᠠᠬᠤ ᠣᠨᠴᠠᠯᠢᠭ ᠢ | ᠭᠦᠨᠵᠡᠭᠡᠶ ᠵᠠᠳᠠᠯᠵᠤ ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠡᠷᠴᠢᠮ ᠢ ᠬᠢᠵᠠᠭᠠᠷᠯᠠᠵᠤ ᠂ ᠠᠮᠢ ᠠᠬᠤᠶ ᠣᠷᠴᠢᠨ ᠲᠣᠭᠤᠷᠢᠨ ᠤ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠵᠦ ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠡᠭᠦᠰᠬᠦ ᠠᠴᠠ ᠰᠡᠷᠭᠡᠶᠢᠯᠡᠨ᠎ᠡ ᠃ ᠬᠤᠵᠢᠷᠯᠢᠭ ᠭᠠᠵᠠᠷ ᠢ ᠶᠡᠷᠦᠩᠬᠡᠶᠢᠯᠡᠨ | ᠠᠰᠢᠭᠯᠠᠬᠤ ᠪᠠ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠬᠠᠮᠵᠢᠯᠴᠠᠨ ᠠᠬᠢᠭᠤᠯᠵᠤ ᠂ ᠬᠤᠵᠢᠷᠯᠢᠭ ᠲᠠᠷᠢᠶᠠᠨ ᠭᠠᠵᠠᠷ ᠢ ᠵᠠᠰᠠᠬᠤ ᠳᠤᠮᠳᠠ | ᠪᠣᠬᠢᠷᠳᠤᠯ ᠤᠨ ᠴᠢᠨᠠᠷᠲᠠᠶ ᠬᠢᠮᠢ ᠶᠢᠨ ᠰᠠᠶᠢᠵᠢᠷᠠᠭᠤᠯᠬᠤ ᠡᠳ᠋ ᠪᠠ ᠬᠦᠨᠳᠦ ᠲᠡᠮᠦᠷᠯᠢᠭ ᠤᠨ ᠪᠠᠷᠢᠮᠵᠢᠶ᠎ᠠ ᠠᠴᠠ ᠬᠡᠲᠦᠷᠡᠭᠰᠡᠨ ᠣᠷᠭᠠᠨᠢᠭ ᠪᠣᠷᠳᠣᠭᠤᠷ ᠬᠡᠷᠡᠭᠯᠡᠬᠦ ᠶᠢ | ᠬᠤᠷᠢᠭᠯᠠᠵᠤ ᠂ ᠬᠢᠮᠢ ᠶᠢᠨ ᠪᠣᠷᠳᠣᠭᠤᠷ ᠲᠠᠷᠢᠶᠠᠨ ᠡᠮ ᠵᠡᠷᠭᠡ ᠳᠤ ᠣᠷᠣᠭᠤᠯᠣᠯᠲᠠ ᠶᠢᠨ ᠪᠤᠳᠠᠰ ᠢ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠬᠦ ᠶᠢ ᠬᠢᠵᠠᠭᠠᠷᠯᠠᠵᠤ ᠂ | ᠬᠥᠷᠥᠰᠥ ᠰᠢᠷᠣᠶ ᠪᠠ ᠤᠰᠤᠨ ᠤ ᠣᠷᠴᠢᠨ ᠲᠣᠭᠤᠷᠢᠨ ᠢ ᠪᠣᠬᠢᠷᠲᠤᠭᠤᠯᠬᠤ ᠠᠴᠠ ᠰᠡᠷᠭᠡᠶᠢᠯᠡᠨ ᠬᠤᠷᠢᠭᠯᠠᠨ᠎ᠠ ᠃ ︹ ᠬᠠᠷᠢᠭᠤᠴᠠᠯᠭᠠᠲᠤ ᠨᠢᠭᠡᠴᠢ ᠄ ᠬᠤᠲᠠ ᠶᠢᠨ ᠠᠮᠢ | ᠠᠬᠤᠶ ᠣᠷᠴᠢᠨ ᠲᠣᠭᠤᠷᠢᠨ ᠤ ᠲᠣᠪᠴᠢᠶ᠎ᠠ ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ︶ ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ︺ | ︵ ᠬᠤᠶᠠᠷ ︶ ᠬᠤᠵᠢᠷᠯᠢᠭ ᠲᠠᠷᠢᠶᠠᠨ ᠭᠠᠵᠠᠷ ᠢ ᠥᠭᠡᠷᠡᠴᠢᠯᠡᠨ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ | 5. ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠬᠤ ᠶᠢ ᠪᠠᠷᠢᠮᠲᠠᠯᠠᠨ ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠪᠠᠭ᠎ᠠ ᠬᠡᠮᠵᠢᠶ᠎ᠡ ᠪᠠ ᠳᠤᠮᠳᠠ ᠬᠡᠮᠵᠢᠶ᠎ᠡ ᠪᠠᠷ ᠬᠤᠵᠢᠷᠰᠢᠭᠰᠠᠨ ᠣᠷᠣᠨ | ᠪᠦᠰᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ ᠂ ᠤᠰᠤᠯᠠᠬᠤ ᠤᠰᠤ ᠵᠠᠯᠠᠬᠤ ᠂ ᠥᠨᠳᠥᠷ ᠪᠦᠲᠦᠮᠵᠢᠲᠡᠶ | ᠤᠰᠤ ᠠᠷᠪᠢᠯᠠᠬᠤ ᠤᠰᠤᠯᠠᠯᠲᠠ ᠵᠡᠷᠭᠡ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠳᠥᠬᠦᠭᠡᠷᠦᠮᠵᠢ ᠶᠢ ᠢᠵᠢ ᠪᠥᠷᠢᠳᠦᠭᠦᠯᠦᠨ ᠲᠡᠭᠦᠯᠳᠡᠷᠵᠢᠭᠦᠯᠵᠦ ᠂ | ᠢᠨᠵᠧᠨᠧᠷᠢᠩ ᠂ ᠲᠠᠷᠢᠶᠠᠯᠠᠩ ᠤᠨ ᠮᠡᠷᠭᠡᠵᠢᠯ ᠂ ᠬᠢᠮᠢ ᠂ ᠠᠮᠢᠳᠤ ᠪᠣᠳᠠᠰ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ ᠂ ᠣᠷᠣᠨ ᠬᠤᠪᠢᠶᠠᠨ ᠲᠥᠷᠥᠯ ᠬᠡᠯᠪᠡᠷᠢ | ᠬᠤᠪᠢᠶᠠᠨ ᠬᠤᠵᠢᠷᠯᠢᠭ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ ᠂ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ ᠃ ᠬᠤᠵᠢᠷᠯᠢᠭ ᠭᠠᠵᠠᠷ ᠢ ᠱᠠᠲᠤ ᠬᠤᠪᠢᠶᠠᠨ ᠠᠰᠢᠭᠯᠠᠬᠤ ᠤᠰᠤ ᠠᠷᠪᠢᠯᠠᠵᠤ ᠬᠤᠵᠢᠷᠰᠢᠬᠤ ᠶᠢ ᠬᠢᠵᠠᠭᠠᠷᠯᠠᠬᠤ ︽ ᠣᠷᠳᠣᠰ ᠤᠨ | ᠵᠠᠭᠪᠤᠷ ︾ ᠢ ᠭᠤᠤᠯᠳᠠᠯᠭ᠎ᠠ ᠲᠠᠢ ᠳᠡᠯᠭᠡᠷᠡᠭᠦᠯᠵᠦ ᠂ ᠤᠰᠤ ᠠᠷᠪᠢᠯᠠᠬᠤ ᠤᠰᠤᠯᠠᠯᠲᠠ ᠂ ᠠᠮᠢᠳᠤ ᠪᠣᠳᠠᠰ ᠤᠨ ᠴᠢᠩᠭᠠᠷᠠᠭᠤᠯᠤᠯᠲᠠ ᠂ ᠬᠤᠵᠢᠷᠰᠢᠬᠤ ᠶᠢ ᠬᠢᠵᠠᠭᠠᠷᠯᠠᠨ | ᠬᠥᠷᠥᠰᠦ ᠰᠢᠷᠣᠢ ᠶᠢ ᠰᠢᠮᠡᠵᠢᠭᠦᠯᠬᠦ ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠂ ᠬᠤᠵᠢᠷ ᠲᠤ ᠲᠡᠰᠪᠦᠷᠢᠲᠡᠶ ᠲᠠᠷᠢᠮᠠᠯ ᠲᠠᠷᠢᠬᠤ ᠵᠡᠷᠭᠡ ᠮᠡᠷᠭᠡᠵᠢᠯ ᠤᠨ ᠠᠷᠭ᠎ᠠ | ᠬᠡᠮᠵᠢᠶ᠎ᠡ ᠶᠢ ᠳᠣᠪᠤᠶᠢᠯᠭᠠᠨ᠎ᠠ ᠃ 2025 ᠣᠨ ᠪᠣᠯᠬᠤ ᠳᠤ ᠂ ᠬᠤᠵᠢᠷᠯᠢᠭ ᠲᠠᠷᠢᠶᠠᠨ ᠭᠠᠵᠠᠷ ᠢ ᠰᠠᠶᠢᠵᠢᠷᠠᠭᠤᠯᠤᠨ ᠥᠭᠡᠷᠡᠴᠢᠯᠡᠬᠦ ᠪᠠ ᠶᠡᠷᠦᠩᠬᠡᠶᠢᠯᠡᠨ ᠠᠰᠢᠭᠯᠠᠬᠤ | ᠠᠵᠢᠯ ᠢ 10 ᠲᠦᠮᠡᠨ ᠮᠥ ᠥᠷᠨᠢᠭᠦᠯᠦᠨ᠎ᠡ ᠃ ︹ ᠬᠠᠷᠢᠭᠤᠴᠠᠯᠭᠠᠲᠤ ᠨᠢᠭᠡᠴᠢ ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ ᠬᠤᠲᠠ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠂ ᠬᠤᠲᠠ ᠶᠢᠨ ᠤᠰᠤᠨ | ᠠᠰᠢᠭᠯᠠᠯᠲᠠ ᠶᠢᠨ ᠲᠣᠪᠴᠢᠶ᠎ᠠ ︺ | 6. ᠲᠠᠷᠢᠶᠠᠨ ᠭᠠᠵᠠᠷ ᠬᠤᠵᠢᠷᠰᠢᠬᠤ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠢᠨᠵᠧᠨᠧᠷᠢᠩ ᠢ ᠥᠷᠨᠢᠭᠦᠯᠦᠨ᠎ᠡ ᠃ ᠠᠮᠠᠷᠬᠠᠨ ᠬᠤᠵᠢᠷᠰᠢᠬᠤ ᠲᠠᠷᠢᠶᠠᠨ ᠭᠠᠵᠠᠷ ᠤᠨ | ᠣᠷᠣᠨ ᠪᠦᠰᠡ ᠳᠤ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠳᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠵᠤ ᠂ ᠤᠰᠤ ᠵᠠᠯᠠᠬᠤ ᠰᠢᠰᠲ᠋ᠧᠮ ᠨᠢ ᠲᠥᠬᠦᠷᠵᠢᠭᠰᠡᠨ ᠦᠭᠡᠶ ᠂ ᠶᠡᠭᠡ ᠤᠰᠤ ᠪᠠᠷ ᠴᠢᠳᠬᠤᠨ ᠤᠰᠤᠯᠠᠬᠤ ᠂ ᠤᠰᠤ ᠵᠠᠯᠠᠬᠤ ᠶᠢ | ᠬᠠᠷᠰᠢᠯᠠᠬᠤ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ ᠃ ᠬᠤᠳᠳᠤᠭ ᠤᠨ ᠤᠰᠤᠯᠠᠯᠲᠠ ᠶᠢᠨ ᠣᠷᠣᠨ ᠳᠤ ᠳᠤᠰᠤᠯᠭᠠᠨ ᠤᠰᠤᠯᠠᠬᠤ ᠤᠰᠤ ᠪᠣᠷᠳᠣᠭᠤᠷ ᠢ | ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠵᠦ ᠂ ᠬᠠᠲᠤᠨ ᠭᠤᠤᠯ ᠤᠨ ᠤᠰᠤᠯᠠᠯᠲᠠ ᠶᠢᠨ ᠣᠷᠣᠨ ᠳᠤ ᠬᠤᠳᠳᠤᠭ ᠤᠨ ᠤᠰᠤ ᠪᠠ ᠬᠠᠲᠤᠨ ᠭᠤᠤᠯ ᠤᠨ ᠤᠰᠤ | ᠪᠠᠷ ᠴᠦᠮ ᠤᠰᠤᠯᠠᠬᠤ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠵᠦ ᠂ ᠭᠠᠵᠠᠷ ᠳᠣᠤᠷᠠᠬᠢ ᠤᠰᠤᠨ ᠲᠦᠪᠰᠢᠨ | ᠪᠣᠯᠤᠨ ᠲᠠᠷᠢᠶᠠᠯᠠᠬᠤ ᠳᠠᠪᠬᠤᠷᠭ᠎ᠠ ᠶᠢᠨ ᠬᠤᠵᠢᠷᠰᠢᠯ ᠢ ᠠᠯᠬᠤᠮ ᠠᠯᠬᠤᠮ ᠢᠶᠠᠷ ᠬᠢᠵᠠᠭᠠᠷᠯᠠᠨ᠎ᠠ ᠃ ᠪᠣᠷᠳᠣᠭᠤᠷ ᠣᠷᠣᠭᠤᠯᠬᠤ ᠂ ᠲᠠᠷᠢᠶᠠᠯᠠᠬᠤ ᠵᠡᠷᠭᠡ ᠲᠠᠷᠢᠶᠠᠯᠠᠩ ᠤᠨ | ᠮᠡᠷᠭᠡᠵᠢᠯ ᠤᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠰᠢ ᠰᠦᠷᠡᠯ ᠢ ᠲᠠᠷᠢᠶᠠᠨ ᠳᠤ | ᠣᠷᠣᠭᠤᠯᠬᠤ ᠂ ᠣᠷᠭᠠᠨᠢᠭ ᠪᠣᠷᠳᠣᠭᠤᠷ ᠬᠡᠷᠡᠭᠯᠡᠬᠦ ᠪᠠ ᠭᠠᠵᠠᠷ ᠰᠢᠷᠣᠶ ᠶᠢ ᠭᠦᠨ ᠤᠷᠪᠠᠭᠤᠯᠬᠤ ᠪᠠᠷ ᠭᠤᠣᠯ ᠪᠣᠯᠭᠠᠭᠰᠠᠨ ᠶᠡᠷᠦᠩᠬᠡᠶᠢᠯᠡᠭᠰᠡᠨ ᠮᠡᠷᠭᠡᠵᠢᠯ ᠤᠨ ᠠᠷᠭ᠎ᠠ | ᠬᠡᠮᠵᠢᠶ᠎ᠡ ᠶᠢ ᠬᠡᠷᠡᠭᠵᠢᠭᠦᠯᠵᠦ ᠂ ᠡᠷᠡᠭᠦᠯ ᠪᠥᠭᠡᠳ ᠥᠩ ᠰᠢᠮᠡᠯᠢᠭ ᠲᠠᠷᠢᠶᠠᠯᠠᠬᠤ ᠳᠠᠪᠬᠤᠷᠭ᠎ᠠ ᠶᠢ ᠪᠤᠢ ᠪᠤᠯᠭᠠᠵᠤ ᠂ ᠤᠰᠤ ᠪᠠ ᠪᠤᠷᠳᠤᠭᠤᠷ ᠢ ᠬᠠᠮᠠᠭᠠᠯᠠᠬᠤ ᠴᠢᠳᠠᠪᠤᠷᠢ | ᠪᠣᠯᠤᠨ ᠲᠠᠷᠢᠮᠠᠯ ᠤᠨ ᠰᠥᠷᠬᠦ ᠴᠢᠳᠠᠪᠤᠷᠢ ᠶᠢ ᠳᠡᠭᠡᠭᠰᠢᠯᠡᠭᠦᠯᠵᠦ ᠂ ᠲᠠᠷᠢᠶᠠᠨ ᠭᠠᠵᠠᠷ ᠤᠨ ᠬᠤᠵᠢᠷᠰᠢᠬᠤ ᠶᠢ ᠪᠦᠲᠦᠮᠵᠢᠲᠡᠶ ᠪᠠᠷ ᠬᠤᠷᠢᠭᠯᠠᠨ᠎ᠠ ᠃ ︹ ᠬᠠᠷᠢᠭᠤᠴᠠᠯᠭᠠᠲᠤ | ᠨᠢᠭᠡᠴᠢ ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ | ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ︺ | ︵ ᠭᠤᠷᠪᠠ ︶ ᠬᠤᠵᠢᠷᠯᠢᠭ ᠠᠲᠠᠷ ᠭᠠᠵᠠᠷ ᠢ ᠨᠡᠭᠡᠭᠡᠨ ᠠᠰᠢᠭᠯᠠᠬᠤ ᠶᠢ ᠯᠠᠪᠳᠠᠭᠤᠨ ᠢᠶᠠᠷ ᠠᠬᠢᠭᠤᠯᠤᠨ᠎ᠠ | 7. ᠬᠤᠵᠢᠷᠯᠢᠬ ᠭᠠᠵᠠᠷ ᠵᠡᠷᠭᠡ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠨᠡᠭᠡᠭᠡᠨ ᠠᠰᠢᠭᠯᠠᠨ᠎ᠠ ᠃ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠶ ᠶᠢᠨ ᠲᠥᠯᠥᠪᠵᠢᠭᠦᠯᠭᠡ ᠶᠢᠨ ᠶᠣᠰᠤᠭᠠᠷ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠤᠨ ᠲᠥᠷᠥᠯ ᠬᠡᠯᠪᠡᠷᠢ ᠪᠠ ᠲᠠᠷᠬᠠᠯᠲᠠ ᠲᠠᠢ ᠤᠶᠠᠯᠳᠤᠭᠤᠯᠤᠨ ᠂ ᠠᠮᠢ | ᠠᠬᠤᠶ ᠂ ᠠᠭᠤᠷ ᠠᠮᠢᠰᠬᠤᠯ ᠂ ᠬᠥᠷᠥᠰᠥ ᠰᠢᠷᠣᠶ ᠂ ᠣᠷᠣᠨ ᠪᠠᠶᠢᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠂ ᠰᠥᠷᠭᠡᠦ ᠶᠢ ᠳᠠᠭᠠᠭᠠᠬᠤ ᠲᠥᠷᠥᠯ | ᠵᠦᠢᠯ ᠂ ᠤᠰᠤ ᠢᠯᠴᠢ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠮᠡᠷᠭᠡᠵᠢᠯ ᠂ ᠬᠥᠷᠥᠰᠥ ᠰᠢᠷᠣᠶ ᠶᠢᠨ ᠬᠠᠷᠰᠢ ᠰᠠᠭᠠᠳ ᠢ ᠠᠷᠢᠯᠭᠠᠬᠤ | ᠮᠡᠷᠭᠡᠵᠢᠯ ᠵᠢᠴᠢ ᠤᠷᠭᠤᠮᠠᠯ — ᠬᠥᠷᠥᠰᠥ ᠰᠢᠷᠤᠢ — ᠮᠢᠺᠷᠣᠪ ᠬᠠᠷᠢᠯᠴᠠᠨ ᠦᠢᠯᠡᠳᠦᠯᠴᠡᠵᠤ ᠬᠥᠷᠥᠰᠦ ᠰᠢᠷᠤᠢ ᠶᠢ ᠰᠢᠮᠡᠵᠢᠭᠦᠯᠬᠦ ᠮᠡᠷᠭᠡᠵᠢᠯ ᠵᠡᠷᠭᠡ ᠶᠢ | ᠬᠤᠷᠠᠮᠳᠤᠭᠤᠯᠵᠤ ᠂ ᠮᠡᠷᠭᠡᠵᠢᠯ ᠢ ᠵᠦᠶ ᠵᠣᠬᠢᠰᠲᠠᠶ ᠠᠰᠢᠭᠯᠠᠬᠤ ᠵᠠᠭᠪᠤᠷ ᠢ ᠪᠠᠶᠢᠭᠤᠯᠵᠤ ᠂ ᠢᠳᠡᠪᠬᠢᠲᠡᠶ ᠪᠥᠭᠡᠳ ᠯᠠᠪᠳᠠᠭᠤᠨ ᠂ ᠤᠷᠢᠳᠠᠪᠠᠷ ᠬᠢᠯᠪᠠᠷ ᠢ ᠨᠢ ᠳᠠᠷᠠᠭ᠎ᠠ ᠨᠢ | ᠬᠦᠴᠢᠷᠲᠡᠶ ᠶᠢ ᠨᠢ ᠬᠢᠬᠦ ᠵᠠᠷᠴᠢᠮ ᠶᠣᠰᠣᠭᠠᠷ ᠂ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢ ᠱᠠᠲᠤ ᠳᠠᠷᠠᠭᠠᠯᠠᠨ ᠠᠬᠢᠭᠤᠯᠵᠤ ᠂ | ᠲᠥᠪᠯᠡᠷᠡᠭᠦᠯᠦᠨ ᠵᠠᠯᠭᠠᠯᠳᠤᠭᠤᠯᠤᠨ ᠬᠡᠪᠴᠢᠶᠡᠵᠢᠭᠦᠯᠦᠨ ᠨᠡᠭᠡᠭᠡᠨ ᠬᠥᠭᠵᠢᠭᠦᠯᠬᠦ ᠨᠥᠬᠦᠴᠡᠯ ᠲᠠᠢ ᠪᠠᠭ᠎ᠠ ᠬᠡᠮᠵᠢᠶ᠎ᠡ ᠪᠠᠷ ᠬᠤᠵᠢᠷᠰᠢᠭᠰᠠᠨ ᠭᠠᠵᠠᠷ ᠵᠡᠷᠭᠡ ᠲᠠᠷᠢᠶᠠᠨ | ᠭᠠᠵᠠᠷ ᠤᠨ ᠪᠡᠯᠡᠳᠬᠡᠯ ᠡᠬᠢ ᠪᠠᠶᠠᠯᠢᠭ ᠢ ᠤᠷᠢᠳᠠᠪᠠᠷ ᠨᠡᠭᠡᠭᠡᠨ ᠬᠥᠭᠵᠢᠭᠦᠯᠵᠦ ᠂ ᠮᠡᠷᠭᠡᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠦᠨᠳᠦᠰᠦᠯᠡᠨ ᠂ ᠳᠤᠮᠳᠠ ᠪᠠ | ᠶᠡᠭᠡ ᠬᠡᠮᠵᠢᠶ᠎ᠡ ᠪᠠᠷ ᠬᠤᠵᠢᠷᠰᠢᠭᠰᠠᠨ ᠭᠠᠵᠠᠷ ᠳᠠᠰᠢ ᠠᠯᠬᠤᠮ ᠠᠯᠬᠤᠮ ᠢᠶᠠᠷ ᠥᠷᠭᠡᠳᠬᠡᠨ᠎ᠡ ᠃ ︹ ᠬᠠᠷᠢᠭᠤᠴᠠᠯᠭᠠᠲᠤ ᠨᠢᠭᠡᠴᠢ ᠄ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ | ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠂ | ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ︺ | 8. ᠣᠶᠢᠲᠤ ᠭᠠᠵᠠᠷ ᠨᠤᠲᠤᠭ ᠪᠡᠯᠴᠢᠭᠡᠷ ᠨᠤᠭᠤ ᠭᠠᠵᠠᠷ ᠡᠯᠡᠰᠦᠷᠬᠡᠭ ᠭᠠᠵᠠᠷ ᠤᠨ ᠬᠤᠵᠢᠷᠯᠢᠭ ᠭᠠᠵᠠᠷ ᠤᠨ ᠵᠠᠰᠠᠯᠲᠠ ᠶᠢ ᠠᠬᠢᠭᠤᠯᠤᠨ᠎ᠠ ᠃ ︽ ᠤᠮᠠᠷᠠᠳᠤ ᠶᠢᠨ | ᠭᠤᠷᠪᠠᠨ ᠤᠷᠤᠨ ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠠᠬᠢᠭᠤᠯᠬᠤ ᠲᠠᠢ ᠤᠶᠠᠯᠳᠤᠭᠤᠯᠤᠨ ᠂ ᠬᠠᠲᠤᠨ ᠭᠤᠣᠯ ᠤᠨ ᠳᠤᠬᠤᠢ ᠶᠢᠨ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠵᠡᠷᠭᠡ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠵᠤ ᠂ ᠣᠶᠢᠲᠤ ᠭᠠᠵᠠᠷ ᠪᠡᠯᠴᠢᠭᠡᠷ ᠨᠤᠭᠤ | ᠭᠠᠵᠠᠷ ᠡᠯᠡᠰᠦᠷᠬᠡᠭ ᠭᠠᠵᠠᠷ ᠤᠨ ᠬᠤᠵᠢᠷᠯᠢᠭ ᠭᠠᠵᠠᠷ ᠢ ᠰᠢᠰᠲ᠋ᠧᠮ ᠲᠠᠢ ᠵᠠᠰᠠᠬᠤ ᠪᠠ ᠨᠡᠭᠡᠭᠡᠨ ᠠᠰᠢᠭᠯᠠᠬᠤ ᠶᠢ ᠠᠬᠢᠭᠤᠯᠤᠨ᠎ᠠ ᠃ ︵ ᠬᠠᠷᠢᠭᠤᠴᠠᠯᠭᠠᠲᠤ ᠨᠢᠭᠡᠴᠢ ᠄ | ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︶ | ︵ ᠳᠥᠷᠪᠡ ︶ ᠬᠤᠵᠢᠷᠯᠢᠬ ᠭᠠᠵᠠᠷ ᠤᠨ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ | 9. ᠲᠥᠷᠥᠯ ᠬᠤᠪᠢᠶᠠᠨ ᠠᠷᠭ᠎ᠠ ᠪᠣᠳᠣᠯᠭ᠎ᠠ ᠠᠪᠴᠤ ᠬᠤᠵᠢᠷᠯᠢᠭ ᠭᠠᠵᠠᠷ ᠢ ᠠᠰᠢᠭᠯᠠᠨ᠎ᠠ ᠃ ᠬᠠᠮ ᠢᠳᠡᠭᠡᠨ ᠤ ᠦᠵᠡᠯᠲᠡ ᠶᠢ ᠪᠠᠲᠤ ᠪᠠᠬᠢ ᠪᠤᠢ ᠪᠣᠯᠭᠠᠵᠤ ᠂ | ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢ ᠨᠢᠭᠡᠳᠦᠯᠲᠡᠢ ᠲᠥᠯᠥᠪᠵᠢᠭᠦᠯᠬᠦ ᠂ ᠲᠠᠷᠢᠮᠠᠯ ᠲᠡᠵᠢᠭᠡᠪᠦᠷᠢ ᠪᠠ ᠪᠣᠯᠪᠠᠰᠤᠷᠠᠭᠤᠯᠤᠨ ᠡᠳ᠋ᠰᠢᠭᠦᠯᠬᠦ ᠶᠢ | ᠤᠶᠠᠯᠳᠤᠭᠤᠯᠬᠤ ᠶᠢ ᠪᠠᠷᠢᠮᠲᠠᠯᠠᠵᠤ ᠂ ᠬᠤᠵᠢᠷᠯᠢᠭ ᠭᠠᠵᠠᠷ ᠲᠤ ᠠᠮᠤ ᠪᠤᠳᠠᠭ᠎ᠠ ᠲᠠᠷᠢᠵᠤ ᠭᠠᠷᠭᠠᠬᠤ ᠪᠠᠷ ᠴᠢᠷᠮᠠᠶᠢᠨ᠎ᠠ ᠃ ᠳᠤᠮᠳᠠ ᠵᠡᠷᠭᠡ ᠪᠠ ᠪᠠᠭ᠎ᠠ ᠬᠡᠮᠵᠢᠶ᠎ᠡ ᠪᠠᠷ | ᠬᠤᠵᠢᠷᠰᠢᠭᠰᠠᠨ ᠭᠠᠵᠠᠷ ᠢ ᠭᠡᠷᠡᠯ ᠢᠯᠴᠢ ᠬᠥᠷᠥᠰᠥ ᠰᠢᠷᠣᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ ᠂ ᠠᠮᠤ ᠪᠤᠳᠠᠭ᠎ᠠ ᠂ ᠠᠵᠤ | ᠠᠬᠤᠢ ᠶᠢᠨ ᠲᠠᠷᠢᠮᠠᠯ ᠪᠠ ᠲᠡᠵᠢᠭᠡᠯ ᠡᠪᠡᠰᠦ ᠦᠢᠯᠡᠳᠪᠦᠷᠢᠯᠡᠬᠦ ᠳᠤ ᠬᠡᠷᠡᠭᠯᠡᠵᠦ ᠂ ᠡᠷᠳᠡᠨᠢ ᠰᠢᠰᠢ ᠂ ᠨᠡᠷᠡᠨ ᠬᠤᠸᠠᠷ ᠂ ᠰᠢᠷ᠎ᠠ ᠪᠤᠷᠴᠠᠭ ᠂ ᠰᠢᠰᠢ ᠂ ᠴᠠᠷᠭᠠᠰᠤ ᠵᠡᠷᠭᠡ | ᠬᠤᠵᠢᠷ ᠲᠤ ᠲᠡᠰᠪᠦᠷᠢᠲᠡᠶ ᠲᠠᠷᠢᠮᠠᠯ ᠤᠨ ᠳᠠᠪᠠᠭᠤᠯᠢᠭ ᠭᠠᠷᠤᠯᠲᠠ ᠶᠢᠨ ᠣᠷᠣᠨ ᠢ ᠲᠥᠯᠥᠪᠵᠢᠭᠦᠯᠵᠦ ᠂ ᠨᠢᠭᠡᠴᠢ ᠤᠨᠠᠯᠲᠠ ᠶᠢᠨ ᠲᠦᠪᠰᠢᠨ ᠢ ᠬᠦᠴᠦᠯᠡᠨ | ᠳᠡᠭᠡᠭᠰᠢᠯᠡᠭᠦᠯᠬᠦ ᠶᠢᠨ ᠬᠠᠮᠲᠤ ᠬᠥᠷᠥᠰᠥ ᠰᠢᠷᠣᠢ ᠶᠢ ᠰᠠᠶᠢᠵᠢᠷᠠᠭᠤᠯᠬᠤ ᠶᠢ ᠴᠢᠬᠤᠯᠠᠴᠢᠯᠠᠵᠤ ᠂ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ ᠃ ᠶᠡᠭᠡ ᠬᠡᠮᠵᠢᠶ᠎ᠡ ᠪᠠᠷ ᠬᠤᠵᠢᠷᠰᠢᠭᠰᠠᠨ ᠭᠠᠵᠠᠷ ᠢ ᠡᠬᠢ ᠪᠠᠶᠠᠯᠢᠭ ᠤᠨ ᠨᠥᠬᠦᠴᠡᠯ ᠢ ᠦᠨᠳᠦᠰᠦᠯᠡᠨ ᠲᠣᠬᠢᠷᠠᠮᠵᠢᠲᠠᠶ ᠤᠨᠴᠠᠯᠢᠬᠳᠤ ᠤᠷᠭᠤᠮᠠᠯ ᠂ | ᠲᠡᠵᠢᠭᠡᠯ ᠪᠣᠷᠳᠣᠭᠠᠨ ᠤ ᠲᠠᠷᠢᠮᠠᠯ ᠂ ᠠᠵᠤ ᠠᠬᠤᠶ ᠶᠢᠨ ᠣᠶ ᠶᠢ ᠲᠠᠷᠢᠬᠤ ᠪᠠ ᠤᠰᠤᠨ ᠭᠠᠷᠤᠯᠲᠠ ᠶᠢ ᠬᠥᠭᠵᠢᠭᠦᠯᠵᠦ ᠂ ᠠᠮᠢ ᠠᠬᠤᠶ ᠶᠢᠨ ᠦᠷ᠎ᠡ ᠠᠰᠢᠭ ᠢ | ᠪᠠᠳᠠᠷᠠᠭᠤᠯᠬᠤ ᠶᠢ ᠴᠢᠬᠤᠯᠠᠴᠢᠯᠠᠨ ᠂ ᠬᠥᠷᠥᠰᠥ ᠰᠢᠷᠣᠶ ᠶᠢᠨ ᠳᠠᠪᠤᠰᠤᠨ ᠤ ᠬᠡᠮᠵᠢᠶ᠎ᠡ ᠶᠢ ᠪᠠᠭᠤᠷᠠᠭᠤᠯᠬᠤ ᠶᠢ ᠠᠬᠢᠭᠤᠯᠵᠤ ᠂ ᠠᠵᠤ ᠠᠬᠤᠶ ᠶᠢᠨ ᠦᠷ᠎ᠡ ᠠᠰᠢᠭ ᠢ | ᠬᠠᠮᠲᠤ ᠳᠤᠨᠢ ᠬᠠᠷᠠᠭᠠᠯᠵᠠᠨ᠎ᠠ ᠃ ᠲᠠᠷᠢᠶᠠᠯᠠᠬᠤ ᠳᠤ ᠲᠣᠬᠢᠷᠠᠬᠤ ᠦᠭᠡᠢ ᠬᠤᠵᠢᠷᠯᠢᠭ ᠭᠠᠵᠠᠷ ᠢ ᠲᠥᠬᠦᠭᠡᠷᠦᠮᠵᠢᠲᠦ ᠲᠠᠷᠢᠮᠠᠯ ᠲᠡᠵᠢᠭᠡᠪᠦᠷᠢ ᠲᠡᠵᠢᠭᠡᠨ ᠦᠷᠡᠵᠢᠭᠦᠯᠬᠦ ᠶᠢ | ᠵᠣᠬᠢᠰᠲᠠᠢ ᠬᠥᠭᠵᠢᠭᠦᠯᠵᠦ ᠂ ᠬᠤᠵᠢᠷᠯᠢᠭ ᠭᠠᠵᠠᠷ ᠤᠨ ᠴᠥᠭᠦᠷᠥᠮ ᠤᠨ ᠲᠡᠵᠢᠭᠡᠪᠦᠷᠢ ᠪᠠ ᠵᠢᠭᠠᠰᠤ ᠲᠡᠵᠢᠭᠡᠵᠤ ᠲᠠᠷᠢᠮᠠᠯ ᠲᠠᠷᠢᠬᠤ ᠶᠡᠷᠦᠩᠬᠡᠶᠢᠯᠡᠭᠰᠡᠨ ᠠᠰᠢᠭᠯᠠᠯᠲᠠ ᠶᠢ | ᠰᠦᠪᠡᠭᠴᠢᠯᠡᠨ ᠥᠷᠨᠢᠭᠦᠯᠵᠦ ᠂ ᠬᠤᠵᠢᠷᠯᠢᠭ ᠭᠠᠵᠠᠷ ᠢ ᠠᠰᠢᠭᠯᠠᠨ ᠡᠪᠡᠰᠦ ᠮᠣᠳᠣ ᠲᠠᠷᠢᠬᠤ ᠶᠢ ᠵᠣᠷᠢᠭᠵᠢᠭᠤᠯᠵᠤ ᠂ ᠠᠮᠢ ᠠᠬᠤᠢ ᠶᠢᠨ ᠰᠡᠷᠭᠦᠭᠡᠯᠲᠡ ᠶᠢ ᠠᠬᠢᠭᠤᠯᠤᠨ᠎ᠠ ᠃ | ︹ ᠬᠠᠷᠢᠭᠤᠴᠠᠯᠭᠠᠲᠤ ᠨᠢᠭᠡᠴᠢ ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ︶ ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ︺ | 10. ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ ᠃ ᠬᠡᠪᠴᠢᠶᠡᠵᠢᠭᠦᠯᠬᠦ ᠂ | ᠪᠠᠷᠢᠮᠵᠢᠶᠠᠵᠢᠭᠤᠯᠬᠤ ᠂ ᠪᠣᠬᠢᠷᠲᠤᠯ ᠥᠬᠡᠶ ᠪᠣᠯᠭᠠᠬᠤ ᠴᠢᠭᠯᠡᠯ ᠢ ᠪᠠᠷᠢᠮᠲᠠᠯᠠᠵᠤ ᠂ ᠠᠮᠤ ᠪᠤᠳᠠᠭ᠎ᠠ ᠲᠣᠰᠣ ᠂ ᠭᠤᠸ᠎ᠠ ᠵᠢᠮᠢᠰ ᠢᠳᠡᠰᠢᠨ ᠨᠣᠭᠤᠭ᠎ᠠ ᠂ ᠣᠶ ᠰᠢᠭᠤᠶ ᠡᠪᠡᠰᠦ | ᠵᠢᠭᠠᠰᠤ ᠵᠡᠷᠭᠡ ᠬᠤᠵᠢᠷᠯᠢᠭ ᠭᠠᠵᠠᠷ ᠤᠨ ᠣᠨᠴᠠᠯᠢᠭᠲᠤ ᠠᠵᠤ ᠦᠢᠯᠡᠰ ᠢ ᠴᠢᠨᠠᠷ ᠰᠠᠶᠢᠲᠠᠶ ᠴᠤᠭᠴᠠᠯᠠᠨ᠎ᠠ ᠃ ᠨᠥᠬᠦᠴᠡᠯ ᠲᠠᠢ ᠭᠠᠵᠠᠷ ᠣᠷᠣᠨ ᠤ ᠬᠤᠵᠢᠷᠯᠢᠭ ᠭᠠᠵᠠᠷ | ᠪᠠ ᠪᠡᠯᠴᠢᠭᠡᠷ ᠤᠨ ᠡᠬᠢ ᠪᠠᠶᠠᠯᠢᠭ ᠢ ᠠᠰᠢᠭᠯᠠᠨ ᠥᠨᠳᠥᠷ ᠪᠥᠭᠡᠳ ᠲᠣᠭᠲᠠᠭᠤᠨ ᠭᠠᠷᠤᠯᠲᠠ ᠲᠠᠢ ᠲᠡᠵᠢᠭᠡᠯ ᠡᠪᠡᠰᠦ ᠪᠣᠷᠳᠣᠭᠠᠨ ᠤ ᠳᠠᠭᠤᠷᠢᠶᠠᠯ ᠦᠵᠡᠭᠦᠯᠬᠦ | ᠰᠠᠭᠤᠷᠢᠨ ᠭᠠᠵᠠᠷ ᠪᠠᠶᠢᠭᠤᠯᠵᠤ ᠂ ᠳᠥᠬᠦᠭᠡᠷᠦᠮᠵᠢᠲᠦ ᠮᠠᠯ ᠠᠵᠤ ᠠᠬᠤᠶ ᠶᠢ ᠬᠥᠭᠵᠢᠭᠦᠯᠬᠦ ᠶᠢ ᠳᠡᠮᠵᠢᠬᠦ ᠬᠡᠷᠡᠭᠲᠡᠶ ᠃ ᠬᠤᠵᠢᠷᠯᠢᠭ ᠭᠠᠵᠠᠷ ᠤᠨ ᠣᠨᠴᠠᠯᠢᠭᠲᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠂ ᠲᠥᠷᠥᠯ ᠲᠡᠮᠳᠡᠭᠲᠦ ᠶᠢᠨ | ᠡᠵᠡᠩᠨᠡᠨ ᠪᠣᠷᠣᠯᠠᠭᠤᠯᠤᠯᠲᠠ ᠶᠢ ᠢᠳᠡᠪᠬᠢᠲᠡᠢ ᠬᠥᠭᠵᠢᠭᠦᠯᠵᠦ ᠂ ᠪᠦᠬᠦ ᠠᠵᠤ ᠦᠢᠯᠡᠰ ᠤᠨ ᠬᠡᠯᠬᠢᠶ᠎ᠡ ᠶᠢ ᠴᠤᠭᠴᠠᠯᠠᠨ᠎ᠠ ᠃ ᠬᠤᠵᠢᠷᠯᠢᠭ ᠭᠠᠵᠠᠷ ᠤᠨ ᠪᠣᠬᠢᠷᠲᠤᠯ ᠦᠭᠡᠢ | ᠲᠠᠷᠢᠶᠠᠯᠠᠩ ᠤᠨ ᠪᠦᠲᠦᠭᠡᠭᠳᠡᠬᠦᠨ ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠭᠠᠵᠠᠷ ᠵᠦᠢ ᠶᠢᠨ ᠪᠡᠯᠭᠡ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ | ᠭᠡᠷᠡᠴᠢᠯᠡᠯᠲᠡ ᠶᠢ ᠠᠬᠢᠭᠤᠯᠤᠨ᠎ᠠ ᠃ ︽ ᠡᠪᠡᠰᠦ ᠭᠡᠷᠡᠯ ᠢ ᠬᠠᠷᠢᠯᠴᠠᠨ ᠨᠥᠬᠦᠪᠥᠷᠢᠯᠡᠬᠦ ︾ ᠠᠷᠭ᠎ᠠ ᠮᠠᠶ᠋ᠢᠭ ᠢ ᠰᠦᠪᠡᠭᠴᠢᠯᠡᠨ ᠬᠡᠷᠡᠭᠯᠡᠵᠦ ᠂ ᠬᠡᠷᠡᠯ ᠴᠡᠨᠡᠭ ᠤᠨ ᠪᠥᠲᠥᠭᠡᠨ | ᠪᠠᠶᠢᠭᠤᠯᠤᠯᠲᠠ ᠪᠠ ᠬᠤᠵᠢᠷᠯᠢᠭ ᠭᠠᠵᠠᠷ ᠤᠨ ᠵᠠᠰᠠᠯᠲᠠ ᠶᠢ ᠠᠬᠢᠭᠤᠯᠤᠨ᠎ᠠ ᠃ ︹ ᠬᠠᠷᠢᠭᠤᠴᠠᠯᠭᠠᠲᠤ ᠨᠢᠭᠡᠴᠢ ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ︵ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠂ | ᠬᠤᠲᠠ ᠶᠢᠨ ᠡᠨᠧᠷᠭᠢ ᠶᠢᠨ ᠲᠣᠪᠴᠢᠶ᠎ᠠ ︺ | 11. ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠪᠤᠶᠢᠵᠢᠭᠤᠯᠤᠨ᠎ᠠ ᠃ ᠳᠠᠯᠠᠳ ᠬᠤᠰᠢᠭᠤ ᠂ ᠬᠠᠩᠭᠢᠨ ᠬᠤᠰᠢᠭᠤ ᠵᠡᠷᠭᠡ ᠬᠤᠵᠢᠷᠯᠢᠭ ᠭᠠᠵᠠᠷ | ᠲᠥᠪᠯᠡᠷᠡᠭᠰᠡᠨ ᠭᠠᠵᠠᠷ ᠣᠷᠣᠨ ᠳᠤ ᠪᠠᠯᠠ ᠮᠥᠩᠭᠦ ᠶᠢᠨ ᠪᠣᠳᠠᠲᠤ ᠬᠦᠴᠦᠨ ᠢᠶᠠᠷ ᠴᠢᠩᠭ᠎ᠠ ᠂ ᠲᠠᠷᠢᠶᠠᠴᠢᠳ ᠲᠠᠢ ᠬᠤᠯᠪᠤᠭᠠᠯᠠᠨ ᠲᠠᠷᠢᠶᠠᠴᠢᠳ ᠢ ᠳᠠᠶᠢᠴᠢᠯᠠᠬᠤ | ᠲᠣᠭᠲᠠᠴᠠ ᠲᠡᠭᠦᠯᠳᠡᠷ ᠂ ᠳᠠᠭᠤᠷᠢᠶᠠᠯ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢᠶᠠᠷ ᠲᠣᠪᠤᠶᠢᠮ᠎ᠠ ᠴᠢᠨᠠᠷ ᠰᠠᠶᠢᠲᠠᠶ ᠬᠥᠲᠥᠴᠢ ᠠᠵᠤ ᠠᠬᠤᠶᠢᠯᠠᠯ ᠢ | ᠪᠤᠶᠢᠵᠢᠭᠤᠯᠤᠨ ᠣᠷᠣᠭᠤᠯᠵᠤ ᠂ ᠳᠠᠭᠠᠭᠤᠯᠤᠭᠴᠢ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠂ | ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠨᠡᠭᠡᠭᠡᠨ ᠠᠰᠢᠭᠯᠠᠬᠤ ᠂ ᠬᠤᠵᠢᠷ ᠲᠤ ᠲᠡᠰᠪᠦᠷᠢᠲᠠᠢ ᠰᠠᠶᠢᠨ ᠦᠷ᠎ᠡ ᠶᠢ ᠰᠤᠳᠤᠯᠤᠨ ᠨᠡᠭᠡᠭᠡᠵᠦ ᠳᠡᠯᠭᠡᠷᠡᠭᠦᠯᠬᠦ ᠂ | ᠬᠤᠵᠢᠷᠯᠢᠭ ᠭᠠᠵᠠᠷ ᠢ ᠨᠡᠭᠡᠭᠡᠨ ᠠᠰᠢᠭᠯᠠᠵᠤ ᠰᠠᠶᠢᠵᠢᠷᠠᠭᠤᠯᠬᠤ ᠂ ᠬᠤᠵᠢᠷᠯᠢᠭ ᠭᠠᠵᠠᠷ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠭᠦᠯᠬᠦ ᠵᠡᠷᠭᠡ | ᠲᠠᠯ᠎ᠠ ᠪᠠᠷ ᠳᠠᠭᠠᠭᠤᠯᠤᠭᠴᠢ ᠦᠢᠯᠡᠳᠦᠯ ᠦᠵᠡᠭᠦᠯᠵᠤ ᠂ ᠬᠤᠵᠢᠷᠯᠢᠭ ᠭᠠᠵᠠᠷ ᠢ ᠨᠡᠭᠡᠭᠡᠨ ᠠᠰᠢᠭᠯᠠᠵᠤ ᠰᠠᠶᠢᠵᠢᠷᠠᠭᠤᠯᠬᠤ ᠂ ᠦᠢᠯᠡᠳᠪᠦᠷᠢᠯᠡᠨ ᠪᠤᠷᠤᠯᠠᠭᠤᠯᠵᠤ | ᠡᠳ᠋ᠰᠢᠭᠦᠯᠬᠦ ᠂ ᠲᠠᠷᠢᠶᠠᠯᠠᠩ ᠢᠳᠡᠭᠡᠨ ᠠᠵᠤ ᠦᠢᠯᠡᠰ ᠰᠣᠶᠣᠯ ᠵᠢᠭᠤᠯᠴᠢᠯᠠᠯ ᠵᠡᠷᠭᠡ ᠡᠵᠡᠩᠨᠡᠯᠲᠡ ᠶᠢᠨ ᠪᠠᠶᠢᠳᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ ᠃ | ᠨᠥᠬᠦᠴᠡᠯ ᠳᠤ ᠨᠡᠶᠢᠴᠡᠬᠦ ᠬᠤᠵᠢᠷᠯᠢᠭ ᠭᠠᠵᠠᠷ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢᠨ ᠳᠠᠭᠠᠭᠤᠯᠤᠭᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ | ᠭᠠᠷᠴᠤ ᠪᠠᠯᠠ ᠲᠣᠬᠢᠷᠠᠭᠤᠯᠬᠤ ᠶᠢ ᠳᠡᠮᠵᠢᠵᠦ ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠭᠤᠤᠯ ᠴᠣᠭᠴᠠ ᠶᠢᠨ ᠦᠢᠯᠡᠳᠦᠯ ᠢ ᠨᠠᠩ ᠰᠠᠶᠢᠲᠤᠷ | ᠪᠠᠳᠠᠷᠠᠭᠤᠯᠤᠨ᠎ᠠ ᠃ ︹ ᠬᠠᠷᠢᠭᠤᠴᠠᠯᠭᠠᠲᠤ ᠨᠢᠭᠡᠴᠢ ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︶ ᠲᠣᠪᠴᠢᠶ᠎ᠠ ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠬᠤᠲᠠ ᠶᠢᠨ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︺ | ︵ ᠲᠠᠪᠤ ︶ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭᠠᠳᠬᠠᠨ᠎ᠠ | 12. ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠰᠠᠭᠤᠷᠢᠨ | ᠭᠠᠵᠠᠷ ᠢ ᠪᠠᠶᠢᠭᠤᠯᠤᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠂ ᠤᠯᠤᠰ ᠤᠨ ᠬᠤᠵᠢᠷᠯᠢᠭ | ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠣᠷᠳᠣᠰ ᠤᠨ ᠲᠤᠷᠰᠢᠯᠲᠠ ᠶᠢᠨ ᠥᠷᠲᠡᠭᠡ ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠣᠷᠳᠣᠰ ᠤᠨ ᠬᠤᠪᠢᠶᠠᠷᠢ | ᠬᠦᠷᠢᠶᠡᠯᠡᠩ ᠪᠠ ᠣᠷᠳᠣᠰ ᠤᠨ ᠬᠤᠵᠢᠷᠯᠢᠭ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢ ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ ᠂ ᠲᠡᠷᠢᠭᠦᠨ ᠤ ᠬᠤᠵᠢᠷᠯᠢᠭ ᠭᠠᠵᠠᠷ ᠢ ᠲᠠᠷᠢᠶᠠᠯᠠᠩ ᠮᠠᠯ ᠠᠵᠤ ᠠᠬᠤᠶ ᠶᠢ | ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ ᠃ ᠠᠵᠤ | ᠠᠬᠤᠶᠢᠯᠠᠯ ᠲᠠᠢ ᠬᠤᠯᠪᠣᠭᠠᠯᠠᠨ ᠦᠢᠯᠡᠳᠪᠦᠷᠢᠯᠡᠯ ᠤᠯᠤᠰ ᠲᠥᠷᠥ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠶᠢ ᠥᠷᠨᠢᠭᠦᠯᠵᠦ ᠂ ᠬᠤᠵᠢᠷ ᠲᠤ | ᠲᠡᠰᠪᠦᠷᠢᠲᠡᠶ ᠳᠠᠪᠠᠭᠤᠯᠢᠭ ᠲᠠᠷᠢᠮᠠᠯ ᠢ ᠦᠷᠡᠵᠢᠭᠦᠯᠦᠨ ᠪᠤᠶᠢᠵᠢᠭᠤᠯᠬᠤ ᠂ ᠬᠥᠷᠥᠰᠥ ᠰᠢᠷᠣᠶ ᠶᠢᠨ ᠶᠠᠰᠤ ᠴᠢᠨᠠᠷ ᠪᠠ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠂ | ᠠᠮᠢ ᠠᠬᠤᠶᠢᠵᠢᠭᠤᠯᠤᠨ ᠠᠰᠢᠭᠯᠠᠬᠤ ᠂ ᠤᠰᠤ ᠠᠷᠪᠢᠯᠠᠵᠤ ᠳᠠᠪᠤᠰᠤ ᠶᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ | ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠪᠠ ᠬᠤᠰᠢᠭᠤᠷᠠᠨ ᠬᠥᠲᠥᠯᠦᠨ ᠳᠠᠭᠠᠭᠤᠯᠬᠤ ᠴᠢᠨᠠᠷᠲᠠᠶ ᠮᠡᠷᠭᠡᠵᠢᠯ ᠤᠨ ᠰᠤᠳᠤᠯᠭᠠᠨ ᠢ ᠥᠷᠨᠢᠭᠦᠯᠵᠦ ᠂ ᠠᠵᠤ ᠠᠬᠤᠶᠢᠯᠠᠯ ᠢ | ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠵᠦ ᠂ ᠬᠤᠵᠢᠷᠯᠢᠭ ᠭᠠᠵᠠᠷ ᠢ | ᠰᠠᠶᠢᠵᠢᠷᠠᠭᠤᠯᠬᠤ ᠂ ᠤᠰᠤ ᠠᠷᠪᠢᠯᠠᠬᠤ ᠤᠰᠤᠯᠠᠯᠲᠠ ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠵᠡᠷᠭᠡ ᠲᠠᠯ᠎ᠠ ᠶᠢᠨ | ᠳᠠᠪᠠᠭᠤᠯᠢᠭ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠪᠤᠶᠢᠵᠢᠭᠤᠯᠤᠨ᠎ᠠ ᠃ 2024 ᠣᠨ ᠳᠤ ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ | ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ 1 ᠂ ᠣᠷᠣᠨ ᠤ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠨᠡᠶᠢᠲᠡ ᠶᠢ 3 ᠠᠴᠠ ᠳᠡᠭᠡᠭᠰᠢ | ᠣᠷᠣᠭᠤᠯᠤᠨ᠎ᠠ ᠃ ︹ ᠬᠠᠷᠢᠭᠤᠴᠠᠯᠭᠠᠲᠤ ᠨᠢᠭᠡᠴᠢ ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︺ | 13. ᠬᠤᠵᠢᠷ ᠲᠤ ᠲᠡᠰᠪᠦᠷᠢᠲᠡᠶ ᠦᠷ᠎ᠡ ᠢ ᠪᠤᠶᠢᠵᠢᠭᠤᠯᠬᠤ ᠪᠠ ᠰᠢᠯᠭᠠᠨ ᠰᠣᠩᠭᠤᠬᠤ ᠠᠵᠢᠯ ᠢ ᠴᠢᠩᠭᠠᠳᠬᠠᠨ᠎ᠠ ᠃ ᠳᠡᠭᠡᠳᠦ ᠰᠤᠷᠭᠠᠭᠤᠯᠢ ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠬᠤᠵᠢᠷ ᠲᠤ ᠲᠡᠰᠪᠦᠷᠢᠲᠡᠶ ᠲᠠᠷᠢᠮᠠᠯ ᠤᠨ ᠣᠶᠤᠨᠴᠢ ᠦᠷ᠎ᠡ ᠪᠤᠶᠢᠵᠢᠭᠤᠯᠬᠤ ᠲᠦᠷᠭᠡᠳᠬᠡᠭᠦᠷ ᠢ | ᠠᠰᠢᠭᠯᠠᠬᠤ ᠶᠢ ᠳᠡᠮᠵᠢᠵᠦ ᠂ ᠲᠤᠬᠠᠶ ᠶᠢᠨ ᠭᠠᠵᠠᠷ ᠤᠨ ᠳᠠᠷᠢᠬᠤ ᠳᠤ ᠳᠣᠭᠢᠷᠠᠬᠤ ᠬᠤᠵᠢᠷ ᠲᠤ ᠲᠡᠰᠪᠦᠷᠢᠲᠡᠶ ᠲᠠᠷᠢᠮᠠᠯ ᠤᠨ ᠦᠷ᠎ᠡ ᠶᠢ ᠪᠤᠶᠢᠵᠢᠭᠤᠯᠬᠤ ᠪᠠ ᠰᠢᠯᠭᠠᠨ | ᠰᠣᠩᠭᠤᠬᠤ ᠠᠵᠢᠯ ᠢ ᠥᠷᠨᠢᠭᠦᠯᠵᠦ ᠂ ᠡᠷᠳᠡᠨᠢ ᠰᠢᠰᠢ ᠂ ᠨᠡᠷᠡᠨ ᠬᠤᠸᠠᠷ ᠵᠡᠷᠭᠡ ᠠᠮᠤ ᠪᠤᠳᠠᠭᠠᠨ ᠤ ᠲᠠᠷᠢᠮᠠᠯ ᠢ ᠭᠤᠤᠯᠳᠠᠯᠭ᠎ᠠ ᠲᠠᠢ ᠪᠣᠭᠤᠮᠲᠠ ᠰᠢᠪᠲᠤᠯᠵᠤ ᠂ ᠮᠣᠩᠭᠤᠯ | ᠠᠮᠤ ᠂ ᠨᠠᠷᠢᠮᠤ ᠵᠡᠷᠭᠡ ᠭᠠᠵᠠᠷ ᠣᠷᠣᠨ ᠤ ᠴᠢᠨᠠᠷᠲᠠᠶ ᠲᠠᠷᠢᠮᠠᠯ ᠪᠠ ᠲᠡᠵᠢᠭᠡᠯ ᠡᠪᠡᠰᠦᠨ ᠤ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠨ᠎ᠠ ᠃ ᠬᠤᠵᠢᠷ ᠲᠤ | ᠲᠡᠰᠪᠦᠷᠢᠲᠡᠶ ᠲᠠᠷᠢᠮᠠᠯ ᠤᠨ ᠦᠷ᠎ᠡ ᠶᠢᠨ ᠡᠬᠢ ᠪᠠᠶᠠᠯᠢᠭ ᠢ ᠴᠤᠭᠯᠠᠭᠤᠯᠤᠨ ᠬᠢᠨᠠᠨ ᠲᠣᠭᠲᠠᠭᠠᠵᠤ ᠂ ᠬᠤᠵᠢᠷ ᠲᠤ ᠲᠡᠰᠪᠦᠷᠢᠲᠡᠶ ᠲᠠᠷᠢᠮᠠᠯ ᠤᠨ ᠦᠷ᠎ᠡ ᠶᠢᠨ ᠡᠬᠢ | ᠪᠠᠶᠠᠯᠢᠭ ᠤᠨ ᠬᠥᠮᠥᠷᠭᠡ ᠶᠢ ᠪᠠᠶᠢᠭᠤᠯᠤᠨ ᠂ ᠬᠤᠵᠢᠷ ᠲᠤ ᠲᠡᠰᠪᠦᠷᠢᠲᠡᠶ ᠲᠠᠷᠢᠮᠠᠯ ᠤᠨ ᠦᠷ᠎ᠡ ᠶᠢ ᠪᠤᠶᠢᠵᠢᠭᠤᠯᠬᠤ ᠬᠤᠯᠪᠤᠭᠠᠯᠠᠨ ᠪᠣᠭᠤᠮᠲᠠ ᠰᠢᠪᠲᠤᠯᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠦᠨ᠎ᠡ ᠃ ᠳᠠᠯᠠᠳ ᠬᠤᠰᠢᠭᠤ ᠂ ᠬᠠᠩᠭᠢᠨ ᠬᠤᠰᠢᠭᠤ ᠂ ᠵᠡᠭᠦᠨᠭᠠᠷ ᠬᠤᠰᠢᠭᠤ ᠂ ᠦᠤᠰᠢᠨ ᠬᠤᠰᠢᠭᠤ ᠵᠡᠷᠭᠡ ᠲᠠᠷᠢᠮᠠᠯ ᠲᠠᠷᠢᠬᠤ ᠲᠥᠪᠯᠡᠷᠡᠭᠰᠡᠨ | ᠣᠷᠣᠨ ᠳᠤ ᠲᠠᠷᠢᠮᠠᠯ ᠤᠨ ᠳᠠᠭᠤᠷᠢᠶᠠᠯ ᠦᠵᠡᠭᠦᠯᠬᠦ ᠲᠠᠷᠢᠶ᠎ᠠ ᠶᠢ ᠭᠤᠤᠯᠳᠠᠯᠭ᠎ᠠ ᠲᠠᠢ ᠪᠠᠶᠢᠭᠤᠯᠵᠤ ᠂ ᠣᠲᠤᠭ ᠬᠤᠰᠢᠭᠤ ᠂ ᠣᠲᠤᠭ ᠤᠨ ᠡᠮᠦᠨᠡᠲᠦ ᠬᠤᠰᠢᠭᠤ ᠵᠡᠷᠭᠡ | ᠲᠡᠵᠢᠭᠡᠯ ᠡᠪᠡᠰᠦᠨ ᠤ ᠭᠤᠣᠯ ᠲᠠᠷᠬᠠᠯᠲᠠ ᠶᠢᠨ ᠣᠷᠣᠨ ᠳᠤ ᠭᠤᠤᠯᠳᠠᠯᠭ᠎ᠠ ᠲᠠᠢ ᠪᠠᠷ ᠲᠡᠵᠢᠭᠡᠯ ᠡᠪᠡᠰᠦᠨ ᠤ ᠳᠠᠭᠤᠷᠢᠶᠠᠯ ᠦᠵᠡᠭᠦᠯᠬᠦ ᠲᠠᠷᠢᠶ᠎ᠠ ᠶᠢ ᠪᠥᠲᠥᠭᠡᠨ | ᠪᠠᠶᠢᠭᠤᠯᠵᠤ ᠂ ᠰᠢᠯᠢᠳᠡᠭ ᠰᠠᠶᠢᠨ ᠴᠢᠨᠠᠷ ᠤᠨ ᠬᠤᠵᠢᠷ ᠲᠤ ᠲᠡᠰᠪᠦᠷᠢᠲᠡᠶ ᠲᠠᠷᠢᠮᠠᠯ ᠤᠨ ᠦᠷ᠎ᠡ ᠶᠢ ᠳᠠᠭᠤᠷᠢᠶᠠᠯ ᠦᠵᠡᠭᠦᠯᠦᠨ ᠲᠠᠨᠢᠯᠴᠠᠭᠤᠯᠤᠨ᠎ᠠ ᠃ ᠬᠤᠵᠢᠷ ᠲᠤ | ᠲᠡᠰᠪᠦᠷᠢᠲᠡᠶ ᠣᠶ ᠰᠢᠭᠤᠶ ᠡᠪᠡᠰᠦ ᠪᠡᠯᠴᠢᠭᠡᠷ ᠤᠨ ᠰᠢᠨ᠎ᠡ ᠦᠷ᠎ᠡ ᠶᠢ ᠢᠳᠡᠪᠬᠢᠲᠡᠶ ᠨᠡᠭᠡᠭᠡᠨ ᠬᠥᠭᠵᠢᠭᠦᠯᠵᠦ ᠂ ᠬᠤᠵᠢᠷᠯᠢᠭ ᠭᠠᠵᠠᠷ ᠤᠨ ᠣᠶ ᠰᠢᠭᠤᠶ ᠡᠪᠡᠰᠦ | ᠪᠡᠯᠴᠢᠭᠡᠷ ᠤᠨ ᠠᠵᠤ ᠠᠬᠤᠶ ᠶᠢᠨ ᠦᠷ᠎ᠡ ᠠᠰᠢᠭ ᠪᠠ ᠠᠮᠢ ᠠᠬᠤᠶ ᠶᠢᠨ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠦᠨ᠎ᠡ ᠃ 2024 ᠣᠨ ᠳᠤ ᠂ ᠬᠤᠵᠢᠷ ᠲᠤ | ᠲᠡᠰᠪᠦᠷᠢᠲᠡᠢ ᠰᠢᠨ᠎ᠡ ᠦᠷ᠎ᠡ ᠶᠢ 1 ᠠᠴᠠ 2 ᠪᠤᠶᠢᠵᠢᠭᠤᠯᠬᠤ ᠪᠠᠷ ᠴᠢᠷᠮᠠᠶᠢᠨ᠎ᠠ ᠃ ︹ ᠬᠠᠷᠢᠭᠤᠴᠠᠯᠭᠠᠲᠤ ᠨᠢᠭᠡᠴᠢ ᠄ ᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ︵ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︺ | 14. ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠳᠡᠮᠵᠢᠯᠭᠡ ᠶᠢ ᠴᠢᠩᠭᠠᠳᠬᠠᠨ᠎ᠠ ᠃ ᠲᠠᠷᠢᠶᠠᠨ | ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠵᠠᠩᠭᠢᠯᠠᠭ᠎ᠠ ᠶᠢᠨ ᠭᠤᠣᠯ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠴᠢᠩᠭᠠᠳᠬᠠᠵᠤ ᠂ ︽ ᠦᠷ᠎ᠡ ᠪᠤᠶᠢᠵᠢᠭᠤᠯᠬᠤ ︾ ᠪᠠ ︽ ᠬᠥᠷᠥᠰᠦ ᠰᠢᠷᠤᠢ ᠶᠢ ᠵᠠᠰᠠᠬᠤ ︾ ᠵᠡᠷᠭᠡ ᠵᠠᠩᠭᠢᠯᠠᠭ᠎ᠠ ᠶᠢᠨ ᠭᠤᠭᠴᠤᠭ᠎ᠠ ᠪᠠᠷ ᠭᠤᠣᠯᠳᠠᠯᠭ᠎ᠠ | ᠪᠣᠯᠭᠠᠵᠤ ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠪᠠᠶᠢᠷᠢᠯᠠᠭᠤᠯᠵᠤ ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠂ ᠤᠰᠤ ᠠᠷᠪᠢᠯᠠᠵᠤ | ᠤᠰᠤᠯᠠᠬᠤ ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠂ ᠤᠶᠤᠨᠴᠢᠯᠠᠭᠰᠠᠨ ᠲᠠᠷᠢᠶᠠᠯᠠᠩ ᠤᠨ ᠮᠠᠰᠢᠨ ᠵᠡᠷᠭᠡ | ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠥᠷᠥᠯ ᠬᠤᠪᠢᠶᠠᠨ ᠪᠦᠬᠦ ᠲᠠᠯ᠎ᠠ ᠪᠠᠷ ᠥᠷᠨᠢᠭᠦᠯᠵᠦ ᠂ ᠡᠯ᠎ᠡ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠠᠪᠴᠠᠩ ᠤᠨ ᠲᠣᠭᠲᠠᠭᠤᠨ ᠢᠶᠠᠷ ᠠᠵᠢᠯᠯᠠᠬᠤ ᠶᠢ ᠳᠡᠮᠵᠢᠨ᠎ᠡ ᠃ ︹ ᠬᠠᠷᠢᠭᠤᠴᠠᠯᠭᠠᠲᠤ ᠨᠢᠭᠡᠴᠢ ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠂ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ︺ ︔ | 15. ᠳᠡᠯᠭᠡᠷᠡᠭᠦᠯᠦᠨ ᠲᠠᠭᠤᠷᠢᠶᠠᠯ ᠦᠵᠡᠭᠦᠯᠬᠦ ᠡᠷᠴᠢᠮ ᠢ ᠴᠢᠩᠭᠠᠷᠠᠭᠤᠯᠤᠨ᠎ᠠ ᠃ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠤ | ᠮᠡᠷᠭᠡᠵᠢᠯ ᠤᠨ ᠡᠭᠦᠳᠦᠯᠲᠡ ᠶᠢᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠲᠤ ᠲᠦᠰᠢᠭᠯᠡᠨ ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠬᠠᠮᠢᠶ᠎ᠠ ᠪᠦᠬᠦᠢ | ᠮᠡᠷᠭᠡᠵᠢᠯ ᠤᠨ ᠪᠣᠯᠪᠠᠰᠤᠷᠠᠩᠭᠤᠶ ᠶᠢᠨ ᠬᠡᠮᠵᠢᠶ᠎ᠡ ᠶᠢ ᠳ᠋ᠦᠩᠨᠡᠨ ᠦᠨᠡᠯᠡᠵᠦ ᠂ ᠨᠡᠯᠢᠶᠡᠳ ᠪᠣᠯᠪᠠᠰᠤᠷᠠᠩᠭᠤᠶ ᠪᠣᠯᠤᠭᠰᠠᠨ ᠬᠤᠵᠢᠷᠯᠢᠭ ᠬᠦᠷᠦᠰᠦᠨ ᠳᠤ ᠲᠡᠰᠪᠦᠷᠢᠲᠡᠶ | ᠲᠥᠷᠥᠯ ᠵᠦᠢᠯ ᠂ ᠲᠠᠷᠢᠵᠤ ᠲᠡᠵᠢᠭᠡᠬᠦ ᠮᠡᠷᠭᠡᠵᠢᠯ ᠵᠢᠴᠢ ᠪᠡᠯᠡᠳᠬᠡᠮᠵᠢ ᠲᠣᠨᠣᠭᠯᠠᠯ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ ᠂ ᠬᠤᠵᠢᠷᠯᠢᠭ ᠭᠠᠵᠠᠷ ᠵᠡᠷᠭᠡ | ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ ᠃ ᠣᠷᠣᠭᠤᠯᠤᠨ ᠠᠪᠴᠢᠷᠠᠭᠰᠠᠨ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠲᠤᠰᠬᠠᠶ ᠮᠡᠷᠭᠡᠵᠢᠯᠲᠡᠨ ᠤ ᠪᠦᠯᠬᠦᠮ ᠢ ᠭᠦᠢᠴᠡᠳ ᠰᠠᠶᠢᠲᠤᠷ ᠬᠡᠷᠡᠭᠯᠡᠵᠦ ᠂ ᠬᠤᠰᠢᠭᠤ | ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠᠶᠢᠭᠤᠯᠤᠮᠵᠢ ᠶᠢ ᠵᠢᠯᠣᠭᠤᠳᠤᠨ ᠲᠠᠷᠢᠶᠠᠯᠠᠩ ᠤᠨ ᠮᠡᠷᠭᠡᠵᠢᠯ ᠤᠨ ᠭᠤᠤᠯᠯᠠᠭᠴᠢ ᠠᠵᠢᠯᠲᠠᠨ ᠤ | ᠪᠣᠯᠪᠠᠰᠤᠷᠠᠯ ᠢ ᠴᠢᠩᠭᠠᠳᠬᠠᠵᠤ ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠭᠤᠤᠯᠯᠠᠭᠴᠢ ᠬᠦᠴᠦᠨ ᠤ | ᠪᠣᠯᠪᠠᠰᠤᠷᠠᠯ ᠤᠨ ᠲᠥᠯᠥᠪᠯᠡᠭᠡ ᠳᠤ ᠣᠷᠣᠭᠤᠯᠵᠤ ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ 2024 ᠣᠨ ᠳᠤ ᠨᠠᠭᠠᠯᠳᠤ ᠵᠠᠬ᠎ᠠ ᠳᠤ ᠪᠠᠨ 2 ᠵᠦᠢᠯ ᠤᠨ ︽ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ︾ | ᠭᠤᠤᠯ ᠮᠡᠷᠭᠡᠵᠢᠯ ᠢ ᠳᠡᠯᠭᠡᠷᠡᠭᠦᠯᠦᠨ᠎ᠡ ᠃ ︹ ᠬᠠᠷᠢᠭᠤᠴᠠᠯᠭᠠᠲᠤ ᠨᠢᠭᠡᠴᠢ ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠂ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︺ | | |