| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 28 ᠤ ᠴᠠᠭᠢᠯᠭᠠᠨ ᠮᠡᠳᠡᠭᠡ | ︵ 2025 ᠣᠨ ᠤ 3 ᠰᠠᠷ᠎ᠠ ᠶᠢᠨ 28 ᠤ ᠡᠳᠦᠷ ᠂ ᠪᠡᠭᠡᠵᠢᠩ ᠳᠤ ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠠᠪᠤᠷ ᠤᠨ ᠤᠷᠢᠨ ᠳᠤᠯᠠᠭᠠᠨ ᠤᠯᠠᠷᠢᠯ ᠳᠤ ᠂ ᠲᠠ ᠤᠯᠠᠨ ᠲᠠᠢ ᠠᠭᠤᠯᠵᠠᠵᠤ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ | ᠤᠯᠠᠨ ᠢ ᠤᠷᠢᠵᠤ ᠠᠪᠴᠢᠷᠠᠭᠰᠠᠨ ᠨᠢ ᠤᠯᠠᠨ ᠤ ᠰᠠᠨᠠᠯ ᠢ ᠰᠣᠨᠣᠰᠴᠤ ᠂ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ ᠂ ᠥᠷᠭᠡᠨ ᠤᠯᠠᠨ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠨᠡᠩ ᠰᠠᠶᠢᠨ ᠬᠥᠭᠵᠢᠬᠦ ᠶᠢ ᠳᠡᠮᠵᠢᠬᠦ ᠶᠢᠨ ᠲᠥᠯᠥᠭᠡ ᠶᠤᠮ ᠃ ᠪᠢ 4 ᠲᠠᠯ᠎ᠠ ᠶᠢᠨ | ᠲᠠᠨᠢᠯᠲᠠ ᠶᠢᠨ ᠲᠤᠬᠠᠢ ᠶᠠᠷᠢᠶ᠎ᠠ ᠃ | ᠨᠢᠭᠡ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠪᠡ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠢ ᠵᠢᠯ ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ 40 ᠭᠠᠷᠤᠢ ᠵᠢᠯ ᠤᠨ ᠲᠤᠷᠰᠢ ᠂ | ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠣᠷᠳᠣ ᠬᠤᠭᠤᠴᠠᠭᠠᠨ ᠤ ᠲᠣᠭᠲᠠᠭᠤᠨ ᠪᠠᠶᠢᠳᠠᠯ ᠤᠨ ︽ ᠬᠤᠶᠠᠷ ᠶᠡᠭᠡ ᠭᠠᠶᠢᠬᠠᠮᠰᠢᠭ ︾ ᠢ | ᠡᠭᠦᠳᠦᠭᠰᠡᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠪᠠ ᠳᠤᠮᠳᠠᠳᠤ ᠤᠯᠤᠰ ᠤᠨ ᠠᠷᠠᠳ ᠲᠦᠮᠡᠨ ᠤ ᠪᠦᠯᠬᠦᠮᠳᠡᠨ | ᠲᠡᠮᠡᠴᠡᠬᠦ ᠳᠤ ᠲᠦᠰᠢᠭᠯᠡᠭᠰᠡᠨ ᠶᠤᠮ ᠂ ᠡᠭᠦᠨ ᠳᠤ ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠦᠵᠡᠭᠦᠯᠦᠭᠰᠡᠨ ᠬᠤᠪᠢ ᠨᠡᠮᠡᠷᠢ ᠶᠢ | ᠪᠠᠭᠲᠠᠭᠠᠭᠰᠠᠨ ᠳᠡᠯᠡᠬᠡᠢ ᠨᠡᠶᠢᠭᠡᠮ ᠤᠨ ᠳᠡᠮᠵᠢᠯᠭᠡ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ ᠶᠤᠮ ᠃ | ᠥᠭᠡᠷᠡᠴᠢᠯᠡᠯᠲᠡ ᠨᠡᠭᠡᠭᠡᠯᠲᠡ ᠨᠢ ᠳᠤᠮᠳᠠᠳᠤ ᠤᠯᠤᠰ ᠢ ᠦᠳᠲᠡᠷ ᠲᠦᠷᠭᠡᠨ ᠢᠶᠠᠷ ᠳᠡᠯᠡᠬᠡᠢ ᠶᠢᠨ ᠵᠠᠬ᠎ᠠ ᠳᠡᠯᠭᠡᠭᠦᠷ ᠲᠤ ᠣᠷᠣᠭᠤᠯᠵᠤ ᠂ ᠶᠡᠭᠡ ᠠᠯᠬᠤᠮ ᠢᠶᠠᠷ ᠴᠠᠭ | ᠦᠶ᠎ᠡ ᠶᠢ ᠬᠥᠭᠡᠭᠡᠵᠦ ᠭᠦᠢᠴᠡᠬᠦ ᠪᠤᠯᠭᠠᠬᠰᠠᠨ ᠤ ᠴᠢᠬᠤᠯᠠ ᠨᠢᠭᠡ ᠵᠤᠷᠪᠤᠰ ᠪᠣᠯ ᠭᠠᠳᠠᠭᠠᠳᠤ ᠪᠡᠯᠡ ᠶᠢ ᠢᠳᠡᠪᠬᠢᠲᠡᠢ ᠠᠰᠢᠭᠯᠠᠭᠰᠠᠨ ᠶᠠᠪᠤᠳᠠᠯ ᠪᠣᠯᠣᠨ᠎ᠠ ᠃ 1979 | ᠣᠨ ᠳᠤ ᠳᠤᠮᠳᠠᠳᠤ ᠤᠯᠤᠰ ᠠᠴᠠ ᠳᠤᠮᠳᠠᠳᠤ ᠭᠠᠳᠠᠭᠠᠳᠤ ᠪᠡᠯᠡ ᠶᠢᠨ ᠨᠡᠶᠢᠯᠡᠭᠦᠯᠦᠨ ᠡᠵᠡᠩᠨᠡᠬᠦ ᠠᠵᠤ ᠠᠬᠤᠶᠢᠯᠠᠯ ᠤᠨ ᠬᠠᠤᠯᠢ ᠶᠢ ᠨᠡᠶᠢᠲᠡᠯᠡᠵᠦ ᠂ ᠭᠠᠳᠠᠭᠠᠳᠤ ᠶᠢᠨ | ᠪᠡᠯᠡ ᠶᠢ ᠠᠰᠢᠭᠯᠠᠬᠤ ᠡᠭᠦᠳᠡ ᠶᠢ ᠠᠯᠬᠤᠮ ᠠᠯᠬᠤᠮ ᠢᠶᠠᠷ ᠨᠡᠭᠡᠭᠡᠪᠡ ᠃ 1992 ᠣᠨ ᠳᠤ ᠳᠤᠮᠳᠠᠳᠤ ᠤᠯᠤᠰ ᠠᠴᠠ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ | ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠪᠠᠷ ᠲᠣᠭᠲᠠᠵᠤ ᠂ ᠭᠠᠳᠠᠭᠠᠳᠤ ᠶᠢᠨ ᠠᠵᠤ ᠠᠬᠤᠶᠢᠯᠠᠯ ᠳᠤᠮᠳᠠᠳᠤ ᠤᠯᠤᠰ ᠲᠤ ᠪᠡᠯᠡ ᠣᠷᠣᠭᠤᠯᠬᠤ ᠶᠢ ᠪᠦᠭᠦ | ᠲᠠᠯ᠎ᠠ ᠪᠠᠷ ᠲᠦᠷᠭᠡᠳᠬᠡᠪᠡ ᠃ 2001 ᠣᠨ ᠳᠤ ᠳᠤᠮᠳᠠᠳᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠵᠢᠩᠬᠢᠨᠢ ᠪᠠᠷ ᠣᠷᠣᠵᠤ ᠂ | ᠭᠠᠳᠠᠭᠠᠳᠤ ᠶᠢᠨ ᠠᠵᠤ ᠠᠬᠤᠶᠢᠯᠠᠯ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠨᠢ ᠤᠯᠠᠮ ᠠᠴᠠ ᠤᠯᠠᠮ ᠣᠯᠠᠰᠢᠷᠠᠪᠠ ᠃ ᠳᠤᠮᠳᠠᠳᠤ ᠤᠯᠤᠰ ᠤᠨ ᠡᠪ | ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠳᠠᠷᠠᠭ᠎ᠠ ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠰᠢᠨ᠎ᠡ | ᠱᠠᠲᠤᠨ ᠳᠤ ᠣᠷᠣᠵᠤ ᠂ ᠭᠠᠳᠠᠭᠠᠳᠤ ᠪᠡᠯᠡ ᠶᠢ ᠠᠰᠢᠭᠯᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ ᠃ ᠣᠳᠣᠬᠠᠨ ᠪᠤᠯᠲᠠᠯ᠎ᠠ ᠭᠠᠳᠠᠭᠠᠳᠤ ᠶᠢᠨ ᠠᠵᠤ | ᠠᠬᠤᠶᠢᠯᠠᠯ ᠤᠨ ᠳᠤᠮᠳᠠᠳᠤ ᠤᠯᠤᠰ ᠲᠠᠬᠢ ᠪᠡᠯᠡ ᠤᠷᠤᠭᠤᠯᠤᠯᠲᠠ 20 ᠠᠵᠢᠯ ᠲᠥᠷᠥᠯ ᠤᠨ ᠲᠦᠷᠦᠯ ᠵᠦᠢᠯ ᠂ 115 ᠠᠵᠢᠯ ᠲᠥᠷᠥᠯ ᠤᠨ ᠲᠣᠮᠣ ᠲᠥᠷᠥᠯ ᠢ | ᠪᠦᠷᠬᠦᠵᠦ ᠂ ᠨᠡᠶᠢᠲᠡ 124 ᠲᠦᠮᠡᠨ ᠡᠷᠦᠭᠡ ᠠᠵᠤ ᠠᠬᠤᠶᠢᠯᠠᠯ ᠢ ᠪᠠᠶᠢᠭᠤᠯᠵᠤ ᠂ ᠪᠡᠯᠡ ᠣᠷᠣᠭᠤᠯᠤᠯᠲᠠ ᠶᠢᠨ ᠬᠡᠮᠵᠢᠶ᠎ᠡ ᠨᠢ 3 ᠲᠦᠮᠡᠨ ᠳ᠋ᠦᠩᠰᠢᠭᠤᠷ ᠭᠠᠷᠤᠢ | ᠳ᠋ᠣᠯᠯᠠᠷ ᠲᠤ ᠬᠦᠷᠴᠡᠢ ᠃ | ᠭᠠᠳᠠᠭᠠᠳᠤ ᠶᠢᠨ ᠠᠵᠤ ᠠᠬᠤᠶᠢᠯᠠᠯ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠵᠤ ᠂ ᠳᠤᠮᠳᠠᠳᠤ ᠤᠯᠤᠰ ᠤᠨ ᠬᠥᠭᠵᠢᠯᠲᠡ ᠳᠤ ᠴᠢᠬᠤᠯᠠ ᠦᠢᠯᠡᠳᠦᠯ | ᠦᠵᠡᠭᠦᠯᠪᠡ ᠃ ᠨᠢᠭᠡ ᠳᠤ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠪᠠ ᠠᠵᠢᠯ ᠣᠯᠭᠤᠯᠲᠠ ᠶᠢ ᠲᠠᠶᠢᠴᠢᠯᠠᠪᠠ ᠃ ᠭᠠᠳᠠᠭᠠᠳᠤ ᠪᠡᠯᠡ ᠶᠢᠨ ᠠᠵᠤ | ᠠᠬᠤᠶᠢᠯᠠᠯ ᠨᠢ ᠳᠤᠮᠳᠠᠳᠤ ᠤᠯᠤᠰ ᠤᠨ 1/3 ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠂ 1/4 ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠂ | 1/7 ᠶᠢᠨ ᠭᠠᠶᠢᠯᠢ ᠲᠠᠲᠠᠪᠤᠷᠢ ᠳᠤ ᠬᠤᠪᠢ ᠨᠡᠮᠡᠷᠢ ᠦᠵᠡᠭᠦᠯᠵᠦ ᠂ 3000 ᠲᠦᠮᠡ ᠭᠠᠷᠤᠢ ᠠᠵᠢᠯ ᠤᠨ ᠪᠠᠶᠢᠷᠢ ᠶᠢ ᠡᠭᠦᠳᠪᠡ ᠃ ᠬᠤᠶᠠᠷ ᠲᠤ ᠳᠤᠮᠳᠠᠳᠤ | ᠤᠯᠤᠰ ᠤᠨ ᠮᠡᠷᠭᠡᠵᠢᠯ ᠪᠣᠯᠣᠨ ᠬᠠᠮᠢᠶᠠᠷᠤᠯᠲᠠ ᠶᠢᠨ ᠲᠡᠪᠰᠢᠯᠳᠠ ᠶᠢ ᠠᠬᠢᠭᠤᠯᠪᠠ ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠪᠴᠢᠷᠠᠭᠰᠠᠨ ᠲᠡᠷᠢᠭᠦᠨ ᠤ | ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠨᠢ ᠳᠤᠮᠳᠠᠳᠤ ᠤᠯᠤᠰ ᠤᠨ ᠠᠵᠤ ᠠᠬᠤᠶᠢᠯᠠᠯ ᠤᠨ ᠬᠥᠭᠵᠢᠯᠲᠡ ᠪᠠ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠳᠤ | ᠢᠳᠡᠪᠬᠢᠲᠡᠢ ᠨᠥᠯᠥᠭᠡ ᠦᠵᠡᠭᠦᠯᠪᠡ ᠃ ᠥᠩᠭᠡᠷᠡᠭᠰᠡᠨ 10 ᠵᠢᠯ ᠳᠤ ᠳᠤᠮᠳᠠᠳᠤ ᠤᠯᠤᠰ ᠲᠤ ᠪᠠᠶᠢᠭ᠎ᠠ ᠬᠡᠪᠴᠢᠶᠡᠵᠢᠯ ᠠᠴᠠ ᠳᠡᠭᠡᠭᠰᠢᠬᠢ ᠭᠠᠳᠠᠭᠠᠳᠤ ᠪᠡᠯᠡ ᠶᠢᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ 86.4% ᠪᠠᠷ ᠨᠡᠮᠡᠭᠳᠡᠵᠦ ᠂ ᠪᠦᠲᠦᠮᠵᠢᠲᠡᠢ ᠡᠭᠦᠳᠦᠯᠲᠡ ᠶᠢᠨ ᠲᠤᠰᠬᠠᠢ | ᠠᠰᠢᠭ ᠤᠨ ᠲᠤᠭ᠎ᠠ 336% ᠪᠠᠷ ᠨᠡᠮᠡᠭᠳᠡᠪᠡ ᠃ ᠭᠤᠷᠪᠠ ᠳᠤ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠪᠠ ᠃ ᠳᠤᠮᠳᠠᠳᠤ ᠤᠯᠤᠰ ᠤᠨ | ᠪᠦᠭᠦ ᠪᠥᠮᠪᠥᠷᠴᠡᠭ ᠤᠨ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠳᠤ ᠭᠦᠨᠵᠡᠭᠡᠢ ᠣᠷᠤᠯᠴᠠᠬᠤ ᠶᠢ ᠠᠬᠢᠭᠤᠯᠵᠤ ᠂ ᠤᠯᠠᠨ ᠤᠯᠤᠰ ᠤᠨ ᠥᠨᠳᠥᠷ ᠪᠠᠷᠢᠮᠵᠢᠶᠠᠲᠤ | ᠠᠵᠤ ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠂ ᠠᠵᠤ ᠠᠬᠤᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠠᠮᠢ ᠠᠬᠤᠢ | ᠵᠡᠷᠭᠡ ᠤᠯᠠᠨ ᠲᠠᠯ᠎ᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠪᠠ ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠪᠠᠰᠠ ᠳᠤᠮᠳᠠᠳᠤ | ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠠᠵᠢᠯᠯᠠᠭ᠎ᠠ ᠪᠣᠯᠣᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠪᠤᠰᠤᠳ ᠦᠢᠯᠡᠰ ᠲᠤ | ᠢᠳᠡᠪᠬᠢᠲᠡᠢ ᠣᠷᠣᠯᠴᠠᠵᠤ ᠂ ᠳᠤᠮᠳᠠᠳᠤ ᠤᠯᠤᠰ ᠤᠨ ᠠᠷᠠᠳ ᠲᠦᠮᠡᠨ ᠲᠠᠢ ᠭᠦᠨ ᠵᠤᠵᠠᠭᠠᠨ ᠨᠥᠬᠦᠷᠯᠡᠯ ᠪᠠᠶᠢᠭᠤᠯᠪᠠ ᠃ | ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠣᠷᠣᠯᠴᠠᠭᠴᠢ ᠮᠥᠨ ᠂ ᠳᠤᠮᠳᠠᠳᠤ | ᠤᠯᠤᠰ ᠤᠨ ᠥᠭᠡᠷᠡᠴᠢᠯᠡᠯᠲᠡ ᠨᠡᠭᠡᠭᠡᠯᠲᠡ ᠪᠣᠯᠣᠨ ᠰᠢᠨ᠎ᠡ ᠶᠢ ᠡᠭᠦᠳᠬᠦ ᠡᠭᠦᠳᠦᠨ ᠪᠦᠲᠦᠭᠡᠯᠲᠡ ᠶᠢᠨ ᠴᠢᠬᠤᠯᠠ ᠣᠷᠣᠯᠴᠠᠭᠴᠢ ᠮᠥᠨ ᠂ ᠳᠤᠮᠳᠠᠳᠤ ᠤᠯᠤᠰ ᠤᠨ | ᠳᠡᠯᠡᠬᠡᠢ ᠳ᠋ᠠᠬᠢᠨ ᠢ ᠬᠤᠯᠪᠣᠨ ᠨᠡᠪᠲᠡᠷᠡᠯᠴᠡᠭᠦᠯᠬᠦ ᠂ ᠠᠵᠤ ᠠᠬᠤᠢ ᠶᠢᠨ ᠳᠡᠯᠡᠬᠡᠶᠢᠵᠢᠯᠲᠡ ᠳᠤ ᠠᠭᠤᠰᠤᠯᠴᠠᠬᠤ ᠶᠢᠨ ᠴᠢᠬᠤᠯᠠ ᠣᠷᠣᠯᠴᠠᠭᠴᠢ ᠮᠥᠨ ᠭᠡᠳᠡᠭ ᠢ | ᠦᠢᠯᠡᠳᠦᠯᠭᠡ ᠭᠡᠷᠡᠴᠢᠯᠡᠪᠡ ᠃ ᠠᠳᠡ ᠪᠢ ᠳᠤᠮᠳᠠᠳᠤ ᠤᠯᠤᠰ ᠤᠨ ᠬᠥᠭᠵᠢᠯᠲᠡ ᠳᠤ ᠣᠷᠣᠯᠴᠠᠬᠰᠠᠨ ᠪᠠ ᠲᠡᠭᠦᠨ ᠢ ᠳᠡᠮᠵᠢᠭᠰᠡᠨ ᠪᠤᠢ ᠪᠦᠬᠦᠢ ᠭᠠᠳᠠᠭᠠᠳᠤ ᠪᠡᠯᠡ ᠶᠢᠨ | ᠠᠵᠤ ᠠᠬᠤᠶᠢᠯᠠᠯ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠬᠤ ᠪᠠᠨ ᠢᠯᠡᠳᠬᠡᠶ᠎ᠡ ︕ | ᠭᠠᠳᠠᠭᠠᠳᠤ ᠶᠢᠨ ᠠᠵᠤ ᠠᠬᠤᠶᠢᠯᠠᠯ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠭᠠᠳ ᠨᠡᠶᠢᠳᠡᠮ ᠳᠡᠭᠡᠨ ᠡᠯᠪᠡᠭ ᠳᠡᠯᠪᠡᠭ ᠠᠴᠢ ᠬᠠᠷᠢᠭᠤ ᠣᠯᠵᠤ | ᠪᠠᠶᠢᠬᠤ ᠶᠢ ᠪᠢᠳᠡ ᠪᠠᠶᠠᠷ ᠲᠠᠢ ᠪᠠᠷ ᠣᠯᠵᠤ ᠬᠠᠷᠠᠯ᠎ᠠ ᠃ ᠵᠠᠷᠢᠮ ᠨᠢ ᠲᠠᠩ ᠭᠠᠭᠴᠠ ᠲᠤᠬᠠᠶᠢᠯᠠᠭᠰᠠᠨ ᠠᠵᠢᠯ ᠢᠶᠠᠨ ᠶᠡᠷᠦᠩᠬᠡᠶᠢᠯᠡᠭᠰᠡᠨ ᠡᠵᠡᠩᠨᠡᠯᠲᠡ ᠪᠣᠯᠭᠠᠨ | ᠥᠷᠭᠡᠳᠬᠡᠵᠦ ᠂ ᠵᠠᠷᠢᠮ ᠨᠢ ᠨᠢᠭᠡ ᠭᠠᠵᠠᠷ ᠲᠤ ᠡᠵᠡᠩᠨᠡᠵᠦ ᠪᠠᠶᠢᠭᠰᠠᠨ ᠠᠴᠠ ᠪᠠᠨ ᠤᠯᠠᠨ ᠭᠠᠵᠠᠷ ᠲᠤ ᠪᠦᠭᠦ ᠲᠠᠯ᠎ᠠ ᠪᠠᠷ ᠬᠥᠭᠵᠢᠵᠦ ᠂ ᠵᠠᠷᠢᠮ ᠨᠢ ᠨᠢᠭᠡ | ᠦᠢᠯᠡᠳᠪᠦᠷᠢ ᠠᠴᠠ ᠪᠠᠨ ᠠᠵᠤ ᠠᠬᠤᠶᠢᠯᠠᠯ ᠤᠨ ᠪᠦᠯᠦᠭᠯᠡᠯ ᠪᠣᠯᠣᠨ ᠪᠤᠵᠠᠭᠠᠶᠢᠷᠠᠵᠤ ᠂ ᠠᠵᠤ ᠠᠬᠤᠶᠢᠯᠠᠯ ᠤᠨ ᠪᠣᠳᠠᠲᠤ ᠬᠦᠴᠦᠨ ᠨᠢ ᠬᠡᠳᠦᠨ ᠲᠠᠭᠢᠨ ᠂ ᠬᠡᠳᠦᠨ | ᠠᠷᠪᠠᠨ ᠲᠠᠭᠢᠨ ᠴᠢᠨᠠᠭᠰᠢᠯᠠᠪᠠᠯ ᠵᠠᠭᠤ ᠭᠠᠷᠤᠢ ᠲᠠᠭᠢᠨ ᠢᠶᠠᠷ ᠨᠡᠮᠡᠭᠳᠡᠵᠦ ᠪᠠᠶᠢᠨ᠎ᠠ ᠃ ᠶᠠᠭ ᠳᠤᠮᠳᠠᠳᠤ ᠤᠯᠤᠰ ᠤᠨ ᠡᠷᠲᠡᠨ ᠤ ᠦᠭᠡᠨ ᠳᠤ ᠬᠡᠯᠡᠭᠰᠡᠨ ︽ ᠮᠤᠳᠤᠷ | ᠵᠢᠮᠢᠰ ᠤᠨ ᠠᠴᠢ ᠶᠢ ᠴᠡᠪᠡᠷ ᠬᠠᠰ ᠢᠶᠠᠷ ᠬᠠᠷᠢᠭᠤᠯᠤᠮᠤᠢ ︾ ᠭᠡᠳᠡᠭᠴᠢᠯᠡᠨ ᠂ ᠡᠨᠡ ᠨᠢ ᠳᠠᠷᠤᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠬᠠᠷᠠᠭᠤᠯᠵᠤ | ᠪᠠᠶᠢᠨ᠎ᠠ ᠃ | ᠬᠤᠶᠠᠷ ᠂ ᠳᠤᠮᠳᠠᠳᠤ ᠤᠯᠤᠰ ᠣᠷᠳᠣ ᠬᠤᠭᠤᠴᠠᠭ᠎ᠠ ᠪᠠᠷ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠢᠶᠠᠨ ᠬᠥᠭᠵᠢᠭᠦᠯᠬᠦ | ᠰᠢᠮᠡᠲᠦ ᠬᠥᠷᠥᠰᠥ ᠪᠣᠯᠣᠨ᠎ᠠ | ᠤᠯᠠᠨ ᠵᠢᠯ ᠤᠨ ᠲᠤᠷᠰᠢ ᠂ ᠳᠤᠮᠳᠠᠳᠤ ᠤᠯᠤᠰ ᠢᠮᠠᠭᠲᠠ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠭᠤᠣᠯ ᠬᠤᠪᠢ ᠨᠡᠮᠡᠷᠢ ᠦᠵᠡᠭᠦᠯᠦᠭᠴᠢ ᠪᠠ | ᠲᠣᠭᠲᠠᠪᠤᠷᠢᠵᠢᠭᠤᠯᠤᠭᠴᠢ ᠪᠣᠯᠵᠤ ᠂ ᠤᠳᠤ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠠᠵᠢᠯ ᠦᠢᠯᠡᠰ ᠤᠨ | ᠲᠠᠪᠴᠠᠩ ᠶᠡᠭᠡ ᠂ ᠵᠠᠬ᠎ᠠ ᠳᠡᠯᠭᠡᠭᠦᠷ ᠤᠨ ᠢᠷᠡᠭᠡᠳᠦᠢ ᠥᠷᠭᠡᠨ ᠂ ᠲᠦᠷᠦ ᠶᠢᠨ ᠪᠣᠳᠣᠯᠭ᠎ᠠ ᠶᠢᠨ ᠵᠢᠱᠢᠯᠲᠡ ᠲᠣᠭᠲᠠᠭᠤᠨ ᠂ ᠠᠮᠤᠷ ᠲᠦᠪᠰᠢᠨ ᠤ ᠪᠠᠶᠢᠳᠠᠯ ᠰᠠᠶᠢᠨ | ᠪᠠᠶᠢᠨ᠎ᠠ ᠂ ᠶᠠᠭ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠢᠶᠠᠨ ᠬᠥᠭᠵᠢᠭᠦᠯᠬᠦ ᠳᠤ ᠠᠰᠢᠭᠲᠠᠢ ᠰᠢᠮᠡᠲᠦ ᠬᠥᠷᠥᠰᠥ ᠪᠣᠯᠣᠨ᠎ᠠ ᠃ | ᠭᠠᠳᠠᠭᠠᠳᠤ ᠨᠡᠭᠡᠭᠡᠯᠲᠡ ᠪᠣᠯ ᠳᠤᠮᠳᠠᠳᠤ ᠤᠯᠤᠰ ᠤᠨ ᠦᠨᠳᠦᠰᠦᠨ ᠤᠯᠤᠰ ᠤᠨ ᠪᠣᠳᠣᠯᠭ᠎ᠠ ᠮᠥᠨ ᠂ ᠳᠤᠮᠳᠠᠳᠤ ᠤᠯᠤᠰ ᠶᠠᠭ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠠᠬᠢᠭᠤᠯᠵᠤ ᠂ ᠳᠦᠷᠢᠮ ᠂ ᠲᠣᠭᠲᠠᠭᠠᠯ ᠂ ᠬᠠᠮᠢᠶᠠᠷᠤᠯᠲᠠ ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ | ᠥᠷᠭᠡᠳᠬᠡᠵᠦ ᠪᠠᠶᠢᠨ᠎ᠠ ᠃ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠶᠢ ᠭᠤᠶᠢᠪᠢᠰᠢ ᠦᠭᠡᠢ ᠠᠬᠢᠭᠤᠯᠵᠤ ᠂ ᠨᠡᠭᠡᠭᠡᠯᠲᠡ ᠬᠢᠬᠦ ᠡᠭᠦᠳᠡ ᠪᠠᠨ ᠶᠠᠪᠤᠬᠤ ᠳᠤᠳᠤᠮ | ᠶᠡᠭᠡ ᠨᠡᠭᠡᠭᠡᠵᠦ ᠂ ᠭᠠᠳᠠᠭᠠᠳᠤ ᠪᠡᠯᠡ ᠶᠢ ᠠᠰᠢᠭᠯᠠᠬᠤ ᠳᠦᠷᠦ ᠶᠢᠨ ᠪᠣᠳᠣᠯᠭ᠎ᠠ ᠬᠤᠪᠢᠷᠠᠭᠰᠠᠨ ᠦᠭᠡᠢ ᠮᠥᠷᠲᠡᠭᠡᠨ ᠬᠤᠪᠢᠷᠠᠭᠤᠯᠬᠤ ᠴᠤ ᠦᠭᠡᠢ ᠶᠤᠮ ᠭᠡᠳᠡᠭ ᠢ ᠪᠢ | ᠠᠳᠡ ᠳᠤᠷᠠᠲᠠᠶ᠎ᠠ ᠳᠠᠬᠢᠨᠲᠠ ᠢᠯᠡᠷᠬᠡᠶᠢᠯᠡᠶ᠎ᠡ ᠃ | ᠳᠤᠮᠳᠠᠳᠤ ᠤᠯᠤᠰ ᠪᠣᠯ ᠪᠦᠭᠦ ᠪᠥᠮᠪᠥᠷᠴᠡᠭ ᠤᠨ ᠬᠤᠶᠠᠳᠤᠭᠠᠷ ᠲᠣᠮᠣ ᠬᠡᠷᠡᠭᠯᠡᠭᠡ ᠶᠢᠨ ᠵᠠᠬ᠎ᠠ ᠳᠡᠯᠭᠡᠭᠦᠷ ᠪᠣᠯᠣᠨ᠎ᠠ ᠂ ᠪᠦᠭᠦ ᠪᠥᠮᠪᠥᠷᠴᠡᠭ ᠤᠨ ᠬᠠᠮᠤᠭ ᠤᠨ ᠶᠡᠭᠡ | ᠬᠡᠪᠴᠢᠶ᠎ᠡ ᠲᠠᠢ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠲᠠᠢ ᠪᠠᠶᠢᠵᠤ ᠂ ᠲᠡᠭᠦᠨ ᠳᠤ ᠯᠤᠲᠤ ᠶᠡᠭᠡ ᠪᠡᠯᠡ ᠣᠷᠣᠭᠤᠯᠤᠯᠲᠠ ᠪᠠ ᠬᠡᠷᠡᠭᠯᠡᠭᠡᠨ ᠤ ᠲᠠᠯᠳᠠ ᠬᠦᠴᠦᠨ | ᠠᠭᠤᠯᠤᠭᠳᠠᠵᠤ ᠪᠠᠶᠢᠳᠠᠭ ᠃ ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠪᠡᠶᠡᠯᠡᠭᠦᠯᠵᠦ ᠂ ᠪᠣᠬᠢᠷᠳᠤᠯ ᠦᠭᠡᠢ ᠂ ᠲᠣᠭᠠᠴᠢᠯᠠᠯᠲᠠ ᠂ | ᠣᠶᠤᠨᠴᠢᠯᠠᠯᠲᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠂ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠴᠢᠩᠭ᠎ᠠ ᠪᠠᠶᠢᠬᠤ | ᠪᠣᠯ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠬᠠᠮᠤᠭ ᠤᠨ ᠰᠠᠶᠢᠨ | ᠬᠡᠷᠡᠭᠯᠡᠭᠡ ᠶᠢᠨ ᠦᠵᠡᠭᠳᠡᠯ ᠪᠣᠯᠣᠨ᠎ᠠ ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤᠮᠳᠠᠳᠤ ᠤᠯᠤᠰ ᠲᠤ ᠳᠠᠪᠠᠭᠤᠯᠢᠭ ᠪᠠ ᠴᠢᠳᠠᠪᠤᠷᠢ ᠪᠠᠨ ᠭᠦᠢᠴᠡᠳ | ᠪᠠᠳᠠᠷᠠᠭᠤᠯᠵᠤ ᠂ ᠪᠦᠭᠦ ᠪᠥᠮᠪᠥᠷᠴᠡᠭ ᠤᠨ ᠥᠷᠢᠰᠦᠯᠳᠦᠭᠡᠨ ᠤ ᠳᠤᠮᠳᠠ ᠲᠡᠷᠢᠭᠦᠨ ᠲᠣᠭᠢᠶᠠᠯ ᠢ ᠣᠯᠵᠤ ᠪᠣᠯᠣᠨ᠎ᠠ ᠃ | ᠳᠤᠮᠳᠠᠳᠤ ᠤᠯᠤᠰ ᠨᠢᠭᠡᠨᠲᠡ ᠭᠠᠳᠠᠭᠠᠳᠤ ᠪᠡᠯᠡ ᠶᠢ ᠠᠰᠢᠭᠯᠠᠬᠤ ᠨᠡᠯᠢᠶᠡᠳ ᠪᠦᠷᠢᠨ ᠲᠡᠭᠦᠯᠳᠡᠷ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢᠨ ᠰᠢᠰᠲ᠋ᠧᠮ ᠪᠠ | ᠠᠵᠢᠯ ᠤᠨ ᠰᠢᠰᠲ᠋ᠧᠮ ᠢ ᠪᠦᠷᠢᠯᠳᠦᠭᠦᠯᠪᠡ ᠃ ᠪᠢᠳᠡ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠬᠠᠤᠯᠢ ᠲᠣᠭᠲᠠᠭᠠᠯᠲᠠ ᠶᠢ ᠴᠢᠩᠭᠠᠳᠬᠠᠵᠤ ᠂ | ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠴᠢᠯᠡᠯᠲᠡ ᠶᠢ ᠠᠬᠢᠭᠤᠯᠵᠤ ᠂ ᠵᠠᠬ᠎ᠠ ᠳᠡᠯᠭᠡᠭᠦᠷᠴᠢᠯᠡᠭᠰᠡᠨ ᠂ ᠬᠠᠤᠯᠢ ᠪᠠᠷ ᠵᠠᠰᠠᠭᠰᠠᠨ ᠂ | ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠢᠳᠡᠪᠬᠢᠲᠡᠢ ᠪᠤᠢ ᠪᠤᠯᠭᠠᠵᠤ ᠂ ᠢᠯᠡ ᠲᠣᠳᠣ ᠂ ᠲᠣᠭᠲᠠᠭᠤᠨ ᠂ ᠵᠢᠱᠢᠵᠦ | ᠪᠣᠯᠬᠤᠶᠢᠴᠠ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠵᠤ ᠂ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ | ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠬᠠᠮᠤᠭ ᠠᠩᠬ᠎ᠠ 190 ᠵᠦᠢᠯ ᠪᠠᠶᠢᠭᠰᠠᠨ ᠠᠴᠠ ᠬᠠᠰᠤᠭᠠᠳ ᠤᠳᠤ ᠶᠢᠨ ᠪᠦᠭᠦ ᠤᠯᠤᠰ ᠤᠨ ᠬᠡᠪᠯᠡᠯ ᠤᠨ 29 ᠵᠦᠢᠯ ᠪᠠ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠡᠪᠯᠡᠯ ᠤᠨ 27 ᠵᠦᠢᠯ ᠪᠤᠯᠭᠠᠵᠤ ᠂ ᠦᠢᠯᠡᠳᠬᠦ ᠦᠢᠯᠡᠰ ᠤᠨ ᠬᠦᠷᠢᠶᠡᠨ ᠳᠤ ︽ ᠳᠠᠭᠤᠰᠬᠠᠬᠤ ︾ ᠶᠢ | ᠪᠡᠶᠡᠯᠡᠭᠦᠯᠪᠡ ᠃ ᠣᠶᠢᠷ᠎ᠠ ᠶᠢᠨ ᠬᠡᠳᠦᠨ ᠵᠢᠯ ᠳᠤ ᠂ ᠣᠯᠠᠨ ᠤᠯᠤᠰ ᠤᠨ ᠠᠵᠤ ᠠᠬᠤᠢ ᠶᠢᠨ ᠣᠷᠴᠢᠨ ᠨᠥᠬᠦᠴᠡᠯ ᠤᠨ ᠬᠤᠪᠢᠷᠠᠯᠲᠠ ᠨᠡᠯᠢᠶᠡᠳ ᠶᠡᠭᠡ ᠪᠠᠶᠢᠵᠤ ᠂ ᠪᠢᠳᠡ | ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠰᠢᠷᠢᠰ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠂ ︽ ᠳᠤᠮᠳᠠᠳᠤ ᠤᠯᠤᠰ ᠲᠤ ᠪᠡᠯᠡ ᠣᠷᠣᠭᠤᠯᠬᠤ ︾ ᠲᠦᠷᠦᠯ | ᠲᠡᠮᠳᠡᠭ ᠢ ᠦᠷᠭᠦᠯᠵᠢᠯᠡᠨ ᠡᠭᠦᠳᠴᠦ ᠂ ᠡᠯ᠎ᠡ ᠭᠠᠵᠠᠷ ᠤᠨ ᠬᠢᠨ ᠴᠥᠮ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ ᠪᠠᠲᠤᠯᠠᠭ᠎ᠠ ᠪᠠᠨ ᠴᠢᠩᠭᠠᠳᠬᠠᠪᠠ ᠂ | ᠡᠨᠡ ᠲᠠᠯ᠎ᠠ ᠶᠢᠨ ᠠᠵᠢᠯ ᠢ ᠶᠠᠪᠤᠬᠤ ᠲᠤᠲᠤᠮ ᠰᠠᠶᠢᠨ ᠬᠢᠬᠦ ᠪᠣᠯᠣᠨ᠎ᠠ ᠃ | ᠳᠤᠮᠳᠠᠳᠤ ᠤᠯᠤᠰ ᠤᠷᠳᠤ ᠬᠤᠭᠤᠴᠠᠭ᠎ᠠ ᠪᠠᠷ ᠤᠯᠤᠰ ᠲᠦᠷᠦ ᠶᠢᠨ ᠪᠠᠶᠢᠳᠠᠯ ᠲᠣᠭᠲᠠᠭᠤᠨ ᠂ ᠨᠡᠶᠢᠭᠡᠮ ᠠᠮᠤᠷ ᠲᠣᠭᠲᠠᠭᠤᠨ ᠪᠠᠶᠢᠬᠤ ᠶᠢ ᠪᠠᠲᠤᠯᠠᠵᠤ ᠂ ᠳᠡᠯᠡᠬᠡᠢ | ᠨᠡᠶᠢᠲᠡ ᠳᠤ ᠮᠡᠳᠡᠷᠡᠭᠳᠡᠭᠰᠡᠨ ᠬᠠᠮᠤᠭ ᠤᠨ ᠠᠮᠤᠷ ᠲᠦᠪᠰᠢᠨ ᠤᠯᠤᠰ ᠤᠨ ᠨᠢᠭᠡ ᠮᠥᠨ ᠃ ᠤᠯᠠᠨ ᠢᠶᠠᠷ ᠢᠶᠠᠨ ᠳᠤᠮᠳᠠᠳᠤ ᠤᠯᠤᠰ ᠲᠤ ᠠᠵᠢᠯᠯᠠᠵᠤ ᠠᠮᠢᠳᠤᠷᠠᠵᠤ ᠂ | ᠡᠶ᠎ᠡ ᠡᠪ ᠢ ᠡᠷᠬᠢᠮᠯᠡᠨ ᠂ ᠡᠶ᠎ᠡ ᠨᠠᠶᠢᠷᠲᠠᠢ ᠬᠠᠮᠲᠤ ᠣᠷᠣᠰᠢᠬᠤ ᠪᠣᠯᠪᠠᠰᠤᠨ ᠤ ᠤᠯᠠᠮᠵᠢᠯᠠᠯ ᠢ ᠣᠶᠢᠯᠠᠭᠠᠨ ᠮᠡᠳᠡᠷᠡᠵᠦ ᠂ ᠢᠲᠡᠭᠡᠯ ᠢ ᠵᠢᠷᠤᠮᠯᠠᠨ ᠡᠪ ᠢ ᠬᠢᠴᠢᠶᠡᠬᠦ ᠂ | ᠲᠦᠷᠦᠯ ᠰᠠᠲᠤᠨ ᠲᠠᠢ ᠪᠠᠨ ᠳᠣᠲᠣᠨᠣ ᠂ ᠬᠥᠷᠰᠢ ᠵᠡᠷᠭᠡᠯᠡᠳᠡᠭᠡ ᠲᠠᠢ ᠪᠠᠨ ᠨᠥᠭᠦᠷᠰᠡᠭ ᠨᠡᠶᠢᠭᠡᠮ ᠤᠨ ᠠᠭᠤᠷ ᠠᠮᠢᠰᠬᠤᠯ ᠢ ᠪᠡᠶᠡᠴᠢᠯᠡᠨ ᠣᠶᠢᠯᠠᠭᠠᠬᠤ ᠶᠢ ᠢᠲᠡᠭᠡᠵᠦ | ᠪᠠᠶᠢᠨ᠎ᠠ ᠃ | ᠶᠡᠷᠦᠩᠬᠡᠶᠢᠯᠡᠭᠡᠳ ᠬᠡᠯᠡᠪᠡᠯ ᠂ ᠳᠤᠮᠳᠠᠳᠤ ᠤᠯᠤᠰ ᠥᠩᠭᠡᠷᠡᠭᠰᠡᠨ ᠳᠤ ᠂ ᠤᠳᠤ ᠂ ᠢᠷᠡᠭᠡᠳᠦᠢ ᠳᠤ ᠴᠦ ᠭᠡᠰᠡᠨ ᠯᠠᠪᠲᠠᠢ ᠭᠠᠳᠠᠭᠠᠳᠤ ᠶᠢᠨ ᠠᠷᠠᠯᠵᠢᠶᠠᠴᠢᠨ ᠤ | ᠬᠦᠰᠡᠵᠦ ᠪᠠᠶᠢᠭ᠎ᠠ ᠂ ᠠᠮᠤᠷ ᠲᠦᠪᠰᠢᠨ ᠂ ᠵᠢᠳᠬᠦᠯ ᠴᠢᠷᠮᠠᠶᠢᠯᠭ᠎ᠠ ᠭᠠᠷᠭᠠᠵᠤ ᠳᠡᠶᠢᠯᠭᠦ ᠪᠡᠯᠡ ᠣᠷᠣᠭᠤᠯᠤᠯᠲᠠ ᠶᠢᠨ ᠵᠣᠷᠢᠭᠰᠠᠨ ᠭᠠᠵᠠᠷ ᠪᠣᠯᠣᠨ᠎ᠠ ᠂ ᠳᠤᠮᠳᠠᠳᠤ | ᠤᠯᠤᠰ ᠲᠠᠢ ᠬᠠᠮᠲᠤ ᠤᠷᠤᠭᠰᠢᠯᠠᠬᠤ ᠪᠣᠯ ᠠᠵᠠ ᠲᠣᠭᠢᠶᠠᠯ ᠲᠠᠢ ᠬᠠᠮᠲᠤ ᠤᠷᠤᠭᠰᠢᠯᠠᠭᠰᠠᠨ ᠶᠠᠪᠤᠳᠠᠯ ᠪᠠᠶᠢᠵᠤ ᠂ ᠳᠤᠮᠳᠠᠳᠤ ᠤᠯᠤᠰ ᠢ ᠢᠲᠡᠭᠡᠬᠦ ᠪᠣᠯ ᠮᠠᠷᠭᠠᠰᠢ ᠪᠠᠨ | ᠢᠲᠡᠭᠡᠵᠦ ᠪᠠᠶᠢᠭ᠎ᠠ ᠶᠠᠪᠤᠳᠠᠯ ᠪᠠᠶᠢᠵᠤ ᠂ ᠳᠤᠮᠳᠠᠳᠤ ᠤᠯᠤᠰ ᠲᠤ ᠪᠡᠯᠡ ᠣᠷᠣᠭᠤᠯᠬᠤ ᠪᠣᠯ ᠢᠷᠡᠭᠡᠳᠦᠢ ᠳᠡᠭᠡᠨ ᠪᠡᠯᠡ ᠣᠷᠣᠭᠤᠯᠵᠤ ᠪᠠᠶᠢᠭ᠎ᠠ ᠶᠠᠪᠤᠳᠠᠯ ᠪᠣᠯᠣᠨ᠎ᠠ | ᠭᠡᠳᠡᠭ ᠢ ᠢᠲᠡᠭᠡᠵᠦ ᠪᠠᠶᠢᠨ᠎ᠠ ᠃ ᠥᠷᠭᠡᠨ ᠤᠯᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠨ ᠡᠷᠡᠭᠡᠯᠵᠡᠭᠡ ᠪᠠᠨ ᠠᠯᠳᠠᠷᠠᠭᠠᠵᠤ ᠂ ᠢᠲᠡᠭᠡᠯ ᠵᠣᠷᠢᠭ ᠢᠶᠠᠨ | ᠪᠠᠲᠤᠳᠬᠠᠵᠤ ᠂ ᠰᠠᠨᠠᠭ᠎ᠠ ᠠᠮᠤᠷ ᠳᠤᠮᠳᠠᠳᠤ ᠤᠯᠤᠰ ᠲᠤ ᠢᠷᠡᠨ ᠬᠥᠭᠵᠢᠵᠦ ᠂ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠭᠢᠶᠠᠯ ᠢ ᠬᠤᠪᠢᠶᠠᠯᠴᠠᠬᠤ ᠶᠢ | ᠬᠦᠰᠡᠵᠦ ᠪᠠᠶᠢᠨ᠎ᠠ ᠃ | ᠭᠤᠷᠪᠠ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠠᠬᠢ ᠬᠥᠭᠵᠢᠯᠲᠡ ᠳᠤ ᠲᠤᠯᠭᠠᠷᠠᠭᠰᠠᠨ ᠠᠰᠠᠭᠤᠳᠠᠯ ᠢ ᠦᠨᠡᠨ ᠬᠦ | ᠰᠢᠢᠳᠪᠦᠷᠢᠯᠡᠨ᠎ᠡ | ᠡᠳᠡᠭᠡᠷ ᠵᠢᠯ ᠤᠳ ᠲᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠠᠬᠢ ᠬᠥᠭᠵᠢᠯᠲᠡ ᠳᠤ ᠨᠡᠬᠡᠷᠡᠨ ᠡᠳᠦᠢ ᠲᠡᠳᠦᠢ ᠠᠰᠠᠭᠤᠳᠠᠯ | ᠲᠤᠯᠭᠠᠷᠠᠵᠤ ᠪᠤᠢ ᠃ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠣᠪᠣᠷ ᠮᠠᠰᠢ ᠢᠯᠠ ᠲᠣᠳᠣᠷᠬᠠᠢ ᠪᠠᠶᠢᠵᠤ ᠂ ᠮᠠᠨ ᠤ ᠤᠯᠤᠰ ᠤᠨ ᠳᠣᠲᠣᠭᠠᠳᠤ ᠶᠢᠨ | ᠬᠠᠮᠢᠶᠠᠷᠤᠯᠲᠠ ᠳᠤ ᠬᠤᠯᠪᠣᠭᠳᠠᠬᠤ ᠠᠰᠠᠭᠤᠳᠠᠯ ᠢ ᠪᠣᠯ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ | ᠳᠠᠮᠵᠢᠭᠤᠯᠤᠨ ᠰᠢᠢᠳᠪᠦᠷᠢᠯᠡᠨ᠎ᠡ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠠᠴᠠ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠪᠣᠯᠣᠨ ᠭᠠᠳᠠᠭᠠᠳᠤ ᠳᠤ ᠵᠣᠷᠢᠭᠤᠯᠤᠭᠰᠠᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠳᠤ ᠨᠢᠭᠡᠨᠲᠡ ᠵᠠᠮ ᠱᠤᠭᠤᠮ ᠤᠨ ᠵᠢᠷᠤᠭ ᠪᠠ ᠴᠠᠭ ᠤᠨ ᠬᠦᠰᠦᠨᠦᠭᠲᠦ ᠶᠢ ᠲᠣᠭᠲᠠᠭᠠᠪᠠ ᠂ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠳᠠᠭᠠᠯᠳᠤᠨ ᠂ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠪᠦᠲᠦᠮᠵᠢᠲᠡᠢ ᠰᠢᠢᠳᠪᠦᠷᠢᠯᠡᠭᠳᠡᠨ᠎ᠡ ᠭᠡᠳᠡᠭ ᠢ ᠢᠲᠡᠭᠡᠵᠦ ᠪᠠᠶᠢᠨ᠎ᠠ ᠃ | | ᠨᠢᠭᠡ ᠳᠤ ᠨᠡᠭᠡᠭᠡᠯᠲᠡ ᠬᠢᠬᠦ ᠶᠢ ᠤᠯᠠᠮ ᠨᠢᠭᠡ ᠠᠯᠬᠤᠮ ᠥᠷᠭᠡᠳᠬᠡᠬᠦ ᠲᠤᠬᠠᠢ ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ | ᠳᠣᠷᠣᠭᠰᠢᠯᠠᠭᠤᠯᠬᠤ ᠪᠣᠯ ᠮᠠᠨ ᠤ ᠲᠠᠷᠠᠭᠠᠴᠢ ᠶᠢᠨ ᠨᠡᠭᠡᠭᠡᠯᠲᠡ ᠬᠢᠬᠦ ᠶᠢ ᠥᠷᠭᠡᠳᠬᠡᠬᠦ ᠶᠢᠨ ᠭᠤᠣᠯᠳᠠᠯᠭ᠎ᠠ ᠪᠣᠯᠣᠨ᠎ᠠ ᠃ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠡᠷᠲᠡ | ᠨᠠᠶᠢᠳᠠᠪᠤᠷᠢᠵᠢᠭᠤᠯᠬᠤ ᠠᠴᠠ ᠪᠢᠰᠢ ᠬᠤᠵᠢᠭᠤᠳᠠᠭᠤᠯᠵᠤ ᠪᠤᠯᠬᠤ ᠦᠭᠡᠢ ᠂ ᠲᠦᠷᠭᠡᠨ ᠨᠠᠶᠢᠳᠠᠪᠤᠷᠢᠵᠢᠭᠤᠯᠬᠤ ᠠᠴᠠ ᠪᠢᠰᠢ ᠤᠳᠠᠭᠠᠰᠢᠷᠠᠭᠤᠯᠵᠤ ᠪᠤᠯᠬᠤ ᠦᠭᠡᠢ ᠭᠡᠵᠦ | ᠪᠢ ᠲᠤᠰᠬᠠᠶᠢᠯᠠᠨ ᠴᠢᠬᠤᠯᠠᠴᠢᠯᠠᠵᠤ ᠥᠩᠭᠡᠷᠡᠭᠰᠡᠨ ᠶᠤᠮ ᠃ ᠡᠨᠡ ᠵᠢᠯ ᠂ ᠪᠢᠳᠡ ᠵᠠᠷᠢᠮ ᠲᠠᠯ᠎ᠠ ᠶᠢᠨ ᠨᠡᠭᠡᠭᠡᠯᠲᠡ ᠬᠢᠬᠦ ᠲᠤᠷᠰᠢᠯᠲᠠ ᠶᠢᠨ ᠴᠡᠭ ᠢ ᠥᠷᠭᠡᠳᠬᠡᠵᠦ ᠂ | ᠪᠠᠰᠠ ᠰᠣᠶᠣᠯ ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠨᠡᠭᠡᠭᠡᠯᠲᠡ ᠬᠢᠬᠦ ᠶᠢ ᠲᠦᠷᠭᠡᠳᠬᠡᠬᠦ ᠪᠣᠯᠣᠨ᠎ᠠ ᠃ ᠡᠭᠦᠨ ᠤ ᠬᠠᠮᠲᠤ ᠂ ᠪᠢᠳᠡ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠶᠠᠪᠤᠴᠠ ᠳᠠᠬᠢ ︽ ᠲᠣᠮᠣ ᠡᠭᠦᠳᠡ ᠶᠢ ᠨᠡᠭᠡᠭᠡᠵᠦ ᠂ ᠵᠢᠵᠢᠭ ᠡᠭᠦᠳᠡ ᠶᠢ ᠨᠡᠭᠡᠭᠡᠬᠦ ᠦᠭᠡᠢ ︾ ᠪᠣᠳᠠᠲᠠᠢ ᠠᠰᠠᠭᠤᠳᠠᠯ ᠢ ᠬᠦᠴᠦᠯᠡᠨ | ᠰᠢᠢᠳᠪᠦᠷᠢᠯᠡᠵᠦ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠮᠠᠨ ᠤ ᠨᠢᠭᠡᠨᠲᠡ ᠨᠡᠭᠡᠭᠡᠭᠰᠡᠨ ᠬᠦᠷᠢᠶᠡᠨ ᠳᠤ ︽ ᠣᠷᠣᠬᠤ ᠶᠢ ᠵᠥᠪᠰᠢᠶᠡᠷᠡᠬᠦ ᠮᠥᠷᠲᠡᠭᠡᠨ ᠡᠵᠡᠩᠨᠡᠬᠦ ᠶᠢ | ᠴᠦ ᠵᠥᠪᠰᠢᠶᠡᠷᠡᠬᠦ ︾ ᠪᠣᠯᠭᠠᠨ᠎ᠠ ᠃ | ᠬᠤᠶᠠᠷ ᠲᠤ ᠵᠠᠬ᠎ᠠ ᠳᠡᠯᠭᠡᠭᠦᠷ ᠤᠨ ᠲᠥᠪ ᠭᠤᠣᠯᠴᠢ ᠥᠷᠢᠰᠦᠯᠳᠦᠭᠡᠨ ᠢ ᠬᠠᠮᠠᠭᠠᠯᠠᠬᠤ ᠲᠤᠬᠠᠢ ᠃ ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠪᠡᠯᠡ ᠶᠢᠨ | ᠠᠵᠤ ᠠᠬᠤᠶᠢᠯᠠᠯ ᠤᠳ ᠤᠨ ᠤᠯᠤᠰ ᠤᠨ ᠠᠷᠠᠳ ᠢᠷᠭᠡᠨ ᠤ ᠬᠠᠷᠠᠭᠠᠯᠵᠠᠯ ᠢ ᠪᠠᠲᠤᠯᠠᠵᠤ ᠂ ᠬᠠᠤᠯᠢ ᠴᠠᠭᠠᠵᠠ ᠶᠢ ᠬᠡᠷᠡᠭᠯᠡᠬᠦ ᠲᠠᠯ᠎ᠠ ᠪᠠᠷ ᠨᠢᠭᠡᠳᠦᠯᠲᠡᠢ ᠂ ᠪᠠᠶᠢᠷᠢ | ᠰᠠᠭᠤᠷᠢ ᠬᠠᠷᠠᠭᠠᠯᠵᠠᠯ ᠤᠨ ᠲᠠᠯ᠎ᠠ ᠪᠠᠷ ᠠᠳᠠᠯᠢ ᠲᠡᠭᠰᠢ ᠪᠠᠶᠢᠬᠤ ᠶᠢ ᠪᠠᠲᠤᠯᠠᠬᠤ ᠶᠣᠰᠣᠲᠠᠢ ᠭᠡᠵᠦ ᠪᠢᠳᠡ ᠦᠵᠡᠭᠰᠡᠭᠡᠷ ᠢᠷᠡᠭᠰᠡᠨ ᠶᠤᠮ ᠃ ᠪᠢᠳᠡ ᠭᠠᠳᠠᠭᠠᠳᠤ | ᠪᠡᠯᠡ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠯᠧᠮᠧᠨ᠋ᠲ ᠢ ᠬᠠᠤᠯᠢ ᠶᠣᠰᠣᠭᠠᠷ ᠡᠷᠬᠡ ᠲᠡᠭᠰᠢ ᠪᠠᠷ ᠣᠯᠬᠤ ᠶᠢ ᠪᠠᠲᠤᠯᠠᠵᠤ ᠂ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠵᠤ ᠂ ᠵᠠᠷᠢᠮ ᠬᠦᠷᠢᠶᠡᠨ ᠳᠠᠬᠢ ᠳᠣᠲᠣᠭᠠᠳᠤ ᠶᠢᠨ ᠰᠢᠷᠦᠭᠦᠨ ᠥᠷᠢᠰᠦᠯᠳᠦᠭᠡᠨ ᠢ ᠬᠦᠴᠦᠯᠡᠨ | ᠴᠡᠭᠴᠡᠯᠡᠨ ᠵᠠᠰᠠᠵᠤ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠳᠤ ᠦᠢᠯᠡᠳᠪᠦᠷᠢᠯᠡᠭᠰᠡᠨ ᠦᠢᠯᠡᠳᠬᠦᠨ ᠤ ᠵᠠᠰᠠᠭ ᠤᠨ ᠣᠷᠳᠣᠨ ᠤ ᠬᠤᠳᠠᠯᠳᠤᠨ | ᠠᠪᠬᠤ ᠠᠵᠢᠯᠯᠠᠭ᠎ᠠ ᠳᠤ ᠬᠠᠤᠯᠢ ᠶᠣᠰᠣᠭᠠᠷ ᠡᠷᠬᠡ ᠲᠡᠭᠰᠢ ᠪᠠᠷ ᠣᠷᠤᠯᠴᠠᠬᠤ ᠶᠢ ᠪᠠᠲᠤᠯᠠᠨ᠎ᠠ ᠃ ᠤᠯᠠᠨ ᠤ ᠬᠦᠰᠡᠯ ᠱᠠᠭᠠᠷᠳᠠᠯᠭ᠎ᠠ ᠶᠢ ᠪᠢᠳᠡ ᠨᠠᠷᠢᠨ ᠬᠢᠨᠠᠮᠠᠭᠠᠢ | ᠰᠤᠳᠤᠯᠵᠤ ᠂ ᠶᠠᠮᠠᠷ ᠠᠰᠠᠭᠤᠳᠠᠯ ᠪᠠᠶᠢᠪᠠᠯ ᠴᠠᠭ ᠲᠤᠬᠠᠢ ᠳᠤᠨᠢ ᠲᠡᠷᠡ ᠠᠰᠠᠭᠤᠳᠠᠯ ᠢ ᠰᠢᠢᠳᠪᠦᠷᠢᠯᠡᠨ᠎ᠡ ᠃ | ᠭᠤᠷᠪᠠ ᠳᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠲᠤᠬᠠᠢ ᠃ ᠭᠠᠳᠠᠭᠠᠳᠤ ᠶᠢᠨ ᠠᠷᠠᠯᠵᠢᠶᠠᠴᠢᠨ ᠯᠤᠭ᠎ᠠ ᠶᠢᠨ ᠣᠯᠣᠯᠴᠠᠭ᠎ᠠ ᠰᠣᠯᠢᠯᠴᠠᠭ᠎ᠠ ᠪᠠᠨ | ᠴᠢᠩᠭᠠᠳᠬᠠᠵᠤ ᠂ ᠳᠤᠮᠳᠠᠳᠤ ᠤᠯᠤᠰ ᠲᠤ ᠢᠷᠡᠵᠤ ᠠᠷᠠᠯᠵᠢᠶ᠎ᠠ ᠬᠢᠵᠦ ᠪᠡᠯᠡ ᠣᠷᠣᠭᠤᠯᠬᠤ ᠳᠤ ᠠᠯᠢ ᠴᠢᠳᠠᠬᠤ ᠪᠠᠷ ᠲᠦᠭᠦᠮ ᠦᠵᠡᠭᠦᠯᠵᠦ ᠂ ᠭᠠᠳᠠᠭᠠᠳᠤ ᠪᠡᠯᠡ ᠶᠢᠨ | ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ ᠭᠡᠵᠦ ᠪᠢ ᠣᠯᠠᠨᠲᠠ ᠱᠠᠭᠠᠷᠳᠠᠭᠰᠠᠨ ᠶᠤᠮ ᠃ ᠳᠤᠮᠳᠠᠳᠤ | ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠣᠭᠤᠷᠢᠭ ᠰᠢᠷᠡᠭᠡᠨ ᠤ ᠬᠤᠷᠠᠯ ᠢ ᠰᠠᠷ᠎ᠠ ᠪᠦᠷᠢ ᠨᠢᠭᠡ ᠤᠳᠠᠭ᠎ᠠ | ᠬᠤᠷᠠᠯᠳᠤᠭᠤᠯᠵᠤ ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠣᠨᠣᠰᠴᠤ ᠂ ᠬᠦᠴᠢᠷ ᠵᠣᠪᠠᠭᠤᠷᠢ ᠶᠢ ᠨᠢ ᠬᠠᠪᠰᠤᠷᠴᠤ ᠰᠢᠢᠳᠪᠦᠷᠢᠯᠡᠨ ᠥᠭᠳᠡᠭ ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ ᠲᠤᠰᠬᠠᠢ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ ᠂ ︽ ᠨᠢᠭᠡᠳ ᠨᠢᠭᠡ ᠪᠠᠷ ᠬᠠᠷᠠᠭᠠᠯᠵᠠᠨ ︾ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠲᠣᠭᠤᠷᠢᠨ ᠰᠤᠷᠪᠤᠯᠵᠢᠯᠠᠵᠤ ᠂ | ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ ᠃ ᠡᠳᠡᠭᠡᠷ ᠠᠷᠭ᠎ᠠ ᠬᠢᠳᠡᠯ ᠢ ᠦᠷᠭᠦᠯᠵᠢᠯᠠᠨ ᠪᠠᠷᠢᠮᠲᠠᠯᠠᠨ᠎ᠠ ᠃ ᠤᠯᠠᠨ ᠰᠠᠯᠠᠭ᠎ᠠ ᠮᠥᠴᠢᠷ ᠲᠤ | ᠬᠤᠯᠪᠣᠭᠳᠠᠭᠰᠠᠨ ᠠᠰᠠᠭᠤᠳᠠᠯ ᠳᠤ ᠂ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠬᠠᠮᠲᠤ ᠪᠠᠷ ᠰᠢᠢᠳᠪᠦᠷᠢᠯᠡᠬᠦ ᠶᠢ ᠠᠬᠢᠭᠤᠯᠤᠨ᠎ᠠ ᠃ ᠬᠥᠮᠥᠰ ᠤᠨ | ᠶᠠᠪᠤᠯᠴᠠᠭ᠎ᠠ ᠶᠢ ᠨᠡᠮᠡᠭᠳᠡᠭᠦᠯᠬᠦ ᠪᠠ ᠳᠤᠮᠳᠠᠳᠤ ᠤᠯᠤᠰ ᠲᠤ ᠪᠠᠶᠢᠬᠤ ᠳᠤ ᠲᠦᠭᠦᠮ ᠦᠵᠡᠭᠦᠯᠭᠦ ᠶᠢᠨ ᠲᠥᠯᠥᠭᠡ ᠂ ᠡᠨᠡ ᠬᠡᠳᠦᠨ ᠵᠢᠯ ᠳᠤ ᠳᠤᠮᠳᠠᠳᠤ ᠤᠯᠤᠰ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠠᠰᠢ ᠤᠯᠠᠨ ᠠᠷᠭ᠎ᠠ ᠬᠡᠮᠵᠢᠶ᠎ᠡ ᠠᠪᠴᠠᠢ ᠂ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠤᠨ᠎ᠠ ᠃ | ᠡᠳᠡᠭᠡᠷ ᠵᠢᠯ ᠤᠳ ᠲᠤ ᠭᠠᠳᠠᠭᠠᠳᠤ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠶᠠᠪᠤᠳᠠᠯ ᠨᠢ ᠪᠠᠰᠠ ᠭᠠᠵᠠᠷ ᠣᠷᠣᠨ ᠢᠶᠠᠷ | ᠰᠢᠯᠲᠠᠭᠠᠯᠠᠭᠳᠠᠭᠰᠠᠨ ᠤᠯᠤᠰ ᠲᠦᠷᠦ ᠶᠢᠨ ᠬᠦᠴᠦᠨ ᠵᠦᠢᠯ ᠤᠨ ᠬᠠᠷᠰᠢᠯᠠᠯ ᠳᠤ ᠤᠴᠠᠷᠠᠪᠠ ᠂ ᠡᠨᠡ ᠨᠢ ᠤᠯᠠᠨ ᠤᠯᠤᠰ ᠤᠨ ᠤᠯᠤᠰ ᠲᠦᠷᠦ ᠂ ᠭᠠᠳᠠᠭᠠᠳᠤ | ᠬᠠᠷᠢᠯᠴᠠᠭ᠎ᠠ ᠳᠤ ᠬᠤᠯᠪᠣᠭᠳᠠᠵᠤ ᠪᠠᠶᠢᠨ᠎ᠠ ᠃ ᠪᠤᠰᠤᠳ ᠤᠨ ᠳ᠋ᠧᠩ ᠢ ᠤᠨᠲᠠᠷᠠᠭᠠᠬᠤ ᠨᠢ ᠥᠪᠡᠷ ᠢ ᠪᠠᠨ ᠢᠯᠡᠭᠦᠦ ᠭᠡᠷᠡᠯ ᠭᠡᠭᠡ ᠲᠠᠢ ᠪᠤᠯᠭᠠᠵᠤ ᠴᠢᠳᠠᠬᠤ ᠦᠭᠡᠢ ︔ | ᠪᠤᠰᠤᠳ ᠤᠨ ᠵᠠᠮ ᠢ ᠬᠠᠰᠢᠪᠠᠯ ᠡᠴᠦᠰ ᠲᠡᠭᠡᠨ ᠥᠪᠡᠷ ᠤᠨ ᠵᠠᠮ ᠢᠶᠠᠨ ᠪᠥᠭᠯᠡᠨ᠎ᠡ ᠭᠡᠵᠦ ᠪᠢ ᠦᠷᠭᠦᠯᠵᠢ ᠶᠠᠷᠢᠳᠠᠭ ᠃ ᠤᠯᠠᠨ ᠢᠶᠠᠷ ᠢᠶᠠᠨ ᠨᠡᠯᠢᠶᠡᠳ ᠠᠩᠬᠠᠷᠴᠤ | ᠪᠠᠶᠢᠭ᠎ᠠ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠠᠰᠠᠭᠤᠳᠠᠯ ᠤᠨ ᠲᠠᠯ᠎ᠠ ᠪᠠᠷ ᠂ ᠳᠤᠮᠳᠠᠳᠤ ᠠᠮᠧᠷᠢᠺᠠ ᠶᠢᠨ ᠬᠠᠷᠢᠴᠠᠭ᠎ᠠ ᠲᠣᠭᠲᠠᠭᠤᠨ ᠂ ᠡᠷᠡᠭᠦᠯ ᠂ ᠦᠷᠭᠦᠯᠵᠢᠯᠡᠬᠦ | ᠬᠥᠭᠵᠢᠯᠲᠡ ᠪᠠᠨ ᠪᠠᠲᠤᠯᠠᠬᠤ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠵᠦ ᠪᠠᠶᠢᠨ᠎ᠠ ᠭᠡᠵᠦ ᠪᠢᠳᠡ ᠢᠮᠠᠭᠲᠠ | ᠦᠵᠡᠭᠰᠡᠭᠡᠷ ᠢᠷᠡᠪᠡ ᠃ ᠳᠤᠮᠳᠠᠳᠤ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠶᠢᠨ ᠮᠥᠨ ᠴᠢᠨᠠᠷ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠶᠠᠪᠤᠳᠠᠯ ᠪᠣᠯᠣᠨ᠎ᠠ ᠂ ᠠᠵᠤ ᠠᠬᠤᠢ ᠠᠷᠠᠯᠵᠢᠶᠠᠨ ᠤ ᠮᠥᠷᠭᠦᠯᠳᠦᠭᠡᠨ ᠢ ᠡᠷᠬᠡ ᠲᠡᠭᠰᠢ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠨ ᠵᠣᠬᠢᠰᠲᠠᠢ ᠰᠢᠢᠳᠪᠦᠷᠢᠯᠡᠪᠡᠯ | ᠵᠣᠬᠢᠨ᠎ᠠ ᠃ ᠳᠤᠮᠳᠠᠳᠤ ᠤᠯᠤᠰ ᠬᠠᠷᠢᠯᠴᠠᠨ ᠬᠦᠨᠳᠦᠳᠬᠡᠬᠦ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ | ᠵᠠᠷᠴᠢᠮ ᠶᠣᠰᠣᠭᠠᠷ ᠳᠤᠮᠳᠠᠳᠤ ᠠᠮᠧᠷᠢᠺᠠ ᠶᠢᠨ ᠬᠠᠷᠢᠴᠠᠭ᠎ᠠ ᠶᠢ ᠰᠢᠢᠳᠪᠦᠷᠢᠯᠡᠨ᠎ᠡ ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠭᠤᠶᠢᠪᠢᠰᠢ | ᠦᠭᠡᠢ ᠵᠠᠮᠨᠠᠵᠤ ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠶᠢ ᠢᠳᠡᠪᠬᠢᠲᠡᠢ ᠠᠬᠢᠭᠤᠯᠵᠤ ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠭᠠᠳᠠᠭᠠᠳᠤ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ ᠃ | ᠳᠤᠮᠳᠠᠳᠤ ᠶᠢᠨ ᠡᠷᠲᠡᠨ ᠤ ᠦᠭᠡᠨ ᠳᠤ ᠄ ︽ ᠠᠯᠢ ᠤᠯᠤᠰ ᠲᠤᠷ ᠬᠦᠷᠪᠡᠰᠦ ᠲᠡᠷᠡ ᠤᠯᠤᠰ ᠤᠨ ᠵᠠᠩᠰᠢᠯ ᠢ ᠳᠠᠭᠠᠮᠤᠢ ᠂ ᠠᠯᠢ ᠭᠡᠷ ᠲᠤᠷ ᠣᠴᠢᠪᠠᠰᠤ ᠲᠡᠷᠡ | ᠭᠡᠷ ᠤᠨ ᠴᠡᠭᠡᠷ ᠢ ᠬᠢᠴᠢᠶᠡᠮᠦᠢ ︾ ᠭᠡᠳᠡᠭ ᠃ ᠳᠤᠮᠳᠠᠳᠤ ᠤᠯᠤᠰ ᠤᠨ ᠵᠠᠰᠠᠭ ᠤᠨ ᠣᠷᠳᠣᠨ ᠠᠴᠠ ᠭᠠᠳᠠᠭᠰᠢ ᠭᠠᠷᠤᠭᠰᠠᠨ ᠳᠤᠮᠳᠠᠳᠤ ᠤᠯᠤᠰ ᠤᠨ ᠠᠵᠤ | ᠠᠬᠤᠶᠢᠯᠠᠯ ᠳᠤ ᠲᠤᠬᠠᠢ ᠶᠢᠨ ᠭᠠᠵᠠᠷ ᠤᠨ ᠬᠠᠤᠯᠢ ᠴᠠᠭᠠᠵᠠ ᠳᠦᠷᠢᠮ ᠲᠣᠭᠲᠠᠭᠠᠯ ᠢ ᠵᠢᠷᠤᠮᠯᠠᠨ ᠰᠠᠬᠢᠵᠤ ᠂ ᠲᠤᠬᠠᠢ ᠶᠢᠨ ᠭᠠᠵᠠᠷ ᠤᠨ ᠰᠣᠶᠣᠯ ᠪᠠ ᠵᠠᠩ ᠳᠠᠳᠬᠠᠯ ᠢ | ᠭᠦᠨᠳᠦᠳᠭᠡᠵᠦ ᠂ ᠦᠨᠡᠨᠴᠢ ᠢᠲᠡᠭᠡᠮᠵᠢᠲᠡᠢ ᠡᠵᠡᠩᠨᠡᠵᠦ ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠬᠡᠷᠡᠭᠲᠡᠢ ᠭᠡᠵᠦ ᠢᠮᠠᠭᠲᠠ | ᠴᠢᠬᠤᠯᠠᠴᠢᠯᠠᠭᠰᠠᠭᠠᠷ ᠢᠷᠡᠭᠰᠡᠨ ᠶᠤᠮ ᠃ ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠳ ᠴᠤ ᠡᠶᠢᠮᠦ ᠪᠠᠶᠢᠬᠤ ᠶᠣᠰᠣᠲᠠᠢ ᠃ | ᠳᠥᠷᠪᠡ ᠂ ᠳᠡᠯᠡᠬᠡᠢ ᠶᠢᠨ ᠠᠵᠤ ᠠᠬᠤᠢ ᠶᠢᠨ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ ᠬᠠᠮᠲᠤ ᠪᠠᠷ ᠴᠢᠷᠮᠠᠶᠢᠶ᠎ᠠ | ᠤᠯᠠᠨ ᠲᠠᠯᠠᠲᠤ ᠦᠵᠡᠯ ᠪᠣᠯ ᠳᠡᠯᠡᠬᠡᠢ ᠳ᠋ᠠᠬᠢᠨ ᠳᠤ ᠲᠤᠯᠭᠠᠷᠠᠵᠤ ᠪᠠᠶᠢᠭ᠎ᠠ ᠬᠦᠴᠢᠷᠳᠡᠯ ᠥᠷᠢᠰᠦᠯᠳᠦᠭᠡᠨ ᠢ ᠰᠢᠢᠳᠪᠦᠷᠢᠯᠡᠬᠦ ᠵᠠᠶᠢᠯᠠᠰᠢ ᠦᠭᠡᠢ ᠰᠣᠩᠭᠤᠯᠲᠠ ᠮᠥᠨ ᠂ | ᠠᠵᠤ ᠠᠬᠤᠢ ᠶᠢᠨ ᠳᠡᠯᠡᠬᠡᠶᠢᠵᠢᠯᠲᠡ ᠪᠣᠯ ᠬᠤᠷᠢᠭᠯᠠᠭᠳᠠᠰᠢ ᠦᠭᠡᠢ ᠲᠡᠦᠬᠡ ᠶᠢᠨ ᠤᠷᠤᠰᠬᠠᠯ ᠮᠥᠨ ᠃ ᠳᠤᠮᠳᠠᠳᠤ ᠤᠯᠤᠰ ᠵᠢᠩᠬᠢᠨᠢ ᠤᠯᠠᠨ ᠲᠠᠯᠠᠲᠤ ᠦᠵᠡᠯ ᠢ | ᠪᠠᠷᠢᠮᠲᠠᠯᠠᠵᠤ ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ ᠂ ᠪᠦᠭᠦ ᠪᠥᠮᠪᠥᠷᠴᠡᠭ ᠤᠨ ᠠᠵᠤ ᠠᠬᠤᠢ ᠶᠢᠨ | ᠵᠠᠰᠠᠯᠲᠠ ᠳᠤ ᠢᠳᠡᠪᠬᠢᠲᠡᠢ ᠣᠷᠣᠯᠴᠠᠵᠤ ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠪᠠᠷ ᠴᠢᠷᠮᠠᠶᠢᠨ᠎ᠠ ᠃ ᠭᠠᠳᠠᠭᠠᠳᠤ ᠪᠡᠯᠡ ᠶᠢᠨ ᠠᠵᠤ | ᠠᠬᠤᠶᠢᠯᠠᠯ ᠢᠯᠠᠩᠭᠤᠶ᠎ᠠ ᠤᠯᠤᠰ ᠠᠯᠤᠰᠯᠠᠭᠰᠠᠨ ᠺᠤᠮᠫᠠᠨᠢ ᠳᠡᠯᠡᠬᠡᠢ ᠶᠢᠨ ᠠᠵᠤ ᠠᠬᠤᠢ ᠶᠢᠨ ᠡᠮᠬᠢ ᠳᠢᠭᠯᠢᠮ ᠢ ᠬᠠᠮᠠᠭᠠᠯᠠᠬᠤ ᠳᠤᠮᠳᠠ ᠴᠢᠬᠤᠯᠠ ᠦᠢᠯᠡᠳᠦᠯ | ᠦᠵᠡᠭᠦᠯᠵᠦ ᠪᠠᠶᠢᠬᠤ ᠪᠥᠭᠡᠳ ᠪᠠᠰᠠ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ ᠃ ᠪᠢᠳᠠ ᠭᠠᠷ ᠬᠤᠯᠪᠣᠨ ᠬᠠᠮᠲᠤ ᠪᠠᠷ ᠤᠷᠤᠭᠰᠢᠯᠠᠵᠤ ᠂ ᠠᠵᠤ | ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢᠶᠠᠷ ᠬᠥᠭᠵᠢᠬᠦ ᠶᠢ ᠠᠬᠢᠭᠤᠯᠤᠶ᠎ᠠ ᠃ | ᠪᠢᠳᠠ ᠬᠠᠮᠲᠤ ᠪᠠᠷ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠬᠠᠮᠠᠭᠠᠯᠠᠶ᠎ᠠ ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ | ᠪᠤᠯᠭᠠᠬᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠪᠣᠯ ᠤᠯᠠᠨ ᠤᠯᠤᠰ ᠤᠨ ᠠᠷᠠᠯᠵᠢᠶᠠᠨ ᠤ ᠰᠠᠭᠤᠷᠢ ᠮᠥᠨ ᠃ ᠣᠳᠣᠬᠠᠨ ᠳᠤ ᠂ ᠳᠡᠯᠡᠬᠡᠢ ᠶᠢᠨ | ᠨᠡᠭᠡᠭᠡᠯᠲᠡ ᠶᠢᠨ ᠵᠢᠭᠠᠯᠲᠠ ᠲᠤᠭ᠎ᠠ ᠳᠠᠰᠤᠷᠠᠯᠳᠠ ᠦᠭᠡᠢ ᠪᠠᠭᠤᠷᠠᠵᠤ ᠂ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠰᠢᠷᠦᠭᠦᠰᠴᠦ ᠂ ᠤᠯᠠᠨ ᠲᠠᠯᠠᠲᠤ ᠦᠵᠡᠯ ᠂ | ᠴᠢᠯᠦᠭᠡᠲᠦ ᠠᠷᠠᠯᠵᠢᠶ᠎ᠠ ᠬᠦᠨᠳᠦ ᠨᠣᠴᠢᠲᠠᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ ᠃ ᠪᠢᠳᠡ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ | ᠣᠶᠢᠯᠠᠭᠠᠭᠳᠠᠬᠤᠨ ᠪᠣᠯᠣᠨ ᠳᠦᠷᠢᠮ ᠢ ᠪᠠᠲᠤ ᠰᠠᠬᠢᠵᠤ ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠴᠢᠯᠡᠯᠲᠡ ᠶᠢ ᠦᠷᠭᠦᠯᠵᠢᠯᠡᠨ | ᠠᠬᠢᠭᠤᠯᠵᠤ ᠂ ᠡᠯ᠎ᠡ ᠤᠯᠤᠰ ᠤᠨ ᠨᠡᠭᠡᠭᠡᠯᠲᠡ ᠬᠢᠬᠦ ᠪᠠᠷ ᠳᠠᠮᠵᠢᠨ ᠬᠠᠮᠲᠤ ᠪᠠᠷ ᠬᠥᠭᠵᠢᠬᠦ ︽ ᠪᠤᠭᠤᠷᠰᠤᠭ ︾ ᠢ ᠪᠤᠵᠠᠭᠠᠶᠢᠷᠠᠭᠤᠯᠬᠤ ᠶᠢ ᠠᠬᠢᠭᠤᠯᠤᠶ᠎ᠠ ᠃ ᠴᠥᠭᠡᠨ | ᠪᠤᠰᠤ ᠭᠠᠳᠠᠭᠠᠳᠤ ᠪᠡᠯᠡ ᠶᠢᠨ ᠠᠵᠤ ᠠᠬᠤᠶᠢᠯᠠᠯ ᠢᠯᠠᠩᠭᠤᠶ᠎ᠠ ᠤᠯᠤᠰ ᠠᠯᠤᠰᠯᠠᠭᠰᠠᠨ ᠺᠤᠮᠫᠠᠨᠢ ᠨᠢ ᠨᠡᠯᠢᠶᠡᠳ ᠶᠡᠭᠡ ᠤᠯᠠᠨ ᠤᠯᠤᠰ ᠤᠨ ᠨᠥᠯᠥᠭᠡᠯᠡᠬᠦ ᠬᠦᠴᠦᠨ ᠲᠠᠢ | ᠶᠤᠮ ᠂ ᠤᠯᠠᠨ ᠢᠶᠠᠷ ᠢᠶᠠᠨ ᠣᠶᠤᠨᠴᠢ ᠲᠠᠭᠤᠨ ᠭᠠᠷᠭᠠᠵᠤ ᠂ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠠᠪᠴᠤ ᠂ ᠡᠯ᠎ᠡ ᠵᠦᠢᠯ ᠤᠨ ᠲᠡᠦᠬᠡ ᠶᠢᠨ ᠬᠦᠷᠳᠦ ᠶᠢ | ᠤᠬᠤᠷᠢᠭᠤᠯᠬᠤ ᠠᠵᠢᠯᠯᠠᠭ᠎ᠠ ᠶᠢ ᠬᠤᠷᠢᠭᠯᠠᠵᠤ ᠂ ᠡᠪᠰᠡᠯ ᠦᠭᠡᠢ ᠦᠵᠡᠯᠴᠡᠭᠡᠨ ᠠᠴᠠ ᠮᠤᠯᠲᠤᠷᠠᠵᠤ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ | ᠠᠬᠢᠭᠤᠯᠬᠤ ᠶᠢ ᠬᠦᠰᠡᠵᠦ ᠪᠠᠶᠢᠨ᠎ᠠ ᠃ | ᠪᠢᠳᠡ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠲᠤ ᠪᠠᠷ ᠬᠠᠮᠠᠭᠠᠯᠠᠶ᠎ᠠ ᠃ ᠡᠨᠡ ᠪᠣᠯ | ᠳᠡᠯᠡᠬᠡᠢ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢᠨ ᠴᠢᠬᠤᠯᠠ ᠪᠠᠲᠤᠯᠠᠭ᠎ᠠ ᠮᠥᠨ ᠃ ︽ ᠬᠠᠷᠢᠴᠠᠭ᠎ᠠ ᠬᠤᠯᠪᠤᠭ᠎ᠠ ᠪᠠᠨ ᠲᠠᠰᠤᠯᠬᠤ ︾ ᠨᠢ ᠪᠤᠰᠤᠳ ᠢ | ᠬᠤᠬᠢᠷᠠᠭᠤᠯᠵᠤ ᠪᠡᠶ᠎ᠡ ᠳᠡᠭᠡᠨ ᠴᠤ ᠠᠰᠢᠭ ᠦᠭᠡᠢ ᠪᠠᠶᠢᠵᠤ ᠂ ᠭᠠᠷᠬᠤ ᠵᠠᠮ ᠦᠭᠡᠢ ᠶᠤᠮ ᠃ ᠵᠠᠷᠢᠮ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯ ᠪᠦᠭᠦ | ᠪᠥᠮᠪᠥᠷᠴᠡᠭ ᠤᠨ ᠬᠤᠯᠪᠣᠭᠳᠠᠯ ᠪᠦᠬᠦᠢ ᠠᠵᠤ ᠦᠢᠯᠡᠰ ᠤᠨ ︽ ᠬᠡᠯᠬᠢᠶ᠎ᠡ ᠶᠢᠨ ᠡᠵᠡᠨ ︾ ᠮᠥᠨ ᠂ ᠶᠡᠭᠡ ᠬᠡᠮᠵᠢᠶᠡᠨ ᠤ ᠳᠡᠭᠡᠳᠦ ᠳᠣᠣᠷᠠᠳᠤ ᠬᠡᠯᠬᠢᠶ᠎ᠡ ᠶᠢᠨ ᠠᠵᠤ | ᠠᠬᠤᠶᠢᠯᠠᠯ ᠲᠠᠢ ᠴᠤᠭ ᠬᠠᠮᠲᠤ ᠪᠠᠷ ᠣᠷᠣᠰᠢᠵᠤ ᠬᠠᠮᠲᠤ ᠪᠠᠷ ᠠᠰᠢᠭ ᠭᠦᠷᠳᠡᠭᠦ ᠠᠵᠤ ᠦᠢᠯᠡᠰ ᠤᠨ ᠠᠮᠢ ᠠᠬᠤᠢ ᠶᠢ ᠪᠦᠷᠢᠯᠳᠦᠭᠦᠯᠵᠦ ᠂ ᠭᠡᠷ᠎ᠡ ᠶᠢᠨ ᠵᠣᠷᠢᠭ | ᠰᠠᠨᠠᠭ᠎ᠠ ᠶᠢ ᠪᠠᠲᠤ ᠰᠠᠬᠢᠵᠤ ᠂ ᠡᠷᠭᠢᠯᠡᠭᠴᠢ ᠤᠯᠤᠰ ᠲᠤ ᠦᠨᠳᠦᠰᠦᠯᠡᠬᠦ ᠨᠢ ᠲᠤᠰ ᠪᠡᠶ᠎ᠡ ᠶᠢᠨ ᠠᠯᠤᠰ ᠭᠡᠳᠤ ᠶᠢᠨ ᠬᠥᠭᠵᠢᠯᠲᠡ ᠳᠤ ᠠᠰᠢᠭᠲᠠᠢ ᠪᠥᠭᠡᠳ ᠪᠦᠭᠦ | ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠬᠤ ᠳᠤ ᠠᠰᠢᠭᠲᠠᠢ ᠶᠤᠮ ᠃ ᠲᠠ ᠤᠯᠠᠨ ᠳᠤ ᠥᠨᠳᠥᠷ ᠲᠤ | ᠵᠣᠭᠰᠣᠨ ᠠᠯᠤᠰ ᠢ ᠪᠠᠷᠠᠯᠠᠵᠤ ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠳᠠᠯ ᠢ | ᠬᠠᠷᠰᠢᠯᠠᠬᠤ ᠡᠯ᠎ᠡ ᠵᠦᠢᠯ ᠤᠨ ᠦᠢᠯᠡ ᠠᠵᠢᠯᠯᠠᠭ᠎ᠠ ᠶᠢ ᠰᠣᠬᠤᠷ ᠪᠠᠯᠠᠢ ᠪᠠᠷ ᠳᠠᠭᠠᠬᠤ ᠦᠭᠡᠢ ᠪᠠᠶᠢᠵᠤ ᠂ ᠪᠦᠭᠦ ᠪᠥᠮᠪᠥᠷᠴᠡᠭ ᠤᠨ ᠬᠥᠭᠵᠢᠯᠲᠡ ᠳᠤ ᠢᠳᠡᠪᠬᠢ ᠬᠦᠴᠦᠨ | ᠪᠠ ᠲᠣᠬᠲᠠᠭᠠᠯᠲᠤ ᠴᠢᠨᠠᠷ ᠢ ᠢᠯᠡᠭᠦᠬᠡᠨ ᠨᠡᠮᠡᠷᠢᠯᠡᠬᠦ ᠶᠢ ᠬᠦᠰᠡᠵᠦ ᠪᠠᠶᠢᠨ᠎ᠠ ᠃ | ᠪᠢᠳᠡ ᠬᠠᠮᠲᠤ ᠪᠠᠷ ᠨᠡᠭᠡᠭᠡᠯᠲᠡ ᠲᠠᠢ ᠬᠠᠮᠲᠤᠷᠠᠯᠴᠠᠬᠤ ᠤᠯᠠᠨ ᠤᠯᠤᠰ ᠤᠨ ᠠᠮᠢ ᠠᠬᠤᠢ ᠶᠢ ᠬᠠᠮᠠᠭᠠᠯᠠᠶ᠎ᠠ ᠃ ᠣᠨᠴᠠ ᠵᠠᠷᠢᠮ ᠤᠯᠤᠰ ︽ ᠪᠠᠭ᠎ᠠ ᠬᠦᠷᠢᠶ᠎ᠡ | ᠥᠨᠳᠥᠷ ᠬᠡᠷᠡᠮ ︾ ᠂ ᠪᠣᠭᠤᠮᠲᠠ ᠶᠢᠨ ᠭᠠᠶᠢᠯᠢ ᠶᠢᠨ ᠪᠠᠬᠢᠯᠡᠯᠲᠡ ᠪᠠᠶᠢᠭᠤᠯᠵᠤ ᠂ ᠠᠵᠤ ᠠᠬᠤᠢ ᠠᠷᠠᠯᠵᠢᠶᠠᠨ ᠤ ᠠᠰᠠᠭᠤᠳᠠᠯ ᠢ ᠤᠯᠤᠰ ᠲᠥᠷᠥᠴᠢᠯᠡᠵᠦ ᠂ ᠪᠠᠭᠠᠵᠢ | ᠬᠡᠷᠡᠭᠯᠡᠭᠦᠷ ᠪᠤᠯᠭᠠᠵᠤ ᠂ ᠵᠡᠪᠰᠡᠭᠯᠡᠵᠦ ᠂ ᠨᠠᠷᠮᠠᠢ ᠠᠮᠤᠷ ᠲᠦᠪᠰᠢᠨ ᠪᠤᠯᠭᠠᠵᠤ ᠂ ᠠᠵᠤ ᠠᠬᠤᠶᠢᠯᠠᠯ ᠡᠷᠬᠡᠪᠰᠢ ᠨᠢᠭᠡ ᠲᠠᠯ᠎ᠠ ᠶᠢ ᠰᠣᠩᠭᠤᠬᠤ ᠶᠢ ᠠᠯᠪᠠᠳᠠᠵᠤ ᠂ ᠠᠵᠤ | ᠠᠬᠤᠢ ᠶᠢᠨ ᠵᠢᠮ᠎ᠡ ᠶᠣᠰᠣ ᠠᠴᠠ ᠵᠥᠷᠢᠴᠡᠭᠰᠡᠨ ᠰᠣᠩᠭᠤᠯᠲᠠ ᠭᠢᠯᠭᠡᠵᠦ ᠪᠠᠶᠢᠨ᠎ᠠ ᠃ ᠡᠨᠡ ᠨᠢ ᠵᠠᠬ᠎ᠠ ᠳᠡᠯᠭᠡᠭᠦᠷ ᠤᠨ ᠳᠦᠷᠢᠮ ᠪᠠ ᠨᠡᠭᠡᠭᠡᠯᠲᠡ ᠶᠢᠨ ᠶᠡᠭᠡ | ᠬᠠᠨᠳᠤᠰᠢ ᠲᠠᠢ ᠨᠡᠶᠢᠴᠡᠬᠦ ᠦᠭᠡᠢ ᠃ ᠠᠵᠤ ᠠᠬᠤᠶᠢᠯᠠᠯ ᠪᠣᠯ ᠡᠵᠡᠩᠨᠡᠯᠲᠡ ᠶᠢᠨ ᠭᠤᠣᠯ ᠴᠣᠭᠴᠠ ᠮᠥᠨ ᠂ ᠤᠯᠠᠨ ᠢᠶᠠᠷ ᠢᠶᠠᠨ ᠵᠠᠬ᠎ᠠ ᠳᠡᠯᠭᠡᠭᠦᠷ ᠤᠨ ᠵᠢᠮ᠎ᠡ ᠶᠣᠰᠣ ᠶᠢ | ᠭᠦᠨᠳᠦᠳᠭᠡᠵᠦ ᠂ ᠵᠠᠬ᠎ᠠ ᠳᠡᠯᠭᠡᠭᠦᠷ ᠤᠨ ᠳᠦᠷᠢᠮ ᠢ ᠬᠠᠮᠠᠭᠠᠯᠠᠵᠤ ᠂ ᠪᠡᠶ᠎ᠡ ᠪᠠᠨ ᠳᠠᠭᠠᠭᠠᠵᠤ ᠡᠵᠡᠨ ᠮᠡᠳᠡᠨ ᠬᠤᠳᠠᠯᠳᠤᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠵᠤ ᠂ | ᠨᠡᠭᠡᠭᠡᠯᠲᠡᠲᠡᠢ ᠂ ᠤᠯᠠᠨ ᠡᠰᠢᠵᠢᠭᠰᠡᠨ ᠂ ᠲᠣᠭᠲᠠᠭᠤᠨ ᠳᠡᠯᠡᠬᠡᠢ ᠶᠢᠨ ᠠᠵᠤ ᠠᠬᠤᠢ ᠶᠢᠨ ᠡᠮᠬᠢ ᠳᠢᠭᠯᠢᠮ ᠢ ᠪᠦᠷᠢᠯᠳᠦᠭᠦᠯᠬᠦ ᠶᠢ ᠬᠠᠮᠲᠤ ᠪᠠᠷ ᠠᠬᠢᠭᠤᠯᠬᠤ ᠶᠢ ᠬᠦᠰᠡᠵᠦ | ᠪᠠᠶᠢᠨ᠎ᠠ ᠃ | ︽ ᠵᠣᠷᠢᠭ ᠨᠢᠭᠡᠲᠡᠨ ᠵᠠᠮ ᠢ ᠬᠤᠯᠠ ᠭᠡᠵᠦ ᠴᠥᠬᠦᠷᠡᠳᠡᠭ ᠦᠭᠡᠢ ︾ ᠃ ᠤᠯᠠᠨ ᠢᠶᠠᠷ ᠢᠶᠠᠨ ᠲᠦᠮᠡᠨ ᠭᠠᠵᠠᠷ ᠤᠨ ᠬᠤᠯᠠ ᠠᠴᠠ ᠳᠤᠮᠳᠠᠳᠤ ᠤᠯᠤᠰ ᠲᠤ ᠢᠷᠡᠵᠦ | ᠪᠡᠯᠡ ᠣᠷᠣᠭᠤᠯᠬᠤ ᠳᠠᠭᠠᠨ ᠪᠦᠷ ᠰᠠᠶᠢᠨ ᠰᠠᠶᠢᠬᠠᠨ ᠬᠦᠰᠡᠯ ᠡᠷᠡᠮᠡᠯᠵᠡᠯ ᠢ ᠡᠪᠦᠷᠯᠡᠨ ᠢᠷᠡᠵᠤ ᠂ ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠨᠥᠬᠦᠷᠯᠡᠯ ᠢ | ᠪᠤᠳᠤᠵᠤ ᠢᠷᠡᠭᠰᠡᠨ ᠶᠤᠮ ᠃ ᠥᠨᠥᠳᠥᠷ ᠤᠨ ᠶᠠᠷᠢᠯᠴᠠᠭ᠎ᠠ ᠨᠢ ᠪᠢᠳᠡᠨ ᠤ ᠣᠶᠢᠯᠠᠭᠠᠯᠴᠠᠭ᠎ᠠ ᠶᠢ ᠭᠦᠨᠵᠡᠭᠡᠶᠢᠷᠡᠭᠦᠯᠵᠦ ᠂ ᠨᠥᠬᠦᠷᠯᠡᠯ ᠢ ᠪᠠᠲᠤᠳᠬᠠᠵᠤ ᠂ ᠢᠲᠡᠭᠡᠯ ᠢ | ᠨᠡᠮᠡᠭᠳᠡᠭᠦᠯᠪᠡ ᠃ ᠪᠢᠳᠡ ᠳᠤᠷᠠᠲᠠᠶ᠎ᠠ ᠥᠷᠭᠡᠨ ᠤᠯᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠲᠠᠢ ᠬᠠᠮᠲᠤ ᠪᠠᠷ ᠂ ᠳᠤᠮᠳᠠᠳᠤ ᠤᠯᠤᠰ ᠤᠨ ᠡᠨᠡ ᠬᠦ ᠠᠮᠢᠵᠢᠷᠠᠯ ᠤᠨ | ᠬᠦᠴᠦᠨ ᠢᠶᠠᠷ ᠪᠢᠯᠬᠠᠮ᠎ᠠ ᠡᠬᠡ ᠭᠠᠵᠠᠷ ᠲᠤ ᠬᠠᠮᠲᠤᠷᠠᠯᠴᠠᠭ᠎ᠠ ᠪᠠᠨ ᠥᠷᠭᠡᠳᠬᠡᠵᠦ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠰᠢᠨ᠎ᠡ ᠬᠠᠭᠤᠳᠠᠰᠤ ᠶᠢ | ᠬᠠᠮᠲᠤ ᠪᠠᠷ ᠪᠢᠴᠢᠭᠯᠡᠨ᠎ᠡ ᠃ | | |