| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 8 ᠤ ᠴᠠᠭᠢᠯᠭᠠᠨ ᠮᠡᠳᠡᠭᠡ ᠣᠶᠢᠷ᠎ᠠ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ | ᠰᠠᠶᠢᠲᠠᠢ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠲᠤᠬᠠᠢ ᠰᠠᠨᠠᠯ ︾ ︵ ᠳᠣᠷᠣᠭᠰᠢ ︽ ᠰᠠᠨᠠᠯ ︾ ᠭᠡᠵᠦ ᠳᠥᠭᠦᠮᠴᠢᠯᠡᠨ᠎ᠡ ︶ | ᠢ ᠳᠠᠷᠤᠮᠠᠯᠯᠠᠨ ᠲᠠᠷᠬᠠᠭᠠᠵᠤ ᠂ ᠴᠢᠨᠠᠷ ᠰᠠᠶᠢᠲᠠᠢ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠳᠤ ᠪᠠᠶᠢᠷᠢᠯᠠᠭᠤᠯᠤᠯᠲᠠ ᠬᠢᠪᠡ ᠃ | ︽ ᠰᠠᠨᠠᠯ ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ ᠂ | ᠰᠤᠷᠭᠠᠨ ᠬᠥᠮᠦᠵᠢᠯ ᠂ ᠪᠣᠯᠪᠠᠰᠤᠷᠠᠯ ᠪᠠ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠂ ᠠᠵᠤ ᠦᠢᠯᠡᠰ ᠤᠨ ᠦᠵᠦᠭᠦᠷᠯᠢᠭ ᠤᠨ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠠᠵᠢᠯ ᠣᠯᠭᠤᠯᠲᠠ ᠶᠢᠨ ᠦᠵᠦᠭᠦᠷᠯᠢᠭ ᠤᠨ ᠦᠨᠡᠯᠡᠯᠲᠡ ᠶᠢᠨ ᠬᠠᠷᠢᠭᠤ ᠲᠤᠰᠬᠠᠯ ᠢᠶᠠᠷ ᠵᠢᠯᠣᠭᠤᠳᠤᠯᠭ᠎ᠠ ᠪᠤᠯᠭᠠᠵᠤ ᠂ | ᠬᠥᠮᠥᠵᠢᠭᠦᠯᠵᠦ ᠬᠠᠩᠭᠠᠬᠤ ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠬᠢᠬᠦ ᠂ ᠠᠵᠢᠯ ᠡᠷᠢᠵᠦ ᠠᠵᠢᠯᠲᠠᠨ ᠡᠯᠰᠡᠬᠦ ᠂ ᠬᠠᠪᠰᠤᠷᠤᠨ ᠲᠡᠳᠬᠦᠵᠦ ᠲᠤᠰᠠᠯᠠᠬᠤ ᠂ ᠬᠢᠨᠠᠨ | ᠬᠡᠮᠵᠢᠵᠦ ᠦᠨᠡᠯᠡᠬᠦ ᠵᠡᠷᠭᠡ ᠦᠢᠯᠡᠴᠢᠯᠡᠭᠡ ᠶᠢ ᠪᠦᠭᠦ ᠬᠡᠯᠬᠢᠶ᠎ᠡ ᠪᠠᠷ ᠰᠢᠯᠢᠳᠡᠭᠵᠢᠭᠦᠯᠵᠦ ᠂ ᠨᠡᠩ ᠤᠯᠠᠨ ᠰᠤᠷᠤᠬᠰᠠᠨ ᠪᠠ ᠳᠠᠪᠠᠭᠤᠯᠢᠭ ᠢᠶᠠᠨ ᠪᠠᠳᠠᠷᠠᠭᠤᠯᠬᠤ ᠳᠤ | ᠠᠰᠢᠭᠲᠠᠢ ᠠᠵᠢᠯ ᠣᠯᠭᠤᠬᠤ ᠠᠵᠢᠯ ᠤᠨ ᠪᠠᠶᠢᠷᠢ ᠶᠢ ᠨᠡᠭᠡᠭᠡᠵᠦ ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠬᠥᠮᠥᠨ ᠪᠠ | ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠬᠤ ᠂ ᠬᠥᠮᠥᠨ ᠤ ᠳᠠᠪᠠᠭᠤᠯᠢᠭ ᠢ ᠨᠢ ᠦᠵᠡᠵᠦ ᠬᠡᠷᠡᠭᠯᠡᠬᠦ ᠂ ᠬᠥᠮᠥᠨ ᠤ ᠴᠢᠳᠠᠪᠤᠷᠢ ᠶᠢ ᠨᠢ ᠪᠦᠷᠢᠨ ᠪᠠᠳᠠᠷᠠᠭᠤᠯᠬᠤ ᠶᠢ | ᠴᠢᠷᠮᠠᠶᠢᠨ ᠪᠡᠶᠡᠯᠡᠭᠦᠯᠵᠦ ᠂ ᠠᠵᠢᠯ ᠣᠯᠭᠤᠯᠲᠠ ᠶᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ ᠃ 3 ᠠᠴᠠ 5 ᠵᠢᠯ ᠦᠷᠭᠦᠯᠵᠢᠯᠡᠨ | ᠴᠢᠷᠮᠠᠶᠢᠬᠤ ᠪᠠᠷ ᠳᠡᠮᠵᠢᠨ ᠂ ᠪᠦᠭᠦ ᠠᠵᠢᠯᠲᠠᠨ ᠢ ᠬᠠᠮᠤᠷᠤᠭᠰᠠᠨ ᠂ ᠴᠢᠳᠠᠮᠵᠢ ᠨᠢ ᠪᠦᠷᠢᠨ ᠲᠡᠭᠦᠯᠳᠡᠷ ᠂ ᠪᠠᠲᠤᠯᠠᠭ᠎ᠠ ᠨᠢ ᠬᠦᠴᠦᠲᠡᠢ ᠦᠢᠯᠡᠴᠢᠯᠡᠭᠡᠨ ᠤ ᠰᠢᠰᠲ᠋ᠧᠮ ᠢ | ᠦᠨᠳᠦᠰᠦᠨ ᠳᠡᠭᠡᠨ ᠪᠠᠶᠢᠭᠤᠯᠵᠤ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ ᠣᠯᠬᠤ ᠶᠢ ᠠᠬᠢᠭᠤᠯᠬᠤ ᠳᠤ ᠪᠠᠲᠤ ᠪᠠᠬᠢ | ᠪᠠᠲᠤᠯᠠᠭ᠎ᠠ ᠬᠠᠩᠭᠠᠨ᠎ᠠ ᠃ | ︽ ᠰᠠᠨᠠᠯ ︾ ᠳᠤ ᠂ ᠬᠥᠮᠥᠵᠢᠭᠦᠯᠵᠦ ᠬᠠᠩᠭᠠᠬᠤ ᠰᠢᠰᠲ᠋ᠧᠮ ᠢ ᠰᠢᠯᠢᠳᠡᠭᠵᠢᠭᠦᠯᠦᠨ᠎ᠡ ᠃ ᠴᠢᠳᠠᠪᠤᠷᠢᠲᠠᠨ ᠤ ᠬᠥᠭᠵᠢᠯᠲᠡ ᠶᠢᠨ ᠬᠠᠨᠳᠤᠰᠢ ᠵᠢᠴᠢ ᠬᠠᠩᠭᠠᠯᠭ᠎ᠠ | ᠬᠡᠷᠡᠭᠴᠡᠭᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠶᠢ | ᠪᠠᠶᠢᠭᠤᠯᠵᠤ ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠪᠠᠷᠠᠯᠠᠯᠲᠤ ᠴᠢᠨᠠᠷᠲᠠᠢ ᠵᠠᠳᠠᠯᠤᠯᠲᠠ ᠶᠢ ᠥᠷᠨᠢᠭᠦᠯᠦᠨ᠎ᠡ ᠃ ᠬᠠᠩᠭᠠᠯᠭ᠎ᠠ ᠬᠡᠷᠡᠭᠴᠡᠭᠡ ᠶᠢᠨ | ᠲᠣᠬᠢᠷᠠᠭᠤᠯᠤᠯᠲᠠ ᠪᠠᠷ ᠤᠳᠤᠷᠢᠳᠤᠮᠵᠢ ᠪᠣᠯᠭᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠪᠠ ᠡᠬᠢ ᠪᠠᠶᠠᠯᠢᠭ ᠤᠨ ᠪᠦᠲᠦᠴᠡ ᠶᠢᠨ | ᠪᠠᠶᠢᠷᠢᠰᠢᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠵᠤ ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠡᠪᠴᠢᠶ᠎ᠡ ᠂ ᠪᠦᠲᠦᠴᠡ ᠂ ᠶᠠᠰᠤ ᠴᠢᠨᠠᠷ ᠢ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠠᠩ ᠢᠯᠡᠭᠦᠦ ᠨᠡᠶᠢᠴᠡᠭᠦᠯᠬᠦ ᠶᠢ ᠠᠬᠢᠭᠤᠯᠤᠨ᠎ᠠ ᠃ ᠰᠣᠷᠣᠬᠴᠢ ᠡᠯᠰᠡᠬᠦ ᠲᠥᠯᠥᠪᠯᠡᠭᠡ ᠂ | ᠴᠢᠳᠠᠪᠤᠷᠢᠲᠠᠨ ᠬᠥᠮᠥᠵᠢᠭᠦᠯᠬᠦ ᠬᠢᠭᠡᠳ ᠠᠵᠢᠯ ᠣᠯᠭᠤᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ ᠂ ᠰᠣᠷᠣᠬᠴᠢ ᠡᠯᠰᠡᠬᠦ | ᠲᠥᠯᠥᠪᠯᠡᠭᠡ ᠶᠢᠨ ᠬᠤᠪᠢᠶᠠᠷᠢᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ ᠂ ᠶᠡᠭᠡ ᠳᠡᠭᠡᠳᠦ ᠰᠤᠷᠭᠠᠭᠤᠯᠢ ᠶᠢᠨ ᠨᠠᠩ ᠠᠮᠢᠳᠤᠯᠢᠭ ᠰᠤᠷᠤᠯᠴᠠᠬᠤ ᠳᠦᠷᠢᠮ | ᠪᠠᠶᠢᠭᠤᠯᠬᠤ ᠶᠢ ᠵᠣᠷᠢᠭᠵᠢᠭᠤᠯᠵᠤ ᠂ ᠲᠤᠰᠬᠠᠢ ᠮᠡᠷᠭᠡᠵᠢᠯ ᠢᠶᠠᠨ ᠰᠣᠯᠢᠬᠤ ᠂ ᠪᠤᠰᠤᠳ ᠲᠤᠰᠬᠠᠢ ᠮᠡᠷᠭᠡᠵᠢᠯ ᠢ ᠬᠠᠪᠰᠤᠷᠭᠠᠨ ᠰᠤᠷᠬᠤ ᠵᠡᠷᠭᠡ ᠲᠣᠭᠲᠠᠭᠠᠯ ᠢ | ᠲᠡᠭᠦᠯᠳᠡᠷᠵᠢᠭᠦᠯᠦᠨ᠎ᠡ ᠭᠡᠵᠦ ᠳᠤᠷᠠᠳᠪᠠ ᠃ | ︽ ᠰᠠᠨᠠᠯ ︾ ᠳᠤ ᠂ ᠠᠵᠢᠯ ᠣᠯᠭᠤᠯᠲᠠ ᠶᠢᠨ ᠵᠢᠯᠤᠭᠤᠳᠬᠤ ᠰᠢᠰᠲ᠋ᠧᠮ ᠢ ᠴᠢᠩᠭᠠᠳᠬᠠᠵᠤ ᠂ ᠠᠵᠢᠯ ᠡᠷᠢᠬᠦ ᠠᠵᠢᠯᠲᠠᠨ ᠡᠯᠰᠡᠬᠦ ᠰᠢᠰᠲ᠋ᠧᠮ ᠢ ᠪᠦᠷᠢᠨᠰᠢᠭᠦᠯᠦᠨ ᠂ | ᠬᠠᠪᠰᠤᠷᠤᠨ ᠲᠡᠳᠬᠦᠵᠦ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ ᠂ ᠬᠢᠨᠠᠨ ᠬᠡᠮᠵᠢᠵᠦ ᠦᠨᠡᠯᠡᠬᠦ ᠰᠢᠰᠲ᠋ᠧᠮ ᠤᠨ ᠰᠢᠨ᠎ᠡ ᠶᠢ ᠡᠭᠦᠳᠦᠨ᠎ᠡ ᠃ ᠠᠮᠢᠳᠤᠷᠠᠬᠤᠢ ᠶᠢᠨ | ᠬᠥᠮᠦᠵᠢᠯ ᠬᠢᠭᠡᠳ ᠠᠵᠢᠯ ᠣᠯᠭᠤᠯᠲᠠ ᠶᠢᠨ ᠵᠢᠯᠣᠭᠤᠳᠤᠯᠭ᠎ᠠ ᠶᠢ ᠴᠢᠩᠭᠠᠷᠠᠭᠤᠯᠵᠤ ᠂ ᠨᠢᠭᠡ ᠪᠦᠯᠦᠭ ᠤᠯᠤᠰ ᠤᠨ ᠲᠥᠯᠦᠪᠵᠢᠭᠦᠯᠭᠡ ᠶᠢᠨ ᠵᠢᠭᠠᠬᠤ ᠮᠠᠲ᠋ᠧᠷᠢᠶᠠᠯ ᠂ | ᠵᠢᠱᠢᠶ᠎ᠡ ᠦᠵᠡᠭᠦᠯᠭᠦ ᠬᠢᠴᠢᠶᠡᠯ ᠪᠠ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠪᠤᠶ ᠪᠤᠯᠭᠠᠵᠤ ᠂ ᠠᠵᠢᠯ ᠣᠯᠭᠤᠬᠤ ᠬᠥᠮᠦᠵᠢᠯ ᠢ ᠪᠦᠭᠦ ᠠᠵᠢᠯᠲᠠᠨ ᠠᠵᠢᠯᠴᠢᠨ | ᠪᠦᠭᠦ ᠶᠠᠪᠤᠴᠠ ᠪᠦᠭᠦ ᠲᠠᠯ᠎ᠠ ᠪᠠᠷ ᠬᠥᠮᠥᠨ ᠬᠥᠮᠥᠵᠢᠭᠦᠯᠬᠦ ᠶᠢᠨ ᠴᠢᠬᠤᠯᠠ ᠠᠭᠤᠯᠭ᠎ᠠ ᠪᠤᠯᠭᠠᠵᠤ ᠂ ᠠᠵᠢᠯ ᠣᠯᠭᠤᠬᠤ ᠵᠥᠪ ᠦᠵᠡᠯᠲᠡ ᠶᠢ ᠪᠠᠲᠤ ᠪᠠᠬᠢ ᠪᠤᠶ | ᠪᠤᠯᠭᠠᠬᠤ ᠶᠢ ᠬᠥᠲᠥᠯᠥᠨ ᠵᠢᠯᠤᠭᠤᠳᠴᠤ ᠂ ᠠᠵᠢᠯ ᠣᠯᠭᠤᠬᠤ ᠳᠠᠳᠤᠯᠭ᠎ᠠ ᠬᠢᠭᠡᠳ ᠳᠠᠳᠤᠯᠭ᠎ᠠ ᠶᠢᠨ ᠳᠦᠷᠢᠮ ᠢ ᠪᠦᠷᠢᠨᠰᠢᠭᠦᠯᠦᠨ᠎ᠡ ᠃ ᠰᠤᠷᠭᠠᠭᠤᠯᠢ ᠶᠢᠨ ᠬᠦᠷᠢᠶᠡᠨ ᠤ | ᠠᠵᠢᠯᠲᠠᠨ ᠡᠯᠰᠡᠬᠦ ᠪᠠ ᠠᠵᠢᠯ ᠣᠯᠭᠤᠬᠤ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠴᠢᠩᠭᠠᠷᠠᠭᠤᠯᠤᠨ ᠂ ᠣᠷᠣᠨ ᠪᠦᠰᠡ ᠶᠢᠨ ᠴᠢᠨᠠᠷᠲᠠᠢ ᠂ ᠠᠵᠢᠯ ᠲᠥᠷᠥᠯ ᠤᠨ | ᠴᠢᠨᠠᠷᠲᠠᠢ ᠨᠢᠭᠡ ᠪᠦᠯᠦᠭ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠵᠤ ᠂ ᠤᠯᠤᠰ ᠤᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠵᠡᠷᠭᠡ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠠᠯᠪᠢᠵᠤ ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢ ᠠᠭᠤᠳᠠᠯᠤᠨ ᠂ | ᠠᠵᠢᠯᠲᠠᠨ ᠡᠯᠰᠡᠬᠦ ᠲᠣᠬᠢᠷᠠᠭᠤᠯᠤᠯᠲᠠ ᠪᠣᠯᠣᠨ ᠡᠮᠬᠢ ᠳᠢᠭᠯᠢᠮ ᠢ ᠰᠢᠯᠢᠳᠡᠭᠵᠢᠭᠦᠯᠦᠨ ᠵᠢᠷᠤᠮᠵᠢᠭᠤᠯᠤᠨ᠎ᠠ ᠃ ᠤᠯᠠᠨ ᠡᠰᠢᠲᠦ ᠭᠤᠣᠯ ᠴᠣᠭᠴᠠ ᠶᠢᠨ ᠦᠢᠯᠡᠳᠦᠯ ᠢ | ᠪᠠᠳᠠᠷᠠᠭᠤᠯᠵᠤ ᠂ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠨ ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ | ᠴᠡᠭ ᠢ ᠨᠡᠭᠡᠭᠡᠨ᠎ᠡ ᠃ ᠬᠦᠴᠢᠷᠳᠡᠯ ᠢ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ ᠂ ᠬᠠᠪᠰᠤᠷᠤᠨ ᠲᠡᠳᠬᠦᠬᠦ ᠡᠲᠡᠭᠡᠳ ᠲᠤ ᠦᠢᠯᠡᠴᠢᠯᠡᠭᠡ ᠪᠠ ᠲᠤᠰᠠᠯᠠᠮᠵᠢ | ᠬᠠᠩᠭᠠᠵᠤ ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠲᠡᠭᠦᠰᠦᠭᠰᠡᠳ ᠤᠨ ᠦᠨᠡᠨ ᠨᠡᠷ᠎ᠡ ᠪᠠᠷ ᠢᠶᠠᠨ ᠠᠵᠢᠯ ᠣᠯᠬᠤ ᠶᠢ ᠬᠠᠪᠰᠤᠷᠤᠨ ᠲᠡᠳᠬᠦᠬᠦ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠂ ︽ ᠠᠤᠭ᠎ᠠ ᠵᠣᠷᠢᠭ ᠢᠶᠠᠷ ᠠᠶᠠᠯᠠᠯ ᠢ ᠲᠤᠰᠠᠯᠠᠬᠤ ︾ ᠠᠵᠢᠯ ᠣᠯᠭᠤᠬᠤ ᠴᠢᠳᠠᠪᠤᠷᠢ ᠶᠢᠨ ᠪᠣᠯᠪᠠᠰᠤᠷᠠᠯ ᠤᠨ ᠲᠥᠷᠥᠯ ᠵᠦᠢᠯ ᠢ | ᠬᠡᠷᠡᠭᠵᠢᠭᠦᠯᠵᠦ ᠂ ᠪᠣᠯᠪᠠᠰᠤᠷᠠᠯ ᠤᠨ ᠬᠠᠮᠤᠷᠬᠤ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠎ᠡ ᠃ ᠠᠵᠢᠯ ᠣᠯᠭᠤᠬᠤ ᠵᠠᠬ᠎ᠠ ᠳᠡᠯᠭᠡᠭᠦᠷ ᠤᠨ ᠠᠵᠢᠯ ᠤᠨ | ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠪᠠ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠬᠠᠨᠳᠤᠰᠢ ᠵᠡᠷᠭᠡ ᠶᠢ ᠴᠠᠭ ᠲᠤᠬᠠᠢ ᠳᠤᠨᠢ ᠡᠵᠡᠮᠰᠢᠵᠦ ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠶᠠᠰᠤ ᠴᠢᠨᠠᠷ ᠪᠠ ᠠᠵᠢᠯ ᠤᠨ ᠦᠨᠡᠯᠡᠯᠲᠡ ᠬᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ ᠂ ᠶᠡᠭᠡ | ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠪᠠ ᠰᠢᠨᠵᠢᠯᠡᠭᠡᠨ ᠤ ᠪᠠᠶᠢᠭᠤᠯᠤᠯᠲᠠ ᠶᠢ ᠦᠨᠡᠯᠡᠨ ᠵᠢᠱᠢᠬᠦ ᠂ ︽ ᠬᠤᠣᠰ ᠲᠡᠷᠢᠭᠦᠨ ᠵᠡᠷᠭᠡ ︾ | ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠵᠡᠷᠭᠡ ᠴᠢᠬᠤᠯᠠ ᠬᠦᠴᠦᠨ ᠵᠦᠢᠯ ᠪᠣᠯᠭᠠᠨ᠎ᠠ ᠭᠡᠵᠦ ᠲᠣᠳᠣᠷᠬᠠᠶᠢᠯᠠᠪᠠ ᠃ | ︽ ᠰᠠᠨᠠᠯ ︾ ᠳᠤ ᠂ ᠳᠡᠮᠵᠢᠯᠭᠡ ᠪᠠᠲᠤᠯᠠᠭ᠎ᠠ ᠶᠢᠨ ᠰᠢᠰᠲ᠋ᠧᠮ ᠢ ᠪᠠᠬᠢᠵᠢᠭᠦᠯᠬᠦ ᠬᠡᠷᠡᠭᠲᠡᠢ ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ ᠬᠦᠴᠦᠷᠬᠡᠭᠵᠢᠭᠦᠯᠵᠦ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ | ᠪᠠᠶᠢᠭᠤᠯᠤᠮᠵᠢ ᠂ ᠠᠵᠢᠯᠲᠠᠨ ᠂ ᠭᠠᠵᠠᠷ ᠲᠠᠯᠠᠪᠤᠷ ᠂ ᠵᠠᠷᠤᠳᠠᠯ ︽ ᠳᠥᠷᠪᠡ ᠶᠢ ᠪᠣᠳᠠᠲᠠᠶᠢᠵᠢᠭᠤᠯᠬᠤ ︾ ᠱᠠᠭᠠᠷᠳᠠᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ ᠂ | ᠲᠤᠰᠬᠠᠶᠢᠵᠢᠭᠰᠠᠨ ᠠᠵᠢᠯ ᠣᠯᠭᠤᠬᠤ ᠵᠢᠯᠤᠭᠤᠳᠬᠤ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠬᠤ ᠰᠤᠳᠤᠯᠭᠠᠨ ᠢ ᠭᠦᠨᠵᠡᠭᠡᠶᠢᠷᠡᠭᠦᠯᠬᠦ ᠬᠡᠷᠡᠭᠲᠡᠢ ᠃ ᠲᠣᠭᠠᠴᠢᠯᠠᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠳᠡᠯᠭᠡᠷᠡᠭᠦᠯᠵᠦ ᠂ | ᠤᠯᠤᠰ ᠤᠨ ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ ᠃ ᠡᠷᠬᠡ ᠲᠡᠭᠰᠢ ᠠᠵᠢᠯ | ᠣᠯᠭᠤᠯᠲᠠ ᠶᠢᠨ ᠣᠷᠴᠢᠨ ᠨᠥᠬᠦᠴᠡᠯ ᠪᠠ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠴᠢᠩᠭᠠᠷᠠᠭᠤᠯᠵᠤ ᠂ ᠠᠵᠢᠯ ᠤᠨ ᠬᠠᠮᠲᠤᠷᠠᠯ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ ᠃ | | |