| 2025 ᠣᠨ ᠤ 3 ᠳ᠋ᠤᠭᠠᠷ ᠰᠠᠷ᠎ᠠ ᠶᠢᠨ 28 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ | 1.ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦ᠋ᠲᠦᠭᠡᠨ ᠪᠠᠶᠢᠭᠤᠯᠤᠯᠲᠠ ᠶᠢ | ᠠᠬᠢᠭᠤᠯᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ | ᠬᠤᠷᠠᠯᠳᠤᠭᠠᠨ ᠢᠶᠠᠷ ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠶᠢᠨ ᠬᠤᠷᠳᠤᠴᠠ ᠲᠦᠷᠭᠡᠨ ᠂ ᠳᠠᠯᠳᠠ ᠬᠦᠴᠦᠨ ᠶᠡᠭᠡ ᠂ ᠳᠠᠶᠢᠴᠢᠯᠠᠬᠤ | ᠦᠢᠯᠡᠳᠦᠯ ᠴᠢᠩᠭ᠎ᠠ ᠪᠠᠶᠢᠵᠤ ᠂ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠴᠢᠬᠤᠯᠠ ᠬᠦᠴᠦᠨ ᠪᠣᠯᠤᠭᠰᠠᠨ ᠪᠠᠶᠢᠨ᠎ᠠ ᠭᠡᠵᠦ ᠵᠢᠭᠠᠵᠤ | ᠭᠠᠷᠭᠠᠪᠠ ᠃ | ᠰᠢᠨ᠎ᠡ ᠨᠢᠭᠡ ᠡᠭᠡᠯᠵᠢ ᠶᠢᠨ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠡᠪᠴᠢᠶ᠎ᠡ ᠶᠢ ᠥᠷᠭᠡᠳᠬᠡᠬᠦ | ᠠᠵᠢᠯ ᠢ ᠰᠠᠶᠢᠲᠤᠷ ᠬᠢᠵᠦ ᠂ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠬᠡᠨ᠎ᠡ ᠃ | ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠡᠰ ᠳᠡᠪᠰᠢᠭᠦᠯᠬᠦ ᠶᠢ | ᠠᠬᠢᠭᠤᠯᠵᠤ ᠂ ᠪᠣᠭᠤᠮᠲᠠ ᠪᠠᠷ ᠥᠩᠭᠡᠷᠡᠬᠦ ᠂ ᠭᠠᠶᠢᠯᠢ ᠶᠢᠨ ᠶᠠᠪᠤᠳᠠᠯ ᠂ ᠭᠠᠳᠠᠭᠠᠳᠤ ᠭᠤᠪᠢᠭᠤᠯᠭ᠎ᠠ ᠂ ᠳ᠋ᠠᠶᠢᠲ᠋ᠠ ᠶᠢᠨ ᠭᠦᠢᠯᠭᠡᠭᠡ ᠵᠡᠷᠭᠡ ᠬᠢᠨᠠᠯᠲᠠ ᠬᠠᠮᠢᠶᠠᠷᠤᠯᠲᠠ ᠶᠢᠨ | ᠰᠢᠨ᠎ᠡ ᠶᠢ ᠡᠭᠦᠳᠬᠦ ᠶᠢ ᠠᠬᠢᠭᠤᠯᠤᠨ ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠶᠢ ᠳᠡᠮᠵᠢᠬᠦ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠰᠠᠶᠢᠲᠤᠷ | ᠬᠡᠷᠡᠭᠯᠡᠵᠦ ᠂ ᠠᠵᠤ ᠠᠬᠤᠶᠢᠯᠠᠯ ᠢ ᠬᠠᠪᠰᠤᠷᠴᠤ ᠪᠠᠶᠢᠭᠠᠳ ᠵᠠᠬ᠎ᠠ ᠳᠡᠯᠭᠡᠭᠦᠷ ᠢ ᠦᠷᠭᠡᠳᠬᠡᠨ ᠂ ᠲᠦᠷᠦᠯ ᠲᠡᠮᠳᠡᠭ ᠢ ᠪᠤᠢ ᠪᠣᠯᠭᠠᠵᠤ ᠂ ᠨᠡᠩ ᠰᠠᠶᠢᠲᠤᠷ ᠬᠥᠭᠵᠢᠭᠦᠯᠦᠨ᠎ᠡ ᠃ | 2.ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠲᠦᠷᠭᠡᠪᠴᠢᠯᠡᠨ ᠬᠦᠴᠦ ᠭᠠᠷᠭᠠᠵᠤ ᠢᠯᠭᠠᠷᠠᠭᠤᠯᠤᠨ ᠲᠢᠭᠯᠡᠬᠦ ᠠᠵᠢᠯ ᠢ ᠪᠠᠶᠢᠷᠢᠯᠠᠭᠤᠯᠪᠠ | ᠬᠤᠷᠠᠯᠳᠤᠭᠠᠨ ᠢᠶᠠᠷ ︽ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠲᠦᠷᠭᠡᠪᠴᠢᠯᠡᠨ ᠬᠦᠴᠦ ᠭᠠᠷᠭᠠᠵᠤ ᠢᠯᠭᠠᠷᠠᠭᠤᠯᠤᠨ ᠲᠢᠭᠯᠡᠬᠦ | ᠠᠵᠢᠯᠯᠠᠭᠠᠨ ᠤ ᠲᠥᠰᠥᠯ ︾ ᠢ ᠬᠢᠨᠠᠨ ᠵᠥᠪᠯᠡᠵᠦ ᠪᠠᠲᠤᠯᠠᠪᠠ ᠃ | ᠬᠤᠷᠠᠯᠳᠤᠭᠠᠨ ᠢᠶᠠᠷ ᠴᠢᠬᠤᠯᠠᠴᠢᠯᠠᠭᠰᠠᠨ ᠨᠢ ᠂ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ ᠂ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠂ ᠲᠣᠭᠲᠠᠴᠠ ᠶᠢ ᠪᠦᠷᠢᠨᠰᠢᠭᠦᠯᠵᠦ ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠲᠡᠭᠦᠯᠳᠡᠷᠵᠢᠭᠦᠯᠦᠨ ᠂ ᠡᠬᠢ ᠡᠭᠦᠰᠦᠯ ᠠᠴᠠ ᠨᠢ ᠵᠠᠰᠠᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ ᠂ ᠥᠷᠢ ᠰᠢᠷᠢ ᠶᠢ | ᠢᠯᠭᠠᠷᠠᠭᠤᠯᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠨ ᠂ ᠥᠷᠢ ᠰᠢᠷᠢ ᠶᠢᠨ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠨ᠎ᠠ ᠭᠡᠵᠡᠢ ᠃ | 3.ᠲᠠᠷᠢᠶᠠᠯᠠᠩ ᠤᠨ ᠮᠠᠰᠢᠨ ᠲᠣᠨᠣᠭᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠪᠠ | ᠬᠤᠷᠠᠯᠳᠤᠭᠠᠨ ᠢᠶᠠᠷ ᠂ ᠲᠠᠷᠢᠶᠠᠯᠠᠩ ᠤᠨ ᠮᠠᠰᠢᠨ ᠲᠣᠨᠣᠭᠯᠠᠯ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠂ ᠲᠠᠷᠢᠶᠠᠯᠠᠩ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠲᠤᠯᠭᠠᠭᠤᠷᠢᠯᠠᠯ ᠪᠣᠯᠣᠨ᠎ᠠ ᠭᠡᠵᠦ ᠵᠢᠭᠠᠵᠤ ᠭᠠᠷᠭᠠᠪᠠ ᠃ | ᠲᠠᠷᠢᠶᠠᠯᠠᠩ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠬᠤ ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠦᠪᠯᠡᠷᠡᠭᠦᠯᠬᠦ ᠶᠢ ᠪᠠᠷᠢᠮᠲᠠᠯᠠᠨ ᠂ | ᠰᠠᠭᠤᠷᠢ ᠮᠡᠷᠭᠡᠵᠢᠯ ᠳᠤ ᠰᠢᠪᠲᠤᠯᠤᠯᠲᠠ ᠭᠠᠷᠭᠠᠬᠤ ᠂ ᠰᠢᠨ᠎ᠡ ᠶᠢ ᠡᠭᠦᠳᠬᠦ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠂ ᠰᠢᠯᠢᠳᠡᠭ ᠠᠵᠤ ᠠᠬᠤᠶᠢᠯᠠᠯ ᠢ ᠪᠤᠶᠢᠵᠢᠭᠤᠯᠬᠤ ᠂ | ᠠᠵᠤ ᠦᠢᠯᠡᠰ ᠤᠨ ᠪᠦᠯᠦᠭᠵᠢᠯ ᠢ ᠪᠤᠢ ᠪᠣᠯᠭᠠᠬᠤ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠪᠡᠯᠭᠡ ᠲᠡᠮᠳᠡᠭ ᠤᠨ ᠴᠢᠨᠠᠷᠲᠠᠢ | ᠦᠢᠯᠡᠳᠬᠦᠨ ᠢ ᠰᠤᠳᠤᠯᠤᠨ ᠦᠢᠯᠡᠳᠬᠦ ᠪᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠨ᠎ᠡ ᠃ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠯᠲᠡ ᠶᠢᠨ ᠨᠡᠮᠡᠭᠦᠷᠢ ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠵᠡᠷᠭᠡ ᠲᠦᠷᠦ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠭᠦᠢᠴᠡᠳ ᠬᠡᠷᠡᠭᠯᠡᠵᠦ ᠂ ᠵᠠᠪᠰᠠᠷ ᠤᠨ ᠲᠤᠷᠰᠢᠯᠲᠠ ᠶᠢᠨ ᠰᠢᠯᠭᠠᠨ ᠪᠠᠲᠤᠯᠠᠯᠲᠠ ᠪᠠ ᠪᠣᠯᠪᠠᠰᠤᠷᠠᠩᠭᠤᠢ ᠬᠡᠷᠡᠭᠯᠡᠯᠲᠡ ᠶᠢ | ᠴᠢᠩᠭᠠᠳᠬᠠᠨ ᠂ ᠲᠡᠷᠢᠭᠦᠨ ᠤ ᠪᠦᠭᠡᠳ ᠲᠣᠬᠢᠷᠠᠯᠴᠠᠭᠰᠠᠨ ᠲᠠᠷᠢᠶᠠᠯᠠᠩ ᠤᠨ ᠮᠠᠰᠢᠨ ᠲᠣᠨᠣᠭᠯᠠᠯ ᠤᠨ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠶᠢ ᠠᠬᠢᠭᠤᠯᠤᠨ᠎ᠠ ᠃ | ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ ᠂ ᠬᠢᠨᠠᠨ ᠲᠣᠭᠲᠠᠭᠠᠵᠤ ᠪᠠᠶᠢᠴᠠᠭᠠᠨ ᠰᠢᠯᠭᠠᠵᠤ ᠭᠡᠷᠡᠴᠢᠯᠡᠬᠦ ᠠᠵᠢᠯ ᠢ ᠰᠠᠶᠢᠲᠤᠷ ᠬᠢᠵᠦ ᠂ | ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠦᠢᠯᠡᠳᠬᠦᠨ ᠤ ᠲᠦᠷᠬᠡᠬᠡᠨ ᠲᠠᠰ ᠳᠡᠪᠰᠢᠬᠦ ᠶᠢ ᠨᠢ | ᠠᠬᠢᠭᠤᠯᠤᠨ᠎ᠠ ᠃ | 4.