| ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ | ︵ 2025 ᠣᠨ ᠤ 3 ᠰᠠᠷ᠎ᠠ ᠶᠢᠨ 21 ᠤ ᠡᠳᠦᠷ ︶ | ᠨᠡᠶᠢᠭᠡᠮ ᠤᠨ ᠢᠲᠡᠭᠡᠮᠵᠢ ᠶᠢᠨ ᠳᠦᠷᠢᠮ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠪᠤᠯᠬᠤ ᠳᠦᠷᠢᠮ ᠮᠥᠨ ᠃ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠢ ᠪᠦᠷᠢᠨᠰᠢᠭᠦᠯᠬᠦ ᠶᠢᠨ ᠲᠥᠯᠥᠭᠡ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ | ᠵᠥᠪᠰᠢᠶᠡᠷᠡᠭᠦᠯᠦᠭᠡᠳ ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ ᠃ | ᠨᠢᠭᠡ ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠨ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ ᠂ ᠵᠠᠰᠠᠭ ᠤᠨ ᠣᠷᠳᠣᠨ ᠬᠥᠲᠥᠯᠥᠨ ᠵᠢᠯᠤᠭᠤᠳᠬᠤ ᠂ ᠵᠠᠬ᠎ᠠ ᠳᠡᠯᠭᠡᠭᠦᠷ ᠢᠶᠠᠷ ᠬᠥᠳᠡᠯᠭᠡᠭᠦᠷ ᠪᠤᠯᠭᠠᠬᠤ ᠂ | ᠪᠦᠭᠦ ᠨᠡᠶᠢᠭᠡᠮ ᠢᠶᠠᠷ ᠢᠶᠠᠨ ᠬᠠᠮᠲᠤ ᠪᠠᠷ ᠪᠠᠶᠢᠭᠤᠯᠬᠤ ᠶᠢ ᠪᠠᠷᠢᠮᠲᠠᠯᠠᠨ ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ ᠶᠢ ᠪᠠᠷᠢᠮᠲᠠᠯᠠᠨ ᠂ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠪᠠ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠨ ᠂ ᠢᠲᠡᠭᠡᠮᠵᠢ ᠶᠢᠨ | ᠲᠤᠬᠠᠢ ᠱᠠᠩᠨᠠᠵᠤ ᠲᠣᠷᠭᠠᠬᠤ ᠶᠢ ᠵᠦᠢ ᠵᠣᠬᠢᠰᠲᠠᠢ ᠬᠠᠤᠯᠢ ᠶᠣᠰᠣᠨ ᠳᠤ ᠨᠡᠶᠢᠴᠡᠭᠦᠯᠬᠦ ᠶᠢ ᠪᠠᠷᠢᠮᠲᠠᠯᠠᠨ ᠂ ᠡᠯ᠎ᠡ ᠲᠥᠷᠥᠯ ᠤᠨ ᠭᠤᠣᠯ ᠴᠣᠭᠴᠠ ᠶᠢ ᠬᠠᠮᠤᠷᠤᠭᠰᠠᠨ ᠂ | ᠳᠦᠷᠢᠮ ᠵᠠᠷᠴᠢᠮ ᠨᠢᠭᠡᠳᠦᠯᠲᠡᠢ ᠂ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠬᠠᠮᠲᠤ ᠪᠠᠷ ᠬᠡᠷᠡᠭᠯᠡᠬᠦ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠵᠤ ᠂ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠡᠯ᠎ᠡ ᠭᠤᠭᠴᠤᠭ᠎ᠠ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠨ ᠪᠠᠶᠢᠭᠤᠯᠬᠤ ᠂ ᠲᠥᠪ ᠭᠤᠣᠯᠴᠢ ᠡᠮᠬᠢ ᠵᠢᠷᠤᠮ ᠲᠠᠢ ᠥᠷᠢᠰᠦᠯᠳᠦᠭᠡᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠃ | ᠬᠤᠶᠠᠷ ᠂ ᠡᠯ᠎ᠡ ᠲᠥᠷᠥᠯ ᠤᠨ ᠭᠤᠣᠯ ᠴᠣᠭᠴᠠ ᠶᠢ ᠬᠠᠮᠤᠷᠤᠭᠰᠠᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠤᠨ᠎ᠠ | ︵ ᠨᠢᠭᠡ ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ ᠃ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠲᠠᠢ ᠪᠠᠷ | ᠠᠮᠠᠯᠳᠠᠭᠰᠠᠨ ᠢᠶᠠᠨ ᠭᠦᠢᠴᠡᠳᠬᠡᠬᠦ ᠲᠣᠭᠲᠠᠴᠠ ᠶᠢ ᠪᠦᠷᠢᠨᠰᠢᠭᠦᠯᠵᠦ ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠦᠨᠡᠯᠡᠬᠦ ᠶᠢ ᠥᠷᠨᠢᠭᠦᠯᠦᠨ ᠂ ᠵᠠᠰᠠᠭ ᠤᠨ | ᠣᠷᠳᠣᠨ ᠤ ᠢᠲᠡᠭᠡᠮᠵᠢ ᠠᠯᠳᠠᠭᠰᠠᠨ ᠦᠶ᠋ᠯᠡ ᠠᠵᠢᠯᠯᠠᠭ᠎ᠠ ᠶᠢ ᠬᠢᠨᠠᠨ ᠲᠣᠭᠲᠠᠭᠠᠬᠤ ᠪᠠᠷᠢᠮᠵᠢᠶ᠎ᠠ ᠪᠠ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ ᠂ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ︵ ᠬᠠᠷᠢᠶ᠎ᠠ ᠨᠢᠭᠡᠴᠢ ᠪᠠᠭᠲᠠᠨ᠎ᠠ ︶ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠂ ᠵᠠᠰᠠᠭ ᠤᠨ ᠣᠷᠳᠣᠨ ᠬᠢᠭᠡᠳ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠂ ᠠᠵᠤ ᠦᠢᠯᠡᠰ ᠢᠶᠠᠷ ᠲᠡᠳᠬᠦᠨ ᠳᠡᠮᠵᠢᠬᠦ ᠂ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠂ ᠠᠵᠤ ᠠᠬᠤᠶᠢᠯᠠᠯ ᠳᠤ | ᠬᠤᠯᠪᠣᠭᠳᠠᠭᠰᠠᠨ ᠰᠦᠢᠳᠬᠡᠯ ᠬᠤᠷᠢᠶᠠᠬᠤ ᠵᠡᠷᠭᠡ ᠬᠦᠷᠢᠶ᠎ᠡ ᠴᠠᠷᠠᠭ᠎ᠠ ᠳᠤ ᠢᠲᠡᠭᠡᠮᠵᠢ ᠠᠯᠳᠠᠭᠰᠠᠨ ᠦᠶ᠋ᠯᠡ ᠠᠵᠢᠯᠯᠠᠭ᠎ᠠ ᠡᠭᠦᠰᠦᠭᠰᠡᠨ ᠪᠠᠶᠢᠪᠠᠯ ᠂ ᠲᠣᠭᠲᠠᠭᠠᠯ | ᠶᠣᠰᠣᠭᠠᠷ ᠲᠡᠭᠦᠨ ᠢ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠵᠤ ᠂ ᠲᠡᠭᠦᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠪᠠ ᠲᠥᠷᠥᠯ | ᠵᠦᠢᠯ ᠭᠤᠶᠤᠴᠢᠯᠠᠬᠤ ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ ᠂ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ ᠳᠤ ᠣᠷᠤᠯᠴᠠᠬᠤ ᠶᠢ ᠬᠢᠵᠠᠭᠠᠷᠯᠠᠨ᠎ᠠ ᠃ | ᠠᠵᠢᠯ ᠦᠢᠯᠡᠰ ᠤᠨ ᠨᠢᠭᠡᠴᠢ ᠶᠢᠨ ᠬᠡᠪ ᠤᠨ ᠪᠤᠰᠤ ᠪᠠᠶᠢᠳᠠᠯ ᠤᠨ ᠨᠡᠷᠡᠰ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ ᠂ ᠠᠵᠢᠯ ᠦᠢᠯᠡᠰ ᠤᠨ ᠨᠢᠭᠡᠴᠢ ᠶᠢᠨ | ᠦᠨᠡᠨᠴᠢ ᠢᠲᠡᠭᠡᠮᠵᠢ ᠲᠠᠢ ᠪᠠᠷ ᠥᠪᠡᠷ ᠢ ᠪᠠᠨ ᠱᠠᠭᠠᠷᠳᠠᠬᠤ ᠲᠦᠪᠰᠢᠨ ᠢ ᠳᠡᠭᠡᠭᠰᠢᠯᠡᠭᠦᠯᠦᠨ᠎ᠡ ᠃ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ | ᠪᠠ ᠬᠥᠮᠦᠵᠢᠯ ᠢ ᠴᠢᠩᠭᠠᠳᠬᠠᠨ᠎ᠠ ᠃ | ︵ ᠬᠤᠶᠠᠷ ︶ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ ᠡᠵᠡᠩᠨᠡᠯᠲᠡ ᠶᠢᠨ ᠭᠤᠣᠯ ᠴᠣᠭᠴᠠ ᠶᠢᠨ | ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ ᠂ ᠡᠵᠡᠩᠨᠡᠯᠲᠡ ᠶᠢᠨ ᠭᠤᠣᠯ ᠴᠣᠭᠴᠠ ᠶᠢᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠳᠦᠷᠢᠮ ᠢᠶᠠᠨ | ᠲᠡᠭᠦᠯᠳᠡᠷᠵᠢᠭᠦᠯᠬᠦ ᠂ ᠢᠲᠡᠭᠡᠮᠵᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠳᠠᠮᠵᠢᠵᠤ ᠂ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ | ᠢᠲᠡᠭᠡᠮᠵᠢ ᠲᠠᠢ ᠪᠠᠷ ᠡᠵᠡᠩᠨᠡᠬᠦ ᠂ ᠢᠲᠡᠭᠡᠮᠵᠢ ᠪᠠᠨ ᠰᠠᠬᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠬᠥᠲᠥᠯᠥᠨ ᠵᠢᠯᠣᠭᠤᠳᠤᠨ᠎ᠠ ᠃ ᠣᠯᠠᠨ ᠨᠡᠶᠢᠲᠡ ᠶᠢᠨ | ᠢᠲᠡᠭᠡᠮᠵᠢ ᠶᠢᠨ ᠶᠡᠷᠦᠩᠬᠡᠶᠢᠯᠡᠨ ᠦᠨᠡᠯᠡᠬᠦ ᠪᠠᠷ ᠰᠠᠭᠤᠷᠢ ᠪᠤᠯᠭᠠᠵᠤ ᠂ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠶᠡᠷᠦᠩᠬᠡᠶᠢᠯᠡᠨ ᠦᠨᠡᠯᠡᠬᠦ ᠰᠢᠰᠲ᠋ᠧᠮ ᠢ | ᠪᠠᠶᠢᠭᠤᠯᠤᠨ᠎ᠠ ᠃ ᠨᠢᠭᠤᠴᠠ ᠪᠠ ᠠᠮᠠᠷᠬᠠᠨ ᠶᠠᠷᠢᠶ᠎ᠠ ᠬᠡᠯᠡᠯᠴᠡᠭᠡᠨ ᠤ ᠠᠰᠠᠭᠤᠳᠠᠯ ᠢ ᠡᠭᠦᠰᠬᠡᠵᠦ ᠮᠡᠳᠡᠬᠦ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠤᠷᠢᠲᠠᠯ | ᠳᠣᠣᠷ᠎ᠠ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠨᠡᠶᠢᠲᠡᠯᠡᠬᠦ ᠶᠢ ᠴᠢᠩᠭᠠᠳᠬᠠᠨ᠎ᠠ ᠃ ᠡᠵᠡᠩᠨᠡᠯᠲᠡ ᠶᠢᠨ ᠭᠤᠣᠯ | ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠢᠲᠡᠭᠡᠮᠵᠢ ᠶᠢᠨ ᠮᠡᠳᠡᠭᠡ ᠵᠠᠩᠭᠢ ᠬᠠᠩᠭᠠᠬᠤ ᠶᠢ ᠵᠣᠷᠢᠭᠵᠢᠭᠤᠯᠵᠤ ᠂ | ᠢᠲᠡᠭᠡᠮᠵᠢ ᠶᠢᠨ ᠲᠡᠮᠳᠡᠭᠯᠡᠯ ᠢ ᠲᠠᠰᠤᠷᠠᠯᠲᠠ ᠦᠭᠡᠢ ᠪᠦᠷᠢᠨᠰᠢᠭᠦᠯᠦᠨ᠎ᠡ ᠃ | ︵ ᠭᠤᠷᠪᠠ ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ᠎ᠡ ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠂ ᠬᠠᠮᠲᠤ ᠪᠠᠷ ᠡᠳ᠋ᠯᠡᠬᠦ ᠂ ᠢᠯᠡ ᠪᠤᠯᠭᠠᠬᠤ ᠶᠢ ᠴᠢᠩᠭᠠᠳᠬᠠᠵᠤ ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠡᠨᠴᠢ ᠢᠲᠡᠭᠡᠮᠵᠢ ᠲᠠᠢ ᠪᠠᠷ ᠥᠪᠡᠷ ᠢ ᠪᠠᠨ | ᠱᠠᠭᠠᠷᠳᠠᠬᠤ ᠶᠢ ᠬᠥᠲᠥᠯᠥᠨ ᠵᠢᠯᠤᠭᠤᠳᠴᠤ ᠂ ᠳᠣᠲᠣᠭᠠᠳᠤ ᠶᠢᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ ᠃ ᠠᠵᠢᠯ ᠲᠥᠷᠥᠯ ᠤᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠪᠣᠯᠣᠨ ᠲᠤᠬᠠᠶᠢᠯᠠᠭᠰᠠᠨ ᠠᠵᠢᠯ ᠤᠨ ᠭᠤᠣᠯᠯᠠᠨ ᠬᠠᠮᠢᠶᠠᠷᠬᠤ ᠨᠢᠭᠡᠴᠢ ᠨᠦᠭᠦᠳ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ | ᠡᠪᠯᠡᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠠᠬᠢᠭᠤᠯᠵᠤ ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ | ᠬᠠᠤᠯᠢ ᠲᠣᠭᠲᠠᠭᠠᠯ ᠶᠣᠰᠣᠭᠠᠷ ᠢᠲᠡᠭᠡᠮᠵᠢ ᠶᠢᠨ ᠦᠨᠡᠯᠡᠯᠲᠡ ᠬᠢᠬᠦ ᠵᠡᠷᠭᠡ ᠠᠵᠢᠯᠯᠠᠭ᠎ᠠ ᠥᠷᠨᠢᠭᠦᠯᠬᠦ ᠶᠢ ᠵᠢᠯᠤᠭᠤᠳᠴᠤ ᠂ ᠲᠡᠭᠦᠨ ᠤ ᠪᠦᠷᠢᠯᠳᠦᠭᠦᠨ ᠤ ᠦᠶ᠋ᠯᠡ | ᠠᠵᠢᠯᠯᠠᠭ᠎ᠠ ᠶᠢ ᠬᠥᠲᠥᠯᠥᠨ ᠵᠢᠯᠤᠭᠤᠳᠬᠤ ᠂ ᠳᠦᠷᠢᠮ ᠢᠶᠠᠷ ᠬᠢᠵᠠᠭᠠᠷᠯᠠᠬᠤ ᠂ ᠡᠷᠬᠡ ᠠᠰᠢᠭ ᠢ ᠬᠠᠮᠠᠭᠠᠯᠠᠬᠤ ᠵᠡᠷᠭᠡ ᠦᠢᠯᠡᠳᠦᠯ ᠢ ᠨᠢ ᠪᠠᠳᠠᠷᠠᠭᠤᠯᠤᠨ᠎ᠠ ᠃ | ︵ ᠳᠥᠷᠪᠡ ︶ ᠪᠠᠶᠢᠭᠠᠯᠢ ᠬᠥᠮᠥᠨ ᠤ ᠢᠲᠡᠭᠡᠮᠵᠢ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ ᠃ ᠪᠠᠶᠢᠭᠠᠯᠢ ᠬᠥᠮᠥᠨ ᠤ ᠢᠲᠡᠭᠡᠮᠵᠢ ᠶᠢᠨ | ᠲᠡᠮᠳᠡᠭᠯᠡᠯ ᠢ ᠬᠠᠤᠯᠢ ᠲᠣᠭᠲᠠᠭᠠᠯ ᠶᠣᠰᠣᠭᠠᠷ ᠪᠠᠶᠢᠭᠤᠯᠤᠨ ᠪᠦᠷᠢᠨᠰᠢᠭᠦᠯᠦᠨ᠎ᠡ ᠃ ᠬᠠᠤᠯᠢ ᠴᠠᠭᠠᠵᠠ ᠂ ᠮᠥᠩᠭᠦᠨ ᠭᠦᠢᠯᠭᠡᠭᠡᠨ ᠂ ᠨᠢᠭᠲᠠᠯᠠᠨ ᠪᠤᠳᠤᠬᠤ ᠂ ᠬᠢᠨᠠᠨ | ᠪᠤᠳᠤᠬᠤ ᠂ ᠡᠮ ᠡᠮᠨᠡᠯᠭᠡ ᠂ ᠰᠤᠷᠭᠠᠨ ᠬᠥᠮᠦᠵᠢᠯ ᠂ ᠭᠡᠷ ᠤᠨ ᠶᠠᠪᠤᠳᠠᠯ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠂ ᠠᠮᠢ ᠠᠬᠤᠢ ᠣᠷᠴᠢᠨ ᠲᠣᠭᠤᠷᠢᠨ ᠂ | ᠲᠠᠪᠴᠠᠩ ᠤᠨ ᠠᠵᠤ ᠠᠬᠤᠢ ᠵᠡᠷᠭᠡ ᠬᠦᠷᠢᠶᠡᠨ ᠳᠤ ᠠᠵᠢᠯᠯᠠᠵᠤ ᠪᠠᠶᠢᠭ᠎ᠠ ᠬᠥᠮᠥᠰ ᠪᠠ ᠤᠯᠤᠰ ᠤᠨ ᠠᠵᠢᠯ ᠮᠡᠷᠭᠡᠵᠢᠯ ᠤᠨ ᠬᠢᠷᠢ ᠭᠡᠮ ᠣᠯᠣᠭᠰᠠᠨ ᠬᠥᠮᠥᠰ ᠵᠡᠷᠭᠡ | ᠭᠤᠣᠯᠳᠠᠯᠭ᠎ᠠ ᠲᠠᠢ ᠠᠵᠢᠯ ᠮᠡᠷᠭᠡᠵᠢᠯ ᠤᠨ ᠬᠥᠮᠥᠰ ᠤᠨ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ ᠃ | ᠨᠥᠬᠦᠴᠡᠯ ᠲᠠᠢ ᠭᠠᠵᠠᠷ ᠣᠷᠣᠨ ᠪᠠ ᠰᠠᠯᠠᠭ᠎ᠠ ᠮᠥᠴᠢᠷ ᠨᠢ ᠪᠠᠶᠢᠭᠠᠯᠢ ᠬᠥᠮᠥᠨ ᠤ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ ᠂ ᠢᠲᠡᠭᠡᠮᠵᠢ ᠲᠠᠢ ᠭᠤᠣᠯ | ᠴᠣᠭᠴᠠ ᠳᠤ ᠤᠷᠮᠠᠰᠢᠭᠤᠯᠬᠤ ᠲᠥᠷᠥ ᠶᠢᠨ ᠪᠣᠳᠣᠯᠭ᠎ᠠ ᠬᠠᠩᠭᠠᠬᠤ ᠯᠠᠪᠯᠠᠯᠲᠠ ᠪᠤᠯᠭᠠᠵᠤ ᠪᠣᠯᠣᠨ᠎ᠠ ᠂ ᠢᠲᠡᠭᠡᠮᠵᠢ ᠶᠢᠨ ᠪᠤᠰᠤ ᠮᠡᠳᠡᠭᠡ ᠵᠠᠩᠭᠢ ᠪᠠ ᠬᠤᠪᠢ ᠬᠥᠮᠥᠨ ᠤ | ᠨᠢᠭᠤᠴᠠ ᠮᠡᠳᠡᠭᠡ ᠵᠠᠩᠭᠢ ᠶᠢ ᠢᠲᠡᠭᠡᠮᠵᠢ ᠶᠢᠨ ᠦᠨᠡᠯᠡᠯᠲᠡ ᠳᠤ ᠣᠷᠣᠭᠤᠯᠬᠤ ᠶᠢ ᠴᠢᠩᠭ᠎ᠠ ᠴᠠᠭᠠᠵᠠᠯᠠᠨ᠎ᠠ ᠃ | ︵ ᠲᠠᠪᠤ ︶ ᠬᠠᠤᠯᠢ ᠪᠠᠷᠢᠬᠤ ᠬᠠᠤᠯᠢ ᠬᠡᠷᠡᠭᠵᠢᠭᠦᠯᠬᠦ ᠰᠢᠰᠲ᠋ᠧᠮ ᠤᠨ ᠢᠲᠡᠭᠡᠮᠵᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠨ᠎ᠠ ᠃ ᠰᠢᠭᠦᠬᠦ ᠬᠤᠷᠢᠶ᠎ᠠ ᠂ | ᠪᠠᠶᠢᠴᠠᠭᠠᠬᠤ ᠬᠤᠷᠢᠶ᠎ᠠ ᠶᠢᠨ ᠬᠠᠤᠯᠢ ᠪᠠᠷᠢᠬᠤ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠬᠠᠤᠯᠢ ᠪᠠᠷᠢᠬᠤ ᠨᠡᠶᠢᠲᠡ ᠶᠢᠨ ᠢᠲᠡᠭᠡᠭᠦᠯᠬᠦ | ᠬᠦᠴᠦᠨ ᠢ ᠳᠡᠭᠡᠭᠰᠢᠯᠡᠭᠦᠯᠦᠨ᠎ᠡ ᠃ ᠬᠠᠤᠯᠢ ᠪᠠᠷᠢᠬᠤ ᠶᠢ ᠢᠯᠡ ᠪᠤᠯᠭᠠᠬᠤ ᠡᠷᠴᠢᠮ ᠢᠶᠠᠨ ᠬᠠᠤᠯᠢ ᠶᠣᠰᠣᠭᠠᠷ ᠴᠢᠩᠭᠠᠷᠠᠭᠤᠯᠵᠤ ᠂ ᠠᠷᠠᠳ ᠤᠯᠠᠨ ᠤ ᠪᠠᠶᠢᠳᠠᠯ ᠢ ᠮᠡᠳᠡᠬᠦ | ᠡᠷᠬᠡ ᠶᠢ ᠪᠠᠲᠤᠯᠠᠨ᠎ᠠ ᠃ ᠬᠠᠤᠯᠢ ᠬᠡᠷᠡᠭᠵᠢᠭᠦᠯᠬᠦ ᠠᠵᠢᠯᠲᠠᠨ ᠤ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠬᠠᠤᠯᠢ ᠬᠡᠷᠡᠭᠵᠢᠭᠦᠯᠬᠦ ᠠᠵᠢᠯᠲᠠᠨ ᠤ | ᠢᠲᠡᠭᠡᠮᠵᠢ ᠶᠢᠨ ᠲᠡᠮᠳᠡᠭᠯᠡᠯ ᠪᠠ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠠᠶᠢᠭᠤᠯᠤᠨ᠎ᠠ ᠃ ᠬᠤᠳᠠᠯ ᠬᠠᠭᠤᠷᠮᠠᠭ ᠢᠶᠠᠷ ᠵᠠᠷᠭᠤᠯᠳᠤᠵᠤ ᠬᠠᠤᠯᠢ ᠠᠴᠠ ᠵᠥᠷᠢᠴᠡᠵᠦ | ᠢᠲᠡᠭᠡᠮᠵᠢ ᠠᠯᠳᠠᠭᠰᠠᠨ ᠥᠪᠡᠷ ᠤᠨ ᠥᠷᠲᠡᠭ ᠢ ᠳᠡᠭᠡᠭᠰᠢᠯᠡᠭᠦᠯᠦᠨ᠎ᠡ ᠃ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ ᠶᠢ ᠬᠢᠨᠠᠨ ᠲᠣᠭᠲᠠᠭᠠᠬᠤ ᠲᠡᠰ ᠳᠠᠷᠠᠭᠠᠯᠠᠯ ᠢ | ᠴᠢᠩᠳᠠᠯᠠᠵᠤ ᠂ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠎ᠡ ᠃ | ᠭᠤᠷᠪᠠ ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠳ᠋ᠠᠶᠢᠲ᠋ᠠ ᠶᠢᠨ ᠰᠠᠭᠤᠷᠢ ᠶᠢ ᠪᠠᠬᠢᠵᠢᠭᠦᠯᠦᠨ᠎ᠡ | ︵ ᠵᠢᠷᠭᠤᠭ᠎ᠠ ︶ ᠪᠦᠭᠦ ᠲᠠᠯ᠎ᠠ ᠶᠢᠨ ᠪᠦᠷᠢᠨ ᠪᠦᠲᠦᠨ ᠣᠨᠣᠪᠴᠢᠲᠠᠶ ᠢᠲᠡᠭᠡᠮᠵᠢ ᠶᠢᠨ ᠲᠡᠮᠳᠡᠭᠯᠡᠯ ᠪᠠᠶᠢᠭᠤᠯᠤᠨ᠎ᠠ ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠦᠷᠢᠶ᠎ᠡ ᠬᠡᠪᠴᠢᠶ᠎ᠡ ᠶᠢ ᠴᠢᠩᠭ᠎ᠠ ᠵᠠᠭᠠᠭᠯᠠᠨ ᠲᠣᠭᠲᠠᠭᠠᠵᠤ ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠴᠠᠭᠠᠵᠠ ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠤᠶᠤ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠦᠨᠳᠦᠰᠦᠯᠡᠨ ᠲᠣᠰ ᠬᠦᠷᠢᠶᠡᠨ ᠳᠠᠬᠢ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠲᠣᠭᠲᠠᠭᠠᠬᠤ ᠶᠢᠨ ᠬᠠᠮᠲᠤ ᠠᠵᠢᠯ ᠲᠥᠷᠥᠯ ᠤᠨ ᠢᠲᠡᠭᠡᠮᠵᠢ ᠶᠢᠨ ᠲᠡᠮᠳᠡᠭᠯᠡᠯ ᠢ ᠪᠦᠷᠢᠯᠳᠦᠭᠦᠯᠦᠨ᠎ᠡ ᠂ ᠡᠭᠦᠨ ᠳᠤ ᠢᠲᠡᠭᠡᠮᠵᠢ ᠠᠯᠳᠠᠭᠰᠠᠨ ᠮᠡᠳᠡᠭᠡ | ᠵᠠᠩᠭᠢ ᠳᠤ ᠬᠠᠷᠢᠶᠠᠯᠠᠭᠳᠠᠪᠠᠯ ᠂ ᠲᠡᠳᠡᠨ ᠤ ᠢᠲᠡᠭᠡᠮᠵᠢ ᠠᠯᠳᠠᠭᠰᠠᠨ ᠬᠦᠨᠳᠦ ᠨᠣᠴᠢᠲᠠᠢ ᠬᠡᠮᠵᠢᠶ᠎ᠡ ᠶᠢ ᠲᠥᠷᠥᠯ ᠬᠤᠪᠢᠶᠠᠨ ᠲᠣᠳᠣᠷᠬᠠᠶᠢᠯᠠᠬᠤ ᠬᠡᠷᠡᠭᠲᠡᠢ ᠃ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠳᠤ ᠭᠠᠷᠴᠠᠭ ᠢᠶᠠᠷ ᠬᠠᠮᠢᠶᠠᠷᠬᠤ ᠶᠢ ᠨᠢᠭᠡᠳᠦᠯᠲᠡᠢ ᠬᠡᠷᠡᠭᠵᠢᠭᠦᠯᠵᠦ ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠠᠴᠠ ᠬᠠᠮᠢᠶ᠎ᠠ ᠪᠦᠬᠦᠢ ᠭᠤᠣᠯ ᠴᠣᠭᠴᠠ ᠶᠢᠨ ᠪᠦᠷᠢᠨ ᠪᠦᠲᠦᠨ ᠢᠲᠡᠭᠡᠮᠵᠢ ᠶᠢᠨ ᠲᠡᠮᠳᠡᠭᠯᠡᠯ ᠢ ᠬᠤᠷᠢᠶᠠᠩᠭᠤᠶᠢᠯᠠᠨ ᠪᠠᠶᠢᠭᠤᠯᠤᠨ᠎ᠠ ᠃ | ︵ ᠳᠣᠯᠤᠭ᠎ᠠ ︶ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ ᠃ ᠪᠦᠭᠦ ᠤᠯᠤᠰ ᠤᠨ ᠢᠲᠡᠭᠡᠮᠵᠢ ᠶᠢᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ︽ ᠶᠡᠷᠦᠩᠬᠡᠢ ᠬᠦᠢᠰᠦ ︾ ᠶᠢᠨ ᠴᠢᠳᠠᠮᠵᠢ ᠶᠢ | ᠴᠢᠩᠭᠠᠷᠠᠭᠤᠯᠵᠤ ᠂ ᠬᠠᠮᠲᠤ ᠪᠠᠷ ᠡᠳ᠋ᠯᠡᠬᠦ ᠪᠠᠷ ᠵᠠᠷᠴᠢᠮ ᠪᠤᠯᠭᠠᠵᠤ ᠂ ᠬᠠᠮᠲᠤ ᠪᠠᠷ ᠡᠳ᠋ᠯᠡᠬᠦ ᠦᠭᠡᠢ ᠶᠢ ᠣᠨᠴᠠᠭᠠᠶ ᠪᠠᠶᠢᠳᠠᠯ ᠢᠶᠠᠷ ᠦᠵᠡᠬᠦ ᠶᠢ ᠪᠠᠷᠢᠮᠲᠠᠯᠠᠨ ᠂ ᠡᠯ᠎ᠡ | ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠢᠭᠡᠳᠦᠯᠲᠡᠢ ᠴᠤᠭᠯᠠᠭᠤᠯᠵᠤ ᠂ ᠬᠡᠷᠡᠭᠴᠡᠭᠡ ᠶᠢ ᠦᠨᠳᠦᠰᠦᠯᠡᠨ ᠲᠣᠭᠲᠠᠭᠠᠯ ᠶᠣᠰᠣᠭᠠᠷ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ ᠂ ᠴᠤᠭᠯᠠᠭᠤᠯᠬᠤ ᠬᠠᠮᠲᠤ ᠪᠠᠷ ᠡᠳ᠋ᠯᠡᠬᠦ ᠶᠠᠰᠤ ᠴᠢᠨᠠᠷ ᠦᠷ᠎ᠡ | ᠪᠦᠲᠦᠮᠵᠢ ᠶᠢ ᠦᠨᠡᠯᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ ᠃ ᠪᠦᠭᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠲᠠᠪᠴᠠᠩ ᠬᠢᠭᠡᠳ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠭᠦᠨᠵᠡᠭᠡᠢ ᠬᠤᠯᠪᠤᠭᠠᠯᠠᠨ ᠨᠡᠪᠲᠡᠷᠡᠯᠴᠡᠬᠦ ᠂ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠬᠦ ᠶᠢ ᠠᠬᠢᠭᠤᠯᠤᠨ᠎ᠠ ᠃ ᠴᠥᠷᠬᠡᠯᠡᠭᠡ ᠬᠡᠯᠬᠢᠶ᠎ᠡ ᠵᠡᠷᠭᠡ ᠮᠡᠷᠭᠡᠵᠢᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠵᠡᠷᠭᠡ ᠲᠠᠯ᠎ᠠ ᠳᠠᠬᠢ | ᠬᠡᠷᠡᠭᠯᠡᠯᠲᠡ ᠶᠢ ᠰᠤᠳᠤᠯᠤᠨ ᠴᠢᠩᠭᠠᠳᠬᠠᠵᠤ ᠂ ᠢᠲᠡᠭᠡᠮᠵᠢ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠪᠠ ᠮᠡᠳᠡᠭᠡ ᠵᠠᠩᠭᠢ ᠶᠢᠨ ᠠᠮᠤᠷ | ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠂ ᠬᠤᠳᠠᠯᠳᠤᠭᠠᠨ ᠤ ᠭᠡᠷ᠎ᠡ ᠶᠢᠨ ᠮᠡᠳᠡᠭᠡ ᠵᠠᠩᠭᠢ ᠂ ᠠᠵᠤ ᠦᠢᠯᠡᠰ ᠤᠨ ᠬᠡᠯᠬᠢᠶ᠎ᠡ ᠶᠢᠨ ᠮᠡᠳᠡᠭᠡ ᠵᠠᠩᠭᠢ ᠂ | ᠠᠷᠠᠯᠵᠢᠶᠠᠨ ᠤ ᠮᠡᠳᠡᠭᠡ ᠵᠠᠩᠭᠢ ᠵᠡᠷᠭᠡ ᠶᠢ ᠬᠠᠮᠲᠤ ᠪᠠᠷ ᠡᠳ᠋ᠯᠡᠬᠦ ᠲᠦᠪᠰᠢᠨ ᠢ ᠳᠡᠭᠡᠭᠰᠢᠯᠡᠭᠦᠯᠦᠨ᠎ᠡ ᠃ | ︵ ᠨᠠᠢᠮᠠ ︶ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠢᠭᠡᠳᠦᠯᠲᠡᠢ ᠢᠯᠡ ᠨᠡᠶᠢᠲᠡᠯᠡᠬᠦ ᠳᠦᠷᠢᠮ ᠢ ᠪᠠᠶᠢᠭᠤᠯᠤᠨ᠎ᠠ ᠃ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠨᠢᠭᠡᠳᠦᠯᠲᠡᠢ ᠪᠠᠷᠢᠮᠵᠢᠶ᠎ᠠ ᠳᠦᠷᠢᠮ ᠢ ᠪᠠᠶᠢᠭᠤᠯᠤᠨ᠎ᠠ ᠃ ︽ ᠢᠲᠡᠭᠡᠮᠵᠢᠲᠦ ᠳᠤᠮᠳᠠᠳᠤ ᠤᠯᠤᠰ ︾ ᠰᠦᠯᠵᠢᠶᠡᠨ | ᠥᠷᠲᠡᠭᠡ ᠨᠢ ᠡᠯ᠎ᠡ ᠲᠥᠷᠥᠯ ᠤᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠥᠪᠯᠡᠷᠡᠭᠦᠯᠦᠨ ᠢᠯᠡ ᠨᠡᠶᠢᠲᠡᠯᠡᠵᠦ ᠂ ᠠᠵᠢᠯ ᠲᠥᠷᠥᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠨᠢ ᠵᠠᠷᠴᠢᠮ ᠳᠡᠭᠡᠷ᠎ᠡ ᠪᠠᠨ ᠲᠣᠰ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠠᠴᠠ ᠭᠠᠳᠠᠨᠠᠬᠢ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠳᠠᠭᠢᠵᠤ ᠢᠯᠡ ᠨᠡᠶᠢᠲᠡᠯᠡᠬᠦ ᠦᠭᠡᠢ ᠃ ︽ ᠢᠲᠡᠭᠡᠮᠵᠢᠲᠦ ᠳᠤᠮᠳᠠᠳᠤ ᠤᠯᠤᠰ ︾ ᠰᠦᠯᠵᠢᠶᠡᠨ ᠥᠷᠲᠡᠭᠡ ᠨᠢ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠴᠢᠮ ᠶᠣᠰᠣᠭᠠᠷ ᠨᠡᠶᠢᠭᠡᠮ ᠨᠡᠶᠢᠲᠡ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠪᠠᠶᠢᠴᠠᠭᠠᠨ ᠯᠠᠪᠯᠠᠬᠤ | ᠦᠢᠯᠡᠴᠢᠯᠡᠭᠡ ᠬᠠᠩᠭᠠᠨ᠎ᠠ ᠃ ᠨᠢᠭᠡᠨᠲᠡ ︽ ᠢᠲᠡᠭᠡᠮᠵᠢᠲᠦ ᠳᠤᠮᠳᠠᠳᠤ ᠤᠯᠤᠰ ︾ ᠰᠦᠯᠵᠢᠶᠡᠨ ᠥᠷᠲᠡᠭᠡ ᠳᠤ ᠢᠯᠡ ᠨᠡᠶᠢᠲᠡᠯᠡᠭᠰᠡᠨ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠳᠤ ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠬᠡᠷᠡᠭᠯᠡᠭᠰᠡᠨ ᠢᠲᠡᠭᠡᠮᠵᠢ ᠶᠢᠨ ᠮᠡᠳᠡᠭᠡ ᠵᠠᠩᠭᠢ ᠨᠢ ᠢᠯᠡ ᠨᠡᠶᠢᠲᠡᠯᠡᠭᠰᠡᠨ | ᠠᠭᠤᠯᠭ᠎ᠠ ᠲᠠᠢ ᠠᠳᠠᠯᠢ ᠂ ᠴᠠᠭ ᠤᠨ ᠬᠢᠵᠠᠭᠠᠷ ᠨᠢ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ | ︵ ᠶᠢᠰᠦ ︶ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠴᠢᠯᠦᠭᠡᠲᠡᠢ ᠭᠦᠢᠯᠭᠡᠭᠡᠬᠦ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ ᠃ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠡᠷᠬᠡ ᠣᠯᠭᠤᠨ ᠠᠵᠢᠯᠯᠠᠭᠤᠯᠵᠤ ᠬᠠᠮᠢᠶᠠᠷᠬᠤ ᠠᠷᠭ᠎ᠠ ᠶᠢ ᠲᠣᠭᠲᠠᠭᠠᠵᠤ ᠂ ᠨᠥᠬᠦᠴᠡᠯ ᠳᠤ ᠨᠡᠶᠢᠴᠡᠭᠰᠡᠨ | ᠠᠵᠢᠯᠯᠠᠭᠤᠯᠵᠤ ᠡᠵᠡᠩᠨᠡᠬᠦ ᠪᠠᠶᠢᠭᠤᠯᠤᠮᠵᠢ ᠨᠢ ᠡᠷᠬᠡ ᠣᠯᠭᠤᠭᠰᠠᠨ ᠶᠣᠰᠣᠭᠠᠷ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ ᠂ ᠦᠢᠯᠡᠳᠬᠦᠨ ᠢ ᠡᠵᠡᠩᠨᠡᠬᠦ ᠪᠠ ᠮᠡᠷᠭᠡᠵᠢᠯ ᠤᠨ ᠦᠢᠯᠡᠴᠢᠯᠡᠭᠡ ᠥᠷᠨᠢᠭᠦᠯᠬᠦ ᠶᠢ ᠳᠡᠮᠵᠢᠵᠦ ᠂ ᠡᠷᠬᠡ ᠣᠯᠭᠤᠭᠰᠠᠨ ᠦᠭᠡᠢ ᠂ ᠬᠡᠪᠴᠢᠶ᠎ᠡ ᠠᠴᠠ ᠪᠠᠨ | ᠬᠡᠲᠦᠷᠡᠭᠦᠯᠦᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠭᠦᠢᠯᠭᠡᠭᠡᠬᠦ ᠲᠤᠬᠠᠢ ᠤᠷᠤᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠳᠦᠷᠢᠮ ᠢ ᠪᠠᠶᠢᠭᠤᠯᠤᠨ᠎ᠠ ᠃ ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢ | ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠳᠤ ᠲᠦᠰᠢᠭᠯᠡᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠤᠨ᠎ᠠ ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠥᠷᠲᠡᠭ ᠤᠨ ᠠᠰᠢᠭ ᠣᠯᠵᠠᠪᠤᠷᠢ ᠶᠢ ᠵᠦᠢ ᠵᠣᠬᠢᠰᠲᠠᠢ ᠬᠤᠪᠢᠶᠠᠯᠴᠠᠬᠤ | ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠡᠳ᠋ ᠬᠥᠷᠥᠩᠭᠡ ᠶᠢᠨ ᠡᠷᠬᠡ ᠠᠰᠢᠭ ᠢ ᠬᠠᠤᠯᠢ ᠲᠣᠭᠲᠠᠭᠠᠯ | ᠶᠣᠰᠣᠭᠠᠷ ᠬᠠᠮᠠᠭᠠᠯᠠᠬᠤ ᠬᠡᠷᠡᠭᠲᠡᠢ ᠃ ᠣᠷᠣᠨ ᠪᠦᠰᠡ ᠶᠢᠨ ᠬᠤᠭᠤᠷᠣᠨᠳᠣᠭᠢ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠂ | ᠢᠲᠡᠭᠡᠮᠵᠢ ᠶᠢᠨ ᠦᠨᠡᠯᠡᠯᠲᠡ ᠶᠢ ᠬᠠᠷᠢᠯᠴᠠᠨ ᠮᠡᠳᠡᠷᠡᠬᠦ ᠂ ᠢᠲᠡᠭᠡᠮᠵᠢ ᠶᠢᠨ ᠲᠤᠬᠠᠢ ᠱᠠᠩᠨᠠᠵᠤ ᠲᠣᠷᠭᠠᠬᠤ ᠬᠠᠮᠵᠢᠯᠴᠠᠭ᠎ᠠ ᠶᠢ ᠵᠣᠷᠢᠭᠵᠢᠭᠤᠯᠤᠨ᠎ᠠ ᠃ | ︵ ᠠᠷᠪᠠ ︶ ᠢᠲᠡᠭᠡᠮᠵᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠨ᠎ᠠ ᠃ ᠢᠲᠡᠭᠡᠮᠵᠢ ᠶᠢᠨ ᠮᠡᠳᠡᠭᠡ ᠵᠠᠩᠭᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠮᠦᠷᠳᠡᠨ ᠪᠠᠶᠢᠴᠠᠭᠠᠬᠤ ᠪᠠ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ ᠂ ᠮᠡᠳᠡᠭᠡ | ᠵᠠᠩᠭᠢ ᠶᠢ ᠳᠠᠮᠵᠢᠭᠤᠯᠬᠤ ᠬᠡᠯᠬᠢᠶ᠎ᠡ ᠶᠢᠨ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ ᠃ ᠠᠮᠤᠷ ᠲᠦᠪᠰᠢᠨ ᠢ ᠬᠠᠮᠠᠭᠠᠯᠠᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠢᠲᠡᠭᠡᠮᠵᠢ ᠶᠢᠨ ᠮᠡᠳᠡᠭᠡ ᠵᠠᠩᠭᠢ ᠶᠢ ᠰᠢᠢᠳᠪᠦᠷᠢᠯᠡᠬᠦ ᠲᠠᠰ ᠳᠠᠷᠠᠭᠠᠯᠠᠯ ᠢ ᠵᠢᠷᠤᠮᠵᠢᠭᠤᠯᠤᠨ᠎ᠠ ᠃ ᠢᠲᠡᠭᠡᠮᠵᠢ ᠶᠢᠨ | ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ ᠃ ᠢᠲᠡᠭᠡᠮᠵᠢ ᠶᠢᠨ ᠮᠡᠳᠡᠭᠡ | ᠵᠠᠩᠭᠢ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ | ᠳᠥᠷᠪᠡ ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ | ︵ ᠠᠷᠪᠠᠨ ᠨᠢᠭᠡ ︶ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠬᠤ ᠶᠢ ᠴᠢᠩᠭᠠᠳᠬᠠᠨ᠎ᠠ ᠃ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠦᠭᠦ | ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ ᠪᠠᠶᠢᠭᠤᠯᠵᠤ ᠂ ᠢᠲᠡᠭᠡᠮᠵᠢ ᠲᠠᠢ ᠪᠠᠶᠢᠬᠤ ᠭᠤᠣᠯ ᠴᠣᠭᠴᠠ ᠶᠢᠨ ᠣᠯᠠᠨ ᠨᠡᠶᠢᠲᠡ ᠶᠢᠨ | ᠦᠢᠯᠡᠴᠢᠯᠡᠭᠡ ᠳᠤ ᠲᠥᠭᠦᠮ ᠦᠵᠡᠭᠦᠯᠭᠦ ᠪᠤᠶᠤ ᠬᠠᠷᠠᠭᠠᠯᠵᠠᠯ ᠦᠵᠡᠭᠦᠯᠦᠨ᠎ᠡ ᠃ ᠲᠠᠪᠴᠠᠩ ᠤᠨ ᠠᠵᠤ ᠠᠬᠤᠶᠢᠯᠠᠯ ᠤᠨ ᠲᠣᠮᠣ ᠳ᠋ᠠᠶᠢᠲ᠋ᠠ ᠶᠢᠨ ᠡᠬᠢ ᠪᠠᠶᠠᠯᠢᠭ ᠢ | ᠰᠠᠶᠢᠲᠤᠷ ᠬᠡᠷᠡᠭᠯᠡᠬᠦ ᠶᠢ ᠵᠣᠷᠢᠭᠵᠢᠭᠤᠯᠵᠤ ᠂ ᠢᠲᠡᠭᠡᠮᠵᠢ ᠲᠠᠢ ᠪᠠᠶᠢᠬᠤ ᠭᠤᠣᠯ ᠴᠣᠭᠴᠠ ᠳᠤ ᠤᠨᠢᠨ ᠳᠡᠭᠡᠷ᠎ᠡ ᠨᠢ ᠵᠠᠬ᠎ᠠ ᠳᠡᠯᠭᠡᠭᠦᠷᠴᠢᠯᠡᠭᠰᠡᠨ ᠂ ᠨᠡᠶᠢᠭᠡᠮᠴᠢᠯᠡᠭᠰᠡᠨ | ᠵᠣᠷᠢᠭᠵᠢᠭᠤᠯᠤᠨ ᠤᠷᠮᠠᠰᠢᠭᠤᠯᠬᠤ ᠶᠢ ᠬᠡᠷᠡᠭᠵᠢᠭᠦᠯᠦᠨ᠎ᠡ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠥᠷᠲᠡᠭ ᠢ | ᠭᠦᠨᠵᠡᠭᠡᠢ ᠠᠭᠤᠳᠠᠯᠬᠤ ᠶᠢ ᠳᠡᠮᠵᠢᠵᠦ ᠂ ᠢᠲᠡᠭᠡᠮᠵᠢ ᠲᠠᠢ ᠪᠠᠶᠢᠬᠤ ᠭᠤᠣᠯ ᠴᠣᠭᠴᠠ ᠶᠢᠨ ᠪᠡᠯᠡ ᠬᠤᠷᠠᠮᠳᠤᠭᠤᠯᠬᠤ ᠳᠤ ᠲᠥᠭᠦᠮ ᠦᠵᠡᠭᠦᠯᠭᠦ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠦᠨ᠎ᠡ ᠃ | ︵ ᠠᠷᠪᠠᠨ ᠬᠤᠶᠠᠷ ︶ ᠢᠲᠡᠭᠡᠮᠵᠢ ᠠᠯᠳᠠᠭᠰᠠᠨ ᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠴᠡᠭᠡᠷᠯᠡᠭᠦᠯᠦᠨ᠎ᠡ ᠃ ᠢᠲᠡᠭᠡᠮᠵᠢ ᠠᠯᠳᠠᠭᠰᠠᠨ ᠢ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠵᠢᠷᠤᠮᠵᠢᠭᠤᠯᠤᠨ ᠲᠣᠭᠲᠠᠭᠠᠵᠤ ᠂ ᠵᠠᠯᠬᠠᠭᠠᠨ ᠴᠡᠭᠡᠷᠯᠡᠭᠦᠯᠬᠦ ᠬᠡᠪᠴᠢᠶ᠎ᠡ ᠪᠠ ᠡᠷᠴᠢᠮ ᠢ ᠬᠠᠤᠯᠢ ᠲᠣᠭᠲᠠᠭᠠᠯ ᠶᠣᠰᠣᠭᠠᠷ ᠵᠦᠢ | ᠵᠣᠬᠢᠰᠲᠠᠢ ᠲᠣᠭᠲᠠᠭᠠᠨ᠎ᠠ ᠃ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠬᠤ ᠂ ᠬᠦᠨᠳᠦ ᠨᠣᠴᠢᠲᠠᠢ ᠢᠲᠡᠭᠡᠮᠵᠢ ᠠᠯᠳᠠᠭᠰᠠᠨ | ᠭᠤᠣᠯ ᠴᠣᠭᠴᠠ ᠶᠢᠨ ᠨᠡᠷᠡᠰ ᠢ ᠲᠣᠭᠲᠠᠭᠠᠬᠤ ᠬᠦᠷᠢᠶ᠎ᠡ ᠴᠠᠷᠠᠭ᠎ᠠ ᠨᠢ ᠡᠷᠬᠡᠪᠰᠢ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠂ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠪᠤᠶᠤ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ | ᠮᠠᠲ᠋ᠧᠷᠢᠶᠠᠯ ᠢᠶᠠᠷ ᠦᠨᠳᠦᠰᠦᠯᠡᠯ ᠪᠤᠯᠭᠠᠵᠤ ᠂ ᠡᠭᠦᠨ ᠳᠤ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠶᠢ ᠬᠠᠰᠤᠵᠤ ᠬᠤᠬᠢᠷᠠᠭᠤᠯᠬᠤ ᠪᠤᠶᠤ ᠡᠭᠦᠷᠭᠡ ᠶᠢ ᠨᠢ | ᠨᠡᠮᠡᠭᠳᠡᠭᠦᠯᠬᠦ ᠳᠤ ᠬᠤᠯᠪᠣᠭᠳᠠᠭᠰᠠᠨ ᠠᠷᠭ᠎ᠠ ᠬᠡᠮᠵᠢᠶ᠎ᠡ ᠨᠢ ᠂ ᠡᠷᠬᠡᠪᠰᠢ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠂ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠢᠶᠠᠷ ᠦᠨᠳᠦᠰᠦᠯᠡᠯ ᠪᠤᠯᠭᠠᠬᠤ ᠬᠡᠷᠡᠭᠲᠡᠢ ᠃ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ | ᠳᠦᠷᠢᠮ ᠲᠣᠭᠲᠠᠭᠠᠯ ᠤᠨ ᠭᠡᠯᠪᠡᠷᠢ ᠪᠠᠷ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠪᠠ ᠨᠡᠷᠡᠰ ᠠᠴᠠ ᠭᠠᠷᠭᠠᠬᠤ ᠨᠥᠬᠦᠴᠡᠯ ᠂ ᠲᠠᠰ | ᠳᠠᠷᠠᠭᠠᠯᠠᠯ ᠢ ᠲᠣᠳᠣᠷᠬᠠᠶᠢᠯᠠᠨ᠎ᠠ ᠃ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠲᠤ ᠣᠷᠣᠭᠰᠠᠨ ᠪᠠᠶᠢᠪᠠᠯ ᠂ ᠵᠠᠰᠠᠭ ᠤᠨ ᠣᠷᠳᠣᠨ ᠤ | ᠪᠡᠯᠡ ᠮᠥᠩᠭᠦ ᠭᠤᠶᠤᠴᠢᠯᠠᠬᠤ ᠂ ᠭᠠᠶᠢᠯᠢ ᠶᠢᠨ ᠬᠠᠷᠠᠭᠠᠯᠵᠠᠯ ᠭᠦᠷᠳᠡᠭᠦ ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠣᠷᠤᠯᠴᠠᠬᠤ ᠂ | ᠰᠲ᠋ᠣᠺ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠂ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ ᠂ ᠠᠯᠪᠠᠲᠠᠨ ᠢ ᠰᠢᠯᠢᠨ ᠰᠣᠩᠭᠤᠵᠤ | ᠲᠣᠮᠢᠯᠠᠬᠤ ᠂ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠵᠡᠷᠭᠡ ᠲᠠᠯ᠎ᠠ ᠪᠠᠷ ᠬᠠᠤᠯᠢ ᠲᠣᠭᠲᠠᠭᠠᠯ ᠶᠣᠰᠣᠭᠠᠷ ᠬᠢᠵᠠᠭᠠᠷᠯᠠᠬᠤ ᠪᠤᠶᠤ ᠴᠠᠭᠠᠵᠠᠯᠠᠨ᠎ᠠ ᠃ | ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠂ ᠢᠨᠲ᠋ᠧᠷ ᠰᠦᠯᠵᠢᠶ᠎ᠡ ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠂ ᠡᠨᠧᠷᠭᠢ ᠶᠢᠨ ᠳᠤᠮᠳᠠ | ᠣᠷᠳᠣ ᠬᠤᠭᠤᠴᠠᠭᠠᠨ ᠤ ᠭᠡᠷ᠎ᠡ ᠶᠢᠨ ᠬᠦᠷᠢᠶ᠎ᠡ ᠴᠠᠷᠠᠭ᠎ᠠ ᠳᠤ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠢ ᠨᠡᠮᠡᠵᠦ ᠲᠣᠬᠢᠷᠠᠭᠤᠯᠤᠨ᠎ᠠ ᠃ | ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠪᠣᠯᠣᠨ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠢ ᠨᠠᠷᠢᠨ | ᠳᠠᠩᠰᠠᠴᠢᠯᠠᠨ ᠨᠢᠭᠡᠳᠦᠯᠲᠡᠢ ᠬᠠᠮᠢᠶᠠᠷᠬᠤ ᠶᠢ ᠬᠡᠷᠡᠭᠵᠢᠭᠦᠯᠦᠨ᠎ᠡ ᠃ | ︵ ᠠᠷᠪᠠᠨ ᠭᠤᠷᠪᠠ ︶ ᠢᠲᠡᠭᠡᠮᠵᠢ ᠶᠢᠨ ᠰᠡᠯᠭᠦᠨ ᠰᠡᠷᠭᠦᠭᠡᠬᠦ ᠨᠢᠭᠡᠳᠦᠯᠲᠡᠢ ᠳᠦᠷᠢᠮ ᠢ ᠲᠡᠭᠦᠯᠳᠡᠷᠵᠢᠭᠦᠯᠦᠨ᠎ᠡ ᠃ ᠨᠢᠭᠡᠳᠦᠯᠲᠡᠢ ᠵᠢᠷᠤᠮᠵᠢᠬᠰᠠᠨ ᠂ ᠬᠠᠮᠵᠢᠯᠴᠠᠨ | ᠬᠠᠮᠲᠤ ᠪᠠᠷ ᠡᠳ᠋ᠯᠡᠬᠦ ᠂ ᠰᠢᠨᠵᠢᠯᠡᠬᠦ ᠤᠬᠠᠭᠠᠨᠴᠢ ᠥᠨᠳᠥᠷ ᠦᠷ᠎ᠡ ᠪᠦᠲᠦᠮᠵᠢᠲᠡᠶ ᠢᠲᠡᠭᠡᠮᠵᠢ ᠶᠢᠨ ᠰᠡᠯᠭᠦᠨ ᠰᠡᠷᠭᠦᠭᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ ᠂ | ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠢᠲᠡᠭᠡᠮᠵᠢ ᠠᠯᠳᠠᠭᠰᠠᠨ ᠦᠶ᠋ᠯᠡ ᠠᠵᠢᠯᠯᠠᠭ᠎ᠠ ᠪᠠᠨ ᠵᠠᠯᠠᠷᠠᠭᠤᠯᠬᠤ ᠶᠢ ᠵᠣᠷᠢᠭᠵᠢᠭᠤᠯᠤᠨ᠎ᠠ ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠰᠡᠯᠭᠦᠨ ᠰᠡᠷᠭᠦᠭᠡᠬᠦ | ᠠᠷᠭ᠎ᠠ ᠵᠠᠮ ᠢ ᠨᠢᠭᠡᠳᠦᠯᠲᠡᠢ ᠪᠤᠯᠭᠠᠵᠤ ᠂ ᠢᠲᠡᠭᠡᠮᠵᠢ ᠶᠢ ᠰᠡᠯᠭᠦᠨ ᠰᠡᠷᠭᠦᠭᠡᠬᠦ ᠳᠦᠷᠢᠮ ᠢ ᠰᠢᠯᠢᠳᠡᠭᠵᠢᠭᠦᠯᠦᠨ ᠂ ᠬᠠᠤᠯᠢ ᠴᠠᠭᠠᠵᠠ ᠶᠢᠨ ᠪᠠᠶᠢᠭᠤᠯᠭ᠎ᠠ ᠂ ᠠᠵᠢᠯ | ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠰᠡᠯᠭᠦᠨ ᠰᠡᠷᠭᠦᠭᠡᠬᠦ ᠳᠤ ᠬᠠᠮᠵᠢᠯᠴᠠᠬᠤ ᠶᠢ | ᠴᠢᠩᠭᠠᠳᠬᠠᠨ᠎ᠠ ᠃ ᠰᠡᠯᠭᠦᠨ ᠰᠡᠷᠭᠦᠭᠡᠬᠦ ᠶᠢ ᠪᠡᠶᠡᠯᠡᠭᠦᠯᠦᠭᠰᠡᠨ ᠢᠲᠡᠭᠡᠮᠵᠢ ᠶᠢᠨ ᠭᠤᠣᠯ ᠴᠣᠭᠴᠠ ᠳᠤ ᠂ ᠢᠲᠡᠭᠡᠮᠵᠢ ᠠᠯᠳᠠᠭᠰᠠᠨ ᠮᠡᠳᠡᠭᠡ ᠵᠠᠩᠭᠢ ᠪᠠᠨ ᠨᠡᠶᠢᠲᠡᠯᠡᠬᠦ ᠶᠢ | ᠴᠠᠭ ᠲᠤᠬᠠᠢ ᠳᠤᠨᠢ ᠵᠣᠭᠰᠣᠭᠠᠵᠤ ᠂ ᠲᠡᠭᠦᠨ ᠢ ᠬᠠᠮᠢᠶ᠎ᠠ ᠪᠦᠬᠦᠢ ᠢᠲᠡᠭᠡᠮᠵᠢ ᠠᠯᠳᠠᠭᠰᠠᠨ ᠨᠡᠷᠡᠰ ᠠᠴᠠ ᠭᠠᠷᠭᠠᠬᠤ ᠶᠢᠨ ᠬᠠᠮᠲᠤ ᠂ ᠬᠠᠮᠢᠶ᠎ᠠ ᠪᠦᠬᠦᠢ ᠢᠲᠡᠭᠡᠮᠵᠢ | ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠬᠦᠴᠦᠨ ᠦᠭᠡᠢ ᠪᠣᠯᠭᠠᠨ᠎ᠠ ᠃ | ᠲᠠᠪᠤ ᠂ ᠢᠲᠡᠭᠡᠮᠵᠢ ᠪᠠᠷ ᠰᠠᠭᠤᠷᠢ ᠪᠤᠯᠭᠠᠬᠰᠠᠨ ᠬᠢᠨᠠᠯᠲᠠ ᠬᠠᠮᠢᠶᠠᠷᠤᠯᠲᠠ ᠪᠠ ᠵᠠᠰᠠᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ | ︵ ᠠᠷᠪᠠᠨ ᠳᠥᠷᠪᠡ ︶ ᠢᠲᠡᠭᠡᠮᠵᠢ ᠶᠢᠨ ᠦᠨᠡᠯᠡᠯᠲᠡ ᠪᠠᠷ ᠰᠠᠭᠤᠷᠢ ᠪᠣᠯᠭᠠᠨ ᠱᠠᠲᠤ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠡᠯ᠎ᠡ ᠭᠠᠵᠠᠷ | ᠣᠷᠣᠨ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠪᠠᠷ | ᠰᠠᠭᠤᠷᠢ ᠪᠣᠯᠭᠠᠨ ᠲᠣᠰ ᠭᠠᠵᠠᠷ ᠣᠷᠣᠨ ᠲᠣᠰ ᠠᠵᠢᠯ ᠲᠥᠷᠥᠯ ᠤᠨ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠪᠦᠷᠢᠨᠰᠢᠭᠦᠯᠵᠦ ᠂ ᠦᠨᠡᠯᠡᠯᠲᠡ ᠶᠢᠨ ᠦᠷ᠎ᠡ | ᠳ᠋ᠦᠩ ᠢ ᠦᠨᠳᠦᠰᠦᠯᠡᠨ ᠬᠢᠨᠠᠯᠲᠠ ᠬᠠᠮᠢᠶᠠᠷᠤᠯᠲᠠ ᠶᠢᠨ ᠠᠷᠭ᠎ᠠ ᠭᠡᠯᠪᠡᠷᠢ ᠶᠢ ᠰᠢᠯᠢᠳᠡᠭᠵᠢᠭᠦᠯᠵᠦ ᠂ ᠠᠳᠠᠯᠢ ᠪᠤᠰᠤ ᠲᠥᠷᠥᠯ ᠭᠡᠯᠪᠡᠷᠢ ᠶᠢᠨ ᠢᠲᠡᠭᠡᠮᠵᠢ ᠶᠢᠨ ᠭᠤᠣᠯ | ᠴᠣᠭᠴᠠ ᠳᠤ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ ᠃ | ︵ ᠠᠷᠪᠠᠨ ᠲᠠᠪᠤ ︶ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠂ ᠭᠡᠷᠡᠴᠢᠯᠡᠬᠦ | ᠵᠦᠢᠯᠡᠰ ᠂ ᠢᠲᠡᠭᠡᠮᠵᠢ ᠶᠢ ᠰᠡᠯᠭᠦᠨ ᠰᠡᠷᠭᠦᠭᠡᠬᠦ ᠵᠡᠷᠭᠡ ᠬᠦᠷᠢᠶᠡᠨ ᠳᠤ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ ᠃ ᠢᠲᠡᠭᠡᠮᠵᠢ ᠶᠢᠨ | ᠠᠮᠠᠯᠠᠯᠲᠠ ᠶᠢᠨ ᠳᠦᠷᠢᠮ ᠢ ᠬᠡᠷᠡᠭᠯᠡᠬᠦ ᠳᠤ ᠲᠣᠬᠢᠷᠠᠬᠤ ᠵᠦᠢᠯᠡᠰ ᠢ ᠭᠦᠢᠴᠡᠳᠬᠡᠬᠦ ᠳᠤ ᠂ ᠭᠤᠶᠤᠴᠢᠯᠠᠭᠴᠢ ᠶᠢᠨ ᠬᠡᠰᠡᠭ ᠮᠡᠳᠡᠭᠦᠯᠬᠦ ᠮᠠᠲ᠋ᠧᠷᠢᠶᠠᠯ ᠨᠢ ᠪᠦᠷᠢᠨ ᠭᠦᠢᠴᠡᠳ | ᠦᠭᠡᠢ ᠪᠤᠯᠪᠠᠴᠤ ᠢᠲᠡᠭᠡᠮᠵᠢ ᠶᠢᠨ ᠪᠠᠶᠢᠳᠠᠯ ᠨᠢ ᠨᠡᠯᠢᠶᠡᠳ ᠰᠠᠶᠢᠨ ᠮᠥᠷᠲᠡᠭᠡᠨ ᠪᠢᠴᠢᠭ ᠤᠨ ᠭᠡᠯᠪᠡᠷᠢ ᠪᠠᠷ ᠠᠮᠠᠯᠳᠠᠵᠤ ᠲᠣᠭᠲᠠᠭᠠᠭᠰᠠᠨ ᠬᠤᠭᠤᠴᠠᠭᠠᠨ ᠳᠣᠲᠣᠷ᠎ᠠ | ᠮᠠᠲ᠋ᠧᠷᠢᠶᠠᠯ ᠢᠶᠠᠨ ᠬᠠᠩᠭᠠᠨ᠎ᠠ ᠭᠡᠰᠡᠨ ᠪᠣᠯ ᠤᠷᠢᠳ ᠢᠶᠠᠷ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠢ ᠃ ᠢᠲᠡᠭᠡᠮᠵᠢ ᠶᠢᠨ ᠠᠮᠠᠯᠠᠯᠲᠠ ᠶᠢ ᠦᠢᠯᠡᠳᠦᠯᠭᠡᠵᠢᠭᠦᠯᠬᠦ | ᠮᠥᠷᠳᠡᠬᠦ ᠲᠣᠭᠲᠠᠴᠠ ᠶᠢ ᠪᠠᠶᠢᠭᠤᠯᠤᠨ᠎ᠠ ᠃ ᠢᠲᠡᠭᠡᠮᠵᠢ ᠶᠢᠨ ᠭᠤᠣᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠲᠡᠭᠡᠮᠵᠢ ᠶᠢᠨ ᠠᠮᠠᠯᠠᠯᠲᠠ ᠬᠢᠬᠦ ᠶᠢ | ᠬᠥᠲᠥᠯᠥᠨ ᠵᠢᠯᠣᠭᠤᠳᠤᠨ᠎ᠠ ᠃ | ︵ ᠠᠷᠪᠠᠨ ᠵᠢᠷᠭᠤᠭ᠎ᠠ ︶ ᠢᠲᠡᠭᠡᠮᠵᠢ ᠶᠢᠨ ᠮᠡᠳᠡᠭᠦᠯᠦᠯᠲᠡ ᠶᠢ ᠭᠦᠨᠵᠡᠭᠡᠢ ᠬᠡᠷᠡᠭᠯᠡᠬᠦ ᠶᠢ ᠠᠬᠢᠭᠤᠯᠤᠨ᠎ᠠ ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠂ ᠵᠠᠰᠠᠭ ᠤᠨ ᠣᠷᠳᠣᠨ ᠤ ᠬᠤᠳᠠᠯᠳᠤᠨ ᠠᠪᠬᠤ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠂ | ᠬᠢᠷᠢ ᠭᠡᠮ ᠢ ᠬᠢᠨᠠᠨ ᠬᠠᠷᠭᠤᠭᠤᠯᠬᠤ ᠵᠡᠷᠭᠡ ᠣᠯᠠᠨ ᠨᠡᠶᠢᠲᠡ ᠶᠢᠨ ᠬᠠᠮᠢᠶᠠᠷᠤᠯᠲᠠ ᠶᠢᠨ ᠬᠦᠷᠢᠶᠡᠨ ᠳᠤ ᠢᠲᠡᠭᠡᠮᠵᠢ ᠶᠢᠨ ᠮᠡᠳᠡᠭᠦᠯᠦᠯᠲᠡ ᠶᠢ ᠭᠦᠢᠴᠡᠳ ᠬᠡᠷᠡᠭᠯᠡᠬᠦ ᠶᠢ | ᠠᠬᠢᠭᠤᠯᠤᠨ᠎ᠠ ᠃ ᠲᠤᠰᠬᠠᠢ ᠵᠦᠢᠯ ᠤᠨ ᠢᠲᠡᠭᠡᠮᠵᠢ ᠶᠢᠨ ᠮᠡᠳᠡᠭᠦᠯᠦᠯᠲᠡ ᠪᠠᠷ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠪᠠᠶᠢᠬᠤ ᠡᠰᠡᠬᠦ ᠶᠢᠨ ᠭᠡᠷᠡᠴᠢ ᠶᠢ | ᠣᠷᠣᠯᠠᠭᠤᠯᠵᠤ ᠪᠤᠯᠬᠤ ᠶᠢ ᠶᠡᠭᠡ ᠪᠠᠷ ᠠᠬᠢᠭᠤᠯᠤᠨ᠎ᠠ ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠂ ᠪᠡᠯᠡ ᠬᠤᠷᠠᠮᠳᠤᠭᠤᠯᠬᠤ ᠢᠲᠡᠭᠡᠮᠵᠢ ᠣᠯᠭᠤᠬᠤ ᠂ | ᠬᠤᠳᠠᠯᠳᠤᠭᠠᠨ ᠤ ᠶᠠᠪᠤᠯᠴᠠᠭ᠎ᠠ ᠵᠡᠷᠭᠡ ᠵᠠᠬ᠎ᠠ ᠳᠡᠯᠭᠡᠭᠦᠷ ᠤᠨ ᠠᠷᠠᠯᠵᠢᠶᠠᠨ ᠤ ᠠᠵᠢᠯᠯᠠᠭ᠎ᠠ ᠳᠤᠮᠳᠠ ᠢᠲᠡᠭᠡᠮᠵᠢ ᠶᠢᠨ ᠮᠡᠳᠡᠭᠦᠯᠦᠯᠲᠡ ᠶᠢ ᠬᠡᠷᠡᠭᠯᠡᠬᠦ ᠶᠢ ᠵᠣᠷᠢᠭᠵᠢᠭᠤᠯᠤᠨ᠎ᠠ ᠃ | | ︵ ᠠᠷᠪᠠᠨ ᠳᠣᠯᠤᠭ᠎ᠠ ︶ ᠵᠠᠰᠠᠭ ᠤᠨ ᠣᠷᠳᠣᠨ ᠤ ᠭᠡᠷ᠎ᠡ ᠲᠣᠭᠲᠠᠬᠤ ᠂ ᠭᠡᠷ᠎ᠡ ᠲᠣᠭᠲᠠᠬᠤ ᠶᠢ ᠵᠢᠯᠤᠭᠤᠳᠬᠤ ᠵᠡᠷᠭᠡ ᠭᠡᠷ᠎ᠡ ᠪᠠᠨ ᠭᠦᠢᠴᠡᠳᠬᠡᠬᠦ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ ᠃ ᠭᠡᠷ᠎ᠡ ᠪᠠᠨ ᠭᠦᠢᠴᠡᠳᠬᠡᠬᠦ ᠶᠢ ᠮᠥᠷᠳᠡᠨ ᠬᠠᠷᠭᠤᠭᠤᠯᠬᠤ ᠶᠢ ᠴᠢᠩᠭᠠᠳᠬᠠᠵᠤ ᠂ ᠵᠠᠰᠠᠭ ᠤᠨ ᠣᠷᠳᠣᠨ ᠤ ᠲᠣᠭᠲᠠᠭᠰᠠᠨ | ᠭᠡᠷ᠎ᠡ ᠂ ᠵᠠᠰᠠᠭ ᠤᠨ ᠣᠷᠳᠣᠨ ᠤ ᠵᠢᠯᠣᠭᠤᠳᠤᠨ ᠲᠣᠭᠲᠠᠭᠰᠠᠨ ᠭᠡᠷ᠎ᠡ ᠵᠡᠷᠭᠡ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠪᠦᠭᠦ ᠤᠯᠤᠰ ᠤᠨ ᠢᠲᠡᠭᠡᠮᠵᠢ ᠶᠢᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ ᠴᠠᠭ ᠲᠤᠬᠠᠢ ᠳᠤᠨᠢ ᠴᠤᠭᠯᠠᠭᠤᠯᠤᠨ ᠣᠷᠣᠭᠤᠯᠵᠤ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠠᠴᠠ ᠬᠢᠨᠠᠨ ᠬᠠᠷᠭᠤᠭᠤᠯᠤᠭᠰᠠᠨ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠬᠠᠮᠢᠶ᠎ᠠ ᠪᠦᠬᠦᠢ ᠭᠤᠣᠯ ᠴᠣᠭᠴᠠ ᠶᠢᠨ ᠢᠲᠡᠭᠡᠮᠵᠢ ᠶᠢᠨ ᠲᠡᠮᠳᠡᠭᠯᠡᠯ ᠳᠤ | ᠣᠷᠣᠭᠤᠯᠵᠤ ᠂ ᠭᠡᠷ᠎ᠡ ᠪᠠᠨ ᠭᠦᠢᠴᠡᠳᠬᠡᠬᠦ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ ᠃ | ︵ ᠠᠷᠪᠠᠨ ᠨᠠᠢᠮᠠ ︶ ᠢᠲᠡᠭᠡᠮᠵᠢ ᠪᠠᠷ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ ᠃ ᠬᠥᠳᠡᠭᠡ ᠲᠣᠰᠬᠤᠨ ᠤ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ ᠂ ᠲᠠᠷᠢᠶᠠᠯᠠᠩ ᠳᠤ ᠬᠤᠯᠪᠣᠭᠳᠠᠬᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠶᠢ | ᠴᠢᠩᠭᠠᠳᠬᠠᠵᠤ ᠂ ᠴᠤᠭᠯᠠᠭᠤᠯᠬᠤ ᠬᠠᠷᠢᠭᠤᠴᠠᠯᠭ᠎ᠠ ᠶᠢ ᠲᠣᠳᠣᠷᠬᠠᠶᠢᠯᠠᠨ ᠂ ᠴᠤᠭᠯᠠᠭᠤᠯᠬᠤ ᠭᠦᠢᠴᠡᠳᠬᠡᠯ ᠲᠤᠭ᠎ᠠ ᠪᠠ ᠦᠨᠡᠯᠡᠬᠦ ᠳᠦᠷᠢᠮ ᠢ ᠰᠢᠯᠢᠳᠡᠭᠵᠢᠭᠦᠯᠦᠨ | ᠴᠣᠮᠬᠠᠳᠬᠠᠵᠤ ᠂ ᠲᠠᠷᠢᠶᠠᠴᠢᠨ ᠡᠷᠦᠭᠡ ᠪᠠ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ ᠃ ᠢᠲᠡᠭᠡᠮᠵᠢ ᠪᠠᠷ ᠨᠡᠶᠢᠭᠡᠮ ᠲᠣᠭᠤᠷᠢᠭ ᠤᠨ ᠵᠠᠰᠠᠯᠲᠠ ᠶᠢ ᠠᠬᠢᠭᠤᠯᠬᠤ ᠳᠤ ᠬᠦᠴᠦᠨ ᠨᠡᠮᠡᠷᠢᠯᠡᠵᠦ ᠂ ᠢᠲᠡᠭᠡᠮᠵᠢᠲᠦ ᠬᠦᠷᠢᠶᠡᠯᠡᠩ | ᠲᠣᠭᠤᠷᠢᠭ ᠂ ᠵᠡᠭᠡᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠠᠮᠵᠢᠨ᠎ᠠ ᠃ | ︵ ᠠᠷᠪᠠ ᠶᠢᠰᠦ ︶ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠬᠠᠤᠯᠢ ᠲᠣᠭᠲᠠᠭᠠᠯ ᠳᠦᠷᠢᠮ ᠢ ᠲᠡᠭᠦᠯᠳᠡᠷᠵᠢᠭᠦᠯᠦᠨ᠎ᠡ ᠃ ᠨᠡᠶᠢᠭᠡᠮ ᠤᠨ ᠢᠲᠡᠭᠡᠮᠵᠢ ᠶᠢᠨ | ᠨᠢᠭᠡᠳᠦᠯᠲᠡᠢ ᠣᠷᠣᠯᠠᠬᠤ ᠲᠡᠮᠳᠡᠭ ᠤᠨ ᠳᠦᠷᠢᠮ ᠢ ᠲᠡᠭᠦᠯᠳᠡᠷᠵᠢᠭᠦᠯᠵᠦ ᠂ ᠡᠯ᠎ᠡ ᠲᠦᠷᠦᠯ ᠤᠨ ᠭᠤᠣᠯ ᠴᠣᠭᠴᠠ ᠳᠤ ᠺᠣᠳ᠋ ᠣᠯᠭᠤᠬᠤ ᠰᠠᠯᠠᠭ᠎ᠠ ᠮᠥᠴᠢᠷ ᠢ ᠤᠯᠠᠮ | ᠨᠢᠭᠡ ᠠᠯᠬᠤᠮ ᠲᠣᠳᠣᠷᠬᠠᠶᠢᠯᠠᠵᠤ ᠂ ᠺᠣᠳ᠋ ᠣᠯᠭᠤᠭᠰᠠᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠬᠢᠨᠠᠨ ᠬᠠᠷᠭᠤᠭᠤᠯᠬᠤ ᠲᠣᠭᠲᠠᠴᠠ ᠶᠢ ᠪᠦᠷᠢᠨᠰᠢᠭᠦᠯᠦᠨ᠎ᠡ ᠃ | ᠪᠦᠭᠦ ᠤᠯᠤᠰ ᠤᠨ ᠨᠢᠭᠡᠳᠦᠯᠲᠡᠢ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠨ᠎ᠠ ᠃ ᠨᠡᠶᠢᠭᠡᠮ ᠤᠨ ᠢᠲᠡᠭᠡᠮᠵᠢ ᠶᠢᠨ | ᠪᠠᠶᠢᠭᠤᠯᠤᠯᠲᠠ ᠶᠢᠨ ᠬᠠᠤᠯᠢ ᠶᠢ ᠨᠡᠶᠢᠲᠡᠯᠡᠬᠦ ᠶᠢ ᠠᠬᠢᠭᠤᠯᠵᠤ ᠂ ᠢᠲᠡᠭᠡᠮᠵᠢ ᠶᠢᠨ ᠳᠦᠷᠢᠮ ᠢ ᠬᠤᠯᠪᠣᠭᠳᠠᠯ ᠪᠦᠬᠦᠢ ᠲᠤᠰᠬᠠᠢ ᠬᠠᠤᠯᠢ ᠲᠣᠭᠲᠠᠭᠠᠯ ᠳᠤ ᠣᠷᠣᠭᠤᠯᠬᠤ ᠶᠢ | ᠠᠬᠢᠭᠤᠯᠤᠨ᠎ᠠ ᠃ ᠢᠲᠡᠭᠡᠮᠵᠢ ᠶᠢᠨ ᠲᠦᠷᠦ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨᠡᠬᠢ ᠶᠡᠷᠦᠩᠬᠡᠶᠢᠯᠡᠭᠰᠡᠨ ᠦᠨᠡᠯᠡᠯᠲᠡ ᠶᠢ ᠴᠢᠩᠭᠠᠳᠬᠠᠵᠤ ᠂ ᠢᠲᠡᠭᠡᠮᠵᠢ ᠶᠢᠨ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠭᠠᠵᠠᠷ ᠪᠣᠯᠭᠠᠨ ᠳᠤ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠨ᠎ᠡ ᠃ | ᠵᠢᠷᠭᠤᠭ᠎ᠠ ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠲᠦᠪᠰᠢᠨ ᠢ ᠳᠡᠭᠡᠭᠰᠢᠯᠡᠭᠦᠯᠦᠨ᠎ᠡ | ︵ ᠬᠤᠷᠢ ︶ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠶᠡᠭᠡ ᠪᠠᠷ ᠪᠤᠶᠢᠵᠢᠭᠤᠯᠤᠨ᠎ᠠ ᠃ ᠢᠲᠡᠭᠡᠮᠵᠢ ᠶᠢᠨ ᠦᠨᠡᠯᠡᠯᠲᠡ ᠂ ᠢᠲᠡᠭᠡᠮᠵᠢ ᠶᠢᠨ ᠳᠡᠰ ᠢ | ᠲᠣᠭᠲᠠᠭᠠᠬᠤ ᠂ ᠢᠲᠡᠭᠡᠮᠵᠢ ᠶᠢᠨ ᠬᠤᠪᠢ ᠲᠣᠭᠲᠠᠭᠠᠬᠤ ᠂ ᠢᠲᠡᠭᠡᠮᠵᠢ ᠶᠢᠨ ᠮᠡᠳᠡᠭᠦᠯᠦᠯᠲᠡ ᠂ ᠢᠲᠡᠭᠡᠮᠵᠢ ᠶᠢᠨ ᠬᠠᠷᠭᠤᠭᠤᠯᠤᠨ ᠪᠠᠶᠢᠴᠠᠭᠠᠯᠲᠠ ᠂ ᠢᠲᠡᠭᠡᠮᠵᠢ ᠶᠢᠨ | ᠬᠠᠮᠢᠶᠠᠷᠤᠯᠲᠠ ᠂ ᠢᠲᠡᠭᠡᠮᠵᠢ ᠶᠢᠨ ᠯᠠᠪᠯᠠᠭ᠎ᠠ ᠵᠢᠴᠢ ᠣᠷᠴᠢᠨ ᠲᠣᠭᠤᠷᠢᠨ ᠂ ᠨᠡᠶᠢᠭᠡᠮ ᠪᠠ ᠵᠠᠰᠠᠯᠲᠠ ᠶᠢᠨ ᠦᠨᠡᠯᠡᠯᠲᠡ ᠵᠡᠷᠭᠡ ᠲᠤᠬᠠᠶᠢᠯᠠᠭᠰᠠᠨ ᠠᠵᠢᠯ ᠤᠨ ᠵᠠᠭᠪᠤᠷ ᠤᠨ | ᠰᠢᠨ᠎ᠡ ᠶᠢ ᠡᠭᠦᠳᠴᠦ ᠂ ᠢᠲᠡᠭᠡᠮᠵᠢ ᠶᠢᠨ ᠠᠵᠤ ᠠᠬᠤᠢ ᠶᠢᠨ ᠬᠥᠭᠵᠢᠯᠲᠡ ᠶᠢ ᠪᠦᠲᠦᠮᠵᠢᠲᠡᠶ ᠲᠤᠯᠭᠠᠭᠤᠷᠢᠯᠠᠨ᠎ᠠ ᠃ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠳᠤ ᠣᠷᠤᠯᠴᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ ᠃ ᠮᠥᠩᠭᠦᠨ | ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ ᠬᠥᠮᠥᠷᠭᠡ ᠶᠢᠨ ᠮᠥᠩᠭᠦᠨ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠬᠠᠤᠯᠢ ᠶᠣᠰᠣᠭᠠᠷ ᠴᠤᠭᠯᠠᠭᠤᠯᠬᠤ ᠶᠢ ᠳᠡᠮᠵᠢᠵᠦ ᠂ ᠨᠠᠩ ᠳᠥᠭᠦᠮ ᠲᠦᠷᠭᠡᠨ ᠴᠢᠨᠠᠷ ᠰᠠᠶᠢᠲᠠᠢ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ | ᠦᠢᠯᠡᠴᠢᠯᠡᠭᠡ ᠬᠠᠩᠭᠠᠨ᠎ᠠ ᠃ ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠵᠠᠬ᠎ᠠ ᠳᠡᠯᠭᠡᠭᠦᠷ ᠤᠨ ᠪᠠᠶᠢᠷᠢᠰᠢᠯ ᠢ ᠰᠢᠯᠢᠳᠡᠭᠵᠢᠭᠦᠯᠵᠦ ᠂ | ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ ᠃ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠵᠠᠬ᠎ᠠ ᠳᠡᠯᠭᠡᠭᠦᠷ ᠢ ᠰᠢᠯᠢᠳᠡᠭᠵᠢᠭᠦᠯᠦᠨ ᠨᠠᠷᠢᠯᠢᠭᠵᠢᠭᠤᠯᠵᠤ ᠂ ᠬᠦᠷᠢᠶ᠎ᠡ ᠴᠠᠷᠠᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ ᠨᠠᠷᠢᠯᠢᠭ ᠬᠤᠪᠢᠶᠠᠭᠰᠠᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠᠶᠢᠭᠤᠯᠤᠮᠵᠢ ᠶᠢ | ᠰᠦᠪᠡᠭᠴᠢᠯᠡᠨ ᠬᠥᠭᠵᠢᠭᠦᠯᠦᠨ᠎ᠡ ᠃ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠂ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠲᠥᠷᠥᠯ ᠤᠨ ᠵᠢᠷᠤᠮᠵᠢᠩᠭᠤᠢ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ ᠃ | ︵ ᠬᠤᠷᠢᠨ ᠨᠢᠭᠡ ︶ ᠢᠲᠡᠭᠡᠮᠵᠢᠲᠦ ᠪᠡᠯᠡ ᠬᠤᠷᠠᠮᠳᠤᠭᠤᠯᠬᠤ ᠪᠠ ᠢᠲᠡᠭᠡᠮᠵᠢ ᠶᠢᠨ ᠠᠷᠠᠯᠵᠢᠶ᠎ᠠ ᠶᠢ ᠭᠦᠨᠵᠡᠭᠡᠢ ᠠᠬᠢᠭᠤᠯᠤᠨ᠎ᠠ ᠃ ᠪᠦᠭᠦ ᠤᠯᠤᠰ ᠤᠨ ᠨᠢᠭᠡ | ᠴᠣᠭᠴᠠᠵᠢᠭᠤᠯᠤᠭᠰᠠᠨ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠳᠤ ᠲᠦᠰᠢᠭᠯᠡᠨ ᠂ ᠪᠣᠳᠠᠲᠤ ᠬᠡᠷᠡᠭᠯᠡᠭᠡᠨ ᠤ ᠬᠡᠷᠡᠭᠴᠡᠭᠡ | ᠶᠣᠰᠣᠭᠠᠷ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠬᠠᠮᠲᠤ ᠪᠠᠷ ᠡᠳ᠋ᠯᠡᠬᠦ ᠬᠡᠪᠴᠢᠶ᠎ᠡ ᠶᠢ ᠥᠷᠭᠡᠳᠬᠡᠵᠦ ᠂ ᠢᠲᠡᠭᠡᠮᠵᠢ ᠶᠢᠨ ᠮᠡᠳᠡᠭᠡ | ᠵᠠᠩᠭᠢ ᠪᠠᠷ ᠰᠠᠭᠤᠷᠢ ᠪᠤᠯᠭᠠᠬᠰᠠᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠢᠲᠡᠭᠡᠮᠵᠢ ᠶᠢ ᠨᠡᠮᠡᠭᠳᠡᠭᠦᠯᠬᠦ ᠳᠦᠷᠢᠮ ᠢ ᠲᠡᠭᠦᠯᠳᠡᠷᠵᠢᠭᠦᠯᠦᠨ ᠂ ᠳᠤᠮᠳᠠ ᠪᠠᠭ᠎ᠠ | ᠵᠢᠵᠢᠭ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠬᠤᠪᠢ ᠶᠢᠨ ᠵᠢᠩ ᠢ ᠪᠦᠲᠦᠮᠵᠢᠲᠡᠶ ᠳᠡᠭᠡᠭᠰᠢᠯᠡᠭᠦᠯᠵᠦ ᠂ ᠨᠥᠬᠦᠴᠡᠯ ᠳᠤ ᠨᠡᠶᠢᠴᠡᠭᠰᠡᠨ ᠢᠲᠡᠭᠡᠮᠵᠢ ᠶᠢᠨ | ᠮᠡᠳᠡᠭᠡ ᠵᠠᠩᠭᠢ ᠶᠢ ᠴᠤᠭᠯᠠᠭᠤᠯᠬᠤ ᠪᠠᠶᠢᠭᠤᠯᠤᠮᠵᠢ ᠶᠢᠨ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠡᠵᠡᠩᠨᠡᠯᠲᠡ ᠳᠤ ᠣᠷᠤᠯᠴᠠᠬᠤ ᠶᠢ | ᠳᠡᠮᠵᠢᠨ᠎ᠡ ᠃ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠲᠣᠭᠲᠠᠭᠠᠯ ᠶᠣᠰᠣᠭᠠᠷ ᠬᠤᠳᠠᠯᠳᠤᠭᠠᠨ ᠤ ᠭᠡᠷ᠎ᠡ ᠶᠢᠨ ᠭᠡᠷ᠎ᠡ ᠪᠠᠨ ᠭᠦᠢᠴᠡᠳᠬᠡᠬᠦ ᠮᠡᠳᠡᠭᠡ | ᠵᠠᠩᠭᠢ ᠶᠢ ᠴᠤᠭᠯᠠᠭᠤᠯᠬᠤ ᠶᠢ ᠵᠣᠷᠢᠭᠵᠢᠭᠤᠯᠵᠤ ᠂ ᠱᠡᠭᠡᠯᠡᠨ ᠪᠣᠷᠣᠯᠠᠭᠤᠯᠬᠤ ᠂ ᠬᠤᠭᠤᠴᠠᠭ᠎ᠠ ᠬᠤᠪᠢᠶᠠᠨ ᠵᠣᠭᠤᠰ ᠥᠭᠬᠦ ᠂ ᠪᠡᠯᠡ ᠬᠤᠷᠠᠮᠳᠤᠭᠤᠯᠬᠤ ᠲᠦᠷᠢᠶᠡᠰᠦᠯᠡᠵᠦ | ᠲᠦᠷᠢᠶᠡᠰᠦᠯᠡᠭᠦᠯᠬᠦ ᠵᠡᠷᠭᠡ ᠢᠲᠡᠭᠡᠮᠵᠢᠲᠦ ᠪᠣᠷᠤᠯᠠᠭᠤᠯᠭ᠎ᠠ ᠶᠢᠨ ᠵᠠᠭᠪᠤᠷ ᠢ ᠡᠮᠬᠢ ᠵᠢᠷᠤᠮ ᠲᠠᠢ ᠪᠠᠷ ᠳᠡᠯᠭᠡᠷᠡᠭᠦᠯᠬᠦ ᠶᠢ ᠳᠡᠮᠵᠢᠨ᠎ᠡ ᠃ ᠬᠤᠳᠠᠯᠳᠤᠭᠠᠨ ᠤ | ᠭᠤᠪᠢᠭᠤᠯᠭ᠎ᠠ ᠶᠢᠨ ᠬᠠᠭᠤᠳᠠᠰᠤ ᠶᠢᠨ ᠮᠡᠳᠡᠭᠡ ᠵᠠᠩᠭᠢ ᠶᠢ ᠨᠡᠶᠢᠲᠡᠯᠡᠬᠦ ᠶᠢ ᠴᠢᠩᠭᠠᠳᠬᠠᠵᠤ ᠂ ᠫᠢᠶᠣᠣ ᠪᠠᠷᠢᠮᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠪᠠᠷ | ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠮᠠᠭᠤ ᠰᠠᠨᠠᠭ᠎ᠠ ᠪᠠᠷ ᠵᠣᠷᠢᠭᠤᠳᠠ ᠥᠷᠢ ᠥᠭᠴᠡᠭᠡ ᠠᠴᠠ ᠳᠤᠲᠠᠭᠠᠵᠤ ᠥᠷᠢ ᠥᠭᠴᠡᠭᠡ ᠪᠠᠨ ᠬᠦᠴᠦᠨ | ᠦᠭᠡᠢ ᠪᠤᠯᠭᠠᠬᠰᠠᠨ ᠡᠵᠡᠩᠨᠡᠯᠲᠡ ᠶᠢᠨ ᠭᠤᠣᠯ ᠴᠣᠭᠴᠠ ᠶᠢ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ | ᠴᠣᠭᠴᠠ ᠶᠢᠨ ᠨᠡᠷᠡᠰ ᠲᠤ ᠣᠷᠣᠭᠤᠯᠤᠨ᠎ᠠ ᠃ | ︵ ᠬᠤᠷᠢᠨ ᠬᠤᠶᠠᠷ ︶ ᠲᠠᠪᠴᠠᠩ ᠤᠨ ᠠᠵᠤ ᠠᠬᠤᠢ ᠶᠢᠨ ᠬᠦᠷᠢᠶᠡᠨ ᠳᠠᠬᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠪᠠ ᠲᠠᠪᠴᠠᠩ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ ᠂ | ᠲᠠᠪᠴᠠᠩ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠲᠠᠪᠴᠠᠩ ᠤᠨ ᠳᠣᠲᠣᠷᠠᠬᠢ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠪᠠ ᠲᠠᠪᠴᠠᠩ ᠤᠨ | ᠬᠤᠭᠤᠷᠣᠨᠳᠣᠭᠢ ᠢᠲᠡᠭᠡᠮᠵᠢ ᠠᠯᠳᠠᠭᠰᠠᠨ ᠢ ᠬᠤᠯᠪᠤᠭᠠᠯᠠᠨ ᠬᠢᠵᠠᠭᠠᠷᠯᠠᠬᠤ ᠳᠦᠷᠢᠮ ᠢ ᠪᠠᠶᠢᠭᠤᠯᠵᠤ ᠂ ᠲᠠᠪᠴᠠᠩ ᠤᠨ ᠳᠣᠲᠣᠷᠠᠬᠢ ᠬᠤᠳᠠᠯᠳᠤᠭᠠᠨ ᠤ ᠡᠷᠦᠭᠡ ᠶᠢᠨ | ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠵᠦᠷᠢᠶᠡᠴᠢᠯᠡᠭᠰᠡᠨ ᠬᠠᠮᠢᠶᠠᠷᠤᠯᠲᠠ ᠪᠠ ᠦᠢᠯᠡᠴᠢᠯᠡᠭᠡ ᠶᠢ ᠬᠡᠷᠡᠭᠵᠢᠭᠦᠯᠵᠦ ᠂ ᠬᠠᠤᠯᠢ ᠶᠢ ᠰᠠᠬᠢᠵᠤ ᠦᠨᠡᠨᠴᠢ | ᠢᠲᠡᠭᠡᠮᠵᠢ ᠲᠠᠢ ᠪᠠᠷ ᠡᠵᠡᠩᠨᠡᠬᠦ ᠭᠤᠣᠯ ᠴᠣᠭᠴᠠ ᠳᠤ ᠨᠠᠩ ᠣᠯᠠᠨ ᠬᠠᠷᠠᠭᠠᠯᠵᠠᠯ ᠪᠠ ᠳᠥᠭᠦᠮ ᠦᠵᠡᠭᠦᠯᠵᠦ ᠂ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ | ᠡᠵᠡᠩᠨᠡᠯᠲᠡ ᠶᠢᠨ ᠭᠤᠣᠯ ᠴᠣᠭᠴᠠ ᠶᠢ ᠲᠠᠪᠴᠠᠩ ᠤᠨ ᠳᠦᠷᠢᠮ ᠤᠨ ᠳᠣᠲᠣᠷ᠎ᠠ ᠬᠢᠵᠠᠭᠠᠷᠯᠠᠬᠤ ᠠᠷᠭ᠎ᠠ ᠶᠢ ᠬᠡᠷᠡᠭᠵᠢᠭᠦᠯᠦᠨ᠎ᠡ ᠃ ᠰᠦᠯᠵᠢᠶᠡᠨ ᠤ ᠭᠤᠣᠯ | ᠨᠡᠪᠲᠡᠷᠡᠭᠦᠯᠦᠭᠴᠢ ᠂ ᠬᠤᠪᠢ ᠶᠢᠨ ᠵᠠᠭᠤᠴᠢᠯᠠᠭᠤᠷ ᠂ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢ ᠣᠯᠠᠨ ᠠᠷᠭ᠎ᠠ ᠵᠠᠮ ᠢᠶᠠᠷ ᠬᠤᠪᠢᠶᠠᠨ ᠲᠠᠷᠬᠠᠭᠠᠬᠤ | ᠦᠢᠯᠡᠴᠢᠯᠡᠭᠡᠨ ᠤ ᠪᠠᠶᠢᠭᠤᠯᠤᠮᠵᠢ ︵ MCN ᠪᠠᠶᠢᠭᠤᠯᠤᠮᠵᠢ ︶ ᠵᠡᠷᠭᠡ ᠳᠠᠬᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ ᠃ | ︵ ᠬᠤᠷᠢᠨ ᠭᠤᠷᠪᠠ ︶ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠳᠤ ᠦᠢᠯᠡᠴᠢᠯᠡᠨ᠎ᠡ ᠃ ᠠᠮᠤᠷ ᠲᠦᠪᠰᠢᠨ ᠢ ᠦᠨᠡᠨ ᠬᠦ ᠪᠠᠲᠤᠯᠠᠭᠰᠠᠨ | ᠤᠷᠢᠲᠠᠯ ᠳᠣᠣᠷ᠎ᠠ ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠢᠯᠢ ᠠᠯᠤᠰᠯᠠᠨ ᠭᠦᠢᠯᠭᠡᠭᠡᠬᠦ ᠶᠢ ᠬᠠᠤᠯᠢ ᠲᠣᠭᠲᠠᠭᠠᠯ ᠶᠣᠰᠣᠭᠠᠷ ᠠᠬᠢᠭᠤᠯᠵᠤ ᠂ | ᠬᠢᠯᠢ ᠠᠯᠤᠰᠯᠠᠭᠰᠠᠨ ᠢᠲᠡᠭᠡᠮᠵᠢ ᠶᠢᠨ ᠬᠠᠮᠲᠤᠷᠠᠯᠴᠠᠭ᠎ᠠ ᠶᠢ ᠡᠮᠬᠢ ᠵᠢᠷᠤᠮ ᠲᠠᠢ ᠥᠷᠨᠢᠭᠦᠯᠦᠨ ᠂ ᠢᠲᠡᠭᠡᠮᠵᠢ ᠶᠢᠨ ᠦᠨᠡᠯᠡᠯᠲᠡ ᠂ ᠢᠲᠡᠭᠡᠮᠵᠢ ᠶᠢᠨ ᠮᠡᠳᠡᠭᠦᠯᠦᠯᠲᠡ ᠵᠡᠷᠭᠡ | ᠢᠲᠡᠭᠡᠮᠵᠢ ᠶᠢᠨ ᠦᠢᠯᠡᠳᠬᠦᠨ ᠤ ᠬᠢᠯᠢ ᠠᠯᠤᠰᠯᠠᠨ ᠬᠠᠷᠢᠯᠴᠠᠨ ᠮᠡᠳᠡᠷᠡᠬᠦ ᠶᠢ ᠠᠬᠢᠭᠤᠯᠤᠨ᠎ᠠ ᠃ ᠤᠯᠤᠰ ᠤᠨ ᠳᠣᠲᠣᠭᠠᠳᠤ ᠶᠢᠨ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠪᠣᠯᠣᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠂ ᠠᠯᠳᠠᠨ ᠲᠣᠭᠤᠰᠭ᠋᠎ᠠ ᠤᠯᠤᠰ ᠤᠳ ᠯᠤᠭ᠎ᠠ ᠪᠡᠶ᠎ᠡ ᠪᠠᠨ | ᠳᠠᠭᠠᠭᠠᠭᠰᠠᠨ ᠂ ᠲᠥᠪ ᠭᠤᠣᠯᠴᠢ ᠭᠤᠷᠪᠠᠳᠠᠭᠴᠢ ᠡᠲᠡᠭᠡᠳ ᠤᠨ ᠢᠲᠡᠭᠡᠮᠵᠢ ᠶᠢᠨ ᠦᠢᠯᠡᠴᠢᠯᠡᠭᠡᠨ ᠤ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠨ᠎ᠠ ᠃ ᠣᠯᠠᠨ | ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠰᠣᠯᠢᠯᠴᠠᠭ᠎ᠠ ᠪᠠᠨ ᠴᠢᠩᠭᠠᠳᠬᠠᠵᠤ ᠂ ᠣᠯᠠᠨ ᠤᠯᠤᠰ ᠤᠨ ᠥᠷᠢᠰᠦᠯᠳᠦᠬᠦ ᠬᠦᠴᠦᠨ ᠪᠠ | ᠨᠥᠯᠥᠭᠡᠯᠡᠬᠦ ᠬᠦᠴᠦᠨ ᠲᠠᠢ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢ ᠢᠳᠡᠪᠬᠢᠲᠡᠢ ᠪᠤᠶᠢᠵᠢᠭᠤᠯᠤᠨ᠎ᠠ ᠃ ᠤᠯᠤᠰ ᠤᠨ ᠳᠣᠲᠣᠭᠠᠳᠤ ᠶᠢᠨ | ᠢᠲᠡᠭᠡᠮᠵᠢ ᠶᠢᠨ ᠲᠠᠰ ᠲᠣᠭᠲᠠᠭᠠᠬᠤ ᠪᠠᠶᠢᠭᠤᠯᠤᠮᠵᠢ ᠶᠢᠨ ᠳᠡᠯᠡᠬᠡᠶᠢᠴᠢᠯᠡᠭᠰᠡᠨ ᠬᠥᠭᠵᠢᠯᠲᠡ ᠶᠢ ᠠᠬᠢᠭᠤᠯᠤᠨ᠎ᠠ ᠃ | ᠳᠣᠯᠤᠭ᠎ᠠ ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ | ᠳᠣᠣᠷ᠎ᠠ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠳᠡᠭᠡᠷ᠎ᠡ ᠳᠣᠣᠷ᠎ᠠ | ᠱᠠᠲᠤ ᠬᠤᠯᠪᠤᠭᠠᠯᠠᠨ ᠬᠥᠳᠡᠯᠦᠯᠴᠡᠬᠦ ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ | ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠳᠤᠮᠳᠠᠳᠤ ᠤᠯᠤᠰ ᠤᠨ ᠠᠷᠠᠳ ᠤᠨ ᠪᠠᠩᠬᠢ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠰ ᠬᠦᠷᠢᠶᠡᠨ ᠳᠠᠬᠢ | ᠢᠲᠡᠭᠡᠮᠵᠢ ᠶᠢᠨ ᠪᠠᠶᠢᠭᠤᠯᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠃ ᠪᠦᠭᠦ | ᠤᠯᠤᠰ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ ᠂ ᠵᠢᠱᠢᠶ᠎ᠡ ᠦᠵᠡᠭᠦᠯᠭᠦ ᠣᠷᠣᠨ ᠤ ᠰᠡᠭᠦᠯᠡᠷ ᠨᠢ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ ᠬᠤᠲᠠ ᠶᠢᠨ | ᠢᠲᠡᠭᠡᠮᠵᠢ ᠶᠢᠨ ᠬᠢᠨᠠᠨ ᠬᠡᠮᠵᠢᠯᠲᠡ ᠶᠢ ᠦᠷᠭᠦᠯᠵᠢᠯᠡᠨ ᠥᠷᠨᠢᠭᠦᠯᠦᠨ᠎ᠡ ᠃ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ ᠂ ᠦᠨᠡᠨᠴᠢ ᠢᠲᠡᠭᠡᠮᠵᠢ ᠶᠢᠨ | ᠬᠥᠮᠦᠵᠢᠯ ᠢ ᠲᠦᠭᠡᠮᠡᠯᠵᠢᠭᠦᠯᠵᠦ ᠂ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠠᠵᠢᠯᠯᠠᠭ᠎ᠠ ᠶᠢ ᠢᠯᠡᠴᠢᠯᠡᠬᠦ ᠡᠷᠴᠢᠮ ᠢᠶᠠᠨ ᠬᠠᠤᠯᠢ ᠲᠣᠭᠲᠠᠭᠠᠯ ᠶᠣᠰᠣᠭᠠᠷ | ᠴᠢᠩᠭᠠᠷᠠᠭᠤᠯᠵᠤ ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠦᠨᠡᠨᠴᠢ ᠢᠲᠡᠭᠡᠮᠵᠢ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠳᠡᠮᠵᠢᠨ᠎ᠡ ᠃ | ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ︽ ᠦᠨᠡᠨᠴᠢ ᠢᠲᠡᠭᠡᠮᠵᠢ ᠶᠢᠨ ᠣᠳᠣᠨ ︾ | ᠤ ᠤᠬᠠᠭᠤᠯᠭ᠎ᠠ ᠪᠠ ︽ ᠦᠨᠡᠨᠴᠢ ᠢᠲᠡᠭᠡᠮᠵᠢ ᠪᠠᠷ ᠬᠤᠳᠠᠯᠳᠤᠭ᠎ᠠ ᠶᠢ ᠬᠥᠭᠵᠢᠭᠦᠯᠬᠦ ᠤᠬᠠᠭᠤᠯᠭ᠎ᠠ ᠶᠢᠨ ᠰᠠᠷ᠎ᠠ ︾ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ | ᠢᠲᠡᠭᠡᠮᠵᠢ ᠶᠢ ᠵᠢᠷᠤᠮᠯᠠᠨ ᠠᠮᠠᠯᠠᠯᠲᠠ ᠪᠠᠨ ᠦᠢᠯᠡᠳᠦᠯᠭᠡᠵᠢᠭᠦᠯᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠶ ᠪᠤᠯᠭᠠᠬᠤ ᠶᠢ ᠠᠬᠢᠭᠤᠯᠬᠤ ᠬᠡᠷᠡᠭᠲᠡᠢ ᠃ | ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ ᠃ ᠴᠢᠬᠤᠯᠠ ᠶᠡᠭᠡ ᠤᠴᠢᠷ ᠶᠠᠪᠤᠳᠠᠯ ᠢ ᠴᠠᠭ ᠲᠤᠬᠠᠢ ᠳᠤᠨᠢ ᠲᠡᠰ | ᠳᠠᠷᠠᠭᠠᠯᠠᠯ ᠶᠣᠰᠣᠭᠠᠷ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ ᠃ | ︵ ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠭᠢᠯᠭᠠᠨ ᠮᠡᠳᠡᠭᠡ ︶ | | |