| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 25 ᠤ ᠴᠠᠬᠢᠯᠭᠠᠨ ᠮᠡᠳᠡᠭᠡ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠢᠢᠷ᠎ᠠ ᠶᠢᠨ ᠡᠳᠦᠷ ᠬᠤᠷᠠᠯ ᠬᠤᠷᠠᠯᠳᠤᠭᠤᠯᠵᠤ ᠂ ᠨᠠᠮ ᠤᠨ ᠲᠥᠪ ᠬᠤᠷᠢᠶ᠎ᠠ ᠠᠴᠠ 2025 ᠣᠨ ᠳᠤ ᠪᠦᠬᠦ ᠤᠯᠤᠰ ᠤᠨ ᠬᠤᠶᠠᠷ ᠬᠤᠷᠠᠯ ᠤᠨ | ᠳᠠᠷᠠᠭ᠎ᠠ ᠠᠴᠠ 7 ᠰᠠᠷ᠎ᠠ ᠪᠣᠯᠲᠠᠯ᠎ᠠ ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠪᠠᠷ ᠲᠣᠭᠲᠠᠵᠠᠢ ᠭᠡᠵᠦ ᠵᠢᠭᠠᠵᠤ ᠭᠠᠷᠭᠠᠪᠠ ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠲᠥᠪ ᠤᠨ ᠨᠠᠢᠮᠠᠨ | ᠲᠣᠭᠲᠠᠭᠠᠯ ᠢ ᠲᠣᠭᠲᠠᠭᠠᠨ ᠨᠡᠶᠢᠳᠡᠯᠡᠬᠦ ᠪᠠᠷ ᠡᠬᠢᠯᠡᠯᠲᠡ ᠪᠣᠯᠭᠠᠵᠤ ᠰᠡᠳᠦᠪ ᠢ ᠰᠢᠢᠳᠪᠦᠷᠢᠯᠡᠨ ᠂ ᠳᠡᠭᠡᠷ᠎ᠡ ᠠᠴᠠ ᠳᠣᠷᠣᠭᠰᠢ ᠪᠠᠨ ᠂ ᠲᠡᠭᠡᠲᠤ ᠱᠠᠲᠤ ᠨᠢ ᠲᠤᠤᠷᠠᠲᠤ | ᠱᠠᠲᠤ ᠪᠠᠨ ᠲᠠᠶᠢᠴᠢᠯᠠᠬᠤ ᠶᠢ ᠪᠠᠷᠢᠮᠲᠠᠯᠠᠵᠤ ᠂ ᠤᠷᠳᠤ ᠬᠤᠭᠤᠴᠠᠭ᠎ᠠ ᠪᠠᠷ ᠵᠣᠭᠰᠣᠭᠠᠵᠤ ᠳᠡᠶᠢᠯᠦᠭᠰᠡᠨ ᠦᠭᠡᠢ ᠵᠠᠷᠢᠮ ᠭᠠᠵᠢᠭᠤ ᠰᠤᠷᠲᠠᠯ ᠢ ᠵᠣᠭᠰᠣᠭᠠᠵᠤ ᠂ ᠤᠯᠠᠨ | ᠵᠢᠯ ᠠᠷᠢᠯᠭᠠᠵᠤ ᠲᠡᠶᠢᠯᠦᠭᠰᠡᠨ ᠦᠭᠡᠢ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠵᠤ ᠂ ᠰᠢᠨ᠎ᠡ ᠪᠠᠶᠢᠳᠠᠯ ᠤᠨ ᠳᠣᠣᠷ᠎ᠠ ᠰᠤᠷᠲᠠᠯ ᠤᠨ ᠪᠠᠶᠢᠭᠤᠯᠤᠯᠲᠠ ᠳᠤ ᠶᠠᠭᠤ ᠶᠢ | ᠠᠳᠬᠤᠬᠤ ᠂ ᠬᠡᠷᠬᠢᠨ ᠠᠳᠬᠤᠬᠤ ᠵᠡᠷᠭᠡ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠪᠡ ᠃ | ᠨᠠᠢᠮᠠᠨ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠠᠴᠠ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠮᠢᠳᠤᠯᠢᠭᠵᠢᠭᠤᠯᠵᠤ ᠂ ᠨᠠᠮ ᠤᠨ ᠰᠤᠷᠲᠠᠯ | ᠵᠠᠰᠠᠭ ᠤᠨ ᠰᠤᠷᠲᠠᠯ ᠳᠤ ᠴᠤ ᠰᠢᠨ᠎ᠡ ᠲᠦᠷᠰᠦ ᠪᠠᠶᠢᠳᠠᠯ ᠢᠯᠡᠷᠡᠵᠦ ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠵᠤ ᠂ ᠮᠠᠨ ᠤ ᠨᠠᠮ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠳᠦᠷᠰᠦ ᠪᠠᠶᠢᠳᠠᠯ ᠢᠶᠠᠷ ᠠᠷᠠᠳ ᠤᠯᠠᠨ ᠤ ᠦᠨᠡᠨ ᠰᠡᠳᠭᠢᠯ ᠤᠨ ᠢᠲᠡᠭᠡᠯ ᠬᠦᠷᠢᠶᠡᠯᠡᠯ ᠢ ᠤᠯᠪᠠ ᠃ | ᠨᠠᠢᠮᠠᠨ ᠲᠣᠭᠲᠠᠭᠠᠯ ᠂ ᠬᠡᠪ ᠰᠤᠷᠲᠠᠯ ᠢ ᠴᠡᠪᠡᠷᠯᠡᠵᠦ ᠂ ᠴᠤᠭ ᠵᠤᠷᠢᠭ ᠢ ᠬᠦᠪᠴᠢᠯᠡᠵᠦ ᠂ ᠳᠤᠮᠳᠠᠳᠤ ᠤᠯᠤᠰ ᠢ ᠬᠤᠪᠢᠷᠠᠭᠤᠯᠵᠡᠢ ᠃ | ᠢᠮᠠᠭᠲᠠ ᠲᠤᠭᠤᠰᠢᠯᠠᠭᠤᠯᠪᠠ — ︽ ᠲᠥᠪ ᠤᠨ ᠨᠠᠢᠮᠠᠨ ᠲᠣᠭᠲᠠᠭᠠᠯ ᠨᠢ ᠲᠠᠪᠤᠨ ᠵᠢᠯ ᠂ ᠠᠷᠪᠠᠨ ᠵᠢᠯ ᠤᠨ ᠲᠣᠭᠲᠠᠭᠠᠯ ᠪᠢᠰᠢ ᠂ ᠬᠠᠷᠢᠨ ᠤᠷᠳᠤ | ᠬᠤᠭᠤᠴᠠᠭᠠᠨ ᠤ ᠪᠦᠲᠦᠮᠵᠢᠲᠡᠢ ᠲᠡᠮᠦᠷ ᠶᠤᠰᠤ ᠂ ᠬᠠᠳᠠᠭᠤ ᠪᠠᠷᠢᠮᠵᠢᠶ᠎ᠠ ᠪᠤᠯᠤᠨ᠎ᠠ ︾ | 2024 ᠣᠨ ᠤ ᠰᠡᠭᠦᠯᠴᠢ ᠪᠠᠷ ᠂ ᠪᠡᠭᠡᠵᠢᠩ ᠤᠨ ᠵᠦᠩ ᠨᠠᠨ ᠬᠠᠢ ᠳᠤ ᠂ ᠵᠢᠯ ᠳᠤ ᠨᠢᠭᠡ ᠤᠳᠠᠭ᠎ᠠ ᠶᠠᠪᠤᠭᠳᠠᠳᠠᠭ ᠨᠠᠮ ᠤᠨ ᠳᠣᠲᠣᠭᠠᠳᠤ ᠶᠢᠨ ᠬᠠᠮᠤᠭ ᠤᠨ | ᠳᠡᠭᠡᠳᠦ ᠳᠠᠪᠬᠤᠷᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠶᠠᠪᠤᠭᠳᠠᠪᠠ ᠃ | ᠬᠤᠷᠠᠯ ᠤᠨ ᠨᠢᠭᠡᠨ ᠴᠢᠬᠤᠯᠠ ᠵᠥᠪᠯᠡᠬᠦ ᠵᠦᠢᠯ ᠪᠣᠯ ᠳᠠᠷᠤᠶ 2024 ᠣᠨ ᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠲᠥᠪ ᠤᠨ | ᠨᠠᠢᠮᠠᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠬᠤ ᠶᠠᠪᠤᠳᠠᠯ ᠪᠣᠯᠤᠨ᠎ᠠ ᠃ | ︽ ᠤᠳᠤᠷᠢᠳᠬᠤ ᠺᠠᠳ᠋ᠷ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠬᠦ ᠶᠢ ᠨᠠᠰᠤᠨ ᠲᠤᠷᠰᠢᠳᠠ ᠶᠢᠨ | ᠰᠡᠳᠦᠪ ᠪᠣᠯᠭᠠᠬᠤ ᠬᠡᠷᠡᠭᠲᠡᠢ ︾ ᠂ ︽ ᠡᠯ᠎ᠡ ᠵᠦᠢᠯ ᠤᠨ ᠲᠥᠪ ᠪᠤᠰᠤ ᠰᠤᠷᠲᠠᠯ ᠪᠠ ᠢᠯᠵᠢᠷᠠᠯ ᠤᠨ ᠦᠵᠡᠭᠳᠡᠯ ᠲᠠᠢ ᠡᠷᠡᠰ ᠲᠡᠮᠡᠴᠡᠬᠦ ᠬᠡᠷᠡᠭᠲᠡᠢ ︾ ᠁ | ᠲᠦᠷᠦᠭᠦᠬᠡᠨ ᠳᠠᠭᠤᠰᠤᠭᠰᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠬᠤᠷᠠᠯ | ᠳᠡᠭᠡᠷ᠎ᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠨᠥᠬᠦᠳ ᠤᠨ ᠨᠠᠮ ᠤᠨ ᠰᠢᠯᠢᠳᠡᠭ ᠤᠯᠠᠮᠵᠢᠯᠠᠯ ᠪᠠ ᠰᠤᠷᠲᠠᠯ ᠢ ᠲᠦᠷᠦᠭᠦᠯᠡᠨ | ᠪᠠᠳᠠᠷᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠵᠢᠯ ᠪᠦᠷᠢ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ ᠂ ᠲᠥᠪ ᠤᠨ ᠨᠠᠢᠮᠠᠨ | ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ | ᠦᠷᠨᠢᠭᠦᠯᠵᠦ ᠂ ᠤᠳᠤ ᠨᠢᠭᠡᠨᠲᠡ ᠵᠤᠷᠰᠢᠯ ᠪᠣᠯᠤᠭᠰᠠᠨ ᠪᠠᠶᠢᠨ᠎ᠠ ᠃ | 2012 ᠣᠨ ᠤ 12 ᠰᠠᠷ᠎ᠠ ᠶᠢᠨ 4 ᠤ ᠡᠳᠦᠷ ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠠᠴᠠ ᠠᠵᠢᠯ ᠤᠨ ᠰᠤᠷᠲᠠᠯ ᠢᠶᠠᠨ | ᠰᠠᠶᠢᠵᠢᠷᠠᠭᠤᠯᠬᠤ ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠲᠤᠬᠠᠶ ᠨᠠᠢᠮᠠᠨ ᠲᠣᠭᠲᠠᠭᠠᠯ ᠢ ᠬᠢᠨᠠᠨ ᠵᠦᠪᠯᠡᠵᠦ ᠪᠠᠲᠤᠯᠠᠪᠠ ᠃ ᠣᠬᠤᠷᠬᠠᠨ 600 ᠭᠠᠷᠤᠢ | ᠦᠰᠦᠭ ᠲᠠᠢ ᠲᠤᠬᠳᠠᠭᠠᠯ ᠨᠢ ᠪᠠᠶᠢᠴᠠᠭᠠᠨ ᠰᠤᠳᠤᠯᠤᠯᠲᠠ ᠂ ᠬᠤᠷᠠᠯ ᠠᠵᠢᠯᠯᠠᠭ᠎ᠠ ᠵᠡᠷᠭᠡ 8 ᠲᠠᠯ᠎ᠠ ᠠᠴᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠶᠣᠰᠣ | ᠳᠦᠷᠢᠮ ᠲᠣᠭᠲᠠᠭᠠᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠨᠠᠮ ᠤᠨ ᠰᠤᠷᠲᠠᠯ ᠢ ᠳᠠᠬᠢᠨ ᠱᠤᠭᠤᠬᠤ ︽ ᠨᠢᠭᠡᠳᠦᠭᠡᠷ | ᠠᠵᠢᠯᠯᠠᠭ᠎ᠠ ︾ ᠶᠢ ᠡᠬᠢᠯᠡᠭᠦᠯᠵᠡᠢ ᠃ | ᠶᠡᠷᠦᠩᠬᠡᠢ ᠱᠦᠵᠢ ᠰᠢ ᠶᠢᠨ ᠫᠢᠩ ᠲᠥᠪ ᠤᠨ ᠨᠠᠢᠮᠠᠨ ᠲᠣᠭᠲᠠᠭᠠᠯ ᠢ ᠲᠣᠭᠲᠠᠭᠠᠵᠤ ᠨᠡᠶᠢᠲᠡᠯᠡᠭᠰᠡᠨ ᠠᠩᠬᠠᠨ ᠤ ᠬᠦᠰᠡᠯ ᠤᠨ ᠲᠤᠬᠠᠢ ᠢᠩᠭᠢᠵᠦ ᠶᠡᠷᠢᠵᠦ | ᠦᠩᠭᠡᠷᠡᠵᠡᠢ ᠄ ︽ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠲᠠᠷᠠᠭ᠎ᠠ ᠂ ᠨᠠᠮ ᠤᠨ ᠲᠥᠪ ᠬᠤᠷᠢᠶ᠎ᠠ ᠠᠴᠠ ᠨᠠᠮ ᠤᠨ ᠪᠠᠶᠢᠭᠤᠯᠤᠯᠲᠠ ᠶᠢ ᠴᠢᠩᠭᠠᠳᠬᠠᠬᠤ | ᠶᠠᠪᠤᠳᠠᠯ ᠢ ᠬᠡᠷᠬᠢᠨ ᠠᠳᠬᠤᠬᠤ ᠲᠤᠬᠠᠢ ᠶᠠᠷᠢᠯᠴᠠᠬᠤ ᠳᠠᠭᠠᠨ ᠳᠠᠷᠤᠢ ︿ ᠲᠦᠢᠯ ᠤᠨ ᠲᠦᠪᠡᠭ ᠪᠤᠳᠤᠯᠢᠶᠠᠨᠲᠠᠢ ᠠᠰᠠᠭᠤᠳᠠᠯ ᠢ ᠬᠡᠷᠬᠢᠨ ᠰᠶᠢᠳᠪᠦᠷᠢᠯᠡᠬᠦ ᠪᠠᠨ ᠤᠯᠬᠤ | ᠦᠭᠡᠢ ﹀ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠪᠤᠳᠤᠵᠤ ᠣᠯᠤᠭᠰᠠᠨ ᠶᠤᠮ ᠃ ᠰᠡᠭᠦᠯᠡᠷ ᠨᠢ ᠨᠠᠢᠮᠠᠨ ᠲᠣᠭᠲᠠᠭᠠᠯ ᠢ ᠠᠳᠬᠤᠬᠤ ᠪᠠᠷ ᠲᠣᠭᠲᠠᠵᠤ ᠂ ᠡᠬᠢᠯᠡᠵᠦ | ᠬᠦᠳᠡᠯᠦᠮᠡᠭᠴᠡ ᠲᠠᠷᠤᠢ ᠲᠡᠷᠡ ᠬᠦ ᠲᠦᠪᠡᠭ ᠪᠤᠳᠤᠯᠢᠶᠠᠨᠲᠠᠢ ᠠᠰᠠᠭᠤᠳᠠᠯ ᠢ ᠦᠨᠡᠨ ᠬᠦ ᠰᠶᠢᠳᠪᠦᠷᠢᠯᠡᠵᠦ ᠂ ᠠᠷᠢᠯᠭᠠᠨ ᠵᠠᠰᠠᠬᠤ ᠪᠠᠷ ᠪᠤᠯᠵᠠᠢ ︾ ᠃ | ᠵᠠᠷᠢᠮ ᠬᠥᠮᠦᠨ ᠪᠠᠰᠠ ᠨᠠᠢᠮᠠᠨ ᠲᠣᠭᠲᠠᠭᠠᠯ ᠪᠣᠯ ︽ ᠭᠱᠠᠨ ᠵᠠᠭᠤᠷ᠎ᠠ ᠶᠢᠨ ᠰᠠᠯᠬᠢ ︾ ᠲᠡᠳᠦᠶ ᠭᠡᠵᠦ ᠦᠵᠡᠵᠦ ᠪᠠᠶᠢᠭᠰᠠᠨ ᠦᠶ᠎ᠡ ᠳᠤ ᠂ 2013 ᠣᠨ ᠤ 3 | ᠰᠠᠷ᠎ᠠ ᠶᠢᠨ 19 ᠤ ᠦᠳᠡ ᠶᠢᠨ ᠬᠤᠶᠢᠨ᠎ᠠ ᠨᠡᠶᠢᠲᠡᠯᠡᠭᠰᠡᠨ ᠨᠢᠭᠡᠨ ᠰᠣᠨᠢᠨ ᠮᠡᠳᠡᠭᠡ ᠨᠢ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠳᠡ ᠲᠠᠲᠠᠵᠠᠢ — ︽ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ 6 ᠨᠡᠶᠢᠲᠡᠯᠢᠭ ᠠᠰᠠᠭᠤᠳᠠᠯ ᠢ ᠵᠠᠷᠯᠡᠨ | ᠨᠡᠶᠢᠲᠡᠯᠡᠪᠡ ︾ ᠃ ᠡᠨᠡ ᠪᠣᠯ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ | ᠨᠡᠶᠢᠲᠡᠯᠢᠭ ᠠᠰᠠᠭᠤᠳᠠᠯ ᠢ ᠤᠯᠤᠰ ᠳᠠᠶᠠᠭᠠᠷ ᠲᠤ ᠠᠩᠬ᠎ᠠ ᠤᠳᠠᠭ᠎ᠠ ᠢᠯᠡ ᠪᠠᠷ ᠵᠠᠷᠯᠠᠨ ᠨᠡᠶᠢᠲᠡᠯᠡᠭᠰᠡᠨ ᠶᠠᠪᠤᠳᠠᠯ ᠮᠥᠨ ᠃ | ᠡᠨᠡ ᠵᠢᠯ ᠤᠨ ᠡᠴᠦᠰ ᠲᠤ ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ | ᠵᠥᠷᠢᠴᠡᠭᠰᠡᠨ 10 ᠨᠡᠶᠢᠲᠡᠯᠢᠭ ᠠᠰᠠᠭᠤᠳᠠᠯ ᠢ ᠳᠠᠬᠢᠨᠲᠠ ᠵᠠᠷᠯᠠᠨ ᠨᠡᠶᠢᠲᠡᠯᠡᠪᠡ ᠂ ᠲᠡᠭᠡᠷ᠎ᠡ ᠤᠳᠠᠭ᠎ᠠ ᠶᠢᠨ ᠵᠥᠪᠬᠡᠨ ᠨᠢᠭᠡᠴᠢ ᠪᠠ ᠲᠤᠰᠢᠶᠠᠯ ᠢ ᠨᠢ ᠵᠠᠷᠯᠠᠨ | ᠨᠡᠶᠢᠲᠡᠯᠡᠭᠰᠡᠨ ᠲᠠᠢ ᠠᠳᠠᠯᠢ ᠥᠬᠡᠶ ᠲᠠᠯ᠎ᠠ ᠨᠢ ᠲᠣᠰ ᠤᠳᠠᠭ᠎ᠠ ᠶᠢᠨ ᠵᠠᠷᠯᠠᠨ ᠨᠡᠶᠢᠲᠡᠯᠡᠯ ᠳᠤ ᠤᠪᠤᠭ ᠨᠡᠷ᠎ᠡ ᠶᠢ ᠨᠢ ᠵᠢᠭᠠᠵᠤ ᠂ ᠡᠪᠡᠳᠴᠢᠨ ᠤ ᠦᠨᠳᠦᠰᠦ ᠶᠢ ᠰᠢᠭᠤᠳ | ᠲᠡᠯᠭᠡᠵᠦ ᠂ ᠮᠠᠰᠢ ᠴᠢᠩᠭ᠎ᠠ ᠰᠦᠷᠳᠡᠭᠦᠯᠬᠦ ᠦᠢᠯᠡᠳᠦᠯ ᠭᠠᠷᠤᠭᠰᠠᠨ ᠪᠠᠶᠢᠨ᠎ᠠ ᠃ | ᠬᠢᠬᠦ ᠨᠢ ᠬᠡᠯᠡᠬᠦ ᠠᠴᠠ ᠳᠡᠭᠡᠷ᠎ᠡ ᠭᠡᠳᠡᠭ ᠃ | ᠨᠠᠢᠮᠠᠨ ᠲᠣᠭᠲᠠᠭᠠᠯ ᠢ ᠨᠡᠶᠢᠲᠡᠯᠡᠭᠰᠡᠨ ᠠᠷᠪᠠᠨ ᠬᠤᠶᠠᠷ ᠵᠢᠯ ᠭᠠᠷᠤᠢ ᠶᠢᠨ ᠲᠤᠷᠰᠢ ᠂ ᠶᠧᠪᠡᠩ ᠬᠦᠷᠭᠡᠬᠦ ᠠᠰᠠᠭᠤᠳᠠᠯ ᠢ ᠠᠳᠬᠤᠬᠤ ᠂ ᠪᠠᠶᠠᠷ ᠤᠨ ᠺᠠᠷᠲ ᠬᠦᠷᠭᠡᠬᠦ | ᠠᠰᠠᠭᠤᠳᠠᠯ ᠢ ᠠᠳᠬᠤᠬᠤ ᠂ ᠬᠤᠸᠠᠷ ᠫᠤᠤᠵᠢᠩ ᠲᠠᠯᠪᠢᠬᠤ ᠠᠰᠠᠭᠤᠳᠠᠯ ᠢ ᠠᠳᠬᠤᠬᠤ ᠠᠴᠠ ᠠᠪᠤᠭᠠᠳ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠠᠳᠬᠤᠬᠤ ᠂ ︽ | ᠠᠵᠢᠯᠯᠠᠬᠤ ᠨᠠᠢᠮᠠᠨ ᠴᠠᠭ ᠠᠴᠠ ᠭᠠᠳᠠᠨᠠᠬᠢ ᠦᠶ᠎ᠡ ︾ ᠶᠢ ᠠᠳᠬᠤᠬᠤ ᠂ ᠡᠳᠦᠷ ᠲᠤᠲᠤᠮ ᠤᠨ ᠠᠵᠢᠯ ᠢ ᠠᠳᠬᠤᠬᠤ ᠬᠦᠷᠲᠡᠯ᠎ᠡ ᠁ ᠠᠯᠢ ᠤᠯᠠᠨ ᠪᠣᠳᠠᠲᠠᠢ | ᠠᠰᠠᠭᠤᠳᠠᠯ ᠤᠨ ᠰᠢᠪᠲᠤᠯᠤᠯᠲᠠ ᠨᠢ ᠨᠡᠶᠢᠳᠡᠮ ᠤᠨ ᠠᠰᠠᠭᠤᠳᠠᠯ ᠢ ᠰᠢᠢᠳᠪᠦᠷᠢᠯᠡᠬᠦ ᠶᠢ ᠳᠠᠶᠢᠴᠢᠯᠠᠵᠤ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠠ ᠶᠢᠨ ᠰᠤᠷᠲᠠᠯ ᠤᠨ ᠠᠰᠠᠭᠤᠳᠠᠯ ᠢ ᠠᠳᠬᠤᠬᠤ ᠲᠣᠳᠣᠷᠬᠠᠢ ᠰᠡᠳᠭᠢᠮᠵᠢ ᠪᠠ ᠡᠷᠡᠰ ᠪᠠᠲᠤ ᠢᠲᠡᠭᠡᠯ ᠵᠣᠷᠢᠭ ᠢ ᠲᠤᠰᠬᠠᠪᠠ ᠃ | ᠢᠮᠠᠭᠲᠠ ᠲᠤᠭᠤᠰᠢᠯᠠᠭᠤᠯᠵᠤ ᠂ ᠡᠴᠦᠰ ᠲᠤᠨᠢ ᠲᠤᠯᠲᠠᠯ᠎ᠠ ᠠᠳᠬᠤᠪᠠ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠢᠮᠠᠨ | ᠲᠣᠭᠲᠠᠭᠠᠯ ᠢᠶᠠᠷ ᠬᠠᠭᠤᠴᠢᠨ ᠠᠷᠬᠠᠭ ᠢ ᠴᠡᠭᠴᠡᠯᠡᠨ ᠵᠠᠰᠠᠵᠤ ᠂ ᠠᠷᠬᠠᠭ ᠭᠡᠮ ᠢ ᠠᠷᠢᠯᠭᠠᠵᠤ ᠂ ᠰᠤᠷᠲᠠᠯ ᠤᠨ ᠪᠠᠶᠢᠭᠤᠯᠤᠯᠲᠠ ᠨᠢ ᠨᠠᠮ ᠤᠨ ᠪᠠᠶᠢᠭᠤᠯᠤᠯᠲᠠ ᠶᠢᠨ ︽ | ᠠᠯᠳᠠᠨ ᠰᠢᠷᠭᠠᠯ ᠨᠡᠷ᠎ᠡ ᠶᠢᠨ ᠬᠠᠭᠤᠳᠠᠰᠤ ︾ ᠭᠡᠮᠡᠨ ᠳᠦᠷᠰᠦᠯᠢᠭ ᠢᠶᠠᠷ ᠭᠡᠯᠡᠭᠳᠡᠵᠡᠢ ᠃ | ᠰᠢᠩᠭᠠᠫᠣᠷ ᠤᠨ ︽ ᠬᠠᠮᠲᠤᠷᠠᠭᠰᠠᠨ ᠥᠷᠯᠥᠭᠡ ᠶᠢᠨ ᠰᠣᠨᠢᠨ ︾ ᠤ ᠮᠡᠳᠡᠭᠡᠯᠡᠭᠰᠡᠨ ᠢᠶᠠᠷ ᠂ ᠠᠯᠪᠠᠨ ᠵᠣᠭᠤᠰ ᠢᠶᠠᠷ ᠢᠳᠡᠵᠦ ᠤᠤᠭᠤᠬᠤ ᠵᠡᠷᠭᠡ ᠳᠤᠮᠳᠠᠳᠤ | ᠤᠯᠤᠰ ᠤᠨ ᠨᠣᠶᠠᠳ ᠤᠨ ᠬᠦᠷᠢᠶᠡᠨ ᠳᠠᠬᠢ ︽ ᠬᠠᠭᠤᠴᠢᠨ ᠶᠡᠭᠡ ᠬᠦᠴᠢᠷᠳᠡᠯ ︾ ᠤᠨ ᠠᠰᠠᠭᠤᠳᠠᠯ ᠳᠤ ᠡᠶᠢᠮᠦ ᠢᠯᠡᠷᠬᠡᠶ ᠬᠤᠪᠢᠷᠠᠯᠲᠠ ᠭᠠᠷᠤᠭᠰᠠᠨ ᠢ ᠲᠤᠬᠠᠶ ᠶᠢᠨ | ᠦᠶ᠎ᠡ ᠳᠤ ᠤᠯᠠᠩᠬᠢ ᠬᠦᠮᠦᠰ ᠲᠦᠰᠦᠭᠡᠯᠡᠬᠦᠶᠡ ᠪᠡᠷᠬᠡ ᠪᠠᠶᠢᠵᠠᠢ ᠃ | ᠡᠨᠡ ᠬᠦ ᠠᠯᠲᠠᠨ ᠰᠢᠷᠭᠠᠯ ᠨᠡᠷ᠎ᠡ ᠶᠢᠨ ᠬᠠᠭᠤᠳᠠᠰᠤ ᠶᠢ ᠬᠡᠷᠬᠢᠨ ᠤᠯᠠᠮ ᠭᠢᠯᠠᠯᠵᠠᠭᠤᠯᠬᠤ ᠪᠤᠶ ︖ ᠶᠡᠷᠦᠩᠬᠡᠶ ᠱᠦᠵᠢ ᠰᠢ ᠶᠢᠨ ᠫᠢᠩ ᠭᠦᠨᠵᠡᠭᠡᠶ | ᠪᠣᠳᠣᠯᠬᠢᠯᠠᠭᠰᠠᠭᠠᠷ ᠢᠷᠡᠵᠡᠶ ᠃ | ᠨᠠᠮ ᠤᠨ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠂ ︽ ᠭᠤᠷᠪᠠᠨ ᠴᠢᠩᠭ᠎ᠠ ᠭᠤᠷᠪᠠᠨ ᠪᠣᠳᠠᠲᠠᠢ ︾ ᠲᠤᠰᠬᠠᠢ ᠰᠡᠳᠦᠪᠲᠦ | ᠬᠥᠮᠦᠵᠢᠯ ᠂ ︽ ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ ︾ ᠰᠤᠷᠤᠯᠴᠠᠯᠭ᠎ᠠ ᠬᠥᠮᠦᠵᠢᠯ ᠂ ︽ ᠤᠭ ᠰᠠᠨᠠᠭ᠎ᠠ ᠪᠠᠨ ᠦᠯᠥ ᠮᠠᠷᠲᠠᠵᠤ ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠤᠣᠯ ᠰᠡᠳᠦᠪᠲᠦ ᠬᠥᠮᠦᠵᠢᠯ ᠠᠴᠠ ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠬᠦᠷᠲᠡᠯ᠎ᠡ ᠁ ᠦᠷᠭᠦᠯᠵᠢᠯᠡᠭᠦᠯᠦᠨ ᠥᠷᠨᠢᠭᠦᠯᠦᠭᠰᠡᠨ ᠨᠠᠮ ᠤᠨ ᠳᠣᠲᠣᠭᠠᠳᠤ ᠶᠢᠨ | ᠲᠥᠪᠯᠡᠷᠡᠩᠭᠦᠢ ᠬᠥᠮᠦᠵᠢᠯ ᠨᠢ ᠰᠤᠷᠲᠠᠯ ᠤᠨ ᠪᠠᠶᠢᠭᠤᠯᠤᠯᠲᠠ ᠶᠢ ᠢᠮᠠᠭᠲᠠ ᠴᠢᠬᠤᠯᠠ ᠠᠭᠤᠯᠭ᠎ᠠ ᠪᠣᠯᠭᠠᠪᠠ ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠤᠷᠲᠠᠯ ᠤᠨ ᠪᠠᠶᠢᠭᠤᠯᠤᠯᠲᠠ ᠶᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ | ᠱᠠᠭᠠᠷᠳᠠᠯᠭ᠎ᠠ ᠳᠤ ᠣᠷᠣᠭᠤᠯᠪᠠ ︔ ᠠᠷᠪᠠ ᠶᠢᠰᠦᠳᠦᠭᠡᠷ ᠬᠤᠭᠤᠴᠠᠭᠠᠨ ᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠂ ᠬᠤᠷᠢᠳᠤᠭᠠᠷ | ᠬᠤᠭᠤᠴᠠᠭᠠᠨ ᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠠᠩᠬᠠᠳᠤᠭᠠᠷ ᠬᠤᠷᠠᠯ ᠠᠴᠠ ᠴᠥᠮ ᠨᠠᠢᠮᠠᠨ ᠲᠣᠭᠲᠠᠭᠠᠯ ᠢ ᠬᠡᠷᠡᠭᠵᠢᠭᠦᠯᠬᠦ | ᠨᠠᠷᠢᠨ ᠲᠦᠷᠢᠮ ᠢ ᠰᠤᠳᠤᠯᠵᠤ ᠂ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠨᠠᠷᠢᠯᠢᠬᠵᠢᠭᠤᠯᠪᠠ ︔ ︽ ᠲᠥᠪ ᠤᠨ ᠨᠠᠢᠮᠠᠨ ᠲᠣᠭᠲᠠᠭᠠᠯ ︾ ᠢ ᠨᠠᠮ ᠤᠨ ᠭᠤᠷᠪᠠᠳᠤᠭᠠᠷ | ᠲᠡᠦᠬᠡ ᠶᠢᠨ ᠰᠢᠢᠳᠪᠦᠷᠢ ᠳᠤ ᠪᠢᠴᠢᠨ ᠣᠷᠣᠭᠤᠯᠵᠤ ᠂ ᠰᠢᠨ᠎ᠡ ᠴᠠᠭ ᠦᠶ᠎ᠡ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠠᠮᠵᠢᠯᠲᠠ ᠪᠠ ᠲᠤᠷᠰᠢᠯᠭ᠎ᠠ | ᠪᠣᠯᠤᠭᠰᠠᠨ ᠤ ᠬᠤᠪᠢ ᠳᠤ ᠂ ᠲᠡᠦᠬᠡ ᠪᠠᠷ ᠲᠤᠯᠢ ᠪᠣᠯᠭᠠᠵᠤ ᠂ ᠢᠷᠡᠭᠡᠳᠦᠢ ᠶᠢ ᠵᠢᠭᠠᠨ ᠵᠢᠯᠣᠭᠤᠳᠪᠠ ᠁ | ︽ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠪᠣᠯ ᠮᠠᠨ ᠤ ᠨᠠᠮ ᠤᠨ ᠰᠢᠨ᠎ᠡ ᠴᠠᠭ ᠦᠶ᠎ᠡ ᠶᠢᠨ ᠢᠲᠡᠭᠡᠯ ᠨᠠᠶᠢᠳᠠᠪᠤᠷᠢ ᠶᠢ ᠱᠤᠭᠤᠬᠤ | ᠠᠵᠢᠯᠯᠠᠭ᠎ᠠ ᠮᠥᠨ ᠂ ᠡᠷᠬᠡᠪᠰᠢ ᠴᠥᠬᠦᠷᠡᠰᠢ ᠦᠭᠡᠢ ᠠᠳᠬᠤᠵᠤ ᠂ ᠤᠳᠠᠭᠠᠨ ᠲᠠᠭᠠᠭᠠᠮᠠᠭᠠᠢ ᠪᠠᠷ ᠵᠢᠳᠭᠦᠯ ᠴᠢᠷᠮᠠᠶᠢᠯᠭ᠎ᠠ ᠭᠠᠷᠭᠠᠬᠤ ᠬᠡᠷᠡᠭᠲᠡᠢ ︾ ᠂ ᠶᠡᠷᠦᠩᠬᠡᠢ ᠱᠦᠵᠢ | ᠰᠢ ᠶᠢᠨ ᠫᠢᠩ ᠤᠨ ᠦᠭᠡ ᠶᠠᠷᠢᠶ᠎ᠠ ᠢᠳᠡ ᠬᠦᠴᠦᠲᠡᠢ ᠪᠠᠶᠢᠵᠤ ᠂ ︽ ᠠᠷᠪᠠᠨ ᠵᠢᠯ ᠬᠦᠷᠬᠦ ᠦᠭᠡᠢ ᠪᠣᠯ ᠬᠤᠷᠢᠨ ᠵᠢᠯ ᠂ ᠬᠤᠷᠢᠨ ᠵᠢᠯ ᠬᠦᠷᠬᠦ ᠦᠭᠡᠢ ᠪᠣᠯ ᠭᠤᠴᠢᠨ | ᠵᠢᠯ ᠂ ᠰᠤᠷᠲᠠᠯ ᠢ ᠦᠨᠡᠨ ᠬᠦ ᠬᠤᠪᠢᠷᠠᠭᠤᠯᠵᠤ ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠦᠳᠦᠯᠦᠨ ᠳᠠᠭᠠᠭᠤᠯᠬᠤ | ᠪᠤᠯᠲᠠᠯ᠎ᠠ ᠴᠢᠩᠭ᠎ᠠ ᠠᠳᠬᠤᠬᠤ ᠬᠡᠷᠡᠭᠲᠡᠢ ︾ ᠃ | ᠰᠢᠨ᠎ᠡ ᠠᠶᠠᠨ ᠳᠤ ᠮᠣᠷᠳᠠᠵᠤ ᠂ ᠰᠢᠨ᠎ᠡ ᠥᠷᠢᠰᠥᠯᠳᠦᠭᠡᠨ ᠢ ᠤᠭᠲᠤᠵᠤ ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ ᠃ | 2025 ᠣᠨ ᠤ 1 ᠰᠠᠷ᠎ᠠ ᠶᠢᠨ 6 ᠤ ᠡᠳᠦᠷ ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ | ᠪᠥᠬᠦᠳᠡ ᠬᠤᠷᠠᠯ ᠪᠡᠭᠡᠵᠢᠩ ᠳᠤ ᠡᠬᠢᠯᠡᠪᠡ ᠃ | ︽ ᠣᠳᠣᠬᠠᠨ ᠤ ᠢᠯᠵᠢᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠨ᠎ᠠ ᠃ ᠢᠯᠵᠢᠷᠠᠯ ᠤᠨ | ᠦᠯᠡᠳᠡᠭᠳᠡᠯ ᠬᠡᠮᠵᠢᠶ᠎ᠡ ᠶᠢ ᠬᠠᠷᠠᠬᠠᠨ ᠠᠷᠢᠯᠭᠠᠭᠠᠳᠤᠢ ᠪᠠᠶᠢᠵᠤ ᠂ ᠨᠡᠮᠡᠭᠳᠡᠯ ᠤᠨ ᠬᠡᠮᠵᠢᠶ᠎ᠡ ᠪᠠᠰᠠ ᠦᠷᠭᠦᠯᠵᠢᠯᠡᠨ ᠡᠭᠦᠰᠴᠦ ᠂ ᠢᠯᠵᠢᠷᠠᠯ ᠤᠨ ᠡᠭᠦᠰᠦᠨ ᠳᠡᠯᠭᠡᠷᠡᠬᠦ | ᠬᠥᠷᠥᠰᠥ ᠰᠢᠷᠣᠢ ᠪᠠ ᠨᠥᠬᠦᠴᠡᠯ ᠢ ᠠᠷᠢᠯᠭᠠᠬᠤ ᠡᠭᠦᠷᠭᠡ ᠮᠥᠨ ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ ︾ ᠃ | ᠬᠤᠷᠠᠯ ᠳᠡᠭᠡᠷ᠎ᠡ ᠂ ᠶᠡᠷᠦᠩᠬᠡᠶ ᠱᠦᠵᠢ ᠰᠢ ᠶᠢᠨ ᠫᠢᠩ ᠣᠳᠣᠬᠠᠨ ᠤ ᠢᠯᠵᠢᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠶ ᠵᠠᠳᠠᠯᠵᠤ ᠂ ︽ ᠰᠤᠷᠲᠠᠯ | ᠢᠯᠵᠢᠷᠠᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠠᠵᠢᠯ ᠢ ᠭᠦᠨᠵᠡᠭᠡᠶ ᠠᠬᠢᠭᠤᠯᠬᠤ ︾ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ ᠂ ︽ ᠣᠭᠲᠣ | ᠠᠭᠤᠴᠢᠯᠠᠬᠤ ᠥᠬᠡᠶ ᠪᠠᠶᠢᠬᠤ ᠶᠢ ᠢᠮᠠᠭᠲᠠ ᠪᠠᠷᠢᠮᠲᠠᠯᠠᠵᠤ ᠂ ᠲᠥᠪ ᠤᠨ ᠨᠠᠢᠮᠠᠨ ᠲᠣᠭᠲᠠᠭᠠᠯ ᠢ ᠲᠡᠮᠦᠷ ᠶᠣᠰᠣ ᠂ ᠬᠠᠲᠠᠭᠤ ᠪᠠᠷᠢᠮᠵᠢᠶ᠎ᠠ ᠪᠣᠯᠭᠠᠵᠤ ᠂ ᠪᠠᠶᠢᠳᠠᠯ ᠢ | ᠰᠦᠷᠦᠨ ᠰᠠᠬᠢᠯᠭ᠎ᠠ ᠪᠠᠲᠤ ᠶᠢ ᠵᠥᠷᠢᠴᠡᠭᠰᠡᠨ ᠂ ᠳᠠᠯᠳᠠᠭᠤᠷ ᠣᠨᠳᠣᠣᠰᠢᠭᠰᠠᠨ ︿ ᠳᠥᠷᠪᠡᠨ ᠰᠤᠷᠲᠠᠯ ﹀ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ | ᠬᠡᠷᠡᠭᠲᠡᠢ ︾ ᠭᠡᠵᠦ ᠵᠢᠭᠠᠵᠤ ᠭᠠᠷᠭᠠᠪᠠ ᠃ | ᠲᠥᠪ ᠪᠤᠰᠤ ᠰᠤᠷᠲᠠᠯ ᠪᠣᠯᠤᠨ ᠢᠯᠵᠢᠷᠠᠯ ᠤᠨ ᠠᠰᠠᠭᠤᠳᠠᠯ ᠬᠠᠷᠢᠯᠴᠠᠨ ᠰᠣᠯᠪᠢᠴᠠᠬᠤ ᠪᠣᠯ ᠣᠳᠣᠬᠢ ᠱᠠᠲᠤᠨ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠤᠨ ᠢᠯᠵᠢᠷᠠᠯ ᠢ ᠡᠰᠡᠷᠭᠦᠴᠡᠬᠦ ᠲᠡᠮᠡᠴᠡᠯ ᠤᠨ ᠡᠷᠬᠡᠪᠰᠢ ᠬᠦᠴᠦᠯᠡᠨ ᠰᠢᠢᠳᠪᠦᠷᠢᠯᠡᠬᠦ ᠬᠡᠷᠡᠭᠲᠡᠢ ᠲᠤᠪᠤᠶᠢᠮ᠎ᠠ ᠠᠰᠠᠭᠤᠳᠠᠯ ᠮᠥᠨ ᠃ ᠡᠨᠡ ᠬᠦ | ᠴᠢᠬᠤᠯᠠ ᠱᠠᠭᠠᠷᠳᠠᠯᠭ᠎ᠠ ᠨᠢ ᠢᠯᠵᠢᠷᠠᠯ ᠢ ᠡᠰᠡᠷᠭᠦᠴᠡᠬᠦ ᠲᠡᠮᠡᠴᠡᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠮᠠᠨ ᠤ ᠨᠠᠮ ᠤᠨ ᠲᠠᠨᠢᠯᠲᠠ ᠰᠢᠨ᠎ᠡ ᠦᠨᠳᠦᠷᠴᠡ ᠳᠤ | ᠬᠦᠷᠦᠭᠰᠡᠨ ᠢ ᠭᠦᠢᠴᠡᠳ ᠬᠠᠷᠠᠭᠤᠯᠵᠤ ᠂ ᠲᠦᠢᠯ ᠤᠨ ᠴᠢᠩᠭ᠎ᠠ ᠠᠬᠤᠶᠢᠴᠢ ᠬᠠᠨᠳᠤᠯᠭᠠᠲᠤ ᠴᠢᠨᠠᠷᠲᠠᠢ ᠶᠤᠮ ᠃ | 2025 ᠣᠨ ᠪᠣᠯ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ ᠂ ᠪᠠᠰᠠ ᠴᠤ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠮᠥᠨ ᠂ ︽ ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠶᠢ | ᠲᠥᠯᠥᠪᠵᠢᠭᠦᠯᠦᠨ ᠪᠠᠶᠢᠷᠢᠰᠢᠭᠤᠯᠬᠤ ᠪᠣᠯᠤᠨ᠎ᠠ ᠃ | ᠡᠨᠡ ᠬᠦ ᠵᠠᠩᠭᠢᠯᠠᠭ᠎ᠠ ᠶᠢᠨ ᠴᠠᠭ ᠦᠶ᠎ᠡ ᠳᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠪᠣᠯ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠭᠦᠨᠵᠡᠭᠡᠶᠢᠷᠡᠭᠦᠯᠬᠦ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ ᠂ | ᠨᠠᠮ ᠤᠨ ᠭᠡᠰᠢᠭᠦᠨ ᠪᠠ ᠤᠯᠠᠨ ᠲᠦᠮᠡᠨ ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ ᠂ ᠨᠠᠮ ᠤᠨ ᠲᠦᠷᠦ ᠪᠠᠷᠢᠬᠤ ᠰᠠᠭᠤᠷᠢ ᠶᠢ | ᠪᠠᠬᠢᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠲᠡᠢ ᠪᠠᠲᠤᠯᠠᠭ᠎ᠠ ᠮᠥᠨ ᠃ | ᠪᠡᠶ᠎ᠡ ᠪᠠᠷ ᠢᠶᠠᠨ ᠬᠡᠪ ᠳᠦᠷᠢᠮ ᠪᠤᠯᠪᠠ — ︽ ᠡᠯ᠎ᠡ ᠱᠠᠲᠤᠨ ᠤ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠳᠦᠷᠢᠮ ᠪᠤᠯᠵᠤ ᠂ ᠪᠡᠶ᠎ᠡ ᠪᠠᠷ ᠢᠶᠠᠨ ᠦᠯᠢᠭᠡᠷ | ᠳᠠᠭᠤᠷᠢᠶᠠᠯ ᠪᠤᠯᠵᠤ ᠂ ᠬᠡᠯᠡᠭᠰᠡᠨ ᠢᠶᠠᠨ ᠪᠡᠶᠡᠯᠡᠭᠦᠯᠵᠦ ᠂ ᠠᠮᠠᠯᠠᠭᠰᠠᠨ ᠢᠶᠠᠨ ᠪᠡᠶᠡᠯᠡᠭᠦᠯᠵᠦ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠨᠥᠬᠦᠳ ᠮᠢᠨᠦ ᠥᠪᠡᠷ ᠤᠨ ᠪᠡᠶ᠎ᠡ ᠠᠴᠠ ᠡᠬᠢᠯᠡᠨ ᠬᠢᠬᠦ ᠬᠡᠷᠡᠭᠲᠡᠢ ︾ | ᠪᠠᠶᠢᠴᠠᠭᠠᠨ ᠰᠤᠳᠤᠯᠤᠯᠲᠠ ᠬᠢᠬᠦ ᠪᠣᠯ ᠮᠠᠨ ᠤ ᠨᠠᠮ ᠤᠨ ᠤᠯᠠᠮᠵᠢᠯᠠᠯᠲᠤ ᠡᠷᠳᠡᠨᠢ ᠮᠥᠨ ᠂ ᠤᠴᠢᠷ ᠶᠠᠪᠤᠳᠠᠯ ᠢ ᠪᠣᠳᠣᠯᠬᠢᠯᠠᠬᠤ ᠶᠢᠨ ᠰᠠᠭᠤᠷᠢ ᠂ ᠤᠴᠢᠷ ᠶᠠᠪᠤᠳᠠᠯ ᠢ | ᠪᠦᠲᠦᠭᠡᠬᠦ ᠶᠢᠨ ᠶᠣᠰᠣ ᠮᠥᠨ ᠃ ᠲᠥᠪ ᠤᠨ ᠨᠠᠢᠮᠠᠨ ᠲᠣᠭᠲᠠᠭᠠᠯ ᠤᠨ ᠨᠢᠭᠡᠳᠦᠭᠡᠷ ᠵᠦᠢᠯ ᠪᠣᠯ ᠳᠠᠷᠤᠢ ᠪᠠᠶᠢᠴᠠᠭᠠᠨ ᠰᠤᠳᠤᠯᠤᠯᠲᠠ ᠶᠢ ᠰᠠᠶᠢᠵᠢᠷᠠᠭᠤᠯᠬᠤ ᠶᠠᠪᠤᠳᠠᠯ | ᠪᠣᠯᠤᠨ᠎ᠠ ᠃ | 2023 ᠣᠨ ᠤ 4 ᠰᠠᠷ᠎ᠠ ᠳᠤ ᠂ ᠶᠡᠷᠦᠩᠬᠡᠢ ᠱᠦᠵᠢ ᠰᠢ ᠶᠢᠨ ᠫᠢᠩ ᠥᠭᠡᠷᠡᠴᠢᠯᠡᠯᠲᠡ ᠨᠡᠬᠡᠬᠡᠯᠳᠡ ᠶᠢᠨ ︽ ᠬᠡᠪ ᠰᠤᠷᠲᠠᠯ ᠤᠨ ᠬᠤᠰᠢᠭᠤᠴᠢ ︾ ᠪᠣᠯᠤᠭᠰᠠᠨ | ᠭᠤᠸᠠᠩᠳᠦ᠋ᠩ ᠳᠤ ᠬᠦᠷᠴᠦ ᠰᠢᠨᠵᠢᠯᠡᠨ ᠪᠠᠶᠢᠴᠠᠭᠠᠪᠠ ᠃ | ᠡᠨᠡ ᠪᠣᠯ ᠶᠡᠷᠦᠩᠬᠡᠢ ᠱᠦᠵᠢ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ | ᠵᠢᠯ ᠳᠤ ᠠᠩᠬ᠎ᠠ ᠤᠳᠠᠭ᠎ᠠ ᠣᠷᠣᠨ ᠨᠤᠲᠤᠭ ᠲᠤ ᠰᠢᠨᠵᠢᠯᠡᠨ ᠪᠠᠶᠢᠴᠠᠭᠠᠵᠤ ᠪᠠᠶᠢᠭ᠎ᠠ ᠶᠠᠪᠤᠳᠠᠯ ᠪᠣᠯᠤᠨ᠎ᠠ ᠃ ᠲᠦᠷᠦᠭᠦᠬᠡᠨ ᠳᠤ ᠡᠬᠢᠯᠡᠭᠦᠯᠦᠭᠰᠡᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠳᠤ ︽ ᠪᠦᠬᠦ ᠨᠠᠮ ᠢᠶᠠᠷ ᠢᠶᠠᠨ ᠪᠠᠶᠢᠴᠠᠭᠠᠨ ᠰᠤᠳᠤᠯᠤᠯᠲᠠ ᠶᠢ ᠶᠡᠭᠡ ᠪᠠᠷ ᠦᠷᠨᠢᠭᠦᠯᠬᠦ ︾ ᠶᠢ ᠴᠢᠬᠤᠯᠠ ᠠᠭᠤᠯᠭ᠎ᠠ ᠪᠣᠯᠭᠠᠪᠠ ᠃ | ᠮᠤᠤᠮᠢᠩ ᠤᠨ ᠪᠠᠢ ᠴᠢᠶᠣᠤ ᠲᠣᠰᠬᠤᠨ ᠤ ᠪᠡᠷᠴᠢᠭᠢᠷ ᠯᠣᠣ ᠶᠢᠨ ᠨᠢᠳᠦᠨ ᠤ ᠮᠣᠳᠣᠨ ᠳᠣᠣᠷ᠎ᠠ ᠂ ᠪᠡᠷᠴᠢᠭᠢᠷ ᠯᠣᠣ ᠶᠢᠨ ᠨᠢᠳᠦᠨ ᠤ ᠦᠨ᠎ᠡ ᠬᠠᠩᠰᠢ ᠂ | ᠪᠣᠷᠣᠯᠠᠭᠤᠯᠭ᠎ᠠ ᠶᠢᠨ ᠠᠷᠭ᠎ᠠ ᠵᠠᠮ ᠂ ᠵᠢᠮᠢᠰ ᠤᠨ ᠲᠠᠷᠢᠶᠠᠴᠢᠨ ᠤ ᠣᠷᠣᠯᠭ᠎ᠠ ᠶᠢ ᠨᠠᠷᠢᠨ ᠠᠰᠠᠭᠤᠪᠠ ︔ ᠭᠤᠸᠠᠩᠵᠧᠦ ᠶᠢᠨ ᠮᠠᠰᠢᠨ ᠲᠡᠷᠭᠡᠨ ᠤ ᠰᠤᠳᠤᠯᠭᠠᠨ ᠤ | ᠬᠦᠷᠢᠶᠡᠯᠡᠩ ᠳᠤ ᠶᠠᠷᠢᠯᠴᠠᠨ ᠰᠠᠨᠠᠯ ᠢᠶᠠᠨ ᠰᠣᠯᠢᠯᠴᠠᠵᠤ ᠂ ᠪᠠᠶᠢᠳᠠᠯ ᠢ ᠪᠡᠶ᠎ᠡ ᠪᠠᠷ ᠢᠶᠠᠨ ᠣᠶᠢᠯᠠᠭᠠᠵᠤ ᠂ ᠲᠤᠰᠬᠠᠯ ᠢ ᠰᠢᠭᠤᠳ ᠰᠣᠨᠣᠰᠴᠤ ᠂ ᠦᠨᠡᠨ ᠮᠡᠳᠡᠯᠭᠡ | ᠨᠡᠪᠲᠡᠷᠬᠡᠢ ᠦᠵᠡᠯᠲᠡ ᠪᠦ᠋ᠬᠦᠢ ︽ ᠡᠬᠢ ᠡᠭᠦᠰᠦᠯ ︾ ᠢ ᠡᠷᠢᠯᠬᠢᠯᠡᠭᠰᠡᠨ ᠪᠠᠶᠢᠨ᠎ᠠ ᠃ | 4 ᠡᠳᠦᠷ ᠤᠨ ᠬᠤᠭᠤᠴᠠᠭᠠᠨ ᠳᠤ ᠂ ᠵᠠᠨᠵᠢᠶᠠᠩ ᠂ ᠮᠤᠤᠮᠢᠩ ᠠᠴᠠ ᠭᠤᠸᠠᠩᠵᠧᠦ ᠳᠤ ᠬᠦᠷᠴᠦ ᠂ ᠪᠠᠷᠠᠭᠤᠨ ᠠᠴᠠ ᠵᠡᠭᠦᠨᠰᠢ ᠭᠤᠸᠠᠩᠳᠦ᠋ᠩ ᠤᠨ ᠪᠠᠷᠠᠭᠤᠨ | ᠬᠡᠰᠡᠭ ᠤᠨ ᠡᠬᠡ ᠭᠠᠵᠠᠷ ᠢ ᠲᠤᠭᠤᠯᠵᠤ ᠂ ᠴᠢᠶᠦ᠋ᠩᠵᠸᠤ ᠬᠤᠭᠤᠯᠠᠢ ᠶᠢᠨ ᠬᠦᠪᠡᠭᠡ ᠠᠴᠠ ᠵᠦᠵᠢᠶᠠᠩ ᠮᠥᠷᠡᠨ ᠤ ᠬᠦᠪᠡᠭᠡ ᠬᠦᠷᠲᠡᠯ᠎ᠡ ᠂ ᠮᠢᠩᠭᠠᠨ ᠭᠠᠵᠠᠷ ᠠᠶᠠᠯᠠᠵᠤ ᠂ | ᠶᠡᠷᠦᠩᠬᠡᠢ ᠱᠦᠵᠢ ᠰᠢ ᠶᠢᠨ ᠫᠢᠩ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠷ ᠵᠠᠮ ᠲᠤᠷᠰᠢ ᠪᠠᠶᠢᠴᠠᠭᠠᠨ ᠰᠤᠳᠤᠯᠵᠤ ᠂ ᠵᠠᠮ ᠲᠤᠷᠰᠢ ᠰᠡᠳᠭᠢᠨ ᠪᠣᠳᠣᠯᠬᠢᠯᠠᠪᠠ ᠃ | ᠦᠨᠳᠦᠰᠦᠨ ᠱᠠᠲᠤᠨ ᠳᠤ ᠭᠦᠨᠵᠡᠭᠡᠶᠢᠷᠡᠵᠦ ᠂ ᠪᠡᠶ᠎ᠡ ᠪᠠᠷ ᠢᠶᠠᠨ ᠰᠤᠷᠤᠯᠴᠠᠨ ᠮᠡᠳᠡᠯᠭᠡ ᠡᠵᠡᠮᠰᠢᠪᠡ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ | ᠶᠡᠷᠦᠩᠬᠡᠢ ᠱᠦᠵᠢ ᠰᠢ ᠶᠢᠨ ᠫᠢᠩ ᠵᠣᠭᠰᠣᠰᠢ ᠦᠭᠡᠢ ᠪᠠᠷ ᠤᠯᠤᠰ ᠤᠨ ᠳᠣᠲᠣᠭᠠᠳᠤ ᠳᠤ ᠵᠠᠭᠤ ᠭᠠᠷᠤᠢ ᠤᠳᠠᠭ᠎ᠠ ᠰᠢᠨᠵᠢᠯᠡᠨ ᠪᠠᠶᠢᠴᠠᠭᠠᠵᠤ ᠪᠠᠶᠢᠴᠠᠭᠠᠨ | ᠰᠤᠳᠤᠯᠤᠯᠲᠠ ᠬᠢᠵᠦ ᠂ ᠶᠠᠪᠤᠵᠤ ᠦᠩᠭᠡᠷᠡᠭᠰᠡᠨ ᠮᠥᠷ ᠨᠢ ᠡᠬᠡ ᠤᠯᠤᠰ ᠤᠨ ᠭᠠᠵᠠᠷ ᠪᠤᠯᠭᠠᠨ ᠳᠤ ᠲᠦᠭᠡᠭᠡᠵᠦ ᠂ ᠶᠡᠷᠦ ᠨᠢ ᠠᠷᠠᠳ ᠲᠦᠮᠡᠨ ᠤ ᠳᠤᠮᠳᠠ | ᠭᠦᠨᠵᠡᠭᠡᠶᠢᠷᠡᠵᠦ ᠂ ᠪᠣᠳᠠᠲᠤ ᠪᠠᠶᠢᠳᠠᠯ ᠢ ᠪᠠᠶᠢᠴᠠᠭᠠᠨ ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ ᠂ ᠪᠦᠬᠦ ᠨᠠᠮ ᠤᠨ ᠪᠠᠶᠢᠴᠠᠭᠠᠨ ᠰᠤᠳᠤᠯᠤᠯᠲᠠ ᠶᠢ | ᠴᠢᠬᠤᠯᠠᠴᠢᠯᠠᠬᠤ ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠂ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠳᠠᠮᠠᠭᠠᠢ ᠪᠠᠶᠢᠬᠤ ᠳᠤ ᠭᠡᠷᠡᠯ ᠰᠠᠴᠤᠷᠠᠩᠭᠤᠢ ᠳᠠᠭᠤᠷᠢᠶᠠᠯ | ᠦᠵᠡᠭᠦᠯᠵᠡᠢ ᠃ | ᠪᠡᠶ᠎ᠡ ᠪᠠᠷ ᠢᠶᠠᠨ ᠬᠡᠪ ᠲᠦᠷᠢᠮ ᠪᠣᠯᠬᠤ ᠨᠢ ᠠᠵᠢᠯ ᠪᠠ ᠠᠮᠢᠳᠤᠷᠠᠯ ᠤᠨ ᠡᠯ᠎ᠡ ᠲᠠᠯ᠎ᠠ ᠳᠤ ᠢᠯᠡᠷᠡᠵᠦ ᠪᠠᠶᠢᠳᠠᠭ ᠃ | ᠰᠢᠨᠵᠢᠯᠡᠨ ᠪᠠᠶᠢᠴᠠᠭᠠᠬᠤ ᠳᠤᠮᠳᠠ ᠶᠡᠷᠦ ᠠᠴᠠ ᠬᠦᠮᠦᠨ ᠴᠦᠬᠡᠨ ᠬᠥᠰᠭᠡ ᠬᠥᠩᠭᠡᠨ ᠪᠠᠶᠢᠵᠤ ᠂ ᠬᠤᠨᠤᠭ ᠪᠠᠭᠤᠳᠠᠯ ᠢ ᠳᠥᠭᠦᠮᠴᠢᠯᠡᠨ ᠲᠤᠬᠢᠷᠠᠭᠤᠯᠵᠤ ᠂ | ᠭᠠᠳᠠᠭᠠᠳᠤ ᠳᠤ ᠠᠶᠢᠯᠴᠢᠯᠠᠬᠤ ᠳᠠᠭᠠᠨ ᠴᠤ ᠭᠠᠳᠠᠭᠠᠲᠤ ᠶᠠᠪᠤᠳᠠᠯ ᠤᠨ ᠲᠦᠷᠢᠮ ᠲᠤᠭᠲᠠᠭᠠᠯ ᠢ ᠴᠢᠩᠭ᠎ᠠ ᠬᠡᠷᠡᠭᠵᠢᠭᠦᠯᠳᠡᠭ ᠁ ᠶᠡᠷᠦᠩᠬᠡᠢ ᠱᠦᠵᠢ ᠰᠢ ᠶᠢᠨ ᠫᠢᠩ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠲᠦᠷᠦᠭᠦᠯᠡᠨ ᠴᠢᠩᠭ᠎ᠠ ᠬᠡᠷᠡᠭᠵᠢᠭᠦᠯᠵᠦ ᠂ ᠲᠡᠷᠡ ᠶᠣᠰᠣᠭᠠᠷ ᠨᠢ ᠂ ᠬᠡᠯᠪᠡᠷᠢ ᠶᠢ ᠨᠢ | ᠬᠤᠪᠢᠷᠠᠭᠤᠯᠬᠤ ᠦᠭᠡᠢ ᠪᠠᠶᠢᠵᠤ ᠂ ᠪᠣᠳᠠᠲᠤ ᠠᠵᠢᠯᠯᠠᠭ᠎ᠠ ᠪᠠᠷ ᠢᠶᠠᠨ ᠡᠷᠡᠰ ᠪᠠᠲᠤ ᠢᠲᠡᠭᠡᠯ ᠪᠢᠰᠢᠷᠡᠯ ᠢ ᠢᠯᠡᠷᠡᠭᠦᠯᠵᠦ ᠂ ᠪᠦᠬᠦ ᠨᠡᠶᠢᠭᠡᠮ ᠤᠨ ᠰᠢᠨ᠎ᠡ ᠰᠤᠷᠲᠠᠯ ᠲᠥᠪ | ᠰᠤᠷᠲᠠᠯ ᠲᠠᠰᠤᠷᠠᠯᠳᠠ ᠦᠭᠡᠢ ᠪᠤᠢ ᠪᠤᠯᠬᠤ ᠶᠢ ᠲᠠᠶᠢᠴᠢᠯᠠᠪᠠ ᠃ | ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠬᠠᠮᠤᠭ ᠤᠨ ᠴᠢᠬᠤᠯᠠ ᠨᠢ ᠠᠷᠠᠳ ᠤᠯᠠᠨ ᠯᠤᠭ᠎ᠠ ᠶᠢᠨ ᠰᠠᠯᠵᠤ ᠪᠣᠯᠤᠰᠢ ᠦᠭᠡᠢ | ᠬᠠᠷᠢᠴᠠᠭ᠎ᠠ ᠶᠢ ᠪᠠᠲᠤᠯᠠᠬᠤ ᠡᠨᠡ ᠬᠦ ᠭᠤᠣᠯ ᠠᠰᠠᠭᠤᠳᠠᠯ ᠢ ᠠᠳᠬᠤᠬᠤ ᠬᠡᠷᠡᠭᠲᠡᠢ ᠃ | ᠬᠥᠬᠡᠭᠴᠢᠨ ᠮᠣᠭᠠᠶ ᠵᠢᠯ ᠤᠨ ᠡᠮᠦᠨᠡᠬᠡᠨ ᠂ ᠱᠠᠨᠠᠭ᠎ᠠ ᠪᠣᠭᠤᠮᠲᠠ ᠶᠢᠨ ᠭᠠᠳᠠᠨ᠎ᠠ ᠂ ᠮᠥᠰᠥ ᠴᠠᠰᠤᠨ ᠳᠤ ᠬᠤᠴᠢᠭᠳᠠᠪᠠ ᠃ ᠶᠡᠷᠦᠩᠬᠡᠢ ᠱᠦᠵᠢ ᠰᠢ ᠶᠢᠨ ᠫᠢᠩ | ᠤᠮᠠᠷᠠᠰᠢ ᠮᠣᠷᠳᠠᠵᠤ ᠂ ᠯᠢᠶᠣᠤᠨᠢᠩ ᠳᠤ ᠬᠦᠷᠴᠦ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠢ ᠪᠣᠯᠭᠤᠭᠠᠨ ᠲᠣᠬᠤᠨᠢᠭᠤᠯᠪᠠ ᠃ | ︽ ᠪᠢ ᠰᠡᠳᠭᠢᠯ ᠳᠡᠭᠡᠨ ᠪᠤᠳᠤᠭᠰᠠᠭᠠᠷ ᠪᠠᠶᠢᠨ᠎ᠠ ᠂ ᠲᠡᠷᠡ ᠬᠡᠰᠡᠭ ᠬᠤᠭᠤᠴᠠᠭᠠᠨ ᠳᠤ ᠡᠳᠦᠷ ᠪᠦᠷᠢ ᠲᠠᠨ ᠤ ᠠᠳᠡᠬᠢ ᠪᠠᠶᠢᠳᠠᠯ ᠢ ᠣᠶᠢᠯᠠᠭᠠᠵᠤ ᠪᠠᠶᠢᠯ᠎ᠠ ︾ ᠃ | ᠯᠢᠶᠣᠤᠨᠢᠩ ᠳᠤ ᠰᠢᠨᠵᠢᠯᠡᠨ ᠪᠠᠶᠢᠴᠠᠭᠠᠬᠤ ᠠᠩᠬᠠᠨ ᠤ ᠦᠷᠳᠡᠭᠡ ᠳᠤ ᠂ ᠶᠡᠷᠦᠩᠬᠡᠢ ᠱᠦᠵᠢ ᠭᠠᠯᠲᠤ ᠲᠡᠷᠭᠡ ᠂ ᠮᠠᠰᠢᠨ ᠲᠡᠷᠭᠡᠨ ᠳᠤ ᠰᠠᠭᠤᠵᠤ ᠂ ᠨᠢᠳᠤᠨᠤᠨ ᠤ | ᠦᠶᠡᠷ ᠤᠨ ᠭᠠᠮᠰᠢᠭ ᠲᠤ ᠬᠦᠨᠳᠦ ᠭᠠᠮᠰᠢᠭᠳᠠᠭᠰᠠᠨ ᠬᠤᠯᠤ ᠠᠷᠠᠯ ᠳᠤ ᠢᠷᠡᠪᠡ ᠃ | ᠠᠯᠢ ᠤᠯᠠᠨ ᠬᠥᠮᠦᠨ ᠤ ᠰᠡᠳᠭᠢᠯ ᠢ ᠬᠥᠳᠡᠯᠭᠡᠮ᠎ᠡ ᠦᠵᠡᠭᠳᠡᠯ ᠢ ᠬᠥᠮᠦᠰ ᠴᠡᠭᠡᠵᠢᠯᠡᠭᠰᠡᠭᠡᠷ ᠪᠠᠶᠢᠨ᠎ᠠ — | ᠶᠦᠨᠨᠠᠨ ᠤ ᠯᠦ ᠳ᠋ᠢᠶᠠᠨ ᠤ ᠭᠠᠵᠠᠷ ᠬᠥᠳᠡᠯᠦᠯᠲᠡ ᠶᠢᠨ ᠳᠠᠷᠠᠭ᠎ᠠ ᠂ ᠭᠠᠵᠠᠷ ᠬᠥᠳᠡᠯᠦᠯᠲᠡ ᠶᠢᠨ ᠲᠥᠪ ᠬᠠᠪᠴᠢᠯ ᠳᠤ ᠬᠦᠷᠴᠦ ᠂ ᠪᠦᠷᠢᠮᠦᠰᠦᠨ ᠡᠪᠳᠡᠭᠳᠡᠭᠰᠡᠨ | ᠬᠦᠷᠢᠶᠡᠨ ᠳᠤ ᠣᠷᠣᠵᠤ ᠂ ᠭᠠᠵᠠᠷ ᠬᠥᠳᠡᠯᠦᠯᠲᠡ ᠶᠢᠨ ᠦᠬᠦᠯ ᠰᠢᠷᠬᠠᠲᠤᠯ ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠵᠤ ᠪᠠᠶᠢᠭ᠎ᠠ ᠪᠠᠶᠢᠳᠠᠯ ᠢ | ᠯᠠᠪᠯᠠᠨ ᠠᠰᠠᠭᠤᠪᠠ ︔ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠬᠡᠴᠡᠭᠦᠦ | ᠱᠠᠲᠤᠨ ᠳᠤ ᠂ ᠦᠬᠠᠨ ᠳᠤ ᠨᠢᠰᠭᠡᠯ ᠢᠶᠠᠷ ᠬᠦᠷᠴᠦ ᠬᠢᠵᠢᠭ ᠲᠠᠢ ᠲᠡᠮᠡᠴᠡᠬᠦ ᠠᠵᠢᠯ ᠢ ᠵᠢᠯᠣᠭᠤᠳᠪᠠ ︔ ᠱᠠᠨ ᠰᠢ ᠬᠤᠪᠣᠷ ᠲᠣᠬᠢᠶᠠᠯᠳᠤᠬᠤ ᠨᠠᠮᠤᠷ ᠤᠨ ᠦᠶᠡᠷ ᠤᠨ | ᠭᠠᠮᠰᠢᠭ ᠲᠤ ᠲᠤᠯᠭᠠᠷᠠᠭᠰᠠᠨ ᠤ ᠳᠠᠷᠠᠭ᠎ᠠ ᠂ ᠶᠡᠭᠡ ᠴᠠᠰᠤᠨ ᠳᠤ ᠯᠢᠨᠹᠧᠨ ᠬᠤᠲᠠ ᠳᠤ ᠬᠦᠷᠴᠦ ᠂ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠥᠲᠥᠭᠡᠨ | ᠪᠠᠶᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ ᠁ | ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠭᠠᠮᠰᠢᠭᠳᠠᠭᠰᠠᠨ ᠣᠷᠣᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠂ ᠠᠷᠠᠳ | ᠤᠯᠠᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠂ ᠪᠤᠲᠠᠲᠠᠢ ᠬᠡᠷᠡᠭᠴᠡᠭᠡ ᠱᠠᠭᠠᠷᠳᠠᠯᠭ᠎ᠠ ᠶᠢ ᠬᠠᠯᠠᠮᠵᠢᠯᠠᠵᠤ ᠂ ᠤᠯᠠᠨ ᠤ ᠬᠦᠴᠢᠷ | ᠠᠰᠠᠭᠤᠳᠠᠯ ᠢ ᠰᠢᠢᠳᠪᠦᠷᠢᠯᠡᠨ ᠥᠭᠴᠦ ᠂ ᠡᠷᠴᠢ ᠵᠣᠷᠢᠭ ᠢ ᠨᠢ ᠬᠥᠪᠴᠢᠯᠡᠨ ᠂ ᠴᠢᠭᠯᠡᠯ ᠢ ᠵᠢᠭᠠᠵᠤ ᠂ ᠪᠣᠳᠠᠲᠤ ᠠᠵᠢᠯᠯᠠᠭ᠎ᠠ ᠪᠠᠷ ᠢᠶᠠᠨ ︽ ᠪᠢ ᠪᠣᠯ ᠠᠷᠠᠳ ᠲᠦᠮᠡᠨ ᠤ | ᠦᠢᠯᠡᠴᠢᠯᠡᠭᠴᠢ ︾ ᠭᠡᠬᠦ ᠴᠢᠩ ᠦᠨᠡᠨᠴᠢ ᠰᠡᠳᠭᠢᠯᠭᠡ ᠶᠢ ᠲᠠᠶᠢᠯᠪᠤᠷᠢᠯᠠᠭᠰᠠᠨ ᠪᠠᠶᠢᠨ᠎ᠠ ᠃ | ᠬᠡᠳᠦᠨ ᠵᠢᠯ ᠤᠨ ᠡᠮᠦᠨ᠎ᠡ ᠂ ᠶᠡᠷᠦᠩᠬᠡᠢ ᠱᠦᠵᠢ ᠰᠢ ᠶᠢᠨ ᠫᠢᠩ ᠢᠲ᠋ᠠᠯᠢ ᠶᠢᠨ ᠲᠤᠤᠷᠠᠲᠤ ᠵᠥᠪᠯᠡᠯᠭᠡᠨ ᠤ ᠳᠠᠷᠤᠭ᠎ᠠ ᠹᠧᠶᠢᠺᠧ ᠲᠠᠢ ᠠᠭᠤᠯᠵᠠᠪᠠ ᠃ ᠹᠧᠶᠢᠺᠧ ᠄ ︽ | ᠲᠠ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠪᠠᠷ ᠰᠣᠩᠭᠤᠭᠳᠠᠬᠤ ᠦᠶ᠎ᠡ ᠳᠤ ᠶᠠᠮᠠᠷ ᠰᠢᠤ ᠰᠡᠳᠭᠢᠯᠭᠡ ᠲᠠᠢ ᠪᠠᠶᠢᠭᠰᠠᠨ ᠪᠤᠢ ︖ ︾ ᠭᠡᠵᠦ ᠠᠰᠠᠭᠤᠪᠠ ᠃ | ᠶᠡᠷᠦᠩᠬᠡᠢ ᠱᠦᠵᠢ ᠰᠢ ᠶᠢᠨ ᠫᠢᠩ ᠄ ︽ ᠡᠶᠢᠮᠦ ᠶᠡᠭᠡ ᠤᠯᠤᠰ ᠂ ᠬᠠᠷᠢᠭᠤᠴᠠᠯᠭ᠎ᠠ ᠲᠦᠢᠯ ᠤᠨ ᠬᠦᠨᠳᠦ ᠂ ᠠᠵᠢᠯ ᠲᠦᠢᠯ ᠤᠨ ᠪᠡᠷᠬᠡ ᠬᠠᠲᠠᠭᠤᠵᠢᠯᠲᠠᠢ ᠃ ᠠᠮᠢ | ᠪᠡᠶ᠎ᠡ ᠪᠠᠨ ᠦᠯᠦ ᠪᠤᠳᠤᠵᠤ ᠠᠷᠠᠳ ᠲᠦᠮᠡᠨ ᠳᠤ ᠤᠰᠤᠯᠳᠠᠬᠤ ᠦᠭᠡᠢ ᠃ ᠪᠢ ᠳᠤᠷᠠᠲᠠᠶ᠎ᠠ ︿ ᠠᠮᠢ ᠪᠡᠶ᠎ᠡ ᠪᠠᠨ ᠦᠯᠦ ᠪᠤᠳᠤᠬᠤ ﹀ ᠶᠢ ᠪᠡᠶᠡᠯᠡᠭᠦᠯᠵᠦ ᠂ ᠳᠤᠮᠳᠠᠳᠤ | ᠤᠯᠤᠰ ᠤᠨ ᠬᠥᠭᠵᠢᠯᠲᠡ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ︾ ᠭᠡᠪᠡ ᠃ | ᠪᠡᠶ᠎ᠡ ᠪᠠᠷ ᠢᠶᠠᠨ ᠬᠡᠷᠡᠭᠵᠢᠬᠦᠯᠦᠭᠰᠡᠳ ᠢ ᠤᠯᠠᠨ ᠢᠶᠠᠷ ᠢᠶᠠᠨ ᠳᠠᠭᠠᠵᠤ ᠂ ᠬᠤᠭᠤᠰᠤᠨ ᠦᠭᠡ ᠬᠡᠯᠡᠭᠰᠡᠳ ᠢ ᠲᠦᠮᠡᠨ ᠢᠶᠠᠷ ᠢᠶᠠᠨ ᠵᠢᠮᠡᠯᠡᠨ᠎ᠡ ᠃ | ᠪᠠᠶᠢᠴᠠᠭᠠᠨ ᠰᠤᠳᠤᠯᠤᠯᠲᠠ ᠶᠢ ᠰᠠᠶᠢᠵᠢᠷᠠᠭᠤᠯᠬᠤ ᠲᠠᠯ᠎ᠠ ᠪᠠᠷ ᠬᠠᠷᠠᠯᠲᠠ ᠲᠠᠢ ᠪᠠᠷ ᠰᠤᠮᠤ ᠬᠠᠷᠪᠤᠵᠤ ᠂ ᠠᠰᠠᠭᠤᠳᠠᠯ ᠳᠤ ᠰᠢᠭᠤᠳ ᠬᠠᠨᠳᠤᠵᠤ ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠠᠰᠠᠭᠤᠳᠠᠯ ᠢ ᠰᠢᠢᠳᠪᠦᠷᠢᠯᠡᠬᠦ ᠰᠢᠨ᠎ᠡ ᠰᠡᠳᠭᠢᠮᠵᠢ ᠰᠢᠨ᠎ᠡ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠶᠢ | ᠴᠢᠬᠤᠯᠠᠴᠢᠯᠠᠪᠠ ︔ ᠬᠤᠷᠠᠯ ᠢ ᠴᠣᠮᠬᠠᠳᠬᠠᠬᠤ ᠠᠵᠢᠯᠯᠠᠭ᠎ᠠ ᠶᠢᠨ ᠲᠠᠯ᠎ᠠ ᠪᠠᠷ ᠂ ᠴᠢᠬᠤᠯᠠ ᠶᠡᠭᠡ ᠬᠤᠷᠠᠯ ᠤᠨ ᠠᠵᠢᠯᠯᠠᠭ᠎ᠠ ᠶᠢᠨ ᠶᠡᠷᠦᠩᠬᠡᠶ ᠬᠡᠮᠵᠢᠶ᠎ᠡ ᠶᠢ ᠡᠬᠢ | ᠡᠭᠦᠰᠦᠯ ᠠᠴᠠ ᠨᠢ ᠡᠵᠡᠮᠳᠡᠬᠦ ᠶᠢ ᠴᠢᠬᠤᠯᠠᠴᠢᠯᠠᠵᠤ ᠂ ᠲᠥᠪ ᠤᠨ ᠬᠤᠷᠠᠯ ᠤᠨ ᠠᠵᠢᠯᠯᠠᠭ᠎ᠠ ᠶᠢᠨ ᠬᠤᠷᠠᠯ ᠤᠨ ᠬᠤᠭᠤᠴᠠᠭ᠎ᠠ ᠂ ᠬᠡᠪᠴᠢᠶ᠎ᠡ ᠂ ᠪᠠᠷᠢᠮᠵᠢᠶ᠎ᠠ ᠶᠢ ᠴᠢᠩᠭ᠎ᠠ | ᠬᠢᠵᠠᠭᠠᠷᠯᠠᠪᠠ ︔ ᠪᠢᠴᠢᠭ ᠮᠠᠲ᠋ᠧᠷᠢᠶᠠᠯ ᠲᠣᠪᠴᠢ ᠮᠡᠳᠡᠭᠡ ᠶᠢ ᠴᠣᠮᠬᠠᠳᠬᠠᠬᠤ ᠲᠠᠯ᠎ᠠ ᠪᠠᠷ ᠂ ᠲᠥᠪ ᠤᠨ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠤᠨ | ᠵᠣᠬᠢᠶᠠᠯ ᠤᠨ ᠰᠤᠷᠲᠠᠯ ᠢ ᠰᠠᠶᠢᠵᠢᠷᠠᠭᠤᠯᠬᠤ ᠶᠢ ᠠᠬᠢᠭᠤᠯᠵᠤ ᠂ ︽ ᠣᠬᠤᠷ ᠪᠣᠳᠠᠲᠠᠶ ᠰᠢᠨ᠎ᠡ ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠂ ᠪᠠᠷᠢᠮᠵᠢᠶ᠎ᠠ ᠠᠴᠠ | ᠬᠡᠲᠦᠷᠡᠭᠦᠯᠦᠨ ᠪᠢᠴᠢᠭ ᠮᠠᠲ᠋ᠧᠷᠢᠶᠠᠯ ᠶᠠᠪᠤᠭᠤᠯᠬᠤ ᠠᠴᠠ ᠵᠠᠶᠢᠯᠠᠰᠭᠢᠪᠠ ᠁ | ᠲᠥᠪ ᠤᠨ ᠤᠯᠤᠰ ᠲᠦᠷᠦ ᠶᠢᠨ ᠲᠣᠪᠴᠢᠶᠠᠨ ᠤ ᠪᠤᠰᠤᠳ ᠨᠥᠬᠦᠳ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ | ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠲᠥᠪ ᠤᠨ ᠨᠠᠢᠮᠠᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ ᠂ ᠬᠤᠪᠢᠳᠠᠨ | ᠬᠠᠮᠢᠶᠠᠷᠴᠤ ᠪᠠᠶᠢᠭ᠎ᠠ ᠬᠦᠷᠢᠶ᠎ᠡ ᠂ ᠰᠠᠯᠠᠭ᠎ᠠ ᠮᠥᠴᠢᠷ ᠪᠣᠯᠤᠨ ᠪᠠᠶᠢᠭ᠎ᠠ ᠭᠠᠵᠠᠷ ᠣᠷᠣᠨ ᠤ ᠬᠢᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ | ᠠᠳᠬᠤᠪᠠ ᠃ | ᠶᠡᠷᠦᠩᠬᠡᠢ ᠱᠦᠵᠢ ᠰᠢ ᠶᠢᠨ ᠫᠢᠩ ᠤᠨ ᠵᠢᠯᠤᠭᠤᠳᠤᠯᠭ᠎ᠠ ᠳᠣᠣᠷ᠎ᠠ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠨᠠᠮ ᠤᠨ ᠰᠤᠷᠲᠠᠯ ᠢ | ᠪᠦᠬᠦ ᠲᠠᠯ᠎ᠠ ᠪᠠᠷ ᠴᠡᠪᠡᠷᠰᠢᠭᠦᠯᠵᠦ ᠂ ᠵᠠᠷᠯᠢᠭ ᠪᠠᠭᠤᠯᠭᠠᠪᠠᠯ ᠵᠠᠪᠠᠯ ᠬᠡᠷᠡᠭᠵᠢᠭᠦᠯᠵᠦ ᠂ ᠴᠥᠬᠦᠷᠡᠰᠢ ᠦᠭᠡᠢ ᠤᠷᠤᠭᠰᠢᠯᠠᠵᠤ ᠂ ᠨᠠᠮ ᠤᠨ ᠪᠦᠲᠦᠭᠡᠯᠴᠢ ᠬᠦᠴᠦᠨ ᠂ | ᠨᠢᠭᠲᠠᠷᠠᠯ ᠤᠨ ᠬᠦᠴᠦᠨ ᠂ ᠳᠠᠶᠢᠴᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ ᠃ | ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠪᠠ — ︽ ᠡᠷᠴᠢᠮ ᠢᠶᠠᠨ ᠪᠠᠲᠤᠯᠠᠵᠤ ᠂ ᠡᠷᠴᠢ ᠵᠣᠷᠢᠭ ᠢᠶᠠᠨ ᠪᠠᠲᠤᠯᠠᠵᠤ ᠂ ᠰᠠᠶᠢᠨ ᠢᠶᠠᠷ ᠡᠬᠢᠯᠡᠭᠦᠯᠵᠦ | ᠰᠠᠶᠢᠨ ᠢᠶᠠᠷ ᠲᠡᠭᠦᠰᠭᠡᠵᠦ ᠂ ᠴᠢᠳᠠᠮᠠᠭᠠᠢ ᠠᠵᠢᠯᠯᠠᠨ ᠦᠷ᠎ᠡ ᠪᠦᠳᠦᠮᠵᠢ ᠭᠠᠷᠭᠠᠵᠤ ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠶᠢ ᠲᠠᠰᠤᠷᠠᠯᠳᠠ | ᠦᠭᠡᠢ ᠤᠯᠪᠠ ︾ | ︽ ᠲᠠᠶᠢᠱᠠᠨ ᠠᠭᠤᠯᠠ ᠶᠢᠨ ᠬᠠᠭᠠᠰ ᠪᠠᠯ ᠳᠤ ᠪᠠᠶᠢᠭ᠎ᠠ ᠨᠢᠭᠡ ᠬᠡᠰᠡᠭ ᠲᠡᠭᠰᠢ ᠵᠠᠮ ᠢ ︿ ᠪᠠᠶᠠᠰᠬᠤᠯᠠᠩᠲᠤ ᠭᠤᠷᠪᠠᠨ ᠭᠠᠵᠠᠷ ﹀ ᠭᠡᠳᠡᠭ ᠂ ᠵᠠᠷᠢᠮ ᠬᠥᠮᠦᠰ ᠠᠭᠤᠯᠠ | ᠠᠪᠠᠷᠢᠭᠠᠳ ᠶᠠᠳᠠᠷᠠᠪᠠᠯ ᠠᠳᠡ ᠠᠮᠠᠷᠠᠬᠤ ᠳᠤᠷᠠᠲᠠᠶ ᠪᠠᠶᠢᠳᠠᠭ ᠃ ᠭᠡᠲᠡᠯ᠎ᠡ ᠳᠠᠮᠨᠠᠬᠤ ᠠᠵᠢᠯᠴᠢᠨ ᠶᠡᠷᠦᠳᠡᠭᠡᠨ ᠠᠳᠡ ᠤᠳᠠᠭᠠᠨ ᠠᠮᠤᠰᠬᠢᠳᠠᠭ ᠦᠭᠡᠢ ᠂ ᠤᠴᠢᠷ ᠨᠢ | ᠤᠳᠠᠭᠠᠨ ᠠᠮᠠᠷᠠᠪᠠᠯ ︿ ᠵᠠᠯᠬᠠᠭᠤᠷᠠᠵᠤ ﹀ ᠂ ᠲᠠᠬᠢᠭᠠᠳ ︿ ᠠᠷᠪᠠᠨ ᠨᠠᠢᠮᠠᠨ ᠤᠷᠢᠶᠠᠮᠠᠯ ﹀ ᠳᠡᠭᠡᠷ᠎ᠡ ᠭᠠᠷᠬᠤ ᠳᠤ ᠨᠡᠩ ᠬᠦᠴᠢᠷ ᠪᠣᠯᠳᠠᠭ ︾ ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ | ᠡᠬᠢᠯᠡᠬᠦ ᠶᠣᠰᠣᠯᠠᠯ ᠳᠡᠭᠡᠷ᠎ᠡ ᠂ ᠨᠠᠮ ᠤᠨ ᠳᠣᠲᠣᠭᠠᠳᠤ ᠶᠢᠨ ᠳᠡᠭᠡᠳᠦ ᠵᠡᠷᠭᠡ ᠶᠢᠨ ᠺᠠᠳ᠋ᠷ ᠤᠨ ᠡᠮᠦᠨ᠎ᠡ ᠂ ᠶᠡᠷᠦᠩᠬᠡᠢ ᠱᠦᠵᠢ ᠰᠢ ᠶᠢᠨ ᠫᠢᠩ ᠠᠮᠢᠳᠤᠯᠢᠭ ᠦᠯᠢᠭᠡᠷ ᠢᠶᠠᠷ | ︽ ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ ︾ ᠭᠡᠬᠦ ᠪᠣᠷᠣᠭᠵᠢᠭᠤᠨ ᠶᠣᠰᠣ ᠶᠢ ᠲᠠᠶᠢᠯᠪᠤᠷᠢᠯᠠᠪᠠ ᠃ | ᠴᠢᠩᠭ᠎ᠠ ᠠᠳᠬᠤᠨ ᠳᠠᠳᠬᠠᠯ ᠪᠤᠯᠭᠠᠵᠤ ᠂ ᠦᠷ᠎ᠡ ᠪᠦᠲᠦᠮᠵᠢ ᠭᠠᠷᠭᠠᠵᠤ ᠂ ᠰᠤᠷᠳᠠᠯ ᠢ ᠬᠤᠪᠢᠷᠠᠭᠤᠯᠪᠠ ᠃ | ᠰᠢᠨ᠎ᠡ ᠴᠠᠭ ᠦᠶ᠎ᠡ ᠳᠤ ᠤᠷᠤᠭᠰᠠᠨ ᠤ ᠳᠠᠷᠠᠭ᠎ᠠ ᠂ ᠶᠡᠷᠦᠩᠬᠡᠶ ᠱᠦᠵᠢ ᠰᠢ ᠶᠢᠨ ᠫᠢᠩ ᠤᠨ ᠵᠢᠯᠣᠭᠤᠳᠣᠯᠭ᠎ᠠ ᠳᠤᠤᠷ᠎ᠠ ᠂ ᠪᠥᠬᠦ ᠨᠠᠮ ᠢᠶᠠᠷ ᠢᠶᠠᠨ ᠰᠤᠷᠲᠠᠯ ᠤᠨ | ᠪᠠᠶᠢᠭᠤᠯᠤᠯᠲᠠ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠶ ᠡᠵᠡᠮᠳᠡᠵᠦ ᠂ ᠰᠤᠷᠲᠠᠯ ᠤᠨ ᠬᠡᠮ ᠠᠷᠬᠠᠭ ᠢ ᠰᠢᠨᠵᠢᠯᠡᠬᠦ ᠤᠬᠠᠭᠠᠨᠴᠢ ᠪᠠᠷ | ᠨᠠᠷᠢᠯᠢᠭ ᠣᠨᠤᠴᠠᠳᠠᠢ ᠴᠡᠭᠴᠡᠯᠡᠨ ᠵᠠᠰᠠᠵᠤ ᠂ ᠨᠠᠮ ᠤᠨ ᠭᠡᠰᠢᠭᠦᠨ ᠂ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠢ ᠲᠠᠰᠤᠷᠠᠯᠲᠠ ᠥᠬᠡᠶ | ᠬᠥᠭᠵᠢᠭᠡᠵᠦ ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠳᠤ ᠪᠠᠲᠤᠯᠠᠭ᠎ᠠ ᠬᠠᠩᠭᠠᠪᠠ ᠃ | ︽ ᠤᠯᠤᠰ ᠲᠥᠷᠥ ᠶᠢᠨ ᠨᠢᠭᠤᠴᠠᠭᠠᠢ ᠳᠦᠷᠢᠮ ︾ ᠢ ᠡᠪᠳᠡᠵᠦ ᠂ ︽ ᠰᠤᠷᠲᠠᠯ ︾ ᠢ ᠴᠢᠩᠭ᠎ᠠ ᠵᠠᠯᠠᠷᠠᠭᠤᠯᠵᠤ ᠠᠷᠢᠭᠤᠨ ᠴᠢᠬᠡᠴᠢ ᠤᠯᠤᠰ ᠲᠥᠷᠥ ᠶᠢᠨ ᠠᠮᠢ | ᠠᠬᠤᠶ ᠶᠢ ᠪᠠᠬᠢᠵᠢᠭᠦᠯᠪᠡ — | 2023 ᠣᠨ ᠤ 1 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠬᠤᠶᠠᠳᠤᠭᠠᠷ ᠪᠦᠬᠦᠳᠠ ᠬᠤᠷᠠᠯ ᠬᠤᠷᠠᠯᠳᠤᠪᠠ ᠃ | ︽ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︿ ᠲᠦᠷᠪᠡᠨ ᠰᠤᠷᠲᠠᠯ ﹀ ᠢ ᠵᠠᠯᠠᠷᠠᠭᠤᠯᠵᠤ ᠂ ᠣᠨᠴᠠ ᠡᠷᠬᠡ ᠶᠢᠨ ᠦᠵᠡᠯ ᠰᠠᠨᠠᠭ᠎ᠠ ᠪᠣᠯᠤᠨ ᠣᠨᠴᠠ ᠡᠷᠬᠡ ᠶᠢᠨ | ᠦᠵᠡᠭᠳᠡᠯ ᠢ ᠡᠷᠡᠰ ᠡᠰᠡᠷᠭᠦᠴᠡᠵᠦ ᠂ ᠴᠢᠯᠠᠭᠤᠨ ᠳᠡᠭᠡᠷ᠎ᠡ ᠬᠢᠰᠭᠢᠪᠡᠯ ᠮᠥᠷ ᠲᠠᠢ ᠂ ᠲᠡᠮᠤᠷ ᠪᠠᠷᠢᠪᠠᠯ ᠤᠷᠤᠮ ᠲᠠᠢ ᠪᠠᠶᠢᠵᠤ ᠂ ᠤᠷᠳᠤ ᠬᠤᠭᠤᠴᠠᠭ᠎ᠠ ᠪᠠᠷ ᠵᠤᠬᠰᠤᠭᠠᠵᠤ | ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ ᠵᠤᠬᠰᠤᠭᠠᠵᠤ ᠂ ᠤᠯᠠᠨ ᠵᠢᠯ ᠤᠨ ᠲᠤᠷᠰᠢ ᠠᠷᠢᠯᠭᠠᠭᠠᠳᠤᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠵᠤ ᠂ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠳᠦᠷᠰᠦ ᠪᠠᠶᠢᠳᠠᠯ ᠢᠶᠠᠷ ᠠᠷᠠᠳ ᠤᠯᠠᠨ ᠤ ᠢᠲᠡᠭᠡᠯ ᠬᠦᠷᠢᠶᠡᠯᠡᠯ ᠢ ᠤᠯᠪᠠ ︾ ᠃ | ᠬᠤᠷᠠᠯ ᠳᠡᠭᠡᠷ᠎ᠡ ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠣᠯᠤᠭᠰᠠᠨ ᠴᠢᠬᠤᠯᠠ ᠶᠡᠭᠡ | ᠠᠮᠵᠢᠯᠲᠠ ᠪᠦᠲᠦᠮᠵᠢ ᠶᠢ ᠭᠦᠨᠵᠡᠭᠡᠢ ᠳ᠋ᠦᠩᠨᠡᠪᠡ ᠃ | ᠰᠤᠷᠲᠠᠯ ᠤᠨ ᠪᠠᠶᠢᠭᠤᠯᠤᠯᠲᠠ ᠬᠡᠵᠢᠶᠡᠳᠡ ᠵᠤᠬᠰᠤᠰᠢ ᠦᠭᠡᠢ ᠪᠠᠶᠢᠵᠤ ᠡᠴᠦᠰ ᠲᠤᠨᠢ ᠳᠤᠯᠳᠠᠯ᠎ᠠ ᠴᠢᠩᠭ᠎ᠠ ᠠᠳᠬᠤᠪᠠ ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠴᠢᠩᠭ᠎ᠠ | ᠪᠠᠶᠢᠬᠤ ᠪᠠᠷᠢᠮᠵᠢᠶ᠎ᠠ ᠪᠠ ᠴᠢᠩᠭ᠎ᠠ ᠪᠠᠶᠢᠬᠤ ᠠᠭᠤᠷ ᠠᠮᠢᠰᠬᠤᠯ ᠢ ᠪᠠᠷᠢᠮᠲᠠᠯᠠᠵᠤ ᠂ ︽ ᠳᠥᠷᠪᠡᠨ ᠰᠤᠷᠲᠠᠯ ︾ ᠢ ᠵᠠᠯᠠᠷᠠᠭᠤᠯᠤᠨ ᠵᠠᠰᠠᠬᠤ ᠠᠵᠢᠯ ᠢᠯᠡᠳᠲᠡ ᠦᠷ᠎ᠡ | ᠪᠦᠲᠦᠮᠵᠢ ᠤᠯᠪᠠ ᠄ | ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠪᠡᠯᠡᠭ ᠤᠨ ᠵᠣᠭᠤᠰ ᠬᠤᠷᠢᠶᠠᠵᠤ ᠬᠦᠷᠭᠡᠭᠰᠡᠨ ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠵᠡᠷᠭᠡ | ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠵᠤ ᠂ ᠲᠦᠷᠭᠡᠨ ᠬᠦᠷᠭᠡᠯᠲᠡ ᠪᠠᠷ ᠪᠡᠯᠡᠭ ᠬᠦᠷᠭᠡᠬᠦ ᠂ ᠠᠯᠪᠠᠨ ᠤ ᠵᠣᠭᠤᠰ ᠢᠶᠠᠷ ᠵᠢᠭᠤᠯᠴᠢᠯᠠᠬᠤ ᠵᠡᠷᠭᠡ ᠨᠢᠭᠤᠭᠳᠠᠮᠠᠯ | ᠤᠨᠳᠤᠤᠰᠢᠯ ᠠᠰᠠᠭᠤᠳᠠᠯ ᠢ ᠭᠦᠨᠵᠡᠭᠡᠶ ᠠᠭᠤᠳᠠᠯᠤᠨ ᠨᠠᠷᠢᠨ ᠪᠠᠶᠢᠴᠠᠭᠠᠵᠤ ᠂ ᠠᠯᠪᠠᠨ ᠬᠡᠷᠡᠭᠯᠡᠭᠡᠨ ᠤ ᠬᠡᠷ ᠦᠷᠦᠭᠡ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠢ | ᠴᠢᠩᠭ᠎ᠠ ᠠᠩᠬᠠᠷᠴᠤ ᠂ ᠠᠯᠢ ᠣᠯᠠᠨ ᠭᠠᠵᠢᠭᠤ ᠰᠤᠷᠲᠠᠯ ᠤᠨ ᠬᠡᠮ ᠰᠣᠭᠤᠭ ᠨᠢ ᠬᠥᠮᠦᠨ ᠪᠦᠬᠦᠨ ᠤ ︽ ᠵᠠᠨᠤᠯᠳᠤ ᠡᠳᠡᠭᠡᠳ ︾ ᠪᠣᠯᠤᠭᠰᠠᠨ ᠪᠠᠶᠢᠨ᠎ᠠ ︔ | ︽ ᠬᠠᠭᠠᠰ ᠳᠤᠲᠠᠭᠤ ᠤᠷᠬᠢᠭᠰᠠᠨ ︾ ᠪᠠᠷᠢᠯᠭ᠎ᠠ ᠂ ︽ ᠦᠩᠭᠡᠨ ᠲᠠᠯ᠎ᠠ ᠶᠢᠨ ᠢᠨᠵᠧᠨᠧᠷᠢᠩ ︾ ᠬᠢᠬᠦ ᠵᠢᠴᠢ ᠬᠠᠷᠢᠭᠤᠴᠠᠯᠭ᠎ᠠ ᠡᠭᠦᠷᠭᠡᠯᠡᠬᠦ ᠦᠭᠡᠢ ᠂ ᠠᠵᠢᠯ ᠬᠢᠬᠦ | ᠦᠭᠡᠢ ᠂ ᠳᠤᠷ᠎ᠠ ᠪᠠᠷ ᠢᠶᠠᠨ ᠦᠢᠯᠡᠳᠬᠦ ᠵᠡᠷᠭᠡ ᠶᠢ ᠲᠤᠰᠬᠠᠢ ᠴᠡᠭᠴᠡᠯᠡᠨ ᠵᠠᠰᠠᠵᠤ ᠂ ᠰᠣᠩᠭᠤᠯᠲᠠ ᠬᠢᠬᠦ ᠂ ᠦᠭᠡᠷᠡᠳᠦᠬᠦᠯᠦᠨ ᠬᠤᠪᠢᠷᠠᠭᠤᠯᠬᠤ ᠂ ᠳᠤᠲᠠᠭᠤ ᠲᠤᠷᠭᠤᠨ | ᠬᠢᠵᠦ ᠂ ᠣᠪᠣᠷ ᠢᠶᠠᠨ ᠢᠯᠡᠳᠭᠡᠬᠦ ᠨᠢ ᠤᠯᠠᠨ ᠬᠠᠰᠬᠢᠷᠬᠤ ᠳᠠᠭᠤ ᠨᠢ ᠦᠨᠳᠦᠷ ᠂ ᠠᠵᠢᠯᠯᠠᠭ᠎ᠠ ᠨᠢ ᠴᠥᠭᠡᠨ ᠨᠠᠶᠢᠳᠠᠪᠤᠷᠢᠵᠢᠭᠤᠯᠤᠯᠲᠠ ᠨᠢ ᠠᠨᠠᠢ ᠪᠠᠶᠢᠬᠤ ᠠᠰᠠᠭᠤᠳᠠᠯ ᠢ | ᠲᠥᠪᠯᠡᠷᠡᠭᠦᠯᠦᠨ ᠵᠠᠯᠠᠷᠠᠭᠤᠯᠵᠤ ᠂ ᠨᠢᠭᠡ ᠪᠦᠯᠦᠭ ᠥᠭᠡᠷᠡᠴᠢᠯᠡᠯᠲᠡ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠪᠠ ︔ | ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠪᠠ ︽ ᠠᠯᠪᠠᠨ ᠤ ᠭᠤᠷᠪᠠᠨ ᠵᠠᠷᠤᠳᠠᠯ ︾ ᠤᠨ ᠵᠠᠷᠤᠯᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ | ᠬᠤᠯᠪᠣᠭᠠᠯᠠᠨ ᠬᠥᠳᠡᠯᠦᠯᠴᠡᠵᠦ ᠬᠠᠮᠲᠤᠷᠠᠨ ᠪᠠᠶᠢᠴᠠᠭᠠᠵᠤ ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠤᠭᠰᠠᠨ ᠪᠠ ᠰᠣᠭᠲᠣᠭᠤ ᠪᠠᠷ ᠲᠡᠷᠭᠡ | ᠵᠢᠯᠣᠭᠤᠳᠤᠭᠰᠠᠨ ᠤ ᠠᠷᠤ ᠳᠠᠬᠢ ︽ ᠳᠥᠷᠪᠡᠨ ᠰᠤᠷᠲᠠᠯ ︾ ᠤᠨ ᠠᠰᠠᠭᠤᠳᠠᠯ ᠢ ᠴᠢᠩᠭ᠎ᠠ ᠪᠠᠶᠢᠴᠠᠭᠠᠵᠤ ᠂ ᠬᠢᠨᠠᠯᠲᠠ ᠲᠠᠯᠪᠢᠬᠤ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ | ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ ᠂ ᠳᠦᠷᠪᠡᠨ ᠰᠤᠷᠲᠠᠯ ᠪᠠ ᠢᠯᠵᠢᠷᠠᠯ ᠢ ᠰᠡᠷᠭᠡᠶᠢᠯᠡᠨ ᠵᠠᠰᠠᠬᠤ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠲᠠ ᠥᠬᠡᠶ | ᠪᠠᠬᠢᠵᠢᠭᠦᠯᠪᠡ ᠃ | ᠡᠳᠦᠭᠡ ᠂ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠂ ᠲᠥᠪ ᠤᠨ ᠨᠠᠢᠮᠠᠨ ᠲᠣᠭᠲᠠᠭᠠᠯ ᠨᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ | ᠪᠣᠯᠤᠨ ᠤᠯᠤᠰ ᠲᠦᠷᠦ ᠶᠢᠨ ᠠᠮᠢ ᠠᠬᠤᠢ ᠶᠢ ᠶᠡᠭᠡ ᠪᠠᠷ ᠰᠠᠶᠢᠵᠢᠷᠠᠭᠤᠯᠵᠤ ᠂ ᠤᠯᠠᠨ ᠳᠤ ᠦᠨᠡᠨ ᠬᠦ ᠂ ᠪᠣᠳᠠᠲᠠᠢ ᠬᠤᠪᠢᠷᠠᠯᠲᠠ ᠶᠢ ᠮᠡᠳᠡᠷᠡᠭᠦᠯᠵᠡᠢ ᠭᠡᠵᠦ ᠨᠡᠶᠢᠳᠡᠮ | ᠲᠤᠰᠬᠠᠵᠠᠭᠠᠪᠠ ᠃ | ︽ ᠪᠠᠭ᠎ᠠ ᠤᠭᠳᠤᠯᠤᠭᠠᠰᠤ ︾ ᠶᠡᠭᠡ ᠬᠤᠪᠢᠷᠠᠯᠲᠠ ᠶᠢ ᠠᠪᠴᠢᠷᠠᠵᠤ ᠂ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠴᠣ ᠰᠢᠨ᠎ᠡ ᠪᠠᠶᠢᠳᠠᠯ ᠢᠶᠠᠷ ᠨᠡᠶᠢᠭᠡᠮ ᠤᠨ | ᠰᠤᠷᠲᠠᠯ ᠤᠨ ᠭᠦᠨᠵᠡᠭᠡᠶ ᠬᠤᠪᠢᠷᠠᠯᠲᠠ ᠶᠢ ᠬᠦᠰᠢᠵᠦ ᠬᠥᠳᠡᠯᠭᠡᠪᠡ — | 2025 ᠣᠨ ᠤ 3 ᠰᠠᠷ᠎ᠠ ᠶᠢᠨ 3 ᠤ ᠡᠳᠦᠷ ᠂ ᠪᠡᠭᠡᠵᠢᠩ ᠤᠨ ᠵᠢᠩ ᠰᠢ ᠵᠣᠴᠢᠳ ᠤᠨ ᠪᠠᠭᠤᠳᠠᠯ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠬᠤ ᠪᠠᠷ ᠢᠷᠡᠭᠰᠡᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠢ | ᠤᠭᠲᠤᠨ ᠠᠪᠴᠠᠢ ᠃ | ︽ ᠥᠷᠥᠭᠡᠨ ᠳᠡᠭᠡᠨ ᠤᠷᠤᠬᠤ ᠳᠤ ᠰᠢᠷᠡᠭᠡᠨ ᠳᠡᠭᠡᠷ᠎ᠡ ᠲᠠᠯᠪᠢᠭᠰᠠᠨ ︿ ᠬᠤᠷᠠᠯ ᠤᠨ ᠰᠤᠷᠲᠠᠯ ᠢ ᠰᠠᠶᠢᠵᠢᠷᠠᠭᠤᠯᠵᠤ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠬᠤ | ᠠᠵᠢᠯ ᠤᠨ ᠲᠦᠷᠢᠮ ﹀ ᠣᠨᠴᠠᠭᠠᠢ ᠢᠯᠡ ᠲᠣᠳᠣ ᠬᠠᠷᠠᠭᠳᠠᠵᠤ ᠂ ᠳᠡᠭᠡᠷᠡᠬᠢ ᠱᠠᠭᠠᠷᠳᠠᠯᠭ᠎ᠠ ᠨᠢ ᠲᠣᠳᠣᠷᠬᠠᠢ ᠪᠥᠭᠡᠳ ᠪᠣᠳᠠᠲᠠᠢ ᠪᠠᠶᠢᠯ᠎ᠠ ︾ ᠃ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠩ ᠵᠤᠤ ᠯᠢ ᠂ ᠬᠤᠷᠠᠯ ᠳᠤ ᠣᠷᠣᠯᠴᠠᠭᠰᠠᠨ ᠬᠤᠭᠤᠴᠠᠭᠠᠨ ᠳᠤ ᠂ ᠪᠣᠷᠣᠭᠵᠢᠭᠤᠨ | ᠪᠣᠳᠠᠲᠠᠢ ᠶᠢ ᠡᠷᠬᠢᠮᠯᠡᠭᠰᠡᠨ ᠬᠤᠷᠠᠯ ᠤᠨ ᠰᠤᠷᠲᠠᠯ ᠨᠠᠳᠠ ᠳᠤ ᠭᠦᠨ ᠰᠠᠭᠤᠭᠳᠠᠯ ᠦᠯᠡᠳᠡᠭᠡᠵᠡᠢ ᠭᠡᠵᠦ ᠢᠯᠡᠳᠬᠡᠪᠡ ᠃ | ᠪᠦᠬᠦ ᠤᠯᠤᠰ ᠤᠨ ᠬᠤᠶᠠᠷ ᠬᠤᠷᠠᠯ ᠪᠣᠯ ᠮᠠᠨ ᠤ ᠤᠯᠤᠰ ᠤᠨ ᠤᠯᠤᠰ ᠲᠥᠷᠥ ᠶᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠮᠥᠨ ᠂ ᠪᠠᠰᠠ ᠴᠤ | ᠨᠠᠮ ᠤᠨ ᠰᠤᠷᠲᠠᠯ ᠵᠠᠰᠠᠭ ᠤᠨ ᠰᠤᠷᠲᠠᠯ ᠢ ᠠᠵᠢᠭᠯᠠᠬᠤ ᠴᠢᠬᠤᠯᠠ ᠴᠣᠩᠬᠤᠪᠴᠢ ᠮᠥᠨ ᠃ | ᠲᠥᠯᠥᠭᠡᠯᠡᠭᠴᠢᠳ ᠤᠨ ᠪᠦᠯᠬᠦᠮ ᠢ ᠤᠭᠲᠤᠨ ᠬᠦᠷᠭᠡᠬᠦ ᠶᠣᠰᠣᠯᠠᠯ ᠡᠷᠭᠢᠯᠡᠬᠦ ᠥᠬᠡᠶ ᠂ ᠯᠤᠩᠬᠤ ᠲᠠᠢ ᠷᠠᠰᠢᠶᠠᠨ ᠤᠰᠤ ᠲᠠᠯᠪᠢᠬᠤ ᠭᠠᠵᠠᠷ ᠲᠤ ︽ ᠤᠤᠭᠤᠬᠤ | ᠤᠰᠤ ᠶᠢ ᠠᠷᠪᠢᠯᠠᠬᠤ ᠠᠵᠢᠯᠯᠠᠭ᠎ᠠ ︾ ᠶᠢᠨ ᠲᠡᠮᠳᠡᠭ ᠲᠠᠯᠪᠢᠵᠤ ᠂ ︽ ᠠᠷᠪᠢᠳᠠᠢ ᠬᠤᠭᠤᠯᠠᠯᠠᠬᠤ ᠠᠵᠢᠯᠯᠠᠭ᠎ᠠ ︾ ᠶᠢ ᠰᠠᠨᠠᠭᠠᠴᠢᠯᠠᠨ ᠂ ᠬᠡᠷ ᠦᠷᠦᠭᠡ ᠬᠡᠷᠡᠭᠯᠡᠬᠦ ᠲᠤᠭ᠎ᠠ | ᠬᠡᠮᠵᠢᠶ᠎ᠡ ᠶᠢ ᠪᠠᠭᠠᠰᠬᠠᠵᠤ ᠂ ᠲᠡᠷᠭᠡ ᠬᠥᠰᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ ᠁ ᠪᠥᠬᠦ ᠤᠯᠤᠰ ᠤᠨ ᠬᠤᠶᠠᠷ ᠬᠤᠷᠠᠯ ᠤᠨ | ᠬᠤᠭᠤᠴᠠᠭᠠᠨ ᠳᠤ ᠂ ᠠᠷᠪᠢᠯᠠᠨ ᠭᠠᠮᠨᠠᠬᠤ ᠰᠤᠷᠲᠠᠯ ᠭᠠᠵᠠᠷ ᠪᠣᠯᠭᠠᠨ ᠳᠤ ᠢᠯᠡᠷᠡᠵᠦ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠤᠷᠠᠯ ᠤᠨ ᠰᠢᠨ᠎ᠡ | ᠰᠤᠷᠲᠠᠯ ᠂ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠠᠢ ᠃ | ᠰᠠᠶᠢᠨ ᠬᠤᠷᠠᠯ ᠤᠨ ᠰᠤᠷᠲᠠᠯ ᠨᠢ ᠰᠠᠶᠢᠨ ᠤᠪᠤᠷ ᠰᠤᠷᠲᠠᠯ ᠢ ᠲᠤᠰᠬᠠᠵᠤ ᠂ ︽ ᠰᠠᠶᠢᠲᠤᠷ ᠭᠠᠮᠨᠠᠨ ᠠᠷᠪᠢᠯᠠᠵᠤ ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ ︾ | ᠣᠶᠢᠯᠠᠭᠠᠭᠳᠠᠬᠤᠨ ᠬᠥᠮᠦᠰ ᠤᠨ ᠰᠡᠳᠭᠢᠯ ᠳᠤ ᠤᠯᠠᠮ ᠭᠦᠨ ᠬᠠᠳᠠᠩᠰᠢᠪᠠ ᠃ | ︽ ᠪᠠᠭ᠎ᠠ ᠬᠡᠮᠵᠢᠶᠡᠨ ᠤ ᠨᠣᠭᠤᠭ᠎ᠠ ᠨᠢ ᠨᠡᠩ ᠲᠣᠬᠢᠷᠠᠮᠵᠢᠲᠠᠶ ︾ ᠂ ︽ ᠦᠯᠡᠳᠡᠭᠰᠡᠨ ᠨᠣᠭᠤᠭ᠎ᠠ ᠪᠠᠨ ᠪᠠᠭᠯᠠᠭᠠᠳ ᠠᠪᠴᠤ ᠶᠠᠪᠤᠭᠠᠷᠠᠢ ︾ ᠂ ᠬᠤᠭᠤᠯᠠᠨ ᠭᠡᠷ ᠲᠠᠬᠢ | ᠶᠠᠷᠢᠯᠴᠠᠭ᠎ᠠ ᠨᠢ ᠬᠡᠪ ᠰᠤᠷᠲᠠᠯ ᠤᠨ ᠬᠤᠪᠢᠷᠠᠯᠲᠠ ᠶᠢ ᠲᠤᠰᠬᠠᠵᠤ ᠪᠠᠶᠢᠨ᠎ᠠ ︔ ᠶᠧᠪᠡᠩ ᠂ ᠲᠣᠮᠣ ᠨᠠᠢᠮᠠᠯᠵᠢ ᠵᠡᠷᠭᠡ ︽ ᠲᠩᠷᠢ ᠶᠢᠨ ᠦᠨ᠎ᠡ ︾ ᠳᠤᠯᠤᠭᠰᠠᠨ ᠢᠳᠡᠭᠡᠨ ᠨᠢ | ︽ ᠠᠷᠠᠳ ᠤᠯᠠᠨ ᠬᠦᠯᠢᠶᠡᠨ ᠠᠪᠴᠤ ᠳᠡᠶᠢᠯᠬᠦ ︾ ᠦᠨ᠎ᠡ ᠬᠠᠩᠰᠢ ᠶᠢᠨ ᠱᠤᠭᠤᠮ ᠳᠠᠭᠠᠨ ᠪᠤᠴᠠᠪᠠ ︔ ᠬᠤᠷᠢᠮ ᠤᠨ ᠶᠠᠪᠤᠳᠠᠯ ᠢ ᠰᠢᠨ᠎ᠡ ᠮᠠᠶ᠋ᠢᠭ ᠢᠶᠠᠷ ᠬᠢᠵᠦ ᠂ | ᠣᠷᠣᠰᠢᠭᠤᠯᠭ᠎ᠠ ᠶᠢᠨ ᠶᠠᠪᠤᠳᠠᠯ ᠢ ᠳᠥᠭᠦᠮ ᠢᠶᠠᠷ ᠬᠢᠬᠦ ᠶᠢ ᠤᠯᠠᠮ ᠠᠴᠠ ᠣᠯᠠᠨ ᠬᠥᠮᠦᠨ ᠬᠦᠯᠢᠶᠡᠨ ᠠᠪᠬᠤ ᠪᠣᠯᠵᠠᠶ ︔ ᠴᠥᠭᠡᠨ ᠪᠤᠰᠤ ᠬᠥᠮᠦᠰ ︽ | ᠥᠩᠭᠡᠷᠡᠭᠰᠡᠨ ᠳᠤ ᠬᠡᠨ ᠤ ᠲᠡᠷᠭᠡ ᠰᠠᠶᠢᠨ ᠭᠡᠳᠡᠭ ᠢ ᠠᠳᠠᠯᠢᠳᠬᠠᠳᠠᠭ ᠪᠠᠶᠢᠪᠠ ᠂ ᠣᠳᠣ ᠬᠡᠨ ᠨᠢ ᠡᠳᠦᠷ ᠲᠤ ᠨᠡᠩ ᠤᠯᠠᠨ ᠠᠯᠬᠤᠭᠰᠠᠨ ᠪᠤᠢ ᠭᠡᠳᠡᠭ ᠢᠶᠠᠨ | ᠠᠳᠠᠯᠢᠳᠬᠠᠬᠤ ᠪᠤᠯᠤᠯ᠎ᠠ ︾ ᠭᠡᠵᠡᠭᠡᠨ᠎ᠡ ᠁ | ᠨᠠᠢᠮᠠᠨ ᠲᠣᠭᠲᠠᠭᠠᠯ ᠤᠨ ᠠᠪᠴᠢᠷᠠᠭᠰᠠᠨ ᠰᠤᠷᠲᠠᠯ ᠤᠨ ᠬᠤᠪᠢᠷᠠᠯᠲᠠ ᠨᠢ ᠳᠤᠮᠳᠠᠳᠤ ᠤᠯᠤᠰ ᠤᠨ ᠬᠥᠮᠦᠨ ᠤ ᠠᠮᠢᠳᠤᠷᠠᠯ ᠢ ᠪᠣᠳᠠᠲᠠᠶ ᠪᠥᠭᠡᠳ ᠭᠦᠨᠵᠡᠭᠡᠶ | ᠨᠥᠯᠥᠭᠡᠯᠡᠵᠦ ᠪᠠᠶᠢᠨ᠎ᠠ ᠃ | ᠦᠨᠳᠦᠰᠦᠨ ᠱᠠᠲᠤᠨ ᠤ ᠺᠠᠳ᠋ᠷ ᠤᠨ ︽ ᠳᠠᠷᠤᠭᠠᠰᠤ ︾ ᠶᠢ ᠬᠦᠩᠭᠡᠷᠡᠬᠦᠯᠬᠦ ᠨᠢ ︽ ᠳᠤᠮᠳᠠᠳᠤ ᠤᠯᠤᠰ ᠤᠨ ᠵᠠᠰᠠᠯᠲᠠ ︾ ᠶᠢᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ — | 2024 ᠣᠨ ᠤ ᠨᠠᠮᠤᠷ ᠂ ᠶᠡᠷᠦᠩᠬᠡᠢ ᠱᠦᠵᠢ ᠰᠢ ᠶᠢᠨ ᠫᠢᠩ ᠡᠮᠦᠨᠡᠰᠢ ᠬᠤᠪᠸᠢ ᠳᠤ ᠬᠦᠷᠪᠡ ᠃ ᠰᠢᠶᠠᠨ ᠨᠢᠩ ᠬᠤᠲᠠ ᠶᠢᠨ ᠵᠢᠶᠠ ᠢᠦᠶ ᠰᠢᠶᠠᠨ ᠤ ᠫᠠᠨ | ᠵᠢᠶᠠ ᠸᠠᠨ ᠪᠠᠯᠭᠠᠰᠤᠨ ᠤ ᠰᠧ ᠢ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠠᠶᠠᠭᠠᠨ ᠳᠡᠭᠡᠷ᠎ᠡ ᠨᠠᠭᠠᠭᠰᠠᠨ ︽ ᠣᠯᠠᠨ | ᠲᠦᠮᠡᠨ ᠳᠤ ᠦᠢᠯᠡᠴᠢᠯᠡᠬᠦ ᠵᠦᠢᠯᠡᠰ ᠤᠨ ᠨᠠᠷᠢᠨ ᠳᠠᠩᠰᠠ ︾ ᠨᠢ ᠶᠡᠷᠦᠩᠬᠡᠶ ᠱᠦᠵᠢ ᠶᠢᠨ ᠠᠩᠬᠠᠷᠤᠯ ᠢ ᠲᠠᠲᠠᠪᠠ ᠃ | ︽ ᠥᠩᠭᠡᠷᠡᠭᠰᠡᠨ ᠳᠤ ᠤᠯᠠᠨ ᠲᠦᠮᠡᠨ ᠠᠵᠢᠯ ᠶᠠᠪᠤᠳᠠᠯ ᠬᠢᠬᠦ ᠶᠢ ᠱᠠᠭᠠᠷᠳᠠᠵᠤ ᠪᠠᠶᠢᠵᠠᠢ ᠂ ᠤᠳᠤ ᠨᠠᠮ ᠤᠨ ᠭᠡᠰᠢᠭᠦᠨ ᠺᠠᠳ᠋ᠷ ᠠᠴᠠ ᠤᠯᠠᠨ ᠲᠦᠮᠡᠨ ᠳᠤ ᠠᠵᠢᠯ | ᠶᠠᠪᠤᠳᠠᠯ ᠬᠢᠵᠦ ᠥᠭᠴᠦ ᠂ ᠦᠢᠯᠡᠴᠢᠯᠡᠵᠦ ᠪᠠᠶᠢᠨ᠎ᠠ ᠂ ᠡᠨᠡ ᠪᠣᠯ ᠦᠨᠳᠦᠰᠦᠨ ᠬᠤᠪᠢᠷᠠᠯᠲᠠ ᠪᠣᠯᠤᠨ᠎ᠠ ︾ ᠃ ᠶᠡᠷᠦᠩᠬᠡᠶ ᠱᠦᠵᠢ ᠰᠢ ᠶᠢᠨ ᠫᠢᠩ ᠄ ︽ ᠦᠨᠳᠦᠰᠦᠨ | ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ ᠂ ᠦᠨᠳᠦᠰᠦᠨ ᠱᠠᠲᠤᠨ ᠤ ᠺᠠᠳ᠋ᠷᠴᠤᠳ ᠢ ᠨᠠᠩ ᠣᠯᠠᠨ ᠴᠠᠭ ᠪᠠ ᠣᠶᠤᠨ ᠴᠢᠳᠠᠯ ᠢᠶᠠᠨ ᠣᠯᠠᠨ | ᠲᠦᠮᠡᠨ ᠳᠤ ᠵᠤᠷᠢᠭᠤᠯᠵᠤ ᠦᠢᠯᠡᠴᠢᠯᠡᠵᠦ ᠳᠡᠶᠢᠯᠬᠦ ᠪᠤᠯᠭᠠᠬᠤ ᠬᠡᠷᠡᠭᠲᠡᠶ ︾ ᠭᠡᠪᠡ ᠃ | ᠭᠠᠭᠴᠠ ᠬᠦ ᠬᠥᠩᠭᠡᠷᠡᠭᠦᠯᠬᠦ ᠶᠣᠰᠣᠲᠠᠢ ᠳᠠᠷᠤᠭᠠᠰᠤ ᠶᠢ ᠳᠠᠶᠠᠭᠳᠠᠪᠠᠯ ᠰᠠᠶ᠋ᠢ ᠡᠭᠦᠷᠭᠡᠯᠡᠬᠦ ᠶᠣᠰᠣᠲᠠᠢ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ ᠴᠢᠳᠠᠨ᠎ᠠ ᠃ | ᠡᠭᠦᠨ ᠢ ᠶᠡᠷᠦᠩᠬᠡᠢ ᠱᠦᠵᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠤᠯᠤᠰ ᠤᠨ ᠳᠣᠲᠣᠭᠠᠳᠤ ᠳᠤ ᠰᠢᠨᠵᠢᠯᠡᠨ ᠪᠠᠶᠢᠴᠠᠭᠠᠬᠤ ᠳᠠᠭᠠᠨ | ᠤᠯᠠᠨ ᠤᠳᠠᠭ᠎ᠠ ᠬᠥᠳᠡᠭᠡ ᠲᠣᠰᠬᠤᠨ ᠂ ᠨᠡᠶᠢᠭᠡᠮ ᠲᠣᠭᠤᠷᠢᠭ ᠲᠤ ᠬᠦᠷᠴᠦ ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠪᠠᠶᠢᠨ᠎ᠠ ᠃ | ᠴᠦᠩᠴᠢᠩ ᠳᠤ ᠨᠡᠶᠢᠭᠡᠮ ᠲᠣᠭᠤᠷᠢᠭ ᠤᠨ ᠮᠡᠳᠡᠭᠦᠯᠦᠯᠲᠡ ᠶᠢᠨ ᠬᠦᠰᠦᠨᠦᠭᠲᠦ ᠶᠢ ᠦᠵᠡᠵᠦ ᠂ ︽ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ | ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ ᠂ ᠶᠠᠮᠠᠷ ᠶᠠᠪᠤᠳᠠᠯ ᠢ ᠴᠤ ᠦᠨᠳᠦᠰᠦᠨ ᠱᠠᠲᠤᠨ ᠳᠤ ᠲᠤᠯᠭᠠᠵᠤ ᠪᠣᠯᠬᠤ ᠦᠭᠡᠢ ︾ ᠭᠡᠵᠦ ᠭᠦᠨᠵᠡᠭᠡᠢ ᠵᠢᠭᠠᠵᠤ | ᠭᠠᠷᠭᠠᠪᠠ ︔ ᠬᠥᠬᠡᠨᠠᠭᠤᠷ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠶᠠᠷᠢᠬᠤ ᠳᠠᠭᠠᠨ ᠂ ︽ ᠬᠡᠯᠪᠡᠷᠢᠴᠢ ᠦᠵᠡᠯ ᠢ ᠴᠡᠭᠴᠡᠯᠡᠨ | ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ ︾ ᠭᠡᠵᠦ ᠲᠥᠪ ᠴᠢᠩᠭ᠎ᠠ ᠪᠠᠷ ᠴᠢᠬᠤᠯᠠᠴᠢᠯᠠᠪᠠ ︔ | ᠭᠠᠨᠰᠦ ᠳᠤ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠮᠵᠢ ᠶᠢ ᠠᠰᠠᠭᠤᠵᠤ ᠂ ︽ ᠬᠡᠷᠡᠭᠴᠡᠭᠡ ᠲᠠᠢ ᠠᠵᠢᠯ ᠢ ᠰᠠᠶᠢᠲᠤᠷ ᠬᠢᠵᠦ ᠂ ᠬᠡᠷᠡᠭ ᠥᠬᠡᠶ ᠠᠵᠢᠯ ᠢ | ᠳᠤᠲᠠᠭᠤ ᠬᠢᠬᠦ ᠳᠤ ᠳᠡᠭᠡᠳᠦ ᠳᠤᠤᠷᠠᠳᠤ ᠱᠠᠳᠤᠨ ᠤ ᠡᠯ᠎ᠡ ᠲᠠᠯ᠎ᠠ ᠶᠢᠨ ᠬᠢᠨ ᠬᠠᠮᠲᠤ ᠪᠠᠷ ᠴᠢᠷᠮᠠᠶᠢᠬᠤ ᠬᠡᠷᠡᠭᠲᠡᠶ ︾ ᠭᠡᠵᠦ ᠳᠤᠳᠤᠷᠬᠠᠢ ᠳᠤᠷᠠᠳᠪᠠ ᠁ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠯᠤᠰ ᠲᠦᠷᠦ ᠶᠢᠨ | ᠬᠠᠷᠢᠭᠤᠴᠠᠯᠭ᠎ᠠ ᠶᠢ ᠡᠭᠦᠷᠭᠡᠯᠡᠵᠦ ᠂ ᠪᠦᠬᠦ ᠨᠠᠮ ᠢ ᠳᠠᠭᠠᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠂ ᠺᠠᠳ᠋ᠷᠴᠤᠳ ᠤᠨ ᠠᠷᠠᠳ ᠲᠦᠮᠡᠨ ᠳᠤ | ᠦᠢᠯᠡᠴᠢᠯᠡᠬᠦ ᠶᠢ ᠵᠣᠷᠢᠭᠵᠢᠭᠤᠯᠬᠤ ᠪᠣᠳᠠᠲᠠᠢ ᠠᠵᠢᠯᠯᠠᠬᠤ ᠤᠳᠤᠷᠢᠳᠤᠮᠵᠢ ᠶᠢ ᠪᠤᠢ ᠪᠣᠯᠭᠠᠪᠠ ᠃ | ︽ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠨ ︾ ᠢ ᠲᠣᠭᠲᠠᠭᠠᠬᠤ ᠠᠴᠠ ︽ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ ︾ ᠢ ᠳᠠᠷᠤᠮᠠᠯᠯᠠᠨ ᠲᠠᠷᠬᠠᠭᠠᠬᠤ ᠬᠦᠷᠲᠡᠯ᠎ᠡ ᠂ ᠲᠥᠪ ᠠᠴᠠ ᠠᠯᠢ ᠣᠯᠠᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠬᠢᠵᠦ ᠂ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠴᠢᠳᠠᠯ ᠤᠯᠭᠤᠵᠤ ᠦᠷ᠎ᠡ ᠪᠦᠳᠦᠮᠵᠢ ᠨᠡᠮᠡᠷᠢᠯᠡᠪᠡ ᠃ ︽ ᠨᠢᠭᠡ ᠰᠦᠯᠵᠢᠶ᠎ᠡ ᠪᠠᠷ | ᠨᠢᠭᠡᠳᠦᠯᠲᠡᠶ ᠬᠠᠮᠢᠶᠠᠷᠬᠤ ︾ ᠂ ︽ ᠨᠢᠭᠡ ᠬᠦᠰᠦᠨᠦᠭᠲᠦ ᠶᠢ ᠬᠠᠮᠲᠤ ᠪᠠᠷ ᠡᠳ᠋ᠯᠡᠬᠦ ︾ ᠥᠭᠡᠷᠡᠴᠢᠯᠡᠯᠲᠡ ᠶᠢ ᠥᠷᠨᠢᠭᠦᠯᠬᠦ ᠠᠴᠠ ᠰᠢᠶᠠᠩ ᠪᠠᠯᠭᠠᠰᠤ ︵ ᠵᠡᠭᠡᠯᠢ ᠭᠤᠳᠤᠮᠵᠢ ︶ | ᠶᠢᠨ ︽ ᠱᠦᠭᠯᠦ ᠦᠯᠢᠶᠡᠵᠦ ︾ ᠲᠣᠬᠢᠷᠠᠭᠤᠯᠬᠤ ᠡᠷᠬᠡ ᠂ ᠰᠢᠯᠭᠠᠨ ᠬᠢᠨᠠᠵᠤ ᠦᠨᠡᠯᠡᠬᠦ ᠡᠷᠬᠡ ᠂ ᠠᠵᠢᠯᠲᠠᠨ ᠤ ᠶᠠᠪᠤᠳᠠᠯ ᠤᠨ ᠰᠠᠨᠠᠭᠤᠯᠭ᠎ᠠ ᠳᠤᠷᠠᠳᠬᠤ ᠡᠷᠬᠡ ᠵᠡᠷᠭᠡ ᠶᠢ | ᠪᠣᠳᠠᠲᠠᠶᠢᠵᠢᠭᠤᠯᠬᠤ ᠬᠦᠷᠲᠡᠯ᠎ᠡ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠠᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠥᠷᠭᠡᠨ ᠣᠯᠠᠨ | ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠪᠠ ᠃ | ᠨᠢᠭᠡ ᠪᠦᠯᠦᠭ ᠬᠠᠮᠤᠭ ᠤᠨ ᠰᠢᠨ᠎ᠡ ᠲᠤᠭ᠎ᠠ ᠪᠠᠷᠢᠮᠲᠠ ᠪᠤᠯ ᠶᠠᠭ ᠬᠤᠪᠢᠷᠠᠯᠲᠠ ᠶᠢᠨ ᠠᠮᠢᠳᠤᠯᠢᠭ ᠵᠢᠷᠤᠭᠯᠠᠯ ᠮᠦᠨ ᠄ | ᠦᠨᠳᠦᠰᠦᠨ ᠱᠠᠲᠤᠨ ᠤ ︽ ᠳᠤᠷ᠎ᠠ ᠪᠠᠷ ᠢᠶᠠᠨ ᠫᠠᠶᠢᠰᠠ ᠡᠯᠭᠦᠬᠦ ︾ ᠠᠰᠠᠭᠤᠳᠠᠯ ᠢ ᠴᠡᠭᠴᠡᠯᠡᠨ ᠵᠠᠰᠠᠵᠤ ᠂ ᠲᠣᠰᠬᠤᠨ ︵ ᠨᠡᠶᠢᠭᠡᠮ ᠲᠣᠭᠤᠷᠢᠭ ︶ ᠤ ᠠᠵᠢᠯᠯᠠᠬᠤ | ᠭᠠᠵᠠᠷ ᠤᠨ ᠭᠠᠳᠠᠨᠠᠬᠢ ᠡᠯ᠎ᠡ ᠲᠥᠷᠥᠯ ᠤᠨ ᠫᠠᠶᠢᠰᠠ ᠶᠢ 4 ᠠᠴᠠ 6 ᠬᠡᠰᠡᠭ ᠪᠣᠯᠭᠠᠨ ᠵᠢᠷᠤᠮᠵᠢᠭᠤᠯᠪᠠ ︔ | ᠮᠤᠵᠢ ᠶᠠᠮᠤᠨ ᠤ ᠲᠠᠰ ᠤᠨ ᠨᠠᠮ ᠵᠠᠰᠠᠭ ᠤᠨ ᠪᠠᠶᠢᠭᠤᠯᠭ᠎ᠠ ᠶᠢᠨ ᠨᠡᠷ᠎ᠡ ᠪᠠᠷ ᠡᠷᠭᠢᠯᠡᠭᠰᠡᠨ ᠪᠠᠶᠠᠷ ᠳᠤᠷᠠᠰᠬᠠᠯ ᠂ ᠦᠵᠡᠰᠭᠦᠯᠡᠩ ᠂ ᠶᠠᠷᠢᠶᠠᠨ ᠤ ᠲᠠᠪᠴᠠᠩ ᠤᠨ | ᠠᠵᠢᠯᠯᠠᠭ᠎ᠠ ᠶᠢᠨ ᠲᠤᠭ᠎ᠠ ᠬᠡᠮᠵᠢᠶ᠎ᠡ ᠶᠢ ᠲᠣᠰ ᠲᠣᠰ 46.3% ᠂ 65.2% ᠂ 48.3% ᠪᠠᠷ ᠪᠠᠭᠠᠰᠬᠠᠪᠠ ︔ | ᠁ | ᠣᠳᠣᠬᠠᠨ ᠳᠤ ᠂ ᠤᠯᠠᠮ ᠠᠴᠠ ᠤᠯᠠᠨ ᠦᠨᠳᠦᠰᠦᠨ ᠱᠠᠲᠤᠨ ᠤ ᠺᠠᠳ᠋ᠷ ᠪᠠᠶᠢᠭᠤᠯᠭ᠎ᠠ ᠠᠴᠠ ᠪᠠᠨ ᠭᠠᠷᠴᠤ ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ ᠂ | ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ ᠂ ᠬᠦᠴᠢᠷᠳᠡᠯ ᠢ ᠡᠮᠦᠨ᠎ᠡ ᠹᠷᠣᠨᠲ ᠲᠤ ᠰᠢᠢᠳᠪᠦᠷᠢᠯᠡᠵᠦ ᠂ ᠦᠨᠳᠦᠰᠦᠨ | ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠬᠤ ᠶᠢ ᠠᠬᠢᠭᠤᠯᠵᠤ ᠪᠠᠶᠢᠨ᠎ᠠ ᠃ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠢᠭᠡᠨ ᠤᠳᠠᠭᠠᠨ ᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠂ ᠤᠳᠠᠭᠠᠨ ᠳᠠᠭᠠᠭᠠᠮᠠᠭᠠᠢ ᠲᠠᠶᠢᠨ ᠮᠥᠨ ᠃ | ᠣᠳᠣᠬᠠᠨ ᠳᠤ ᠂ ︽ ᠨᠠᠶᠢᠷ ᠲᠠᠯ᠎ᠠ ᠶᠢᠨ ᠨᠡᠶᠢᠭᠡᠮ ︾ ᠂ ︽ ᠨᠢᠭᠤᠷ ᠲᠠᠯ᠎ᠠ ᠶᠢᠨ ᠰᠣᠶᠣᠯ ︾ ᠤᠨ ᠳᠠᠳᠬᠠᠯ ᠬᠠᠷᠠᠬᠠᠨ ᠣᠷᠣᠰᠢᠭᠰᠠᠭᠠᠷ ᠪᠠᠶᠢᠵᠤ ᠂ ᠵᠠᠷᠢᠮ ︽ | ᠨᠣᠶᠠᠳ ᠤᠨ ᠳᠠᠪᠬᠤᠷᠭ᠎ᠠ ᠶᠢᠨ ᠨᠢᠭᠤᠴᠠᠭᠠᠢ ᠳᠦᠷᠢᠮ ︾ ᠤᠨ ᠢᠨᠧᠷᠼᠢ ᠮᠥᠨ ᠯᠡ ᠣᠷᠣᠰᠢᠭᠰᠠᠭᠠᠷ ᠪᠠᠶᠢᠨ᠎ᠠ ᠂ ᠵᠠᠷᠢᠮ ᠭᠠᠵᠠᠷ ᠬᠡᠯᠪᠡᠷᠢᠴᠢ ᠦᠵᠡᠯ ᠢ ᠴᠡᠭᠴᠡᠯᠡᠨ | ᠵᠠᠰᠠᠬᠤ ᠳᠤ ︽ ᠨᠢᠭᠡ ᠯᠡ ᠠᠳᠠᠯᠢ ᠪᠠᠷ ᠱᠠᠭᠠᠷᠳᠠᠬᠤ ︾ ᠂ ︽ ᠦᠭᠡᠷᠡᠳᠦᠬᠦᠯᠦᠨ ᠬᠤᠪᠢᠷᠠᠭᠤᠯᠬᠤ ︾ ᠠᠴᠠ ᠪᠣᠯᠵᠣ ᠰᠢᠨ᠎ᠡ ᠠᠰᠠᠭᠤᠳᠠᠯ ᠡᠭᠦᠰᠭᠡᠵᠦ ᠪᠠᠶᠢᠨ᠎ᠠ ᠂ ︽ | ᠳᠥᠷᠪᠡᠨ ᠰᠤᠷᠲᠠᠯ ︾ ᠪᠠ ᠢᠯᠵᠢᠷᠠᠯ ᠢ ᠪᠣᠶ ᠪᠣᠯᠭᠠᠬᠤ ᠨᠡᠶᠢᠭᠡᠮ ᠤᠨ ᠰᠣᠶᠣᠯ ᠤᠨ ᠬᠥᠷᠥᠰᠥ ᠰᠢᠷᠣᠶ ᠶᠢ ᠦᠨᠳᠦᠰᠦ ᠠᠴᠠ ᠨᠢ ᠠᠷᠢᠯᠭᠠᠭᠠᠳᠤᠶ ᠂ ᠰᠤᠷᠲᠠᠯ ᠢ | ᠰᠠᠶᠢᠵᠢᠷᠠᠭᠤᠯᠬᠤ ᠳᠤ ᠬᠠᠷᠰᠢ ᠰᠠᠭᠠᠳ ᠣᠷᠣᠰᠢᠵᠤ ᠪᠠᠶᠢᠬᠤ ᠪᠥᠭᠡᠳ ᠣᠷᠳᠣ ᠬᠤᠭᠤᠴᠠᠭ᠎ᠠ ᠪᠠᠷ ᠵᠢᠳᠬᠦᠨ ᠴᠢᠷᠮᠠᠶᠢᠬᠤ ᠴᠢᠬᠤᠯᠠᠲᠠᠶ ᠪᠠᠶᠢᠨ᠎ᠠ ᠃ | ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠲᠡᠭᠦᠰᠦᠭᠡᠳ ᠨᠢᠭᠡ ᠯᠡ ᠭᠠᠷᠠᠭ ᠪᠤᠯᠤᠮᠠᠭᠴᠠ ᠂ 3 ᠰᠠᠷ᠎ᠠ ᠶᠢᠨ 17 ᠠᠴᠠ 20 ᠤ ᠡᠳᠦᠷ ᠪᠣᠯᠲᠠᠯ᠎ᠠ ᠂ | ᠶᠡᠷᠦᠩᠬᠡᠢ ᠱᠦᠵᠢ ᠰᠢ ᠶᠢᠨ ᠫᠢᠩ ᠭᠦᠢᠵᠧᠦ ᠂ ᠶᠦᠨᠨᠠᠨ ᠬᠤᠶᠠᠷ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ ᠃ | ᠭᠦᠢᠵᠧᠦ ᠳᠤ ᠂ ︽ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠨᠠᠮ ᠤᠨ ᠭᠡᠰᠢᠭᠦᠨ ᠂ | ᠺᠠᠳ᠋ᠷ ᠤᠨ ᠲᠣᠭᠲᠠᠯ ᠬᠦᠴᠦᠨ ᠢᠶᠠᠨ ᠨᠡᠮᠡᠭᠳᠡᠬᠦᠯᠬᠦ ᠂ ᠳᠠᠳᠬᠠᠯ ᠪᠦᠷᠢᠯᠳᠦᠭᠦᠯᠬᠦ ᠶᠢ ᠠᠬᠢᠭᠤᠯᠵᠤ ᠂ ᠰᠢᠯᠢᠳᠡᠭ ᠰᠤᠷᠲᠠᠯ ᠢᠶᠠᠷ ᠰᠡᠳᠭᠢᠯ ᠢᠶᠠᠨ ᠨᠢᠭᠡᠳᠭᠡᠨ ᠬᠦᠴᠦ ᠪᠠᠨ | ᠬᠠᠮᠲᠤᠳᠬᠠᠵᠤ ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ ︾ ᠂ ︽ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ | ᠪᠠᠷᠢᠮᠲᠠᠯᠠᠵᠤ ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠠᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠬᠡᠷᠡᠭᠲᠡᠢ ︾ ᠭᠡᠵᠦ | ᠴᠢᠬᠤᠯᠠᠴᠢᠯᠠᠪᠠ ︔ | ᠶᠦᠨᠨᠠᠨ ᠳᠤ ᠂ ︽ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷᠴᠤᠳ ᠰᠤᠷᠤᠯᠴᠠᠯᠭ᠎ᠠ | ᠬᠥᠮᠦᠵᠢᠯ ᠤᠨ ᠬᠠᠷᠢᠭᠤᠴᠠᠯᠭᠠᠲᠤ ᠰᠡᠳᠭᠢᠯᠭᠡ ᠲᠤᠯᠭᠠᠮ ᠰᠡᠳᠭᠢᠯᠭᠡ ᠪᠠᠨ ᠤᠬᠠᠮᠰᠠᠷ ᠠᠴᠠ ᠪᠠᠨ ᠴᠢᠩᠭᠠᠳᠬᠠᠵᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠪᠠᠶᠢᠳᠠᠯ ᠡᠭᠦᠷᠭᠡ ᠲᠠᠢ ᠤᠶᠠᠯᠳᠤᠭᠤᠯᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠡᠳᠡᠭᠡᠷ ᠵᠢᠯ ᠤᠨ ᠲᠤᠷᠰᠢᠬᠢ ᠰᠤᠷᠲᠠᠯ ᠤᠨ | ᠪᠠᠶᠢᠭᠤᠯᠤᠯᠲᠠ ᠶᠢ ᠠᠳᠬᠤᠭᠰᠠᠨ ᠪᠣᠳᠠᠲᠠᠢ ᠦᠢᠯᠡᠳᠦᠯᠭᠡ ᠲᠠᠢ ᠤᠶᠠᠯᠳᠤᠭᠤᠯᠵᠤ ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠡᠪᠲᠡᠷᠭᠡᠢ ᠣᠶᠢᠯᠠᠭᠠᠵᠤ ᠂ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ | ᠲᠣᠭᠲᠠᠭᠠᠯ ᠢ ᠡᠵᠡᠮᠳᠡᠨ ᠂ ᠠᠰᠠᠭᠤᠳᠠᠯ ᠢ ᠪᠠᠶᠢᠴᠠᠭᠠᠨ ᠳᠡᠯᠭᠡᠬᠦ ᠂ ᠲᠥᠪᠯᠡᠷᠡᠭᠦᠯᠦᠨ ᠴᠡᠭᠴᠡᠯᠡᠨ ᠵᠠᠰᠠᠬᠤ ᠳᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤ | ᠲᠠᠯᠪᠢᠬᠤ ᠬᠡᠷᠡᠭᠲᠡᠢ ︾ ᠭᠡᠵᠦ ᠱᠠᠭᠠᠷᠳᠠᠪᠠ ᠁ | ᠰᠠᠶ᠋ᠢᠬᠠᠨ ᠡᠬᠢᠯᠡᠭᠦᠯᠦᠭᠰᠡᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠳᠤ | ᠠᠩᠬᠠᠷᠤᠯ ᠢᠶᠠᠨ ᠲᠥᠪᠯᠡᠷᠡᠭᠦᠯᠵᠦ ᠂ ᠶᠡᠷᠦᠩᠬᠡᠢ ᠱᠦᠵᠢ ᠰᠢ ᠶᠢᠨ ᠫᠢᠩ ᠲᠣᠳᠣᠷᠬᠠᠢ ᠭᠤᠣᠯᠳᠠᠯᠭ᠎ᠠ ᠶᠢ ᠲᠣᠭᠲᠠᠭᠠᠵᠤ ᠂ ᠲᠣᠳᠣᠷᠬᠠᠢ ᠱᠠᠭᠠᠷᠳᠠᠯᠭ᠎ᠠ ᠳᠤᠷᠠᠳᠴᠤ ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠤᠷᠲᠠᠯ ᠤᠨ ᠪᠠᠶᠢᠭᠤᠯᠤᠯᠲᠠ ᠶᠢ ᠡᠴᠦᠰ ᠲᠤᠨᠢ ᠲᠤᠯᠲᠠᠯ᠎ᠠ | ᠬᠢᠬᠦ ᠢᠯᠡ ᠲᠣᠳᠣ ᠲᠤᠬᠢᠶ᠎ᠠ ᠶᠢ ᠳᠠᠮᠵᠢᠭᠤᠯᠪᠠ ᠃ | ᠰᠦᠷᠯᠢᠭ ᠪᠣᠭᠤᠮᠲᠠ ᠶᠢ ᠲᠡᠮᠦᠷ ᠮᠡᠲᠦ ᠬᠠᠳᠠᠭᠤ ᠬᠡᠮᠡᠨ ᠪᠢᠲᠡᠭᠡᠢ ᠬᠡᠯᠡᠭᠲᠦᠨ ᠂ ᠰᠦᠷᠳᠦ ᠠᠯᠬᠤᠭ᠎ᠠ ᠪᠠᠷ ᠡᠳᠦᠭᠡ ᠪᠢᠳᠡ ᠳᠡᠭᠡᠭᠦᠷ ᠢᠨᠤ ᠳᠠᠪᠠᠮᠤᠢ ᠃ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠡᠪ ᠬᠠᠮᠲᠤᠴᠤᠳ ᠲᠥᠪ ᠴᠢᠩᠭ᠎ᠠ ᠪᠠᠷ ᠳᠤᠩᠬᠠᠭᠯᠠᠪᠠ — | ᠨᠠᠢᠮᠠᠨ ᠲᠣᠭᠲᠠᠭᠠᠯ ᠨᠢᠭᠡᠨᠲᠡ ᠳᠤᠮᠳᠠᠳᠤ ᠤᠯᠤᠰ ᠢ ᠭᠦᠨᠵᠡᠭᠡᠶ ᠬᠤᠪᠢᠷᠠᠭᠤᠯᠵᠤ ᠂ ᠨᠠᠢᠮᠠᠨ ᠲᠣᠭᠲᠠᠭᠠᠯ ᠪᠠᠰᠠ ᠳᠤᠮᠳᠠᠳᠤ ᠤᠯᠤᠰ ᠢ ᠦᠷᠭᠦᠯᠵᠢᠯᠡᠨ | ᠬᠤᠪᠢᠷᠠᠭᠤᠯᠬᠤ ᠪᠣᠯᠤᠨ᠎ᠠ ︕ | | |