ᠵᠣᠣ ᠱᠤᠸᠠᠨ ᠪᠥᠬᠦ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠵᠢᠷᠤᠭ ᠳᠦᠷᠰᠤ ᠶᠢ ᠬᠠᠯᠠᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/28
    3 ᠰᠠᠷ᠎ᠠ ᠶᠢᠨ 26 ᠤ ᠡᠳᠦᠷ ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ  ᠤ ᠳᠠᠷᠤᠭ᠎ᠠ ᠵᠣᠣ ᠱᠤᠸᠠᠨ ᠪᠥᠬᠦ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠬᠠᠤᠯᠢ  ᠠᠴᠠ ᠵᠥᠷᠢᠴᠡᠭᠰᠡᠨ ᠵᠢᠷᠤᠭ ᠳᠦᠷᠰᠤ ᠶᠢ ᠬᠠᠯᠠᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ ᠂ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠰᠠᠶᠢᠲᠤᠷ ᠠᠳᠬᠤᠬᠤ ᠲᠤᠬᠠᠢ ᠪᠠᠶᠢᠷᠢᠯᠠᠭᠤᠯᠤᠯᠲᠠ ᠬᠢᠵᠦ ᠂ ᠲᠣᠳᠣᠷᠬᠠᠢ ᠱᠠᠭᠠᠷᠳᠠᠯᠭ᠎ᠠ ᠳᠤᠷᠠᠳᠪᠠ ᠃ ᠵᠠᠰᠠᠭ ᠤᠨ ᠣᠷᠳᠣᠨ ᠤ ᠬᠤᠰᠢᠭᠤᠨ  ᠤ ᠳᠡᠳ᠋ ᠳᠠᠷᠤᠭ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠶᠠᠨ ᠰᠢᠦᠸᠠᠢ ᠵᠢᠶᠦ᠋ᠨ ᠂ ᠵᠠᠰᠠᠭ ᠤᠨ ᠣᠷᠳᠣᠨ ᠤ ᠬᠤᠰᠢᠭᠤᠨ  ᠤ ᠳᠡᠳ᠋ ᠳᠠᠷᠤᠭ᠎ᠠ ᠭᠦᠸᠧ ᠷᠦᠢ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠲᠤᠬᠠᠢ ᠪᠣᠳᠠᠲᠠᠢ ᠲᠣᠬᠢᠷᠠᠭᠤᠯᠤᠯᠲᠠ ᠬᠢᠪᠡ ᠃ ᠬᠤᠰᠢᠭᠤᠨ  ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠂ ᠰᠢᠦᠸᠠᠢ ᠵᠢᠶᠠ ᠸᠠᠨ ᠴᠠᠬᠢᠯᠭᠠᠨ ᠬᠠᠩᠭᠠᠬᠤ ᠺᠣᠮᠫᠠᠨᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ ᠃    ᠬᠤᠷᠠᠯ  ᠨᠢ ᠸᠢᠳᠢᠤ᠋ ᠬᠤᠷᠠᠯ  ᠤᠨ ᠬᠡᠯᠪᠡᠷᠢ ᠪᠠᠷ ᠶᠠᠪᠤᠭᠳᠠᠵᠤ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ  ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠨᠠᠷ ᠂ ᠬᠠᠤᠯᠢ ᠬᠡᠷᠡᠭᠵᠢᠭᠦᠯᠬᠦ ᠠᠩᠭᠢ ᠶᠢᠨ ᠪᠥᠬᠦ ᠺᠠᠳ᠋ᠷᠴᠤᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ ᠃ 
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