| | ᠣᠶᠢᠷ᠎ᠠ ᠳᠤ ᠂ ᠳᠤᠮᠳᠠᠳᠤ ᠤᠯᠤᠰ ᠤᠨ ᠬᠤᠳᠠᠯᠳᠤᠭᠠᠴᠢᠳ ᠤᠨ ᠬᠠᠮᠲᠤᠷᠠᠭᠰᠠᠨ ᠪᠦᠲᠦᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠦᠯᠲᠡ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ ᠂ ᠪᠡᠭᠡᠵᠢᠩ ᠤᠨ ᠱᠢ ᠯᠢ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠵᠡᠷᠭᠡ | ᠤᠷᠤᠭᠤᠯᠤᠨ ᠠᠪᠴᠢᠷᠠᠬᠰᠠᠨ ᠠᠵᠤ ᠠᠬᠤᠶᠢᠯᠠᠯ ᠤᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠪᠡᠯᠡ ᠣᠷᠣᠭᠤᠯᠤᠯᠲᠠ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠦᠴᠤᠨ ᠵᠤᠶᠢᠯ ᠤᠨ ᠨᠠᠶᠢᠳᠠᠪᠤᠷᠢᠵᠢᠭᠤᠯᠤᠯᠲᠠ ᠶᠢᠨ ᠪᠠᠲᠤᠯᠠᠭ᠎ᠠ ᠶᠢᠨ ᠤᠴᠢᠷ ᠶᠠᠪᠤᠳᠠᠯ ᠢ ᠪᠤᠳᠠᠳᠤ ᠭᠠᠵᠠᠷ ᠲᠤᠨᠢ | ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠬᠰᠠᠨ ᠪᠠᠶᠢᠨ᠎ᠠ ᠂ ᠡᠭᠦᠨ ᠤ ᠬᠠᠮᠲᠤ ᠂ ᠮᠠᠨ ᠤ ᠬᠤᠰᠢᠭᠤ ᠯᠤᠭ᠎ᠠ ᠨᠡᠶᠢᠯᠡᠮᠡᠯ ᠤᠷᠤᠰᠤᠩᠭᠦᠢ ᠪᠡᠶᠡᠳᠤ ᠶᠢᠨ ᠲᠡᠷᠢᠭᠦᠨ ᠤ | ᠳᠤᠨᠤᠭ ᠳᠦᠬᠦᠭᠡᠷᠤᠮᠵᠢ ᠦᠢᠯᠡᠳᠬᠦ ᠂ ᠰᠢᠨ᠎ᠡ ᠡᠨᠧᠷᠭᠢ ᠶᠢᠨ ᠳ᠋ᠢᠶᠠᠨ ᡂᠢ ᠶᠢᠨ ᠨᠡᠶᠢᠯᠡᠮᠡᠯ ᠤᠷᠤᠰᠤᠩᠭᠦᠢ ᠪᠡᠶᠡᠳᠤ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠲᠦᠷᠦᠯ ᠵᠦᠢᠯ ᠤᠨ ᠨᠥᠬᠦᠪᠦᠷᠢ ᠵᠦᠪᠳᠡᠯᠴᠡᠭᠡᠷ ᠲᠣᠬᠢᠷᠠᠯᠴᠠᠵᠤ ᠂ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠢ ᠪᠡᠯᠡᠳᠬᠡᠨ ᠪᠠᠶᠢᠭᠤᠯᠵᠤ ᠤᠷᠤᠨᠵᠢᠭᠤᠯᠬᠤ ᠂ ᠠᠵᠤ | ᠦᠢᠯᠡᠰ ᠢ ᠤᠷᠲᠤᠳᠬᠠᠬᠤ ᠵᠡᠷᠭᠡ ᠤᠴᠢᠷ ᠶᠠᠪᠤᠳᠠᠯ ᠤᠨ ᠲᠠᠯ᠎ᠠ ᠪᠠᠷ ᠰᠠᠨᠠᠯ ᠨᠢᠭᠡᠳᠪᠡ ᠃ ᠲᠣᠰ ᠤᠳᠠᠭᠠᠨ ᠤ ᠬᠤᠶᠠᠷ ᠲᠥᠷᠥᠯ ᠵᠦᠢᠯ ᠤᠨ ᠭᠡᠷ᠎ᠡ ᠲᠣᠭᠲᠠᠵᠤ | ᠤᠷᠤᠨᠵᠢᠭᠤᠯᠤᠬᠳᠠᠬᠰᠠᠨ ᠨᠢ ᠮᠠᠨ ᠤ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠤᠨ ᠠᠵᠤ | ᠦᠢᠯᠡᠰ ᠤᠨ ᠬᠦᠷᠢᠶ᠎ᠠ ᠴᠠᠷᠠᠭᠠᠨ ᠳᠤ ᠳᠠᠬᠢᠨᠲᠠ ᠴᠢᠬᠤᠯᠠ ᠬᠠᠮᠳᠤᠷᠠᠯ ᠬᠦᠴᠤᠨ ᠢ ᠨᠡᠮᠡᠵᠤ ᠂ ᠪᠥᠬᠦ ᠬᠤᠰᠢᠭᠤᠨ ᠤ ︽ 518 ︾ ᠠᠵᠤ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠢ ᠬᠠᠷᠠᠭᠤᠯᠵᠤ ᠪᠠᠶᠢᠨ᠎ᠠ ᠃ | | ᠵᠢᠷᠤᠭ ᠄ ᠸᠠᠩ ᠭᠦᠸᠧ ᠴᠢᠦᠸᠠᠨ ᠤᠷᠤᠭᠤᠯᠤᠨ ᠠᠪᠴᠢᠷᠠᠬᠰᠠᠨ ᠠᠵᠤ ᠠᠬᠤᠶᠢᠯᠠᠯ ᠤᠨ ᠰᠢᠨᠵᠢᠯᠡᠨ ᠪᠠᠶᠢᠴᠠᠭᠠᠬᠤ ᠪᠦᠯᠬᠦᠮ ᠳᠤ ᠪᠠᠷ᠎ᠠ ᠪᠣᠯᠵᠤ ᠲᠦᠷᠦᠯ ᠵᠦᠢᠯ ᠤᠨ | ᠦᠢᠯᠡᠳᠪᠦᠷᠢᠯᠡᠯ ᠤᠨ ᠦᠢᠯᠡᠳᠪᠦᠷᠢ ᠶᠢᠨ ᠭᠡᠷ ᠪᠠᠶᠢᠰᠢᠩ ᠢ ᠪᠤᠳᠠᠳᠤ ᠭᠠᠵᠠᠷ ᠲᠤᠨᠢ ᠰᠣᠩᠭᠤᠨ ᠬᠡᠷᠡᠭᠯᠡᠵᠤ ᠪᠠᠶᠢᠭ᠎ᠠ ᠨᠢ᠃ | ᠲᠦᠷᠦᠯ ᠵᠦᠢᠯ ᠤᠨ ᠦᠢᠯᠡᠳᠪᠦᠷᠢ ᠶᠢᠨ ᠭᠡᠷ ᠪᠠᠶᠢᠰᠢᠩ ᠢ ᠰᠣᠩᠭᠤᠨ ᠬᠡᠷᠡᠭᠯᠡᠬᠦ ᠶᠢ ᠰᠢᠨᠵᠢᠯᠡᠨ ᠪᠠᠶᠢᠴᠠᠭᠠᠬᠤ ᠦᠶᠡᠰ ᠂ ᠸᠠᠩ ᠭᠦᠸᠧ ᠴᠢᠦᠸᠠᠨ ᠤᠷᠤᠭᠤᠯᠤᠨ | ᠠᠪᠴᠢᠷᠠᠬᠰᠠᠨ ᠠᠵᠤ ᠠᠬᠤᠶᠢᠯᠠᠯ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠭᠡᠰᠢᠭᠦᠳ ᠲᠠᠢ ᠦᠢᠯᠡᠳᠪᠦᠷᠢ ᠶᠢᠨ ᠭᠡᠷ ᠪᠠᠶᠢᠰᠢᠩ ᠤᠨ ᠴᠢᠳᠠᠪᠬᠢ ᠶᠢ ᠵᠢᠷᠤᠵᠤ | ᠲᠥᠯᠥᠪᠯᠡᠬᠦ ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠂ ᠲᠦᠷᠦᠯ ᠵᠦᠢᠯ ᠤᠨ ᠦᠢᠯᠡᠳᠪᠦᠷᠢᠯᠡᠯ ᠤᠨ ᠱᠤᠭᠤᠮ ᠢ ᠪᠠᠶᠢᠷᠢᠰᠢᠭᠤᠯᠬᠤ ᠂ ᠦᠢᠯᠡᠳᠪᠦᠷᠢᠯᠡᠯ ᠤᠨ | ᠬᠡᠪᠴᠢᠶ᠎ᠡ ᠶᠢ ᠪᠠᠶᠢᠭᠤᠯᠬᠤ ᠵᠡᠷᠭᠡ ᠤᠴᠢᠷ ᠶᠠᠪᠤᠳᠠᠯ ᠤᠨ ᠲᠣᠭᠤᠷᠢᠨ ᠳᠤ ᠭᠦᠢᠴᠡᠳ ᠰᠣᠯᠢᠯᠴᠠᠭ᠎ᠠ ᠬᠢᠭᠰᠡᠨ ᠪᠥᠭᠡᠳ ᠲᠤᠬᠠᠢ ᠶᠢᠨ ᠳᠠᠯᠠᠪᠠᠢ ᠳᠤ ᠲᠦᠷᠦᠯ ᠵᠦᠢᠯ ᠤᠨ | ᠦᠢᠯᠡᠳᠪᠦᠷᠢᠯᠡᠯ ᠤᠨ ᠦᠢᠯᠡᠳᠪᠦᠷᠢ ᠶᠢᠨ ᠭᠡᠷ ᠪᠠᠶᠢᠰᠢᠩ ᠢ ᠰᠣᠩᠭᠤᠨ ᠲᠣᠭᠲᠠᠭᠠᠭᠰᠠᠨ ᠪᠠᠶᠢᠨ᠎ᠠ᠃ ᠪᠤᠳᠠᠳᠤ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠤ ᠲᠠᠷᠠᠭ᠎ᠠ᠂ | ᠬᠤᠶᠠᠷ ᠲᠠᠯ᠎ᠠ ᠪᠠᠷ ᠢᠶᠠᠨ ᠴᠢᠬᠤᠯᠠ ᠬᠦᠴᠤᠨ ᠵᠤᠶᠢᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠂ ᠲᠦᠷᠦᠯ ᠵᠦᠢᠯ ᠢ ᠤᠷᠤᠨᠵᠢᠭᠤᠯᠵᠤ ᠠᠵᠢᠯ ᠡᠬᠢᠯᠡᠭᠦᠯᠬᠦ ᠶᠢ | ᠲᠦᠷᠭᠡᠳᠬᠡᠬᠦ ᠵᠡᠷᠭᠡ ᠤᠴᠢᠷ ᠶᠠᠪᠤᠳᠠᠯ ᠤᠨ ᠲᠤᠬᠠᠢ ᠶᠠᠷᠢᠯᠴᠠᠨ ᠵᠥᠪᠳᠡᠯᠴᠡᠪᠡ᠃ ᠶᠠᠷᠢᠯᠴᠠᠬᠤ ᠬᠤᠷᠠᠯ ᠳᠡᠭᠡᠷ᠎ᠡ ᠂ ᠳᠤᠮᠳᠠᠳᠤ ᠤᠯᠤᠰ ᠤᠨ ᠬᠤᠳᠠᠯᠳᠤᠭᠠᠴᠢᠳ ᠤᠨ | ᠬᠠᠮᠲᠤᠷᠠᠭᠰᠠᠨ ᠪᠦᠲᠦᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠨ | ᠵᠢᠶᠦ᠋ᠨ ᠂ ᠪᠡᠭᠡᠵᠢᠩ ᠤᠨ ᠱᠢ ᠯᠢ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ | ᠳᠠᠷᠤᠭ᠎ᠠ ᠯᠢᠦ ᠶᠠᠩ ᠲᠣᠰ ᠲᠣᠰ ᠨᠡᠶᠢᠯᠡᠮᠡᠯ ᠤᠷᠤᠰᠤᠩᠭᠦᠢ ᠪᠡᠶᠡᠳᠤ ᠶᠢᠨ ᠮᠡᠷᠭᠡᠵᠢᠯ ᠢ ᠰᠤᠳᠤᠯᠤᠨ ᠨᠡᠭᠡᠭᠡᠬᠦ ᠠᠬᠤᠢ ᠪᠠᠶᠢᠳᠠᠯ ᠂ ᠮᠡᠷᠭᠡᠵᠢᠯ ᠤᠨ ᠲᠤᠯᠭᠠᠭᠤᠷᠢᠯᠠᠯ ᠪᠠ | ᠦᠢᠯᠡᠳᠪᠦᠷᠢᠯᠡᠯ ᠤᠨ ᠳᠤᠨᠤᠭ ᠲᠥᠬᠦᠭᠡᠷᠦᠮᠵᠢᠦᠢᠯᠡᠳᠪᠦᠷᠢᠯᠡᠬᠦ ᠴᠢᠳᠠᠪᠤᠷᠢ ᠶᠢᠨ ᠵᠢᠷᠤᠭ ᠲᠥᠯᠥᠪᠯᠡᠭᠡ ᠂ ᠦᠢᠯᠡᠳᠬᠦᠨ ᠤ ᠳᠤᠬᠠᠶᠢᠯᠠᠬᠰᠠᠨᠠᠵᠢᠯ ᠤᠨ ᠬᠡᠪᠴᠢᠶ᠎ᠡ | ᠵᠢᠴᠢᠤᠷᠤᠨᠵᠢᠭᠤᠯᠬᠤ ᠬᠦᠴᠤᠨ ᠵᠤᠶᠢᠯ ᠤᠨ ᠬᠡᠷᠡᠭᠴᠡᠭᠡ ᠱᠠᠭᠠᠷᠳᠠᠯᠭ᠎ᠠ ᠵᠡᠷᠭᠡ ᠲᠠᠯ᠎ᠠ ᠪᠠᠷ ᠮᠠᠨ ᠤ ᠬᠤᠰᠢᠭᠤᠨ ᠤ ᠬᠤᠷᠠᠯ ᠳᠤ ᠣᠷᠣᠯᠴᠠᠭᠰᠠᠳ ᠲᠠᠢ ᠪᠥᠬᠦ ᠲᠠᠯ᠎ᠠ ᠪᠠᠷ | ᠰᠠᠨᠠᠯ ᠢᠶᠠᠨ ᠰᠣᠯᠢᠯᠴᠠᠪᠠ ᠃ ᠸᠠᠩ ᠭᠦᠸᠧ ᠴᠢᠤᠸᠠᠨ ᠵᠢᠭᠠᠵᠤ ᠭᠠᠷᠭᠠᠬᠤ ᠳᠠᠭᠠᠨ ᠂ ᠨᠡᠶᠢᠯᠡᠮᠡᠯ ᠤᠷᠤᠰᠤᠩᠭᠦᠢ ᠪᠡᠶᠡᠳᠤ ᠶᠢᠨ ᠳᠤᠨᠤᠭ ᠲᠥᠬᠦᠭᠡᠷᠦᠮᠵᠢ ᠦᠢᠯᠡᠳᠬᠦ ᠂ | ᠰᠢᠨ᠎ᠡ ᠡᠨᠧᠷᠭᠢ ᠶᠢᠨ ᠳ᠋ᠢᠶᠠᠨ ᡂᠢ ᠶᠢᠨ ᠦᠢᠯᠡᠳᠬᠦᠨ ᠤ ᠦᠢᠯᠡᠳᠪᠦᠷᠢᠯᠡᠯ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠪᠤᠯ ᠂ ᠮᠠᠨ ᠤ ᠬᠤᠰᠢᠭᠤᠨ ᠤ ︽ 518 ︾ | ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠵᠦ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ | ᠬᠥᠭᠵᠢᠭᠦᠯᠬᠦ ᠶᠢ ᠲᠦᠷᠭᠡᠳᠬᠡᠬᠦ ᠡᠷᠴᠢᠮᠳᠡᠢ ᠦᠢᠯᠡᠳᠦᠯᠭᠡ ᠪᠤᠯᠤᠨ᠎ᠠ ᠂ ᠮᠥᠨ ᠴᠦ ᠮᠠᠨ ᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠪᠠ | ᠬᠡᠯᠪᠡᠷᠢ ᠪᠠᠨ ᠬᠤᠪᠢᠷᠠᠭᠤᠯᠤᠨ ᠪᠠᠩᠬᠢ ᠳᠤ ᠰᠢᠯᠵᠢᠬᠦᠯᠬᠦ ᠪᠡᠯᠡ ᠮᠥᠩᠭᠦ ᠶᠢᠨ ᠲᠠᠲᠠᠭᠠᠯ ᠢ ᠭᠦᠢᠴᠡᠳ ᠰᠠᠶᠢᠲᠤᠷ ᠬᠡᠷᠡᠭᠯᠡᠵᠦ ᠂ ᠳᠡᠭᠡᠳᠦ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠢᠯᠡᠰ ᠵᠢᠴᠢ ᠢᠵᠢ ᠪᠦᠷᠢᠳᠦᠭᠰᠡᠨ ᠲᠥᠷᠥᠯ ᠵᠦᠢᠯ ᠢ ᠲᠥᠪᠯᠡᠷᠡᠭᠦᠯᠦᠨ ᠂ ᠠᠵᠤ ᠦᠢᠯᠡᠰ ᠤᠨ ᠬᠡᠯᠬᠢᠶ᠎ᠡ ᠶᠢᠨ ᠤᠷᠲᠤᠳᠬᠠᠯ ᠢ ᠬᠥᠳᠡᠯᠭᠡᠵᠦ ᠂ | ᠭᠤᠣᠯ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ ᠬᠡᠯᠬᠢᠶ᠎ᠡ ᠶᠢ ᠲᠥᠪᠯᠡᠷᠡᠭᠦᠯᠦᠨ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠪᠤᠯᠤᠨ᠎ᠠ ︔ ᠵᠠᠰᠠᠭ ᠪᠤᠯᠤᠨ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ ᠬᠠᠷᠢᠴᠠᠭᠤᠯᠤᠭᠰᠠᠨ ᠳᠠᠪᠠᠭᠤᠯᠢᠭ ᠪᠣᠯᠣᠨ ᠬᠥᠭᠵᠢᠯᠲᠡ ᠶᠢᠨ | ᠢᠷᠡᠭᠡᠳᠦᠢ ᠳᠤ ᠰᠠᠭᠤᠷᠢᠯᠠᠵᠤ ᠂ ᠨᠢᠭᠡᠳᠦᠯᠲᠡᠢ ᠲᠥᠯᠥᠪᠵᠢᠭᠦᠯᠦᠨ ᠤᠬᠠᠭᠠᠯᠠᠵᠤ ᠂ ᠳᠤᠨᠤᠭ ᠲᠥᠬᠦᠭᠡᠷᠦᠮᠵᠢ ᠦᠢᠯᠡᠳᠬᠦ ᠵᠢᠴᠢ ᠮᠡᠷᠭᠡᠵᠢᠯ ᠤᠨ ᠦᠢᠯᠡᠳᠬᠦᠨ ᠤ | ᠦᠢᠯᠡᠳᠪᠦᠷᠢᠯᠡᠯ ᠤᠨ ᠱᠤᠭᠤᠮ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ ᠂ ᠵᠣᠯᠭᠠᠭᠤᠯᠵᠤ ᠵᠥᠪᠳᠡᠯᠴᠡᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ ᠂ | ᠤᠷᠳᠤ ᠬᠤᠭᠤᠴᠠᠭᠠᠨ ᠤ ᠲᠥᠯᠦᠪᠵᠢᠭᠦᠯᠭᠡ ᠶᠢ ᠰᠠᠶᠢᠲᠤᠷ ᠬᠢᠵᠦ ᠂ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠰᠠᠶᠢᠲᠤᠷ ᠥᠷᠨᠢᠭᠦᠯᠬᠦ ᠬᠡᠷᠡᠭᠲᠡᠢ ︔ ᠡᠭᠦᠨ ᠤ | ᠬᠠᠮᠲᠤ ᠂ ᠲᠠᠷᠠᠭᠠᠴᠢ ᠶᠢᠨ ᠠᠯᠬᠤᠮ ᠳᠤ ᠮᠠᠨ ᠤ ᠬᠤᠰᠢᠭᠤᠨ ᠤ ᠬᠢᠨ ᠭᠠᠷ ᠤᠨ ᠦᠰᠦᠭᠵᠢᠷᠤᠵᠤ ᠤᠷᠤᠨᠵᠢᠭᠤᠯᠤᠬᠰᠠᠨᠨᠡᠶᠢᠯᠡᠮᠡᠯ ᠤᠷᠤᠰᠦᠩᠬᠦᠢ ᠪᠡᠶᠡᠳᠤ ᠶᠢᠨ ᠳᠤᠨᠤᠭ | ᠲᠥᠬᠦᠭᠡᠷᠦᠮᠵᠢ ᠵᠢᠴᠢ ᠰᠢᠨ᠎ᠡ ᠡᠨᠧᠷᠭᠢ ᠶᠢᠨ ᠳ᠋ᠢᠶᠠᠨ ᡂᠢ ᠶᠢᠨ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠳᠤ ᠲᠦᠰᠢᠭᠯᠡᠨ ᠂ ᠠᠵᠤ ᠦᠢᠯᠡᠰ ᠤᠨ ᠲᠥᠪᠯᠡᠷᠡᠯ ᠤᠨ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠦᠷᠬᠦᠴᠡ ᠶᠢ ᠥᠷᠭᠡᠳᠬᠡᠵᠦ ᠂ ᠨᠡᠶᠢᠯᠡᠮᠡᠯ ᠤᠷᠤᠰᠦᠩᠬᠦᠢ | ᠪᠡᠶᠡᠳᠤ ᠶᠢᠨ ᠳᠤᠨᠤᠭ ᠲᠥᠬᠦᠭᠡᠷᠦᠮᠵᠢ ᠬᠤᠳᠠᠯᠳᠤᠨ ᠠᠪᠬᠤ ᠠᠵᠤ ᠠᠬᠤᠶᠢᠯᠠᠯ ᠤᠨ ᠲᠤᠬᠠᠢ ᠶᠢᠨ ᠭᠠᠵᠠᠷ ᠲᠠᠭᠠᠨ ᠦᠢᠯᠡᠳᠪᠦᠷᠢᠯᠡᠯ ᠢ ᠵᠣᠬᠢᠶᠠᠨ ᠪᠠᠶᠢᠭᠤᠯᠬᠤ ᠶᠢ | ᠳᠡᠮᠵᠢᠵᠤ ᠂ ᠬᠢᠯᠢ ᠶᠢᠨ ᠳᠣᠲᠣᠷᠠᠬᠢ ᠡᠨᠧᠷᠭᠢ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠨᠡᠶᠢᠯᠡᠮᠡᠯ ᠤᠷᠤᠰᠦᠩᠬᠦᠢ ᠪᠡᠶᠡᠳᠤ ᠶᠢᠨ ᠠᠵᠤ ᠦᠢᠯᠡᠰ ᠢ | ᠬᠥᠭᠵᠢᠭᠦᠯᠬᠦ ᠶᠢ ᠵᠣᠷᠢᠭᠵᠢᠭᠤᠯᠤᠨ ᠂ ᠨᠡᠶᠢᠯᠡᠮᠡᠯ ᠤᠷᠤᠰᠦᠩᠬᠦᠢ ᠪᠡᠶᠡᠳᠤ ᠶᠢᠨ ᠳᠤᠨᠤᠭ ᠲᠥᠬᠦᠭᠡᠷᠦᠮᠵᠢ ᠦᠢᠯᠡᠳᠬᠦ ᠪᠠ ᠮᠡᠷᠭᠡᠵᠢᠯ ᠤᠨ ᠦᠢᠯᠡᠳᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠤᠨ ᠠᠵᠤ | ᠦᠢᠯᠡᠰ ᠤᠨ ᠰᠢᠨ᠎ᠡ ᠨᠡᠮᠡᠭᠳᠡᠯ ᠤᠨ ᠲᠤᠶᠢᠯ ᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ ᠂ ᠮᠠᠨ ᠤ ᠬᠤᠰᠢᠭᠤᠨ ᠤ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ | ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠬᠤ ᠶᠢ ᠠᠬᠢᠭᠤᠯᠤᠨ᠎ᠠ ᠭᠡᠪᠡ ᠃ | | ᠵᠢᠷᠤᠭ ᠄ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠳᠤᠮᠳᠠᠳᠤ ᠤᠯᠤᠰ ᠤᠨ ᠬᠤᠳᠠᠯᠳᠤᠭᠠᠴᠢᠳ ᠤᠨ ᠬᠠᠮᠲᠤᠷᠠᠭᠰᠠᠨ ᠪᠦᠲᠦᠭᠡᠨ | ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠤᠯᠳᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠨ ᠵᠢᠶᠦ᠋ᠨ ᠲᠠᠢ ᠶᠠᠷᠢᠯᠴᠠᠵᠤ | ᠪᠠᠶᠢᠭ᠎ᠠ ᠨᠢ ᠃ ᠼᠤᠤ ᠸᠧᠨ ᠶᠢᠨ ᠰᠡᠭᠦᠳᠡᠷᠯᠡᠪᠡ | ᠣᠶᠢᠯᠠᠭᠠᠭᠰᠠᠨ ᠢᠶᠠᠷ ᠂ ᠲᠣᠰ ᠤᠳᠠᠭᠠᠨ ᠤ ᠭᠡᠷ᠎ᠡ ᠲᠣᠭᠲᠠᠵᠤ ᠤᠷᠤᠨᠵᠢᠭᠤᠯᠤᠬᠰᠠᠨ 2 ᠲᠥᠷᠥᠯ ᠵᠦᠢᠯ ᠳᠤ ᠳᠡᠯᠡᠬᠡᠢ ᠶᠢᠨ ᠲᠡᠷᠢᠭᠦᠨ ᠤ ᠨᠡᠶᠢᠯᠡᠮᠡᠯ ᠤᠷᠤᠰᠦᠩᠬᠦᠢ | ᠪᠡᠶᠡᠳᠤ ᠶᠢᠨ ᠳᠤᠨᠤᠭ ᠲᠥᠬᠦᠭᠡᠷᠦᠮᠵᠢ ᠵᠢᠴᠢ ᠦᠢᠯᠡᠳᠬᠦᠨ ᠤ ᠦᠢᠯᠡᠳᠪᠦᠷᠢᠯᠡᠯ ᠤᠨ ᠮᠡᠷᠭᠡᠵᠢᠯ ᠲᠠᠢ ᠶᠤᠮ ᠃ ᠨᠡᠶᠢᠯᠡᠮᠡᠯ ᠤᠷᠤᠰᠦᠩᠬᠦᠢ ᠪᠡᠶᠡᠳᠤ ᠶᠢᠨ ᠲᠡᠷᠢᠭᠦᠨ ᠤ | ᠳᠤᠨᠤᠭ ᠲᠥᠬᠦᠭᠡᠷᠦᠮᠵᠢ ᠶᠢ ᠦᠢᠯᠡᠳᠬᠦ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 40 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠳᠤ | 100 ᠰᠠᠤᠷᠢ ᠨᠡᠶᠢᠯᠡᠮᠡᠯ ᠤᠷᠤᠰᠦᠩᠬᠦᠢ ᠪᠡᠶᠡᠳᠤ ᠶᠢᠨ ᠲᠣᠮᠣ ᠬᠡᠯᠪᠡᠷᠢ ᠶᠢᠨ ᠠᠭᠤᠷᠰᠢᠭᠤᠯᠤᠨ ᠥᠩᠭᠡᠯᠡᠬᠦ ᠲᠥᠬᠦᠭᠡᠷᠦᠮᠵᠢ ᠶᠢ ᠲᠥᠯᠥᠪᠵᠢᠭᠦᠯᠦᠨ ᠪᠦᠲᠦᠭᠡᠨ | ᠪᠠᠶᠢᠭᠤᠯᠵᠤ ᠂ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ ᠂ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠳᠤ 40 ᠰᠠᠤᠷᠢ | ᠦᠢᠯᠡᠳᠪᠦᠷᠢᠯᠡᠵᠦ ᠂ ᠦᠢᠯᠡᠳᠬᠦᠨ ᠤ ᠥᠷᠲᠡᠭ ᠨᠢ 20 ᠳ᠋ᠦᠩᠰᠢᠭᠤᠷ ᠲᠥᠭᠦᠷᠢᠭ ᠲᠤ ᠬᠦᠷᠴᠦ ᠂ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠳᠤ | 60 ᠰᠠᠤᠷᠢ ᠦᠢᠯᠡᠳᠪᠦᠷᠢᠯᠡᠵᠦ ᠂ ᠦᠢᠯᠡᠳᠬᠦᠨ ᠤ ᠥᠷᠲᠡᠭ ᠨᠢ 30 ᠳ᠋ᠦᠩᠰᠢᠭᠤᠷ ᠲᠥᠭᠦᠷᠢᠭ ᠲᠤ ᠬᠦᠷᠤᠨ᠎ᠠ ︔ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠢ | 2025 ᠣᠨ ᠤ 4 ᠰᠠᠷ᠎ᠠ ᠠᠴᠠ ᠡᠮᠦᠨ᠎ᠡ ᠡᠬᠢᠯᠡᠭᠦᠯᠵᠦ ᠂ 9 ᠰᠠᠷ᠎ᠠ ᠳᠤ ᠲᠤᠨᠤᠭ ᠲᠥᠬᠦᠭᠡᠷᠦᠮᠵᠢ ᠶᠢ ᠦᠢᠯᠡᠳᠪᠦᠷᠢᠯᠡᠨ ᠭᠠᠷᠭᠠᠬᠤ ᠪᠠᠷ ᠲᠥᠯᠥᠪᠯᠡᠵᠦ ᠪᠤᠢ᠃ ᠰᠢᠨ᠎ᠡ | ᠡᠨᠧᠷᠭᠢ ᠶᠢᠨ ᠳ᠋ᠢᠶᠠᠨ ᡂᠢ ᠶᠢᠨ ᠨᠡᠶᠢᠯᠡᠮᠡᠯ ᠤᠷᠤᠰᠦᠩᠬᠦᠢ ᠪᠡᠶᠡᠳᠤ ᠶᠢᠨ ᠦᠢᠯᠡᠳᠬᠦᠨ ᠤ ᠦᠢᠯᠡᠳᠪᠦᠷᠢᠯᠡᠯ ᠤᠨ ᠲᠥᠷᠥᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ ᠨᠢ ᠪᠠᠷᠤᠭ 60 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠳᠤ 6 ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠨ ᠰᠢᠨ᠎ᠡ ᠡᠨᠧᠷᠭᠢ ᠶᠢᠨ | ᠳ᠋ᠢᠶᠠᠨ ᡂᠢ ᠶᠢᠨ ᠨᠡᠶᠢᠯᠡᠮᠡᠯ ᠤᠷᠤᠰᠦᠩᠬᠦᠢ ᠪᠡᠶᠡᠳᠤ ᠶᠢᠨ ᠪᠦᠲᠦᠭᠡᠭᠳᠡᠬᠦᠨ ᠢ ᠬᠤᠶᠠᠷ ᠬᠤᠭᠤᠴᠠᠭ᠎ᠠ ᠬᠤᠪᠢᠶᠠᠨ ᠦᠢᠯᠡᠳᠪᠦᠷᠢᠯᠡᠵᠦ ᠂ ᠨᠢᠭᠡᠳᠦᠭᠡᠷ ᠬᠤᠭᠤᠴᠠᠭᠠᠨ ᠳᠤ | 2.4 ᠳ᠋ᠦᠩᠰᠢᠭᠤᠷ ᠲᠡᠭᠰᠢ ᠳᠥᠷᠪᠡᠯᠵᠢᠨ ᠮᠧᠲᠷ ᠦᠢᠯᠡᠳᠪᠦᠷᠢᠯᠡᠵᠦ ᠂ ᠬᠤᠶᠠᠳᠤᠭᠠᠷ ᠬᠤᠭᠤᠴᠠᠭᠠᠨ ᠳᠤ 3.6 ᠳ᠋ᠦᠩᠰᠢᠭᠤᠷ ᠲᠡᠭᠰᠢ ᠳᠥᠷᠪᠡᠯᠵᠢᠨ ᠮᠧᠲᠷ | ᠦᠢᠯᠡᠳᠪᠦᠷᠢᠯᠡᠵᠦ ᠂ ᠨᠢᠭᠡᠳᠦᠭᠡᠷ ᠬᠤᠭᠤᠴᠠᠭᠠᠨ ᠤ ᠨᠡᠶᠢᠯᠡᠮᠡᠯ ᠤᠷᠤᠰᠤᠩᠭᠢ ᠪᠡᠶᠡᠲᠦ ᠶᠢᠨ ᠦᠢᠯᠡᠳᠪᠦᠷᠢᠯᠡᠯ ᠤᠨ ᠱᠤᠭᠤᠮ ᠢ 2025 ᠣᠨ ᠤ 10 ᠰᠠᠷ᠎ᠠ ᠳᠤ ᠪᠦᠬᠦ | ᠲᠠᠯ᠎ᠠ ᠪᠠᠷ ᠠᠵᠢᠯ ᠡᠬᠢᠯᠡᠭᠦᠯᠬᠦ ᠪᠠᠷ ᠲᠥᠯᠥᠪᠯᠡᠵᠦ ᠂ ᠵᠢᠱᠢᠯᠲᠡ ᠪᠠᠷ 2026 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠡᠨᠧᠷᠭᠢ ᠶᠢᠨ ᠳ᠋ᠢᠶᠠᠨ | ᡂᠢ ᠶᠢᠨ ᠨᠡᠶᠢᠯᠡᠮᠡᠯ ᠤᠷᠤᠰᠦᠩᠬᠦᠢ ᠪᠡᠶᠡᠳᠤ ᠶᠢᠨ ᠪᠦᠲᠦᠭᠡᠭᠳᠡᠬᠦᠨ ᠢ ᠪᠠᠷᠤᠭ 6 ᠳ᠋ᠦᠩᠰᠢᠭᠤᠷ ᠲᠡᠭᠰᠢ ᠳᠥᠷᠪᠡᠯᠵᠢᠨ ᠮᠧᠲᠷ ᠦᠢᠯᠡᠳᠪᠦᠷᠢᠯᠡᠨ᠎ᠡ᠃ | | | |