︽ ᠬᠢᠯᠢ ᠶᠢᠨ ᠪᠣᠭᠤᠮᠲᠠ ᠶᠢᠨ ᠨᠡᠭᠡᠭᠡᠯᠲᠡᠲᠡᠢ ᠪᠠᠶᠢᠷᠢᠰᠢᠯ ᠢ ᠰᠢᠯᠢᠳᠡᠭᠵᠢᠭᠦᠯᠬᠦ ᠲᠤᠬᠠᠢ ᠰᠠᠨᠠᠯ ᠤᠳ ︾ ᠢ ᠬᠢᠨᠠᠨ ᠵᠥᠪᠯᠡᠵᠦ ᠪᠠᠲᠤᠯᠠᠪᠠ | ᠬᠤᠷᠠᠯᠳᠤᠭᠠᠨ ᠢᠶᠠᠷ ᠂ ᠬᠢᠯᠢ ᠶᠢᠨ ᠪᠣᠭᠤᠮᠲᠠ ᠶᠢᠨ ᠨᠡᠭᠡᠭᠡᠯᠲᠡᠲᠡᠢ ᠪᠠᠶᠢᠷᠢᠰᠢᠯ ᠢ ᠰᠢᠯᠢᠳᠡᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠂ ᠥᠨᠳᠥᠷ ᠲᠦᠪᠰᠢᠨ | ᠪᠦᠬᠦᠢ ᠨᠡᠭᠡᠭᠡᠯᠲᠡ ᠶᠢ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠭᠡᠵᠦ ᠵᠢᠭᠠᠵᠤ ᠭᠠᠷᠭᠠᠵᠠᠢ ᠃ | ᠪᠠᠶᠢᠷᠢ ᠲᠣᠭᠲᠠᠭᠠᠯᠲᠠ ᠨᠢ ᠲᠣᠳᠣᠷᠬᠠᠢ ᠂ ᠴᠢᠳᠠᠮᠵᠢ ᠨᠢ ᠬᠠᠷᠢᠯᠴᠠᠨ ᠨᠥᠬᠦᠪᠦᠷᠢᠯᠡᠭᠰᠡᠨ ᠳᠠᠯᠠᠶ ᠳᠠᠭᠠᠤ ᠂ ᠬᠢᠯᠢ ᠬᠢᠵᠠᠭᠠᠷ ᠂ ᠠᠭᠠᠷ ᠠᠶᠠᠯᠠᠯ ᠂ ᠳᠣᠲᠣᠭᠠᠳᠤ | ᠭᠤᠣᠯ ᠮᠥᠷᠡᠨ ᠤ ᠬᠢᠯᠢ ᠶᠢᠨ ᠪᠣᠭᠤᠮᠲᠠ ᠶᠢ ᠪᠤᠶ ᠪᠣᠯᠭᠠᠵᠤ ᠂ ᠭᠤᠣᠯᠳᠠᠯᠭ᠎ᠠ ᠪᠣᠯᠬᠤ ᠬᠦᠢᠰᠦ ᠪᠠ ᠣᠷᠣᠨ ᠪᠦᠰᠡ ᠶᠢᠨ ᠵᠠᠩᠭᠢᠯᠠᠭ᠎ᠠ ᠴᠡᠭ ᠤᠨ ᠬᠢᠯᠢ ᠶᠢᠨ | ᠪᠣᠭᠤᠮᠲᠠ ᠶᠢ ᠲᠦᠷᠭᠡᠳᠬᠡᠨ ᠪᠦᠲᠦᠭᠡᠨ ᠪᠠᠶᠢᠭᠤᠯᠵᠤ ᠂ ᠬᠢᠯᠢ ᠶᠢᠨ ᠪᠣᠭᠤᠮᠲᠠ ᠶᠢᠨ ᠴᠢᠳᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ ᠂ | ᠲᠤᠰᠬᠠᠶᠢᠵᠢᠭᠰᠠᠨ ᠬᠢᠯᠢ ᠶᠢᠨ ᠪᠣᠭᠤᠮᠲᠠ ᠶᠢᠨ ᠴᠢᠳᠠᠮᠵᠢ ᠶᠢ ᠥᠷᠭᠡᠳᠬᠡᠵᠦ ᠂ ᠡᠷᠴᠢᠮᠵᠢᠭᠦᠯᠦᠭᠰᠡᠨ ᠣᠶᠤᠨᠴᠢ ᠬᠢᠯᠢ ᠶᠢᠨ ᠪᠣᠭᠤᠮᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ ᠂ ᠬᠢᠯᠢ ᠶᠢᠨ ᠪᠣᠭᠤᠮᠲᠠ ᠪᠠᠷ ᠥᠩᠭᠡᠷᠡᠬᠦ ᠲᠥᠬᠦᠮ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠬᠢᠯᠢ ᠶᠢᠨ | ᠪᠣᠭᠤᠮᠲᠠ ᠶᠢᠨ ᠠᠵᠤ ᠠᠬᠤᠢ ᠶᠢᠨ ᠦᠷ᠎ᠡ ᠠᠰᠢᠭ ᠂ ᠨᠡᠶᠢᠭᠡᠮ ᠤᠨ ᠦᠷ᠎ᠡ ᠠᠰᠢᠭ ᠪᠠ ᠠᠮᠤᠷ ᠲᠦᠪᠰᠢᠨ ᠤ ᠦᠷ᠎ᠡ ᠠᠰᠢᠭ ᠢ ᠪᠥᠬᠦ ᠲᠠᠯ᠎ᠠ ᠪᠠᠷ ᠨᠡᠮᠡᠭᠳᠡᠭᠦᠯᠦᠨ ᠂ | ᠬᠢᠯᠢ ᠶᠢᠨ ᠪᠣᠭᠤᠮᠲᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠨᠠᠩ ᠶᠡᠭᠡ ᠦᠢᠯᠡᠳᠦᠯ ᠪᠠᠳᠠᠷᠠᠭᠤᠯᠬᠤ ᠶᠢ ᠠᠬᠢᠭᠤᠯᠤᠨ᠎ᠠ ᠃ | | |