| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 29 ᠤ ᠴᠠᠭᠢᠯᠭᠠᠨ ᠮᠡᠳᠡᠭᠡ 3 ᠰᠠᠷ᠎ᠠ ᠶᠢᠨ 29 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠪᠢᠷᠮᠠ ᠳᠤ ᠭᠠᠵᠠᠷ ᠬᠥᠳᠡᠯᠦᠯᠲᠡ ᠶᠢᠨ ᠭᠠᠮᠰᠢᠭ ᠪᠣᠯᠤᠭᠰᠠᠨ ᠲᠤᠬᠠᠢ ᠪᠢᠷᠮᠠ ᠶᠢᠨ ᠤᠳᠤᠷᠢᠳᠬᠤ ᠬᠥᠮᠥᠨ ᠮᠢᠨ ᠠᠩ ᠯᠠᠢ ᠳᠤ ᠲᠣᠬᠤᠨᠢᠭᠤᠯᠬᠤ ᠴᠠᠭᠢᠯᠭᠠᠨ | ᠴᠢᠮᠡᠭᠡ ᠶᠠᠪᠤᠭᠤᠯᠪᠠ ᠃ | ᠰᠢ ᠶᠢᠨ ᠫᠢᠩ ᠂ ᠪᠢᠷᠮᠠ ᠬᠦᠨᠳᠦ ᠨᠣᠴᠢᠲᠠᠢ ᠭᠠᠵᠠᠷ ᠬᠥᠳᠡᠯᠦᠯᠲᠡ ᠶᠢᠨ ᠭᠠᠮᠰᠢᠭ ᠲᠤ ᠲᠠᠭᠠᠷᠢᠬᠳᠠᠵᠦ ᠂ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠ ᠡᠳ᠋ | ᠬᠥᠷᠥᠩᠭᠡ ᠬᠤᠬᠢᠷᠠᠭᠰᠠᠨ ᠢ ᠰᠣᠴᠢᠰᠬᠢᠨ ᠰᠣᠨᠣᠰᠤᠯ᠎ᠠ ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ | ᠡᠮᠦᠨ᠎ᠡ ᠠᠴᠠ ᠠᠳᠡᠭᠰᠡᠳ ᠢ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ ᠂ ᠠᠳᠡᠭᠰᠡᠳ ᠤᠨ ᠭᠡᠷ ᠪᠦᠯᠢ ᠂ ᠰᠢᠷᠬᠠᠲᠤᠭᠰᠠᠳ ᠪᠣᠯᠣᠨ ᠭᠠᠮᠰᠢᠭᠳᠠᠭᠰᠠᠨ | ᠣᠷᠣᠨ ᠤ ᠠᠷᠠᠳ ᠤᠯᠠᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ ᠃ ᠳᠤᠮᠳᠠᠳᠤ ᠪᠢᠷᠮᠠ ᠪᠣᠯ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ | ᠵᠠᠶᠠᠭᠠᠨ ᠤ ᠬᠠᠮᠲᠤ ᠶᠢᠨ ᠴᠣᠭᠴᠠ ᠮᠥᠨ ᠂ ᠬᠤᠶᠠᠷ ᠤᠯᠤᠰ ᠤᠨ ᠠᠷᠠᠳ ᠲᠦᠮᠡᠨ ᠤ ᠠᠬ᠎ᠠ ᠳᠡᠭᠦᠦ ᠶᠢᠨ ᠨᠥᠬᠦᠷᠯᠡᠯ ᠭᠦᠨ ᠵᠤᠵᠠᠭᠠᠨ ᠶᠤᠮ ᠃ ᠳᠤᠮᠳᠠᠳᠤ ᠤᠯᠤᠰ | ᠳᠤᠷᠠᠲᠠᠶ᠎ᠠ ᠪᠢᠷᠮᠠ ᠳᠤ ᠬᠡᠷᠡᠭᠴᠡᠭᠡ ᠪᠦᠬᠦᠢ ᠬᠠᠪᠰᠤᠷᠤᠯᠭ᠎ᠠ ᠬᠠᠩᠭᠠᠵᠤ ᠂ ᠭᠠᠮᠰᠢᠭᠳᠠᠭᠰᠠᠨ ᠣᠷᠣᠨ ᠤ ᠠᠷᠠᠳ ᠲᠦᠮᠡᠨ ᠤ ᠡᠷᠲᠡᠬᠡᠨ ᠭᠠᠮᠰᠢᠭ ᠢ ᠢᠯᠠᠨ ᠳᠠᠪᠠᠵᠤ ᠂ | ᠭᠡᠷ ᠣᠷᠣᠨ ᠢᠶᠠᠨ ᠳᠠᠭᠢᠨ ᠪᠠᠶᠢᠭᠤᠯᠬᠤ ᠶᠢ ᠳᠡᠮᠵᠢᠨ᠎ᠠ ᠭᠡᠵᠦ ᠢᠯᠡᠳᠬᠡᠪᠡ ᠃ | ᠲᠤᠰ ᠡᠳᠦᠷ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠢᠷᠮᠠ ᠳᠤ ᠭᠠᠵᠠᠷ ᠬᠥᠳᠡᠯᠦᠯᠲᠡ ᠶᠢᠨ ᠭᠠᠮᠰᠢᠭ ᠪᠣᠯᠤᠭᠰᠠᠨ ᠲᠤᠬᠠᠢ | ᠮᠢᠨ ᠠᠩ ᠯᠠᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ ᠃ | | |