| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶ᠎ᠠ 3 ᠰᠠᠷ᠎ᠠ ᠶᠢᠨ 31 ᠤ ᠡᠳᠦᠷ ᠬᠤᠷᠠᠯ ᠬᠤᠷᠠᠯᠳᠤᠭᠤᠯᠵᠤ ᠂ ︽ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠶᠢᠨ ᠠᠵᠢᠯ ᠤᠨ ᠳᠦᠷᠢᠮ ︾ ᠂ ︽ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠡᠭᠡᠯᠵᠢ ᠶᠢᠨ ᠲᠣᠭᠤᠷᠢᠨ | ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ ︾ ᠶᠢ ᠬᠢᠨᠠᠨ ᠵᠥᠪᠯᠡᠵᠡᠢ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ ᠃ | ᠬᠤᠷᠠᠯ ᠠᠴᠠ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠣᠯ ᠨᠠᠮ ᠤᠨ ᠲᠥᠪ ᠬᠤᠷᠢᠶ᠎ᠠ ᠶᠢᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠠᠴᠠ ᠭᠠᠷᠳᠠᠵᠤ ᠂ ᠠᠮᠢ ᠠᠬᠤᠢ ᠣᠷᠴᠢᠨ ᠲᠣᠭᠤᠷᠢᠨ ᠢ | ᠡᠪᠳᠡᠭᠰᠡᠨ ᠨᠢᠭᠡ ᠪᠦᠯᠦᠭ ᠴᠢᠬᠤᠯᠠ ᠶᠡᠭᠡ ᠨᠡᠶᠢᠲᠡᠯᠢᠭ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠠᠷᠠᠳ ᠣᠯᠠᠨ ᠤ ᠲᠤᠰᠬᠠᠯ ᠢᠶᠠᠷ ᠴᠢᠩᠭ᠎ᠠ ᠪᠠᠶᠢᠭ᠎ᠠ ᠨᠢᠭᠡ | ᠪᠦᠯᠦᠭ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ ᠂ ᠰᠠᠶᠢᠨ ᠦᠷ᠎ᠡ ᠪᠦᠲᠦᠮᠵᠢ ᠣᠯᠵᠠᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ ᠂ ᠱᠠᠯᠠᠪᠳᠠᠭᠤᠯᠤᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠬᠤ ᠬᠡᠷᠡᠭᠲᠡᠢ ᠃ ᠬᠠᠷᠢᠭᠤᠴᠠᠯᠭ᠎ᠠ ᠶᠢᠨ ᠳᠦᠷᠢᠮ ᠭᠡᠬᠦ ᠡᠨᠡ ᠬᠦ ᠵᠠᠩᠭᠢᠯᠠᠭ᠎ᠠ ᠶᠢ ᠪᠠᠲᠤ ᠡᠵᠡᠮᠳᠡᠵᠦ ᠂ ᠶᠡᠭᠡ ᠲᠠᠯ᠎ᠠ ᠶᠢᠨ | ᠤᠬᠠᠮᠰᠠᠷ ᠢᠶᠠᠨ ᠴᠢᠩᠭᠠᠳᠬᠠᠵᠤ ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠪᠠᠷᠢᠮᠲᠠᠯᠠᠵᠤ ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ ᠂ ᠦᠷᠭᠦᠯᠵᠢᠯᠡᠨ | ᠠᠰᠠᠭᠤᠳᠠᠯ ᠢ ᠢᠯᠡᠷᠡᠭᠦᠯᠵᠦ ᠂ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ ᠂ ᠨᠠᠮ ᠤᠨ ᠲᠥᠪ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠃ ᠱᠠᠯᠠᠪᠳᠠᠭᠤᠯᠤᠨ ᠪᠠᠶᠢᠴᠠᠭᠠᠬᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ ᠂ ᠰᠤᠷᠲᠠᠯ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ ᠭᠡᠵᠦ | ᠴᠢᠬᠤᠯᠠᠴᠢᠯᠠᠪᠠ ᠃ | ᠬᠤᠷᠠᠯ ᠠᠴᠠ ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠲᠥᠪ ᠤᠨ ᠪᠠ ᠲᠦᠷᠦ ᠶᠢᠨ ᠬᠡᠰᠡᠭ ᠪᠠᠶᠢᠭᠤᠯᠭ᠎ᠠ ᠨᠢᠭᠡᠴᠢ ᠳᠤ ᠲᠣᠭᠤᠷᠢᠨ ᠪᠠᠶᠢᠴᠠᠭᠠᠯᠲᠠ | ᠥᠷᠨᠢᠭᠦᠯᠵᠦ ᠂ ᠵᠠᠷᠢᠮ ᠠᠰᠠᠭᠤᠳᠠᠯ ᠢ ᠢᠯᠡᠷᠡᠭᠦᠯᠪᠡ ᠂ ᠴᠡᠭᠴᠡᠯᠡᠨ ᠰᠠᠶᠢᠵᠢᠷᠠᠭᠤᠯᠬᠤ ᠶᠢ ᠲᠥᠪ ᠴᠢᠩᠭ᠎ᠠ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ ᠃ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠨᠠᠮ ᠤᠨ ᠲᠥᠪ ᠬᠤᠷᠢᠶ᠎ᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ | ᠭᠦᠢᠴᠡᠳᠬᠡᠵᠦ ᠂ ᠪᠣᠳᠠᠲᠤ ᠠᠵᠢᠯᠯᠠᠭ᠎ᠠ ᠪᠠᠷ ᠢᠶᠠᠨ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠬᠡᠷᠡᠭᠲᠡᠢ ᠃ ᠤᠯᠤᠰ ᠲᠦᠷᠦ ᠶᠢᠨ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠦᠵᠦ ᠲᠥᠯᠥᠪᠯᠡᠭᠡ ᠂ ᠶᠡᠷᠦᠩᠬᠡᠢ ᠲᠥᠯᠦᠪᠵᠢᠭᠦᠯᠭᠡ ᠶᠢ ᠴᠢᠩᠭᠠᠳᠬᠠᠵᠤ ᠂ | ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠡᠷᠡᠰ ᠠᠬᠢᠭᠤᠯᠬᠤ ᠬᠡᠷᠡᠭᠲᠡᠢ ᠃ ᠤᠳᠤᠷᠢᠳᠬᠤ ᠪᠠᠭ ᠤᠨ ᠪᠠᠶᠢᠭᠤᠯᠤᠯᠲᠠ ᠶᠢ | ᠴᠢᠩᠭᠠᠳᠬᠠᠵᠤ ᠂ ᠳᠤᠷ᠎ᠠ ᠪᠠᠷ ᠢᠶᠠᠨ ᠦᠢᠯᠡᠳᠬᠦ ᠂ ᠠᠵᠢᠯ ᠬᠢᠬᠦ ᠦᠭᠡᠢ ᠂ ᠬᠢᠬᠦ ᠵᠣᠷᠢᠭ ᠦᠭᠡᠢ ᠂ ᠬᠢᠬᠦ ᠳᠡᠭᠡᠨ ᠴᠢᠳᠠᠮᠠᠭᠠᠢ ᠪᠤᠰᠤ ᠪᠠᠶᠢᠬᠤ ᠠᠰᠠᠭᠤᠳᠠᠯ ᠢ ᠬᠦᠴᠦᠯᠡᠨ | ᠰᠢᠢᠳᠪᠦᠷᠢᠯᠡᠵᠦ ᠂ ᠤᠳᠤᠷᠢᠳᠬᠤ ᠺᠠᠳ᠋ᠷ ᠤᠨ ᠳᠠᠪᠰᠢᠵᠤ ᠪᠠᠭᠤᠵᠤ ᠪᠦᠷ ᠪᠤᠯᠬᠤ ᠶᠢ ᠪᠠᠶᠢᠩᠭᠤᠵᠢᠭᠤᠯᠬᠤ ᠬᠡᠷᠡᠭᠲᠡᠢ ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠥᠨᠳᠥᠷ ᠪᠠᠷᠢᠮᠵᠢᠶ᠎ᠠ ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ ᠂ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ | ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ 2025 ᠣᠨ ᠪᠣᠯ ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠠᠬᠢᠭᠤᠯᠬᠤ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ | ᠬᠡᠷᠡᠭᠲᠡᠢ ᠃ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ | ᠭᠦᠨᠵᠡᠭᠡᠶᠢᠷᠡᠭᠦᠯᠵᠦ ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠬᠢᠨᠠᠯᠲᠠ ᠲᠠᠯᠪᠢᠬᠤ ᠭᠤᠣᠯᠳᠠᠯᠭ᠎ᠠ ᠪᠠᠨ ᠪᠤᠯᠭᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ | ᠬᠡᠷᠡᠭᠲᠡᠢ ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠂ ᠴᠢᠩᠭ᠎ᠠ ᠪᠠᠶᠢᠬᠤ ᠭᠦᠭ ᠠᠶᠠᠰ ᠢ ᠪᠠᠷᠢᠮᠲᠠᠯᠠᠵᠤ ᠂ ᠭᠤᠣᠯᠳᠠᠯᠭ᠎ᠠ ᠲᠠᠢ ᠠᠰᠠᠭᠤᠳᠠᠯ ᠂ ᠭᠤᠣᠯᠳᠠᠯᠭ᠎ᠠ ᠲᠠᠢ | ᠬᠦᠷᠢᠶ᠎ᠡ ᠂ ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ ᠂ ︽ ᠨᠢᠭᠡᠳᠦᠭᠡᠷ ᠬᠠᠷᠢᠭᠤᠴᠠᠯᠭᠠᠲᠠᠨ ︾ ᠪᠣᠯᠣᠨ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ | ᠴᠢᠩᠭᠠᠳᠬᠠᠬᠤ ᠬᠡᠷᠡᠭᠲᠡᠢ ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ ᠂ ᠶᠡᠷᠦᠩᠬᠡᠶᠢᠯᠡᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ ᠂ ᠲᠣᠭᠤᠷᠢᠨ | ᠪᠠᠶᠢᠴᠠᠭᠠᠯᠲᠠ ᠪᠠ ᠪᠤᠰᠤᠳ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠴᠢᠩᠭᠠᠳᠬᠠᠵᠤ ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠃ | ᠦᠨᠡᠨ ᠠᠴᠠ ᠵᠥᠪ ᠢ ᠡᠷᠢᠬᠦ ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠶᠢ ᠪᠠᠷᠢᠮᠲᠠᠯᠠᠵᠤ ᠂ ᠲᠦᠷᠦ ᠶᠢᠨ ᠪᠣᠳᠣᠯᠭ᠎ᠠ ᠶᠢ | ᠣᠨᠣᠪᠴᠢᠲᠠᠢ ᠡᠵᠡᠮᠳᠡᠵᠦ ᠂ ᠠᠰᠠᠭᠤᠳᠠᠯ ᠢ ᠦᠨᠡᠨ ᠮᠥᠨ ᠢᠶᠠᠷ ᠨᠢ ᠲᠤᠰᠬᠠᠵᠤ ᠂ ᠰᠠᠬᠢᠯᠭ᠎ᠠ ᠪᠠᠲᠤ ᠶᠢᠨ ᠤᠬᠠᠮᠰᠠᠷ ᠪᠣᠯᠣᠨ ᠬᠠᠤᠯᠢ ᠪᠠᠷ ᠵᠠᠰᠠᠬᠤ ᠤᠬᠠᠮᠰᠠᠷ ᠢ | ᠴᠢᠩᠭᠠᠳᠬᠠᠵᠤ ᠂ ᠳᠣᠲᠣᠭᠠᠳᠤ ᠶᠢᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ | | |