| | ᠠᠬᠢᠭᠤᠯᠬᠤ ᠠᠷᠭ᠎ᠠ ᠬᠡᠮᠵᠢᠶ᠎ᠡ | ︵ ᠨᠢᠭᠡ ︶ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠨ ᠵᠦᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠦᠨ᠎ᠡ ᠃ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ ᠂ ᠠᠮᠢ ᠠᠬᠤᠢ ᠶᠢᠨ ᠲᠦᠷᠦᠯ ᠵᠦᠢᠯ ᠂ ᠪᠡᠯᠡ ᠮᠥᠩᠭᠦ ᠵᠢᠴᠢ ᠭᠠᠵᠠᠷ ᠰᠢᠷᠣᠢ ᠂ ᠬᠥᠮᠦᠨ ᠤ ᠬᠦᠴᠦ ᠂ ᠪᠣᠳᠠᠰ ᠤᠨ | ᠬᠦᠴᠦ ᠂ ᠤᠰᠤ ᠂ ᠮᠡᠷᠭᠡᠵᠢᠯ ᠵᠡᠷᠭᠡ ᠡᠯ᠎ᠡ ᠲᠦᠷᠦᠯ ᠤᠨ ᠬᠦᠴᠦᠨ ᠵᠦᠢᠯ ᠤᠨ ᠡᠬᠢ ᠪᠠᠶᠠᠯᠢᠭ ᠢ ᠨᠢᠭᠡᠳᠬᠡᠵᠤ ᠂ ᠤᠢ ᠰᠢᠭᠤᠢ ᠨᠤᠲᠤᠭ ᠪᠡᠯᠴᠢᠭᠡᠷ ᠤᠨ | ᠠᠭᠤᠰᠤᠯᠴᠠᠯ ᠢ ᠭᠦᠨᠵᠡᠭᠡᠶᠢᠷᠡᠭᠦᠯᠵᠦ ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠶᠡᠷᠦᠩᠬᠡᠶᠢᠯᠡᠭᠰᠡᠨ ᠥᠷᠲᠡᠭ ᠤᠨ ᠲᠣᠭᠲᠠᠴᠠ ᠶᠢ ᠬᠡᠷᠡᠭᠵᠢᠭᠦᠯᠵᠦ ᠂ ᠤᠯᠠᠨ | ᠵᠦᠢᠯ ᠤᠨ ᠵᠠᠰᠠᠯᠲᠠ ᠶᠢᠨ ᠠᠷᠭ᠎ᠠ ᠬᠡᠮᠵᠢᠶ᠎ᠡ ᠶᠢ ᠲᠥᠪᠯᠡᠷᠡᠭᠦᠯᠦᠨ ᠲᠣᠬᠢᠷᠠᠭᠤᠯᠵᠤ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ ᠬᠠᠮ ᠠᠷᠭ᠎ᠠ ᠪᠣᠳᠣᠯᠭ᠎ᠠ ︾ | ᠶᠢ ᠬᠡᠷᠡᠭᠯᠡᠨ᠎ᠡ ᠃ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠂ | ᠬᠥᠷᠥᠰᠥ ᠰᠢᠷᠣᠶ ᠶᠢᠨ ᠬᠠᠮᠠᠭᠠᠯᠠᠯᠲᠠ ᠂ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠢ ᠳᠡᠭᠡᠭᠰᠢᠯᠡᠭᠦᠯᠬᠦ ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠂ ᠪᠣᠬᠢᠷᠲᠤᠯ ᠢ ᠰᠡᠷᠭᠡᠶᠢᠯᠡᠨ ᠵᠠᠰᠠᠬᠤ ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠂ ᠰᠣᠶᠣᠯ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠂ | ᠪᠣᠭᠤᠮᠲᠠ ᠰᠢᠪᠲᠤᠯᠬᠤ ᠣᠷᠣᠨ ᠪᠦᠰᠡ ᠳᠤ ᠲᠥᠪᠯᠡᠷᠡᠭᠦᠯᠦᠨ ᠂ ︽ ᠬᠤᠷᠠᠮᠠᠯ ︾ ᠤᠨ ᠦᠢᠯᠡᠳᠦᠯ ᠢ ᠪᠣᠶ ᠪᠣᠯᠭᠠᠬᠤ ᠶᠢᠨ ᠬᠠᠮᠲᠤ ᠶᠡᠬᠡᠰᠬᠡᠵᠤ ᠂ ᠭᠤᠤᠯᠳᠠᠯᠭ᠎ᠠ ᠲᠠᠢ | ᠵᠠᠰᠠᠬᠤ ᠣᠷᠣᠨ ᠪᠦᠰᠡ ᠶᠢᠨ ᠠᠮᠢ ᠠᠬᠤᠶ ᠶᠢᠨ ᠪᠠᠯᠠ ᠮᠥᠩᠭᠦ ᠶᠢᠨ ᠨᠢᠭᠡᠳᠦᠯᠲᠡᠶ ᠲᠥᠯᠥᠪᠯᠡᠬᠦ ᠬᠠᠷᠢᠴᠠᠯ ᠢ 80% ᠠᠴᠠ ᠳᠡᠭᠡᠭᠰᠢ ᠳᠤ ᠬᠦᠷᠦᠭᠦᠯᠦᠨ᠎ᠡ ᠃ ᠡᠯ᠎ᠡ | ᠲᠥᠷᠥᠯ ᠤᠨ ᠰᠠᠭᠤᠷᠢ ᠮᠥᠩᠭᠦ ᠪᠣᠯᠤᠨ ᠠᠮᠢ ᠠᠬᠤᠶ ᠶᠢᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠰᠠᠶᠢᠲᠤᠷ ᠬᠡᠷᠡᠭᠯᠡᠵᠦ ᠂ | ᠲᠥᠪ ᠤᠨ ᠠᠵᠤ ᠠᠬᠤᠶᠢᠯᠠᠯ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠢ | ᠵᠠᠰᠠᠬᠤ ᠳᠤ ᠣᠷᠣᠯᠴᠠᠭᠤᠯᠵᠤ ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠨᠡᠶᠢᠭᠡᠮ ᠤᠨ ᠣᠷᠣᠭᠤᠯᠤᠯᠲᠠ ᠶᠢ ᠣᠷᠣᠭᠤᠯᠣᠨ ᠠᠪᠴᠢᠷᠠᠬᠤ ᠪᠠ ᠥᠷᠭᠡᠳᠬᠡᠵᠦ ᠂ | ᠮᠠᠯᠴᠢᠨ ᠲᠠᠷᠢᠶᠠᠴᠢᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠢ ᠵᠠᠰᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠶ ᠃ | ︵ ᠬᠤᠶᠠᠷ ︶ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠦᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠢ ᠭᠦᠨᠵᠡᠭᠡᠶ | ᠠᠬᠢᠭᠤᠯᠤᠨ᠎ᠠ ᠃ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ ᠂ ᠤᠰᠤᠨ ᠤ ᠬᠡᠮᠵᠢᠶ᠎ᠡ ᠪᠠᠷ ᠬᠢᠬᠦ ᠶᠢ ᠪᠠᠷᠢᠮᠲᠠᠯᠠᠨ ᠂ ᠪᠠᠶᠢᠭᠠᠯᠢ ᠶᠢᠨ ᠵᠢᠮ᠎ᠡ ᠶᠣᠰᠣ ᠶᠢ | ᠬᠦᠨᠳᠦᠳᠬᠡᠵᠦ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ ᠮᠡᠷᠭᠡᠵᠢᠯ ᠂ | ᠰᠢᠨ᠎ᠡ ᠲᠥᠬᠦᠭᠡᠷᠦᠮᠵᠢ ᠂ ᠰᠢᠨ᠎ᠡ ᠮᠠᠲ᠋ᠧᠷᠢᠶᠠᠯ ᠂ ᠰᠢᠨ᠎ᠡ ᠵᠠᠭᠪᠤᠷ ᠢ ᠬᠤᠷᠠᠮᠳᠤᠭᠤᠯᠤᠨ ᠢᠨᠵᠧᠨᠧᠷᠢᠩ ᠤᠨ ᠲᠥᠷᠥᠯ ᠵᠦᠢᠯ ᠳᠤ ᠲᠤᠷᠰᠢᠯᠲᠠ ᠬᠢᠵᠤ ᠳᠠᠭᠤᠷᠢᠶᠠᠯ | ᠦᠵᠡᠭᠦᠯᠦᠨ ᠂ ᠳᠡᠯᠭᠡᠷᠡᠭᠦᠯᠦᠨ ᠬᠡᠷᠡᠭᠯᠡᠵᠦ ᠂ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠳᠤ ︽ ᠡᠮᠦᠨ᠎ᠡ ᠲᠠᠯ᠎ᠠ ᠠᠴᠠ | ᠨᠢ ᠬᠠᠰᠢᠵᠤ ᠡᠯᠡᠰᠦ ᠶᠢ ᠲᠣᠭᠲᠠᠪᠤᠷᠢᠵᠢᠭᠤᠯᠬᠤ ︾ ᠂ ︽ ᠭᠤᠷᠪᠠᠨ ᠠᠷᠭ᠎ᠠ ᠶᠢ ᠤᠶᠠᠯᠳᠤᠭᠤᠯᠬᠤ ︾ ᠂ ︽ ᠲᠤᠷᠤᠭ ᠪᠤᠳᠠ ᠮᠤᠲᠤ ᠡᠪᠡᠰᠦ ᠶᠢ ᠤᠶᠠᠯᠳᠤᠭᠤᠯᠬᠤ ︾ | ᠵᠡᠷᠭᠡ ᠮᠡᠷᠭᠡᠵᠢᠯ ᠤᠨ ᠵᠠᠭᠪᠤᠷ ᠢ ᠠᠭᠤᠰᠤᠯᠴᠠᠭᠤᠯᠤᠨ ᠬᠡᠷᠡᠭᠯᠡᠵᠦ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨᠵᠢᠯᠡᠬᠦ ᠤᠬᠠᠭᠠᠨᠴᠢ ᠴᠢᠨᠠᠷ ᠢ | ᠳᠡᠭᠡᠭᠰᠢᠯᠡᠭᠦᠯᠦᠨ᠎ᠡ ᠃ ᠤᠯᠤᠰ ᠤᠨ ᠦᠷᠭᠦᠯᠵᠢᠯᠡᠭᠦᠯᠬᠦ ᠬᠥᠭᠵᠢᠯᠲᠡ ᠶᠢᠨ ᠵᠦᠪᠯᠡᠬᠦ ᠵᠦᠢᠯ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠣᠷᠣᠨ ᠢ ᠡᠭᠦᠳᠦᠨ | ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ ᠂ ᠣᠯᠠᠨ ᠤᠯᠤᠰ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠪᠠᠶᠢᠭᠤᠯᠵᠤ ᠂ ᠬᠠᠲᠤᠨ ᠭᠤᠣᠯ ᠤᠨ ᠳᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠥᠨᠳᠦᠷᠯᠢᠭ ᠢ ᠪᠤᠢ ᠪᠤᠯᠭᠠᠵᠤ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦᠯ ᠵᠦᠢᠯ ᠤᠨ | ᠲᠦᠷᠦᠯ ᠵᠦᠢᠯ ᠪᠠᠶᠢᠭᠤᠯᠵᠤ ᠬᠢᠨᠠᠨ ᠵᠥᠪᠰᠢᠶᠡᠷᠡᠭᠦᠯᠬᠦ ᠰᠠᠭᠠᠳ ᠦᠭᠡᠢ ᠨᠡᠪᠲᠡᠷᠡᠬᠦ ᠵᠠᠮ ᠢ ᠴᠢᠷᠮᠠᠶᠢᠨ ᠪᠠᠶᠢᠭᠤᠯᠵᠤ ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠂ | ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠵᠡᠷᠭᠡ | ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠢ ᠭᠤᠣᠯᠳᠠᠯᠭ᠎ᠠ ᠲᠠᠢ ᠰᠢᠪᠲᠤᠯᠤᠨ ᠰᠢᠢᠳᠪᠦᠷᠢᠯᠡᠨ᠎ᠡ ᠃ ᠴᠢᠬᠢ ᠮᠣᠳᠣᠨ ᠤ ᠪᠠᠲᠤᠯᠠᠭ᠎ᠠ ᠪᠠ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠮᠠᠰᠢᠨ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ ᠂ ᠡᠯ᠎ᠡ ᠱᠠᠲᠤᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ | ᠲᠠᠯᠠᠪᠠᠶ ᠪᠠᠲᠤᠯᠠᠭ᠎ᠠ ᠶᠢᠨ ᠴᠢᠨᠠᠷᠲᠠᠶ ᠴᠢᠬᠢ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠴᠢᠨᠠᠷ ᠰᠠᠶᠢᠲᠠᠶ ᠦᠷ᠎ᠡ ᠡᠳ᠋ ᠤᠨ ᠡᠬᠢ | ᠪᠠᠶᠠᠯᠢᠭ ᠢ ᠰᠣᠩᠭᠤᠨ ᠪᠤᠶᠢᠵᠢᠭᠤᠯᠬᠤ ᠶᠢ ᠴᠢᠩᠭᠠᠳᠬᠠᠵᠤ ᠂ ᠬᠦᠢᠲᠡᠨ ᠂ ᠭᠠᠩ ᠪᠠ ᠲᠠᠴᠢᠷ ᠲᠤ ᠲᠡᠰᠪᠦᠷᠢᠲᠡᠶ ᠮᠣᠳᠣᠨ ᠤ ᠲᠥᠷᠥᠯ ᠡᠪᠡᠰᠦᠨ ᠤ ᠲᠥᠷᠥᠯ ᠢ ᠶᠡᠬᠡᠪᠡᠷ | ᠰᠤᠩᠭᠤᠨ ᠪᠤᠶᠢᠵᠢᠭᠤᠯᠵᠤ ᠂ ᠤᠰᠤ ᠠᠷᠪᠢᠯᠠᠨ ᠪᠣᠷᠣᠭᠠᠨ ᠤ ᠤᠰᠤ ᠶᠢ ᠠᠰᠢᠭᠯᠠᠨ ᠣᠶ ᠰᠢᠭᠤᠶ ᠡᠪᠡᠰᠦ ᠪᠡᠯᠴᠢᠭᠡᠷ ᠢ ᠤᠰᠤᠯᠠᠵᠤ ᠂ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠎ᠠ ᠃ | ︵ ᠭᠤᠷᠪᠠ ︶ ᠠᠮᠢ ᠠᠬᠤᠢ ᠶᠢᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠶᠢ ᠬᠦᠴᠦᠲᠡᠢ | ᠠᠬᠢᠭᠤᠯᠤᠨ᠎ᠠ ᠃ ᠣᠷᠣᠨ ᠨᠤᠲᠤᠭ ᠲᠤ ᠰᠠᠭᠤᠭ᠎ᠠ ᠲᠥᠪ ᠤᠨ ᠠᠵᠤ ᠠᠬᠤᠶᠢᠯᠠᠯ ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠂ ᠠᠮᠢ ᠠᠬᠤᠶ ᠶᠢᠨ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠣᠯᠴᠠᠭᠤᠯᠵᠤ ᠂ ᠬᠤᠲᠠ ᠶᠢᠨ ᠬᠠᠷᠢᠶ᠎ᠠ ᠤᠯᠤᠰ ᠤᠨ | ᠦᠮᠴᠢᠯᠡᠯᠳᠤ ᠠᠵᠤ ᠠᠬᠤᠶᠢᠯᠠᠯ ᠢᠶᠠᠷ ᠲᠦᠷᠦᠭᠦᠯᠡᠭᠦᠯᠦᠨ ᠂ ᠣᠷᠣᠨ ᠨᠤᠲᠤᠭ ᠲᠤ ᠰᠠᠭᠤᠭ᠎ᠠ ᠲᠥᠪ ᠤᠨ ᠠᠵᠤ ᠠᠬᠤᠶᠢᠯᠠᠯ ᠂ ᠠᠮᠢ ᠠᠬᠤᠶ ᠶᠢᠨ ᠰᠢᠨᠵᠢᠯᠡᠬᠦ | ᠤᠬᠠᠭᠠᠨ ᠤ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠂ ᠬᠤᠰᠢᠭᠤ ᠲᠣᠭᠤᠷᠢᠭ ᠤᠨ ᠤᠯᠤᠰ ᠤᠨ ᠦᠮᠴᠢᠯᠡᠯᠳᠤ ᠠᠵᠤ ᠠᠬᠤᠶᠢᠯᠠᠯ ᠬᠠᠮᠲᠤ ᠪᠠᠷ | ᠣᠷᠣᠯᠴᠠᠬᠤ ᠠᠷᠭ᠎ᠠ ᠶᠢ ᠬᠠᠶᠢᠨ ᠰᠦᠪᠡᠭᠴᠢᠯᠡᠵᠦ ᠂ ᠳᠠᠭᠠᠭᠠᠴᠢᠯᠠᠯᠲᠠ ᠵᠠᠷᠯᠠᠬᠤ ᠲᠦᠷᠢᠮ ᠂ ᠨᠠᠶᠢᠳᠠᠬᠤ ᠲᠦᠷᠢᠮ ᠂ ᠭᠡᠷ᠎ᠡ ᠶᠢᠨ ᠲᠦᠷᠢᠮ ᠵᠡᠷᠭᠡ ᠣᠯᠠᠨ ᠵᠦᠢᠯ ᠤᠨ | ᠠᠷᠭ᠎ᠠ ᠮᠠᠶ᠋ᠢᠭ ᠢ ᠬᠡᠷᠡᠭᠯᠡᠨ ᠂ ᠲᠥᠷᠥᠯ ᠵᠦᠢᠯ ᠤᠨ ᠵᠢᠷᠤᠭ ᠲᠥᠯᠥᠪᠯᠡᠭᠡ ᠂ ᠪᠠᠷᠢᠯᠭ᠎ᠠ ᠪᠠᠷᠢᠬᠤ ᠂ ᠬᠠᠮᠢᠶᠠᠷᠬᠤ ᠂ ᠠᠷᠠᠴᠢᠯᠠᠨ ᠬᠠᠮᠠᠭᠠᠯᠠᠬᠤ ᠵᠡᠷᠭᠡ ᠪᠥᠬᠦ ᠴᠤᠪᠤᠷᠠᠯ ᠤᠨ | ᠴᠢᠨᠠᠷᠵᠢᠯ ᠦᠷ᠎ᠡ ᠪᠦᠲᠦᠮᠵᠢ ᠶᠢ ᠳᠡᠭᠡᠭᠰᠢᠯᠡᠭᠦᠯᠵᠦ ᠨᠢᠭᠡ ᠴᠤᠭᠴᠠᠵᠢᠭᠤᠯᠤᠨ ᠠᠬᠢᠭᠤᠯᠤᠨ᠎ᠠ ᠃ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠂ ᠲᠠᠷᠢᠶᠠᠯᠠᠩ ᠮᠠᠯ | ᠠᠵᠤ ᠠᠬᠤᠶ ᠂ ᠤᠰᠤᠨ ᠠᠰᠢᠭᠯᠠᠯᠲᠠ ᠵᠡᠷᠭᠡ ᠬᠦᠷᠢᠶᠡᠨ ᠳᠠᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠲᠥᠪᠯᠡᠷᠡᠨ ᠵᠠᠯᠭᠠᠯᠳᠤᠭᠰᠠᠨ ᠪᠡᠯᠭᠡ ᠲᠡᠮᠳᠡᠭ ᠤᠨ | ᠴᠢᠨᠠᠷᠲᠠᠶ ᠪᠠᠷᠢᠯᠭ᠎ᠠ ᠶᠢᠨ ᠲᠥᠷᠥᠯ ᠵᠦᠢᠯ ᠢ ᠪᠥᠲᠥᠭᠡᠨ ᠪᠠᠶᠢᠭᠤᠯᠬᠤ ᠶᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ ︔ ᠮᠠᠯᠴᠢᠨ ᠲᠠᠷᠢᠶᠠᠴᠢᠨ ᠤ ᠳᠠᠭᠠᠭᠠᠴᠢᠯᠠᠨ | ᠡᠵᠡᠩᠨᠡᠭᠰᠡᠨ ᠭᠠᠵᠠᠷ ᠰᠢᠷᠣᠢ ᠶᠢ ᠰᠤᠩᠭᠤᠨ ᠪᠦᠲᠦᠭᠡᠨ ᠪᠠᠶᠢᠭᠤᠯᠤᠭᠰᠠᠨ ᠵᠠᠷᠢᠮ ᠲᠥᠷᠥᠯ ᠵᠦᠢᠯ ᠢ ᠮᠠᠯᠴᠢᠨ ᠲᠠᠷᠢᠶᠠᠴᠢᠨ ᠰᠢᠭᠤᠳ ᠪᠦᠲᠦᠭᠡᠨ ᠪᠠᠶᠢᠭᠤᠯᠬᠤ ᠪᠤᠶᠤ | ᠡᠵᠡᠩᠨᠡᠯᠲᠡ ᠶᠢᠨ ᠭᠤᠤᠯ ᠴᠣᠭᠴᠠ ᠳᠤ ᠨᠠᠶᠢᠳᠠᠨ ᠪᠦᠲᠦᠭᠡᠨ ᠪᠠᠶᠢᠭᠤᠯᠵᠤ ᠂ ᠮᠠᠯᠴᠢᠨ ᠲᠠᠷᠢᠶᠠᠴᠢᠳ ᠥᠪᠡᠰᠦᠪᠡᠨ ᠪᠦᠲᠦᠭᠡᠨ ᠪᠠᠶᠢᠭᠤᠯᠵᠤ ᠥᠪᠡᠰᠦᠪᠡᠨ ᠬᠠᠮᠢᠶᠠᠷᠴᠤ ᠂ | ᠰᠢᠭᠤᠳ ᠠᠰᠢᠭ ᠬᠦᠷᠲᠡᠵᠦ ᠪᠣᠯᠤᠨ᠎ᠠ ︔ ᠪᠡᠯᠡ ᠣᠷᠣᠭᠤᠯᠤᠯᠲᠠ ᠶᠢᠨ ᠥᠪᠡᠷ ᠤᠨ ᠥᠷᠲᠡᠭ ᠨᠢ ᠥᠨᠳᠥᠷ ᠂ ᠪᠦᠲᠦᠭᠡᠨ ᠪᠠᠶᠢᠭᠤᠯᠤᠯᠲᠠ ᠶᠢᠨ ᠮᠠᠲ᠋ᠧᠷᠢᠶᠠᠯ | ᠬᠤᠳᠠᠯᠳᠤᠨ ᠠᠪᠬᠤ ᠬᠡᠮᠵᠢᠶ᠎ᠡ ᠪᠠᠷ ᠶᠡᠭᠡ ᠵᠠᠷᠢᠮ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ | ᠵᠠᠬ᠎ᠠ ᠳᠡᠯᠭᠡᠭᠦᠷ ᠤᠨ ᠭᠤᠤᠯ ᠴᠣᠭᠴᠠ ᠶᠢ ᠤᠷᠤᠭᠤᠯᠤᠨ ᠠᠪᠴᠢᠷᠠᠵᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ ᠃ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠡᠩ ᠲᠡᠷᠢᠭᠦᠨ ᠳᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠂ ᠬᠤᠷᠰᠢᠶ᠎ᠠ ᠂ ᠲᠤᠬᠠᠶ ᠶᠢᠨ ᠭᠠᠵᠠᠷ ᠤᠨ | ᠮᠠᠯᠴᠢᠨ ᠲᠠᠷᠢᠶᠠᠴᠢᠳ ᠢ ᠰᠢᠩᠭᠡᠭᠡᠨ ᠠᠪᠴᠦ ᠬᠦᠴᠦ ᠬᠥᠳᠡᠯᠮᠦᠷᠢ ᠣᠷᠣᠭᠤᠯᠬᠤ ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ ᠃ | ︵ ᠲᠦᠷᠪᠡ ︶ ᠣᠶᠢᠲᠤ ᠭᠠᠵᠠᠷ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠡᠷᠭᠢᠯᠳᠦᠭᠦᠯᠬᠦ ᠶᠢ ᠰᠦᠪᠡᠭᠴᠢᠯᠡᠨ᠎ᠡ ᠃ ᠡᠯᠡᠰᠦᠷᠬᠡᠭᠵᠢᠭᠰᠡᠨ ᠭᠠᠵᠠᠷ | ᠰᠢᠷᠣᠶ ᠶᠢᠨ ᠬᠡᠪᠴᠢᠶᠡᠵᠢᠭᠰᠡᠨ ᠂ ᠠᠵᠤ ᠦᠶᠢᠯᠡᠰᠵᠢᠭᠰᠡᠨ ᠵᠠᠰᠠᠯᠲᠠ ᠶᠢ ᠠᠬᠢᠭᠤᠯᠵᠤ ᠂ ᠡᠯᠡᠰᠦᠷᠬᠡᠭᠵᠢᠭᠰᠡᠨ ᠣᠶᠢᠲᠤ ᠭᠠᠵᠠᠷ ᠨᠤᠲᠤᠭ ᠪᠡᠯᠴᠢᠭᠡᠷ ᠤᠨ ᠡᠵᠡᠩᠨᠡᠯᠲᠡ ᠶᠢᠨ | ᠡᠷᠬᠡ ᠶᠢᠨ ᠡᠷᠬᠢᠯᠲᠡ ᠶᠢᠨ ᠰᠢᠨ᠎ᠡ ᠶᠢ ᠡᠭᠦᠳᠴᠦ ᠂ ᠬᠠᠯᠴᠠᠭᠠᠢ ᠡᠯᠡᠰᠦᠷᠬᠡᠭ ᠭᠠᠵᠠᠷ ᠂ ᠮᠠᠭᠤᠲᠠᠭᠰᠠᠨ ᠣᠶᠢᠲᠤ ᠭᠠᠵᠠᠷ ᠂ ︽ ᠡᠯᠡᠰᠦᠷᠬᠡᠭᠵᠢᠭᠰᠡᠨ ᠂ ᠮᠠᠭᠤᠳᠠᠭᠰᠠᠨ ᠂ | ᠬᠤᠵᠢᠷᠰᠢᠭᠰᠠᠨ ︾ ᠨᠤᠲᠤᠭ ᠪᠡᠯᠴᠢᠭᠡᠷ ᠢ ᠬᠤᠷᠢᠶᠠᠨ ᠨᠥᠭᠡᠴᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠬᠡᠰᠡᠭᠵᠢᠭᠰᠡᠨ ᠢᠯᠠᠩᠭᠤᠶ᠎ᠠ ᠤᠷᠲᠤ | ᠬᠤᠭᠤᠴᠠᠭ᠎ᠠ ᠪᠠᠷ ᠵᠠᠰᠠᠬᠤ ᠬᠥᠮᠦᠨ ᠦᠭᠡᠢ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ | ᠬᠦᠨᠳᠦᠳᠬᠡᠭᠰᠡᠨ ᠰᠠᠭᠤᠷᠢᠨ ᠳᠡᠭᠡᠷ᠎ᠡ ᠂ ᠬᠤᠰᠢᠭᠤ ᠲᠣᠭᠤᠷᠢᠭ ᠂ ᠰᠤᠮᠤ ᠰᠢᠶᠠᠩ ᠪᠠᠯᠭᠠᠰᠤ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠠᠴᠠ ᠬᠤᠷᠢᠶᠠᠨ | ᠨᠦᠬᠡᠴᠡᠯᠡᠵᠦ ᠬᠦᠮᠦᠷᠭᠡ ᠳᠤ ᠤᠷᠤᠭᠤᠯᠤᠨ᠎ᠠ ᠃ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠢ ᠦᠨᠳᠦᠰᠦᠯᠡᠨ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠲᠥᠷᠥᠯ ᠬᠤᠪᠢᠶᠠᠨ ᠪᠠᠶᠢᠷᠢᠰᠢᠭᠤᠯᠵᠤ ᠂ ᠠᠵᠤ ᠠᠬᠤᠶᠢᠯᠠᠯ ᠵᠢᠴᠢ ᠮᠠᠯᠴᠢᠨ ᠲᠠᠷᠢᠶᠠᠴᠢᠨ ᠤ ᠥᠪᠡᠰᠦᠪᠡᠨ ᠪᠠᠶᠢᠭᠤᠯᠬᠤ ᠂ | ᠬᠠᠮᠲᠤᠷᠠᠯᠴᠠᠬᠤ ᠂ ᠳᠠᠭᠠᠭᠠᠴᠢᠯᠠᠬᠤ ᠵᠡᠷᠭᠡ ᠠᠷᠭ᠎ᠠ ᠬᠡᠯᠪᠡᠷᠢ ᠪᠠᠷ ᠳᠡᠮᠵᠢᠨ ᠰᠡᠷᠭᠦᠭᠡᠨ ᠵᠠᠰᠠᠬᠤ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ ᠃ ᠬᠤᠰᠢᠭᠤ | ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠭᠠᠵᠠᠷ ᠰᠢᠷᠣᠶ ᠶᠢ ᠨᠠᠶᠢᠳᠠᠪᠤᠷᠢᠵᠢᠭᠤᠯᠬᠤ ᠂ ᠠᠰᠢᠭ ᠲᠤᠰᠠ ᠶᠢ ᠬᠤᠯᠪᠣᠬᠤ ᠂ ᠲᠥᠬᠦᠭᠡᠷᠦᠮᠵᠢ ᠶᠢ ᠢᠵᠢ ᠪᠥᠷᠢᠳᠦᠭᠦᠯᠬᠦ ᠂ ᠦᠢᠯᠡᠴᠢᠯᠡᠭᠡ ᠶᠢ | ᠪᠠᠲᠤᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠣᠶᠢᠲᠤ ᠭᠠᠵᠠᠷ ᠨᠤᠲᠤᠭ | ᠪᠡᠯᠴᠢᠭᠡᠷ ᠢ ᠡᠷᠬᠢᠯᠲᠦᠭᠦᠯᠬᠦ ᠠᠴᠠ ᠪᠣᠯᠤᠭᠰᠠᠨ ᠵᠥᠷᠢᠴᠡᠯ ᠵᠢᠭᠤᠷᠠᠯᠳᠤᠭᠠᠨ ᠢ ᠲᠣᠬᠢᠲᠠᠶ ᠰᠢᠢᠳᠪᠦᠷᠢᠯᠡᠵᠦ ᠂ ᠪᠥᠬᠦ ᠠᠷᠠᠳ ᠢᠶᠠᠷ ᠢᠶᠠᠨ ᠣᠷᠣᠯᠴᠠᠬᠤ ᠂ ᠪᠥᠬᠦ | ᠨᠡᠶᠢᠭᠡᠮ ᠢᠶᠠᠷ ᠢᠶᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠰᠠᠶᠢᠨ ᠰᠠᠶᠢᠬᠠᠨ ᠤᠷᠴᠢᠨ ᠠᠬᠤᠢ ᠢ ᠪᠣᠶ ᠪᠣᠯᠭᠠᠨ᠎ᠠ ᠃ | ︵ ᠲᠠᠪᠤ ︶ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠠᠵᠤ ᠦᠢᠯᠡᠰ ᠤᠨ ᠬᠥᠭᠵᠢᠯᠲᠡ ᠶᠢ ᠠᠭᠤᠰᠤᠯᠴᠠᠭᠤᠯᠤᠨ ᠠᠬᠢᠭᠤᠯᠤᠨ᠎ᠠ ᠃ ᠠᠮᠢ | ᠠᠬᠤᠶ ᠶᠢᠨ ᠵᠠᠰᠠᠯᠲᠠ ᠬᠢᠭᠡᠳ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ ᠢ | ᠬᠡᠷᠡᠭᠵᠢᠭᠦᠯᠵᠦ ᠂ ᠬᠥᠪᠴᠢ ᠶᠢᠨ ᠡᠯᠡᠰᠦᠨ ᠤ ︽ ᠬᠡᠷᠡᠯ ᠴᠡᠨᠡᠭ ᠤᠨ ᠣᠷᠳᠣ ᠴᠠᠭᠠᠨ ᠬᠡᠷᠡᠮ ︾ ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠰᠠᠯᠬᠢᠨ ᠬᠦᠴᠦᠨ ᠤ | ᠴᠠᠬᠢᠯᠭᠠᠨ ᠬᠡᠷᠡᠯ ᠴᠡᠨᠡᠭ ᠤᠨ ︽ ᠨᠢᠭᠡ ᠬᠤᠩᠬᠢᠯ ᠣᠯᠠᠨ ᠴᠡᠭ ︾ ᠤᠨ ᠢᠨᠵᠧᠨᠧᠷᠢᠩ ᠢ ᠲᠥᠪᠯᠡᠷᠡᠭᠦᠯᠦᠨ ᠪᠠᠶᠢᠭᠤᠯᠵᠤ ᠂ ︽ ᠡᠪᠡᠰᠦ ᠲᠠᠷᠢᠬᠤ ᠪᠠ ᠬᠡᠷᠡᠯ ᠴᠡᠨᠡᠭ ᠢᠶᠠᠷ | ᠴᠠᠬᠢᠯᠭᠠᠨ ᠭᠠᠷᠭᠠᠬᠤ ᠶᠢ ᠬᠠᠷᠢᠯᠴᠠᠨ ᠨᠥᠬᠦᠪᠥᠷᠢᠯᠡᠬᠦ ︾ ᠵᠠᠭᠪᠤᠷ ᠢ ᠬᠡᠷᠡᠭᠯᠡᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ ᠂ | ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠪᠲᠠᠰᠤᠨ ᠳᠣᠤᠷᠠᠬᠢ ᠪᠠ ᠬᠠᠪᠲᠠᠰᠤᠨ ᠬᠤᠭᠤᠷᠤᠨᠳᠤᠬᠢ ᠰᠡᠷᠭᠦᠭᠡᠨ | ᠵᠠᠰᠠᠯᠲᠠ ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠂ ᠳᠠᠬᠢᠯᠲᠠ ᠡᠨᠧᠷᠬᠢ ᠶᠢ ᠴᠠᠬᠢᠯᠭᠠᠨ ᠬᠦᠴᠦᠨ ᠤ ᠰᠢᠰᠲ᠋ᠧᠮ ᠳᠤ ᠤᠷᠤᠭᠤᠯᠤᠨ ᠭᠠᠳᠠᠭᠰᠢ | ᠳᠠᠮᠵᠢᠭᠤᠯᠬᠤ ᠪᠠ ᠤᠰᠤᠲᠥ᠋ᠷᠥᠭᠴᠢ ᠶᠢ ᠦᠢᠯᠡᠳᠴᠦ ᠡᠨᠧᠷᠭᠢ ᠬᠠᠳᠠᠭᠠᠯᠠᠬᠤ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠣᠯᠠᠨ ᠡᠰᠢᠵᠢᠨ ᠬᠠᠮᠲᠤ ᠪᠠᠷ ᠠᠰᠢᠭ | ᠭᠥᠷᠳᠡᠬᠦ ᠶᠢ ᠠᠬᠢᠭᠤᠯᠤᠨ᠎ᠠ ᠃ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠳᠠᠪᠠᠭᠤᠯᠢᠭ ᠪᠠ ᠠᠮᠢ ᠠᠬᠤᠶ ᠶᠢᠨ ᠲᠥᠷᠥᠯ ᠵᠦᠢᠯ ᠤᠨ | ᠲᠤᠯᠭᠠᠭᠤᠷᠢᠯᠠᠯ ᠳᠤ ᠲᠦᠰᠢᠭᠯᠡᠨ ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠠᠷᠭᠠᠨ᠎ᠠ ᠂ ᠴᠢᠴᠠᠷᠭᠠᠨ᠎ᠠ ᠂ ᠠᠯᠮᠤᠷᠠᠳ ᠂ ᠡᠯᠡᠰᠦᠨ ᠪᠤᠷᠭᠠᠰᠤ ᠂ | ᠬᠢᠲᠠᠳ ᠡᠮ ᠤᠨ ᠮᠠᠲ᠋ᠧᠷᠢᠶᠠᠯ ᠵᠡᠷᠭᠡ ᠣᠨᠴᠠᠯᠢᠭᠲᠤ ᠣᠶ ᠰᠢᠭᠤᠶ ᠡᠪᠡᠰᠦ ᠡᠯᠡᠰᠦᠨ ᠤ ᠠᠵᠤ ᠦᠢᠯᠡᠰ ᠢ ᠬᠥᠭᠵᠢᠭᠦᠯᠵᠦ ᠂ ᠠᠮᠢ ᠠᠬᠤᠶ ᠶᠢᠨ ᠵᠢᠭᠤᠯᠴᠢᠯᠠᠯ ᠂ | ᠰᠡᠯᠡᠭᠦᠴᠡᠯ ᠡᠷᠡᠭᠦᠯᠵᠢᠯ ᠰᠤᠪᠢᠯᠠᠯᠲᠠ ᠂ ᠣᠶ ᠶᠢᠨ ᠠᠵᠤ ᠠᠬᠤᠶ ᠂ ᠣᠲᠣ ᠦᠶ᠎ᠡ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠣᠯᠠᠨ ᠡᠰᠢᠵᠢᠭᠰᠡᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠪᠥᠬᠦ ᠲᠠᠯ᠎ᠠ ᠪᠠᠷ ᠠᠬᠢᠭᠤᠯᠤᠨ᠎ᠠ ᠃ | ︵ ᠵᠢᠷᠭᠤᠭ᠎ᠠ ︶ ᠬᠠᠮᠲᠤᠪᠠᠷ ᠵᠠᠰᠠᠵᠤ ᠬᠠᠮᠲᠤᠪᠠᠷ ᠪᠠᠶᠢᠭᠤᠯᠵᠤ ᠬᠠᠮᠲᠤᠪᠠᠷ ᠴᠢᠨᠡᠭᠡᠯᠢᠭᠵᠢᠬᠦ ᠰᠢᠨ᠎ᠡ ᠵᠠᠭᠪᠤᠷ ᠢ ᠰᠢᠨ᠎ᠡ ᠪᠠᠷ ᠡᠭᠦᠳᠦᠨ᠎ᠡ ᠃ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠬᠢᠭᠡᠳ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ ᠂ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠂ ᠠᠵᠢᠯᠯᠠᠭᠠᠨ ᠤ ᠬᠠᠮᠠᠭᠠᠯᠠᠯᠲᠠ ᠂ ᠠᠮᠢ ᠠᠬᠤᠶ ᠶᠢᠨ ᠰᠡᠷᠭᠦᠭᠡᠯᠲᠡ ᠶᠢᠨ ᠳᠤᠮᠳᠠ ᠠᠵᠢᠯᠯᠠᠭᠤᠯᠬᠤ ᠪᠠᠷ ᠲᠡᠳᠬᠦᠮᠵᠢ ᠶᠢ ᠣᠷᠣᠯᠠᠭᠤᠯᠬᠤ ᠶᠢ | ᠥᠷᠭᠡᠨ ᠢᠶᠠᠷ ᠬᠡᠷᠡᠭᠵᠢᠭᠦᠯᠵᠦ ᠂ ᠲᠥᠷᠥᠯ ᠵᠦᠢᠯ ᠤᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠂ ᠳᠠᠭᠠᠯᠳᠤᠭᠤᠯᠤᠭᠰᠠᠨ ᠪᠠᠶᠢᠭᠤᠯᠤᠯᠲᠠ ᠂ ᠦᠢᠯᠡᠴᠢᠯᠡᠭᠡᠨ ᠤ | ᠪᠠᠲᠤᠯᠠᠭ᠎ᠠ ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠵᠡᠷᠭᠡ ᠵᠠᠩᠭᠢᠯᠠᠭ᠎ᠠ ᠶᠢᠨ ᠠᠵᠢᠯᠴᠢᠨ ᠬᠡᠷᠡᠭᠯᠡᠬᠦ ᠳᠠᠯᠳᠠ ᠬᠦᠴᠦᠨ ᠢ ᠭᠦᠢᠴᠡᠳ | ᠠᠭᠤᠳᠠᠯᠵᠤ ᠂ ᠭᠤᠤᠯᠳᠠᠯᠭ᠎ᠠ ᠲᠠᠢ ᠲᠥᠷᠥᠯ ᠵᠦᠢᠯ ᠳᠤ ᠠᠵᠢᠯᠯᠠᠭᠤᠯᠬᠤ ᠪᠠᠷ ᠲᠡᠳᠬᠦᠮᠵᠢ ᠶᠢ ᠣᠷᠣᠯᠠᠭᠤᠯᠬᠤ ᠪᠠᠯᠠ ᠮᠥᠩᠭᠦ ᠶᠢᠨ ᠬᠠᠷᠢᠴᠠᠯ ᠢ 30% ᠠᠴᠠ | ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ ᠃ ᠮᠠᠯᠴᠢᠨ ᠲᠠᠷᠢᠶᠠᠴᠢᠳ ᠤᠨ ᠳᠠᠭᠠᠭᠠᠴᠢᠯᠠᠨ ᠡᠵᠡᠩᠨᠡᠭᠰᠡᠨ ᠭᠠᠵᠠᠷ ᠰᠢᠷᠣᠶ ᠳᠡᠭᠡᠷᠡᠬᠢ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ︽ ᠨᠥᠬᠦᠪᠥᠷᠢᠯᠡᠬᠦ ᠪᠠᠷ ᠣᠶᠢᠵᠢᠭᠤᠯᠬᠤ ᠶᠢ ᠣᠷᠣᠯᠠᠭᠤᠯᠬᠤ ᠂ ᠱᠠᠩᠨᠠᠬᠤ ᠪᠠᠷ ᠪᠠᠯᠠ ᠣᠷᠣᠭᠤᠯᠬᠤ ᠶᠢ | ᠣᠷᠣᠯᠠᠭᠤᠯᠬᠤ ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ︾ ᠵᠡᠷᠭᠡ ᠤᠷᠮᠠᠰᠢᠭᠤᠯᠬᠤ ᠲᠣᠭᠲᠠᠴᠠ ᠶᠢ ᠶᠡᠬᠡᠪᠡᠷ ᠬᠡᠷᠡᠭᠵᠢᠭᠦᠯᠵᠦ ᠂ ᠲᠣᠰᠬᠤᠨ ᠤ ᠠᠷᠠᠳ | ᠥᠪᠡᠰᠦᠪᠡᠨ ᠪᠠᠶᠢᠭᠤᠯᠬᠤ ᠂ ᠡᠷᠦᠬᠡ ᠬᠤᠯᠪᠣᠭᠠᠯᠠᠨ ᠬᠠᠮᠲᠤᠷᠠᠨ ᠪᠠᠶᠢᠭᠤᠯᠬᠤ ᠂ ᠬᠤᠷᠰᠢᠶ᠎ᠠ ᠠᠴᠠ ᠪᠠᠶᠢᠭᠤᠯᠬᠤ ᠂ ᠲᠣᠰᠬᠤᠨ ᠤ ᠪᠠᠯᠠ ᠣᠷᠣᠭᠤᠯᠤᠯᠲᠠ ᠶᠢᠨ ᠺᠣᠮᠫᠠᠨᠢ | ᠪᠠᠶᠢᠭᠤᠯᠬᠤ ᠳᠤ ᠣᠷᠣᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠤ ᠥᠪᠡᠰᠦᠪᠡᠨ ᠪᠥᠲᠥᠭᠡᠨ | ᠪᠠᠶᠢᠭᠤᠯᠵᠤ ᠂ ︽ ᠪᠦᠬᠦᠨ ᠳᠤ ᠳᠣᠭᠢᠷᠠᠬᠤ ᠺᠠᠷᠲ ︾ ᠤᠨ ᠠᠷᠭ᠎ᠠ ᠮᠠᠶ᠋ᠢᠭ ᠢᠶᠠᠷ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠰᠢᠭᠤᠳ ᠣᠯᠭᠤᠵᠣ ᠂ ᠮᠠᠯᠴᠢᠨ | ᠲᠠᠷᠢᠶᠠᠴᠢᠳ ᠤᠨ ᠰᠢᠭᠤᠳ ᠣᠷᠣᠯᠴᠠᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ ᠃ ᠱᠠᠩᠨᠠᠯ ᠨᠥᠬᠦᠪᠥᠷᠢ ᠶᠢᠨ ᠪᠠᠯᠠ | ᠮᠥᠩᠭᠦ ᠶᠢ ᠣᠯᠭᠤᠯᠲᠠ ᠬᠡᠷᠡᠭᠯᠡᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠵᠠᠰᠠᠵᠤ | ᠬᠠᠮᠢᠶᠠᠷᠤᠨ ᠬᠠᠮᠠᠭᠠᠯᠠᠬᠤ ᠡᠭᠦᠷᠭᠡ ᠡᠭᠦᠷᠭᠡᠯᠡᠬᠦ ᠶᠢ ᠳᠡᠮᠵᠢᠨ᠎ᠡ ᠃ | ︵ ᠳᠣᠯᠤᠭ᠎ᠠ ︶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ ᠃ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠪᠠ ︽ ᠭᠤᠷᠪᠠᠨ ᠣᠷᠣᠨ ᠭᠤᠷᠪᠠᠨ ᠱᠤᠭᠤᠮ ︾ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠲᠠᠢ ᠤᠶᠠᠯᠳᠤᠭᠤᠯᠤᠨ ᠂ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠪᠠ ᠲᠠᠷᠢᠶᠠᠨ ᠭᠠᠵᠠᠷ ᠶᠢ ᠨᠢᠭᠡᠳᠦᠯᠲᠡᠶ ᠲᠥᠯᠥᠪᠯᠡᠵᠦ ᠂ ᠠᠮᠢ | ᠠᠬᠤᠶ ᠶᠢᠨ ᠲᠥᠷᠥᠯ ᠵᠦᠢᠯ ᠤᠨ ᠠᠵᠢᠯ ᠤᠨ ᠵᠢᠷᠤᠭ ᠲᠥᠯᠥᠪᠯᠡᠭᠡ ᠂ ᠭᠠᠵᠠᠷ ᠬᠡᠷᠡᠭᠯᠡᠬᠦ ᠂ ᠮᠡᠷᠭᠡᠵᠢᠯ ᠤᠨ ᠠᠷᠭ᠎ᠠ ᠬᠡᠮᠵᠢᠶ᠎ᠡ ᠶᠢᠨ ᠵᠦᠶ ᠵᠣᠬᠢᠰᠲᠠᠶ ᠴᠢᠨᠠᠷ ᠤᠨ ᠦᠨᠡᠯᠡᠨ | ᠵᠢᠱᠢᠯᠲᠡ ᠶᠢ ᠴᠢᠩᠭᠠᠳᠬᠠᠵᠤ ᠂ ᠭᠤᠤᠯᠳᠠᠯᠭ᠎ᠠ ᠲᠠᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ᠪᠠᠯᠠ ᠮᠥᠩᠭᠦ ᠶᠢ ᠡᠩ ᠲᠡᠷᠢᠭᠦᠨ ᠳᠤ | ᠬᠠᠯᠴᠠᠭᠠᠢ ᠡᠯᠡᠰᠦᠷᠬᠡᠭ ᠭᠠᠵᠠᠷ ᠂ ᠡᠯᠡᠰᠦᠷᠬᠡᠭᠵᠢᠭᠰᠡᠨ ᠬᠡᠮᠵᠢᠶ᠎ᠡ ᠪᠠᠷ ᠬᠦᠨᠳᠦ ᠨᠣᠴᠢᠲᠠᠶ ᠣᠷᠣᠨ ᠪᠦᠰᠡ ᠳᠤ ᠪᠠᠶᠢᠷᠢᠰᠢᠭᠤᠯᠵᠤ ᠂ ᠰᠠᠯᠪᠤᠷᠢ ᠤᠷᠤᠰᠬᠠᠯ ᠤᠨ ᠬᠥᠨᠳᠡᠢ ᠂ | ᠲᠠᠷᠢᠶᠠᠨ ᠭᠠᠵᠠᠷ ᠢ ᠰᠡᠷᠭᠡᠶᠢᠯᠡᠨ ᠬᠠᠮᠠᠭᠠᠯᠠᠬᠤ ᠂ ᠠᠮᠢ ᠠᠬᠤᠶ ᠶᠢᠨ ᠰᠢᠰᠲ᠋ᠧᠮ ᠤᠨ ᠬᠡᠪᠡᠷᠡᠭ ᠣᠷᠣᠨ ᠪᠦᠰᠡ ᠶᠢ ᠣᠶᠢᠵᠢᠭᠤᠯᠤᠨ ᠨᠣᠭᠤᠭᠠᠷᠠᠭᠤᠯᠬᠤ ᠪᠠ ᠣᠶ | ᠰᠢᠭᠤᠶ ᠡᠪᠡᠰᠦᠨ ᠤ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠬᠦ ᠶᠢ ᠴᠢᠩᠭᠠᠳᠬᠠᠵᠤ ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ | ᠴᠢᠨᠠᠷ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ ᠃ ᠭᠤᠤᠯᠳᠠᠯᠭ᠎ᠠ ᠲᠠᠢ ᠵᠠᠰᠠᠬᠤ ᠣᠷᠣᠨ ᠤ ᠰᠠᠭᠤᠷᠢ ᠳᠥᠬᠦᠭᠡᠷᠦᠮᠵᠢ ᠶᠢ ᠲᠡᠭᠦᠯᠳᠡᠷᠵᠢᠭᠦᠯᠵᠦ ᠂ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠢᠭᠡᠳ ᠠᠵᠤ | ᠦᠢᠯᠡᠰ ᠤᠨ ᠬᠥᠭᠵᠢᠯᠲᠡ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠠᠵᠢᠯ ᠣᠯᠭᠤᠬᠤ ᠂ ᠣᠷᠣᠰᠢᠨ ᠰᠠᠭᠤᠵᠤ ᠠᠳᠠᠯ ᠦᠢᠯᠡᠰ ᠴᠤᠭᠴᠠᠯᠠᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ | ᠪᠠᠶᠢᠭᠤᠯᠤᠯᠲᠠ ᠲᠠᠢ ᠤᠶᠠᠯᠳᠤᠭᠤᠯᠤᠨ ᠂ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠠᠮᠢ | ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠠᠷᠭ᠎ᠠ ᠵᠠᠮ ᠢ ᠥᠷᠭᠡᠳᠬᠡᠨ ᠂ ᠦᠢᠯᠡᠳᠪᠦᠷᠢᠯᠡᠯ ᠂ ᠠᠮᠢᠳᠤᠷᠠᠯ ᠂ ᠠᠮᠢ ᠠᠬᠤᠶ ᠶᠢᠨ ᠬᠠᠮᠲᠤᠪᠠᠷ ᠠᠰᠢᠭ | ᠭᠥᠷᠳᠡᠬᠦ ᠶᠢ ᠪᠡᠶᠡᠯᠡᠭᠦᠯᠦᠨ᠎ᠡ ᠃ | ︵ ᠨᠠᠢᠮᠠ ︶ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ ᠪᠠᠷᠢᠯᠭ᠎ᠠ ᠶᠢᠨ ᠨᠢᠭᠡᠴᠢ ᠶᠢᠨ ᠪᠦᠲᠦᠭᠡᠨ | ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ ᠂ ᠣᠶᠢᠵᠢᠭᠤᠯᠬᠤ ᠡᠪᠡᠰᠦ ᠳᠠᠷᠢᠬᠤ ᠶᠢ ᠲᠠᠰ | ᠳᠡᠪᠰᠢᠭᠦᠯᠦᠨ ᠰᠢᠯᠭᠠᠨ ᠠᠪᠬᠤ ᠪᠤᠶᠤ ᠬᠤᠰᠢᠭᠤ ᠲᠣᠭᠤᠷᠢᠭ ᠰᠣᠯᠪᠢᠴᠠᠭᠤᠯᠤᠨ ᠰᠢᠯᠭᠠᠨ ᠠᠪᠬᠤ ᠲᠣᠭᠲᠠᠴᠠ ᠶᠢ ᠬᠡᠷᠡᠭᠵᠢᠭᠦᠯᠵᠦ ᠂ ᠲᠣᠭᠲᠠᠭᠰᠠᠨ ᠬᠤᠭᠤᠴᠠᠭᠠᠨ ᠳᠤ | ᠠᠵᠢᠯ ᠡᠬᠢᠯᠡᠭᠦᠯᠦᠭᠰᠡᠨ ᠥᠬᠡᠶ ᠂ ᠪᠥᠲᠥᠭᠡᠨ ᠪᠠᠶᠢᠭᠤᠯᠤᠯᠲᠠ ᠶᠢᠨ ᠠᠬᠢᠴᠠ ᠨᠢ ᠶᠡᠭᠡᠪᠡᠷ ᠬᠤᠴᠤᠷᠤᠭᠳᠠᠭᠰᠠᠨ ᠂ ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ ᠠᠴᠠ | ᠬᠡᠲᠦᠷᠡᠭᠦᠯᠦᠨ ᠰᠢᠯᠭᠠᠨ ᠠᠪᠬᠤ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ ᠢ ᠴᠠᠭ ᠲᠤᠬᠠᠶ ᠳᠤᠨᠢ ᠢᠯᠭᠠᠷᠠᠭᠤᠯᠤᠨ ᠪᠤᠴᠠᠭᠠᠨ᠎ᠠ ︔ ᠪᠦᠲᠦᠭᠡᠨ ᠪᠠᠶᠢᠭᠤᠯᠤᠯᠲᠠ | ᠪᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠭᠤᠤᠯ | ᠴᠣᠭᠴᠠ ᠶᠢᠨ ᠢᠨᠵᠧᠨᠧᠷᠢᠩ ᠤᠨ ᠦᠯᠡᠳᠡᠪᠦᠷᠢ ᠵᠣᠭᠤᠰ ᠢ ᠬᠠᠰᠤᠵᠤ ᠠᠪᠬᠤ ᠶᠢᠨ ᠬᠠᠮᠲᠤ ᠭᠤᠶᠤᠴᠢᠯᠠᠨ ᠮᠡᠳᠡᠭᠦᠯᠬᠦ ᠶᠢ ᠬᠢᠵᠠᠭᠠᠷᠯᠠᠵᠤ ᠂ ᠬᠠᠤᠯᠢ ᠲᠣᠭᠲᠠᠭᠠᠯ ᠠᠴᠠ | ᠵᠥᠷᠢᠴᠡᠭᠰᠡᠨ ᠪᠣᠯ ᠵᠥᠪᠰᠢᠶᠡᠷᠡᠨ ᠣᠷᠣᠭᠤᠯᠬᠤ ᠶᠢ ᠴᠠᠭᠠᠵᠠᠯᠠᠬᠤ ᠂ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠵᠡᠷᠭᠡ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠠᠪᠤᠨ᠎ᠠ ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠲᠤᠰᠬᠠᠶ ᠵᠣᠭᠤᠰ ᠢ ᠲᠤᠰᠬᠠᠢ ᠬᠡᠷᠡᠭᠯᠡᠬᠦ | ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠵᠦ ᠂ ᠪᠡᠯᠡ ᠮᠥᠩᠭᠦᠨ ᠤ ᠬᠡᠷᠡᠭᠯᠡᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠂ | ᠵᠢᠯ ᠤᠨ ᠳᠤᠮᠳᠠᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠪᠠ ᠣᠨ ᠤ ᠬᠢᠨᠠᠨ ᠪᠤᠳᠤᠬᠤ ᠲᠦᠷᠢᠮ ᠢ ᠪᠠᠶᠢᠭᠤᠯᠵᠤ ᠂ ᠬᠤᠰᠢᠭᠤ ᠲᠣᠭᠤᠷᠢᠭ ︽ | ᠤᠮᠠᠷᠠᠳᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠠᠯᠠ ᠮᠥᠩᠭᠦ ᠶᠢᠨ ᠲᠤᠰᠬᠠᠶ ᠡᠷᠦᠬᠡ ᠪᠠᠶᠢᠭᠤᠯᠵᠤ ᠂ ᠪᠥᠲᠥᠭᠡᠨ ᠪᠠᠶᠢᠭᠤᠯᠤᠯᠲᠠ ᠶᠢᠨ ᠠᠬᠢᠴᠠ ᠂ ᠰᠢᠯᠭᠠᠨ | ᠠᠪᠬᠤ ᠪᠠᠶᠢᠳᠠᠯ ᠂ ᠥᠭᠬᠦ ᠬᠠᠷᠢᠴᠠᠯ ᠢ ᠴᠢᠩᠭ᠎ᠠ ᠵᠢᠷᠤᠮᠯᠠᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠰᠣᠯᠢᠨ ᠥᠭᠴᠦ ᠂ ᠰᠢᠬᠠᠨ ᠡᠵᠡᠯᠡᠵᠦ ᠂ | ᠲᠠᠰᠤᠳᠠᠨ ᠦᠯᠡᠳᠡᠭᠡᠵᠦ ᠂ ᠨᠡᠭᠦᠯᠭᠡᠨ ᠬᠡᠷᠡᠭᠯᠡᠵᠦ ᠪᠣᠯᠬᠤ ᠥᠬᠡᠶ ᠃ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠤᠮᠵᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠂ ᠲᠣᠭᠠᠴᠢᠯᠠᠭᠰᠠᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ ᠂ ᠮᠠᠯ | ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠪᠡᠯᠴᠢᠭᠡᠷ ᠢ ᠰᠡᠷᠭᠦᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠨᠤᠲᠤᠭ | ᠪᠡᠯᠴᠢᠭᠡᠷ ᠤᠨ ᠬᠡᠲᠦᠷᠡᠳᠡᠯ᠎ᠡ ᠮᠠᠯᠵᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ ᠃ | ︵ ᠶᠢᠰᠦ ︶ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠰᠢᠯᠭᠠᠨ ᠦᠨᠡᠯᠡᠵᠦ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ ᠃ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠤᠲᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠭᠦᠷᠭᠡ ᠶᠢᠨ ᠴᠢᠬᠤᠯᠠ ᠦᠨᠡᠯᠡᠬᠦ ᠠᠭᠤᠯᠭ᠎ᠠ ᠳᠤ | ᠣᠷᠣᠭᠤᠯᠵᠤ ᠂ ᠢᠨᠵᠧᠨᠧᠷᠢᠩ ᠤᠨ ᠲᠥᠷᠥᠯ ᠵᠦᠢᠯ ᠢ ᠰᠢᠯᠭᠠᠨ ᠦᠨᠡᠯᠡᠬᠦ ᠲᠣᠭᠲᠠᠴᠠ ᠶᠢ ᠪᠦᠷᠢᠨᠰᠢᠭᠦᠯᠵᠦ ᠂ ᠬᠤᠰᠢᠭᠤ ᠲᠣᠭᠤᠷᠢᠭ ᠤᠨ ᠭᠤᠣᠯᠳᠠᠯᠭ᠎ᠠ ᠲᠠᠢ ᠰᠢᠯᠭᠠᠨ | ᠦᠨᠡᠯᠡᠬᠦ ᠲᠥᠷᠥᠯ ᠵᠦᠢᠯ ᠢ ᠠᠬᠢᠭᠤᠯᠬᠤ ᠂ ᠪᠡᠯᠡ ᠣᠷᠣᠭᠤᠯᠤᠯᠲᠠ ᠶᠢ ᠪᠡᠶᠡᠯᠡᠭᠦᠯᠬᠦ ᠂ ᠬᠠᠷᠢᠶ᠎ᠠ ᠭᠠᠵᠠᠷ ᠲᠤᠨᠢ ᠵᠣᠬᠢᠴᠠᠭᠤᠯᠬᠤ ᠂ ᠦᠢᠯᠡᠴᠢᠯᠡᠭᠡ ᠶᠢ ᠪᠠᠲᠤᠯᠠᠬᠤ ᠂ | ᠪᠠᠷᠢᠯᠭ᠎ᠠ ᠪᠠᠷᠢᠬᠤ ᠶᠠᠰᠤ ᠴᠢᠨᠠᠷ ᠂ ᠪᠠᠶᠢᠭᠤᠯᠤᠯᠲᠠ ᠪᠠ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠂ ᠠᠵᠢᠯᠯᠠᠭᠤᠯᠬᠤ ᠪᠠᠷ ᠲᠡᠳᠬᠦᠮᠵᠢ ᠶᠢ ᠣᠷᠣᠯᠠᠭᠤᠯᠬᠤ ᠂ | ᠲᠠᠷᠢᠶᠠᠴᠢᠳ ᠲᠠᠢ ᠬᠤᠯᠪᠣᠭᠠᠯᠠᠵᠤ ᠲᠠᠷᠢᠶᠠᠴᠢᠳ ᠢ ᠳᠠᠶᠢᠴᠢᠯᠠᠭᠰᠠᠨ ᠵᠡᠷᠭᠡ ᠪᠠᠶᠢᠳᠠᠯ ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠵᠥᠪᠰᠢᠶᠡᠷᠡᠯ ᠢ ᠱᠠᠯᠠᠪᠳᠠᠭᠤᠯᠤᠨ ᠠᠬᠢᠭᠤᠯᠬᠤ ᠪᠠ ᠵᠢᠯᠣᠭᠤᠳᠤᠨ ᠦᠢᠯᠡᠴᠢᠯᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠰᠢᠯᠭᠠᠨ ᠦᠨᠡᠯᠡᠵᠤ ᠂ ᠰᠢᠯᠭᠠᠨ ᠬᠢᠨᠠᠭᠰᠠᠨ | ᠦᠷ᠎ᠡ ᠳ᠋ᠦᠩ ᠢ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠪᠤᠳᠠᠳᠤ ᠠᠵᠢᠯ ᠤᠨ ᠪᠦᠲᠦᠮᠵᠢ ᠶᠢᠨ ᠰᠢᠯᠭᠠᠨ ᠬᠢᠨᠠᠯᠲᠠ ᠪᠠ ᠳᠠᠷᠠᠭ᠎ᠠ ᠵᠢᠯ ᠤᠨ | ᠢᠨᠵᠧᠨᠧᠷᠢᠩ ᠤᠨ ᠲᠥᠷᠥᠯ ᠵᠦᠢᠯ ᠢ ᠲᠤᠬᠢᠷᠠᠭᠤᠯᠬᠤ ᠴᠢᠬᠤᠯᠠ ᠦᠨᠳᠦᠰᠦᠯᠡᠯ ᠪᠣᠯᠭᠠᠵᠤ ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠢᠶᠠᠷ ᠬᠦᠷᠦᠯᠴᠡᠬᠦ ᠦᠭᠡᠢ ᠂ | ᠭᠤᠤᠯᠳᠠᠯᠭ᠎ᠠ ᠲᠠᠢ ᠬᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠦᠭᠡᠢ ᠭᠠᠵᠠᠷ ᠣᠷᠣᠨ ᠳᠤ ᠳᠠᠷᠠᠭ᠎ᠠ ᠵᠢᠯ ᠤᠨ ᠲᠥᠷᠥᠯ ᠵᠦᠢᠯ ᠪᠣᠯᠤᠨ ᠪᠡᠯᠡ ᠮᠥᠩᠭᠦ | ᠳᠤᠬᠢᠷᠠᠭᠤᠯᠬᠤ ᠶᠢ ᠲᠦᠷ ᠬᠤᠶᠢᠰᠢᠯᠠᠭᠤᠯᠤᠨ᠎ᠠ ᠃ | | |