| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 9 ᠤ ᠴᠠᠭᠢᠯᠭᠠᠨ ᠮᠡᠳᠡᠭᠡ | ■ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ ᠂ ᠬᠢᠯᠢ ᠶᠢᠨ ᠱᠤᠭᠤᠮ ᠤᠷᠳᠤ ᠂ ᠬᠥᠷᠰᠢ ᠵᠡᠷᠭᠡᠯᠡᠳᠡᠭᠡ ᠪᠣᠯ ᠬᠥᠭᠵᠢᠯ ᠴᠡᠴᠡᠭᠯᠡᠯ ᠢ | ᠪᠡᠶᠡᠯᠡᠭᠦᠯᠬᠦ ᠴᠢᠬᠤᠯᠠ ᠰᠠᠭᠤᠷᠢ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠣᠯᠳᠠᠯᠭ᠎ᠠ ᠂ ᠭᠠᠳᠠᠭᠠᠳᠤ ᠬᠠᠷᠢᠯᠴᠠᠭᠠᠨ ᠤ ᠪᠦᠭᠦ ᠲᠠᠯ᠎ᠠ ᠶᠢ ᠲᠥᠯᠥᠪᠵᠢᠭᠦᠯᠬᠦ | ᠲᠡᠷᠢᠭᠦᠨ ᠴᠢᠬᠤᠯᠠ ᠵᠦᠢᠯ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠵᠠᠩᠭᠢᠯᠠᠭ᠎ᠠ ᠪᠣᠯᠣᠨ᠎ᠠ ᠃ ᠪᠦᠭᠦ | ᠪᠥᠮᠪᠥᠷᠴᠡᠭ ᠤᠨ ᠬᠠᠷᠠᠭᠠᠰᠤ ᠠᠴᠠ ᠬᠥᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ ᠂ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠡᠭᠦᠷᠭᠡ | ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ ᠃ | ■ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ ᠂ ᠪᠢᠳᠡ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠬᠥᠷᠰᠢ ᠵᠡᠷᠭᠡᠯᠡᠳᠡᠭᠡ ᠶᠢᠨ ᠣᠶᠢᠯᠠᠭᠠᠭᠳᠠᠬᠤᠨ ᠢ ᠳᠤᠷᠠᠳᠴᠤ ᠂ ᠬᠥᠷᠰᠢ | ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠰᠠᠨᠠᠭᠠᠴᠢᠯᠠᠵᠤ ᠂ ᠤᠯᠤᠰ ᠤᠨ ᠲᠡᠷᠢᠭᠦᠨ ᠤ ᠭᠠᠳᠠᠭᠠᠳᠤ | ᠬᠠᠷᠢᠯᠴᠠᠭ᠎ᠠ ᠪᠠᠷ ᠵᠢᠯᠣᠭᠤᠳᠤᠮᠵᠢ ᠪᠤᠯᠭᠠᠵᠤ ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠡᠯ᠎ᠡ | ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ ᠂ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠵᠤ ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ | ᠬᠥᠷᠰᠢ ᠵᠡᠷᠭᠡᠯᠡᠳᠡᠭᠡ ᠶᠢᠨ ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ ᠂ ᠬᠥᠷᠰᠢ ᠵᠡᠷᠭᠡᠯᠡᠳᠡᠭᠡ ᠶᠢᠨ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ ᠂ | ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ ᠃ ᠦᠢᠯᠡᠳᠦᠯᠭᠡ ᠳᠤᠮᠳᠠ ᠰᠦᠪᠡᠭᠴᠢᠯᠡᠨ ᠪᠤᠢ ᠪᠤᠯᠭᠠᠬᠰᠠᠨ ᠲᠤᠷᠰᠢᠯᠭ᠎ᠠ ᠶᠢ ᠰᠠᠶᠢᠲᠤᠷ ᠪᠠᠷᠢᠮᠲᠠᠯᠠᠵᠤ ᠂ | ᠰᠠᠶᠢᠲᠤᠷ ᠬᠡᠷᠡᠭᠯᠡᠬᠦ ᠬᠡᠷᠡᠭᠲᠡᠢ ᠃ | ■ ᠣᠳᠣᠬᠠᠨ ᠳᠤ ᠮᠠᠨ ᠤ ᠤᠯᠤᠰ ᠪᠣᠯᠣᠨ ᠬᠥᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ ᠣᠶᠢᠷ᠎ᠠ ᠦᠶ᠎ᠡ ᠠᠴᠠ ᠨᠠᠭᠠᠰᠢᠬᠢ ᠬᠠᠮᠤᠭ ᠤᠨ ᠰᠠᠶᠢᠨ ᠴᠠᠭ | ᠦᠶ᠎ᠡ ᠳᠤ ᠣᠷᠣᠰᠢᠵᠤ ᠪᠤᠢ ᠂ ᠡᠭᠦᠨ ᠤ ᠵᠡᠷᠭᠡ ᠪᠠᠷ ᠬᠥᠷᠰᠢ ᠵᠡᠷᠭᠡᠯᠡᠳᠡᠭᠡ ᠶᠢᠨ ᠪᠠᠶᠢᠷᠢᠰᠢᠯ ᠪᠣᠯᠣᠨ ᠳᠡᠯᠡᠬᠡᠢ ᠶᠢᠨ ᠬᠤᠪᠢᠰᠤᠯᠲᠠ ᠭᠦᠨᠵᠡᠭᠡᠢ ᠬᠤᠯᠪᠤᠭᠠᠯᠠᠨ | ᠬᠥᠳᠡᠯᠦᠯᠴᠡᠬᠦ ᠴᠢᠬᠤᠯᠠ ᠱᠠᠲᠤᠨ ᠳᠤ ᠣᠷᠣᠪᠠ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠪᠣᠯᠣᠨ ᠤᠯᠤᠰ ᠤᠨ ᠭᠤᠣᠯ ᠡᠭᠦᠷᠭᠡ ᠶᠢᠨ ᠲᠣᠭᠤᠷᠢᠨ ᠳᠤ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠶᠠᠷ ᠶᠡᠭᠡ ᠲᠠᠯ᠎ᠠ ᠂ ᠬᠥᠭᠵᠢᠯᠲᠡ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠭ ᠢ ᠥᠨᠳᠥᠷ ᠮᠠᠨᠳᠤᠭᠤᠯᠵᠤ ᠂ ᠡᠩᠬᠡ ᠲᠠᠶᠢᠪᠤᠩ ᠂ ᠠᠮᠤᠷ ᠠᠮᠤᠭᠤᠯᠠᠩ ᠂ ᠴᠡᠴᠡᠭᠯᠡᠨ ᠬᠥᠭᠵᠢᠭᠰᠡᠨ ᠂ | ᠦᠵᠡᠰᠬᠦᠯᠡᠩᠲᠦ ᠰᠠᠶᠢᠬᠠᠨ ᠂ ᠨᠥᠭᠦᠷᠰᠡᠭ ︽ ᠲᠠᠪᠤᠨ ᠶᠡᠭᠡ ᠭᠡᠷ ᠣᠷᠣᠨ ︾ ᠢ ᠪᠦᠲᠦᠭᠡᠨ ᠪᠠᠶᠢᠭᠤᠯᠬᠤ ᠪᠠᠷ ᠬᠠᠮᠲᠤ ᠶᠢᠨ ᠬᠦᠰᠡᠯ ᠡᠷᠡᠮᠡᠯᠵᠡᠯ ᠪᠤᠯᠭᠠᠵᠤ ᠂ ᠡᠶᠡᠯᠳᠡᠭ | ᠬᠥᠷᠰᠢ ᠂ ᠠᠮᠤᠷ ᠲᠣᠭᠲᠠᠭᠤᠨ ᠬᠥᠷᠰᠢ ᠂ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠂ ᠬᠤᠪᠢ ᠵᠠᠶᠠᠭ᠎ᠠ ᠪᠠᠨ | ᠬᠠᠮᠲᠤᠳᠬᠠᠬᠤ ᠣᠶᠢᠯᠠᠭᠠᠭᠳᠠᠬᠤᠨ ᠢᠶᠠᠷ ᠴᠢᠭᠯᠡᠯᠲᠡ ᠪᠤᠯᠭᠠᠵᠤ ᠂ ᠡᠩᠬᠡ ᠲᠠᠶᠢᠪᠤᠩ ᠂ ᠬᠠᠮᠲᠤᠷᠠᠯᠴᠠᠭ᠎ᠠ ᠬᠢᠬᠦ ᠂ ᠨᠡᠭᠡᠭᠡᠯᠲᠡ ᠬᠢᠬᠦ ᠂ ᠪᠠᠭᠲᠠᠭᠠᠮᠵᠢᠲᠠᠢ ᠠᠽᠢᠶ᠎ᠠ ᠲᠢᠪ ᠤᠨ | ᠥᠷᠲᠡᠭ ᠤᠨ ᠦᠵᠡᠯᠲᠡ ᠪᠠᠷ ᠦᠨᠳᠦᠰᠦᠨ ᠵᠢᠷᠤᠮᠯᠠᠯ ᠪᠤᠯᠭᠠᠵᠤ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠪᠠᠷ | ᠭᠤᠣᠯ ᠲᠠᠪᠴᠠᠩ ᠪᠤᠯᠭᠠᠵᠤ ᠂ ᠠᠮᠤᠷ ᠲᠦᠪᠰᠢᠨ ᠢ ᠬᠠᠮᠲᠤ ᠪᠠᠷ ᠡᠳ᠋ᠯᠡᠵᠦ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠬᠤ ᠂ ᠠᠳᠠᠯᠢ ᠲᠠᠯ᠎ᠠ ᠪᠠᠨ ᠡᠷᠢᠵᠦ | ᠵᠥᠷᠢᠶ᠎ᠡ ᠲᠠᠢ ᠲᠠᠯ᠎ᠠ ᠪᠠᠨ ᠦᠯᠡᠳᠡᠭᠡᠬᠦ ᠂ ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ ᠤᠨ ᠠᠮᠤᠷ ᠲᠦᠪᠰᠢᠨ ᠤ ᠵᠠᠭᠪᠤᠷ ᠢᠶᠠᠷ ᠪᠠᠶᠢᠯᠳᠤᠬᠤ ᠪᠣᠳᠣᠯᠭ᠎ᠠ ᠶᠢᠨ | ᠲᠤᠯᠭᠠᠭᠤᠷᠢᠯᠠᠯ ᠪᠤᠯᠭᠠᠵᠤ ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ ᠬᠤᠯᠪᠣᠯᠴᠠᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ ᠃ | ■ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠶᠢᠨ ᠪᠠᠶᠢᠯᠳᠤᠬᠤ | ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ ᠂ ᠭᠠᠵᠠᠷ ᠣᠷᠣᠨ ᠤ ᠤᠯᠤᠰ ᠤᠳ ᠤᠨ ᠲᠣᠰ ᠪᠡᠶ᠎ᠡ ᠶᠢᠨ ᠬᠥᠭᠵᠢᠯᠲᠡ ᠶᠢᠨ ᠵᠠᠮ ᠢᠶᠠᠷ ᠢᠶᠠᠨ ᠵᠠᠮᠨᠠᠬᠤ ᠶᠢ ᠳᠡᠮᠵᠢᠵᠦ ᠂ | ᠵᠥᠷᠢᠴᠡᠯ ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠬᠦ ᠭᠡᠷᠡᠭᠲᠡᠶ ︔ ᠭᠦᠭᠵᠢᠯᠲᠡ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ ᠂ ᠥᠨᠳᠥᠷ ᠲᠦᠪᠰᠢᠨ | ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ | ᠭᠡᠷᠡᠭᠳᠠᠢ ︔ ᠭᠠᠵᠠᠷ ᠣᠷᠣᠨ ᠤ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠤ ᠂ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ | ᠥᠷᠨᠢᠭᠦᠯᠦᠨ ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠭᠡᠷᠡᠭᠳᠠᠢ ︔ ᠶᠠᠪᠤᠯᠴᠠᠭ᠎ᠠ ᠰᠣᠯᠢᠯᠴᠠᠭ᠎ᠠ ᠪᠠᠨ ᠥᠷᠭᠡᠳᠬᠡᠵᠦ ᠂ | ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ ᠬᠡᠷᠡᠭᠲᠡᠢ ᠃ | ■ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠵᠤ ᠂ ᠡᠯ᠎ᠡ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ᠭᠠᠳᠠᠭᠠᠳᠤ ᠳᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠃ ᠴᠢᠳᠠᠪᠤᠷᠢ ᠪᠠ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠂ ᠬᠥᠷᠰᠢ ᠵᠡᠷᠭᠡᠯᠡᠳᠡᠭᠡ ᠶᠢᠨ ᠠᠵᠢᠯ ᠤᠨ ᠣᠨᠣᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠠᠬᠢᠭᠤᠯᠬᠤ | ᠬᠡᠷᠡᠭᠲᠡᠢ ᠃ | ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ 4 ᠰᠠᠷ᠎ᠠ ᠶᠢᠨ 8 ᠠᠴᠠ 9 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ | ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠬᠤᠷᠠᠯ ᠳᠤ ᠣᠷᠣᠯᠴᠠᠪᠠ ᠃ | | 4 ᠰᠠᠷ᠎ᠠ ᠶᠢᠨ 8 ᠠᠴᠠ 9 ᠤ ᠡᠳᠦᠷ ᠪᠤᠯᠲᠠᠯ᠎ᠠ ᠂ ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ ᠴᠢᠬᠤᠯᠠ ᠶᠠᠷᠢᠶᠠᠨ ᠳᠠᠭᠠᠨ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠠᠮᠵᠢᠯᠲᠠ | ᠪᠦᠲᠦᠮᠵᠢ ᠪᠣᠯᠣᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ ᠂ ᠬᠤᠶᠢᠰᠢᠳᠠ ᠶᠢᠨ ᠬᠡᠰᠡᠭ ᠬᠤᠭᠤᠴᠠᠭᠠᠨ ᠤ | ᠬᠥᠷᠰᠢ ᠵᠡᠷᠭᠡᠯᠡᠳᠡᠭᠡ ᠶᠢᠨ ᠠᠵᠢᠯ ᠤᠨ ᠬᠠᠷᠠᠯᠲᠠ ᠡᠭᠦᠷᠭᠡ ᠪᠣᠯᠣᠨ ᠰᠡᠳᠬᠢᠴᠡ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ ᠂ ᠬᠥᠷᠰᠢ ᠵᠡᠷᠭᠡᠯᠡᠳᠡᠭᠡ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠬᠥᠷᠰᠢ ᠵᠡᠷᠭᠡᠯᠡᠳᠡᠭᠡ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ | ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ ᠃ ᠯᠢ ᠴᠢᠶᠠᠩ ᠬᠤᠷᠠᠯ ᠢ ᠡᠷᠭᠢᠯᠡᠭᠦ ᠳᠡᠭᠡᠨ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠬᠥᠷᠰᠢ ᠵᠡᠷᠭᠡᠯᠡᠳᠡᠭᠡ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ | ᠪᠠᠲᠤᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ ᠃ | ᠬᠤᠷᠠᠯ ᠠᠴᠠ ᠂ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ ᠂ ᠬᠢᠯᠢ ᠶᠢᠨ ᠱᠤᠭᠤᠮ ᠤᠷᠳᠤ ᠂ ᠬᠥᠷᠰᠢ ᠵᠡᠷᠭᠡᠯᠡᠳᠡᠭᠡ ᠪᠣᠯ ᠬᠥᠭᠵᠢᠯ | ᠴᠡᠴᠡᠭᠯᠡᠯ ᠢ ᠪᠡᠶᠡᠯᠡᠭᠦᠯᠬᠦ ᠴᠢᠬᠤᠯᠠ ᠰᠠᠭᠤᠷᠢ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠣᠯᠳᠠᠯᠭ᠎ᠠ ᠂ ᠭᠠᠳᠠᠭᠠᠳᠤ ᠬᠠᠷᠢᠯᠴᠠᠭᠠᠨ ᠤ ᠪᠦᠭᠦ ᠲᠠᠯ᠎ᠠ ᠶᠢ | ᠲᠥᠯᠥᠪᠵᠢᠭᠦᠯᠬᠦ ᠲᠡᠷᠢᠭᠦᠨ ᠴᠢᠬᠤᠯᠠ ᠵᠦᠢᠯ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠵᠠᠩᠭᠢᠯᠠᠭ᠎ᠠ | ᠪᠣᠯᠣᠨ᠎ᠠ ᠃ ᠪᠦᠭᠦ ᠪᠥᠮᠪᠥᠷᠴᠡᠭ ᠤᠨ ᠬᠠᠷᠠᠭᠠᠰᠤ ᠠᠴᠠ ᠬᠥᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ ᠂ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ | ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠪᠢᠳᠡ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠬᠥᠷᠰᠢ ᠵᠡᠷᠭᠡᠯᠡᠳᠡᠭᠡ ᠶᠢᠨ ᠣᠶᠢᠯᠠᠭᠠᠭᠳᠠᠬᠤᠨ ᠢ | ᠳᠤᠷᠠᠳᠴᠤ ᠂ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠰᠠᠨᠠᠭᠠᠴᠢᠯᠠᠵᠤ ᠂ ᠤᠯᠤᠰ ᠤᠨ ᠲᠡᠷᠢᠭᠦᠨ ᠤ | ᠭᠠᠳᠠᠭᠠᠳᠤ ᠬᠠᠷᠢᠯᠴᠠᠭ᠎ᠠ ᠪᠠᠷ ᠵᠢᠯᠣᠭᠤᠳᠤᠮᠵᠢ ᠪᠤᠯᠭᠠᠵᠤ ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ | ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ ᠂ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠵᠤ ᠂ ᠪᠣᠳᠠᠲᠠᠢ ᠶᠢ ᠡᠷᠬᠢᠮᠯᠡᠭᠰᠡᠨ ᠥᠨᠳᠥᠷ | ᠪᠦᠲᠦᠮᠵᠢᠲᠡᠶ ᠬᠥᠷᠰᠢ ᠵᠡᠷᠭᠡᠯᠡᠳᠡᠭᠡ ᠶᠢᠨ ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ ᠂ ᠬᠥᠷᠰᠢ ᠵᠡᠷᠭᠡᠯᠡᠳᠡᠭᠡ ᠶᠢᠨ ᠠᠵᠢᠯ ᠲᠡᠦᠬᠡᠲᠦ ᠴᠢᠨᠠᠷᠲᠠᠢ ᠠᠮᠵᠢᠯᠲᠠ | ᠪᠦᠲᠦᠮᠵᠢ ᠣᠯᠵᠤ ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ ᠃ ᠦᠢᠯᠡᠳᠦᠯᠭᠡ ᠳᠤᠮᠳᠠ ᠰᠦᠪᠡᠭᠴᠢᠯᠡᠨ ᠪᠤᠢ ᠪᠤᠯᠭᠠᠬᠰᠠᠨ ᠲᠤᠷᠰᠢᠯᠭ᠎ᠠ ᠶᠢ | ᠰᠠᠶᠢᠲᠤᠷ ᠪᠠᠷᠢᠮᠲᠠᠯᠠᠵᠤ ᠂ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠦᠵᠡᠪᠡ ᠃ | ᠬᠤᠷᠠᠯ ᠠᠴᠠ ᠂ ᠣᠳᠣᠬᠠᠨ ᠳᠤ ᠮᠠᠨ ᠤ ᠤᠯᠤᠰ ᠪᠣᠯᠣᠨ ᠬᠥᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ ᠣᠶᠢᠷ᠎ᠠ ᠦᠶ᠎ᠡ ᠠᠴᠠ ᠨᠠᠭᠠᠰᠢᠬᠢ ᠬᠠᠮᠤᠭ ᠤᠨ | ᠰᠠᠶᠢᠨ ᠴᠠᠭ ᠦᠶ᠎ᠡ ᠳᠤ ᠣᠷᠣᠰᠢᠵᠤ ᠪᠤᠢ ᠂ ᠡᠭᠦᠨ ᠤ ᠵᠡᠷᠭᠡ ᠪᠠᠷ ᠬᠥᠷᠰᠢ ᠵᠡᠷᠭᠡᠯᠡᠳᠡᠭᠡ ᠶᠢᠨ ᠪᠠᠶᠢᠷᠢᠰᠢᠯ ᠪᠣᠯᠣᠨ ᠳᠡᠯᠡᠬᠡᠢ ᠶᠢᠨ ᠬᠤᠪᠢᠰᠤᠯᠲᠠ ᠭᠦᠨᠵᠡᠭᠡᠢ | ᠬᠤᠯᠪᠤᠭᠠᠯᠠᠨ ᠬᠥᠳᠡᠯᠦᠯᠴᠡᠬᠦ ᠴᠢᠬᠤᠯᠠ ᠱᠠᠲᠤᠨ ᠳᠤ ᠣᠷᠣᠪᠠ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠪᠣᠯᠣᠨ ᠤᠯᠤᠰ ᠤᠨ ᠭᠤᠣᠯ ᠡᠭᠦᠷᠭᠡ ᠶᠢᠨ ᠲᠣᠭᠤᠷᠢᠨ ᠳᠤ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠂ ᠬᠥᠭᠵᠢᠯᠲᠡ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠭ ᠢ ᠥᠨᠳᠥᠷ ᠮᠠᠨᠳᠤᠭᠤᠯᠵᠤ ᠂ ᠡᠩᠬᠡ ᠲᠠᠶᠢᠪᠤᠩ ᠂ ᠠᠮᠤᠷ ᠠᠮᠤᠭᠤᠯᠠᠩ ᠂ ᠴᠡᠴᠡᠭᠯᠡᠨ | ᠬᠥᠭᠵᠢᠭᠰᠡᠨ ᠂ ᠦᠵᠡᠰᠬᠦᠯᠡᠩᠲᠦ ᠰᠠᠶᠢᠬᠠᠨ ᠂ ᠨᠥᠭᠦᠷᠰᠡᠭ ︽ ᠲᠠᠪᠤᠨ ᠶᠡᠭᠡ ᠭᠡᠷ ᠣᠷᠣᠨ ︾ ᠢ ᠪᠦᠲᠦᠭᠡᠨ ᠪᠠᠶᠢᠭᠤᠯᠬᠤ ᠪᠠᠷ ᠬᠠᠮᠲᠤ ᠶᠢᠨ ᠬᠦᠰᠡᠯ ᠡᠷᠡᠮᠡᠯᠵᠡᠯ | ᠪᠤᠯᠭᠠᠵᠤ ᠂ ᠡᠶᠡᠯᠳᠡᠭ ᠬᠥᠷᠰᠢ ᠂ ᠠᠮᠤᠷ ᠲᠣᠭᠲᠠᠭᠤᠨ ᠬᠥᠷᠰᠢ ᠂ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠂ | ᠬᠤᠪᠢ ᠵᠠᠶᠠᠭ᠎ᠠ ᠪᠠᠨ ᠬᠠᠮᠲᠤᠳᠬᠠᠬᠤ ᠣᠶᠢᠯᠠᠭᠠᠭᠳᠠᠬᠤᠨ ᠢᠶᠠᠷ ᠴᠢᠭᠯᠡᠯᠲᠡ ᠪᠤᠯᠭᠠᠵᠤ ᠂ ᠡᠩᠬᠡ ᠲᠠᠶᠢᠪᠤᠩ ᠂ ᠬᠠᠮᠲᠤᠷᠠᠯᠴᠠᠭ᠎ᠠ ᠬᠢᠬᠦ ᠂ ᠨᠡᠭᠡᠭᠡᠯᠲᠡ ᠬᠢᠬᠦ ᠂ | ᠪᠠᠭᠲᠠᠭᠠᠮᠵᠢᠲᠠᠢ ᠠᠽᠢᠶ᠎ᠠ ᠲᠢᠪ ᠤᠨ ᠥᠷᠲᠡᠭ ᠤᠨ ᠦᠵᠡᠯᠲᠡ ᠪᠠᠷ ᠦᠨᠳᠦᠰᠦᠨ ᠵᠢᠷᠤᠮᠯᠠᠯ ᠪᠤᠯᠭᠠᠵᠤ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠴᠢᠨᠠᠷ | ᠰᠠᠶᠢᠲᠠᠢ ᠪᠦᠲᠦᠭᠡᠨ ᠪᠠᠶᠢᠭᠤᠯᠬᠤ ᠪᠠᠷ ᠭᠤᠣᠯ ᠲᠠᠪᠴᠠᠩ ᠪᠤᠯᠭᠠᠵᠤ ᠂ ᠠᠮᠤᠷ ᠲᠦᠪᠰᠢᠨ ᠢ ᠬᠠᠮᠲᠤ ᠪᠠᠷ ᠡᠳ᠋ᠯᠡᠵᠦ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠬᠤ ᠂ | ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ ᠂ ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ ᠤᠨ ᠠᠮᠤᠷ ᠲᠦᠪᠰᠢᠨ ᠤ ᠵᠠᠭᠪᠤᠷ ᠢᠶᠠᠷ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠤᠯᠭᠠᠵᠤ ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ ᠬᠤᠯᠪᠣᠯᠴᠠᠨ ᠰᠠᠶᠢᠨ ᠰᠠᠶᠢᠬᠠᠨ ᠢᠷᠡᠭᠡᠳᠦᠢ ᠶᠢ | ᠬᠠᠮᠲᠤ ᠪᠠᠷ ᠴᠣᠭᠴᠠᠯᠠᠶ᠎ᠠ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠶᠢᠨ | ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ ᠂ ᠭᠠᠵᠠᠷ ᠣᠷᠣᠨ ᠤ ᠤᠯᠤᠰ ᠤᠳ ᠤᠨ ᠲᠣᠰ ᠪᠡᠶ᠎ᠡ ᠶᠢᠨ ᠬᠥᠭᠵᠢᠯᠲᠡ ᠶᠢᠨ ᠵᠠᠮ ᠢᠶᠠᠷ ᠢᠶᠠᠨ | ᠵᠠᠮᠨᠠᠬᠤ ᠶᠢ ᠳᠡᠮᠵᠢᠵᠦ ᠂ ᠵᠥᠷᠢᠴᠡᠯ ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠬᠦ ᠭᠡᠷᠡᠭᠲᠡᠶ ︔ ᠭᠦᠭᠵᠢᠯᠲᠡ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ ᠂ | ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠬᠠᠮᠲᠤᠷᠠᠯᠴᠠᠭ᠎ᠠ ᠶᠢ ᠴᠢᠩᠭᠠᠳᠬᠠᠬᠤ ᠭᠡᠷᠡᠭᠳᠠᠢ ︔ ᠭᠠᠵᠠᠷ ᠣᠷᠣᠨ ᠤ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠤ ᠂ ᠠᠮᠤᠷ ᠲᠦᠪᠰᠢᠨ ᠪᠠ ᠬᠠᠤᠯᠢ | ᠬᠡᠷᠡᠭᠵᠢᠭᠦᠯᠬᠦ ᠬᠠᠮᠲᠤᠷᠠᠯᠴᠠᠭ᠎ᠠ ᠶᠢ ᠥᠷᠨᠢᠭᠦᠯᠦᠨ ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠭᠡᠷᠡᠭᠳᠠᠢ ︔ ᠶᠠᠪᠤᠯᠴᠠᠭ᠎ᠠ | ᠰᠣᠯᠢᠯᠴᠠᠭ᠎ᠠ ᠪᠠᠨ ᠥᠷᠭᠡᠳᠬᠡᠵᠦ ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ ᠬᠡᠷᠡᠭᠲᠡᠢ ᠭᠡᠵᠦ ᠴᠢᠩᠭᠠᠳᠬᠠᠪᠠ ᠃ | ᠬᠤᠷᠠᠯ ᠠᠴᠠ ᠂ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠵᠤ ᠂ ᠡᠯ᠎ᠡ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ᠭᠠᠳᠠᠭᠠᠳᠤ ᠳᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠃ ᠴᠢᠳᠠᠪᠤᠷᠢ ᠪᠠ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠂ ᠬᠥᠷᠰᠢ ᠵᠡᠷᠭᠡᠯᠡᠳᠡᠭᠡ ᠶᠢᠨ ᠠᠵᠢᠯ ᠤᠨ ᠣᠨᠣᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠵᠠᠢ ᠃ | ᠸᠠᠩ ᠢ ᠳ᠋ᠦᠩᠨᠡᠯᠲᠡ ᠶᠢᠨ ᠶᠠᠷᠢᠶ᠎ᠠ ᠲᠠᠯᠪᠢᠪᠠ ᠃ | ᠨᠠᠮ ᠪᠠ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠢ ᠃ | | | |