| ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 9 ᠤ ᠦᠳᠡ ᠶᠢᠨ ᠬᠤᠶᠢᠨ᠎ᠠ ᠠᠵᠤ ᠠᠬᠤᠢ ᠶᠢᠨ ᠪᠠᠶᠢᠳᠠᠯ ᠤᠨ ᠲᠤᠰᠬᠠᠢ ᠮᠡᠷᠭᠡᠵᠢᠯᠲᠡᠨ | ᠪᠠ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ | ᠠᠵᠤ ᠠᠬᠤᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ ᠃ | ᠶᠠᠷᠢᠯᠴᠠᠬᠤ ᠬᠤᠷᠠᠯ ᠳᠡᠭᠡᠷ᠎ᠡ ᠂ ᠵᠠᠩ ᠪᠢᠨ ᠂ ᠯᠢ ᠰᠢᠶᠦ᠋ᠨ ᠯᠧᠢ ᠂ ᠱᠧᠨ ᠵᠢᠶᠠᠨ ᠭᠤᠸᠠᠩ ᠂ ᠸᠠᠨ ᠮᠢᠨ ᠂ ᠵᠧᠩ ᠶᠢᠨ ᠂ ᠫᠧᠩ ᡁᠢ ᠬᠤᠶ ᠂ ᠸᠠᠩ ᠽᠤᠸᠠᠨ ᠨᠠᠷ | ᠤᠷᠢᠳ ᠬᠤᠵᠢᠳ ᠦᠭᠡ ᠬᠡᠯᠡᠪᠡ ᠃ ᠤᠯᠠᠨ ᠢᠶᠠᠷ ᠢᠶᠠᠨ ᠂ ᠵᠢᠯ ᠤᠨ ᠡᠬᠢᠨ ᠠᠴᠠ ᠨᠠᠭᠠᠰᠢ ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ | ᠲᠣᠭᠲᠠᠭᠤᠨ ᠪᠠᠶᠢᠵᠤ ᠂ ᠰᠢᠨ᠎ᠡ ᠲᠡᠶᠢᠰᠢ ᠰᠠᠶᠢᠵᠢᠷᠠᠵᠤ ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠲᠦᠷᠭᠡᠨ ᠪᠤᠵᠠᠭᠠᠶᠢᠷᠠᠪᠠ ᠃ ᠬᠡᠳᠦ᠋ᠢᠪᠡᠷ ᠭᠠᠳᠠᠭᠠᠳᠤ | ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠵᠤ ᠴᠥᠭᠡᠨ ᠪᠤᠰᠤ ᠬᠦᠴᠢᠷᠳᠡᠯ ᠲᠤᠯᠭᠠᠷᠠᠭᠰᠠᠨ ᠪᠤᠯᠪᠠᠴᠤ ᠮᠠᠨ ᠤ ᠤᠯᠤᠰ ᠤᠨ ᠠᠵᠤ ᠠᠬᠤᠢ ᠶᠢᠨ ᠳᠠᠪᠠᠭᠤᠯᠢᠭ | ᠲᠠᠯ᠎ᠠ ᠤᠯᠠᠨ ᠂ ᠤᠶᠠᠨ ᠬᠠᠳᠠᠨ ᠴᠢᠨᠠᠷ ᠴᠢᠩᠭ᠎ᠠ ᠂ ᠲᠠᠯᠳᠠ ᠬᠦᠴᠦᠨ ᠶᠡᠭᠡ ᠂ ᠬᠥᠭᠵᠢᠯᠲᠡ ᠶᠢᠨ ᠢᠷᠡᠭᠡᠳᠦᠢ ᠤᠷᠳᠤ ᠬᠤᠭᠤᠴᠠᠭ᠎ᠠ ᠪᠠᠷ ᠰᠠᠶᠢᠨ ᠪᠠᠶᠢᠨ᠎ᠠ ᠭᠡᠵᠦ | ᠦᠵᠡᠪᠡ ᠃ ᠣᠯᠠᠨ ᠢᠶᠠᠷ ᠢᠶᠠᠨ ᠪᠠᠰᠠ ᠭᠠᠳᠠᠨᠠᠬᠢ ᠳᠠᠭᠠᠷᠢᠯᠲᠠ ᠶᠢ ᠠᠷᠭᠠᠴᠠᠭᠠᠬᠤ ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠲᠤᠬᠠᠢ ᠰᠠᠨᠠᠯ | ᠰᠠᠨᠠᠭᠤᠯᠭ᠎ᠠ ᠳᠤᠷᠠᠳᠴᠠᠢ ᠃ | ᠲᠤᠰᠬᠠᠢ ᠮᠡᠷᠭᠡᠵᠢᠯᠲᠡᠨ ᠪᠣᠯᠣᠨ ᠠᠵᠤ ᠠᠬᠤᠶᠢᠯᠠᠯᠲᠠᠨ ᠤ ᠦᠭᠡ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠂ ᠯᠢ ᠴᠢᠶᠠᠩ ᠂ ᠡᠨᠡ ᠵᠢᠯ ᠤᠨ | ᠪᠠᠶᠢᠳᠠᠯ ᠨᠡᠯᠢᠶᠡᠳ ᠣᠨᠴᠠᠭᠠᠶ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ | ᠪᠢᠳᠡ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ ᠂ ᠲᠦᠷᠦᠭᠦᠦ ᠤᠯᠠᠷᠢᠯ ᠤᠨ ᠠᠵᠤ ᠠᠬᠤᠢ ᠶᠢᠨ | ᠡᠷᠭᠢᠯᠲᠡ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠪᠠ ᠃ ᠡᠭᠦᠨ ᠤ ᠵᠡᠷᠭᠡ ᠪᠠᠷ ᠂ ᠭᠠᠳᠠᠨᠠᠬᠢ ᠳᠠᠭᠠᠷᠢᠯᠲᠠ ᠨᠢ ᠮᠠᠨ ᠤ ᠤᠯᠤᠰ ᠤᠨ ᠠᠵᠤ ᠠᠬᠤᠢ ᠶᠢᠨ | ᠲᠣᠭᠲᠠᠭᠤᠨ ᠡᠷᠭᠢᠯᠲᠡ ᠳᠤ ᠵᠣᠬᠢᠬᠤ ᠳᠠᠷᠤᠯᠲᠠ ᠪᠣᠯᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ ᠃ ᠪᠢᠳᠡ ᠡᠭᠦᠨ ᠤ ᠲᠤᠬᠠᠢ ᠨᠢᠭᠡᠨᠲᠡ ᠭᠦᠢᠴᠡᠳ | ᠵᠢᠱᠢᠯᠲᠡ ᠬᠢᠵᠦ ᠂ ᠡᠯ᠎ᠡ ᠵᠦᠢᠯ ᠤᠨ ᠲᠣᠬᠲᠠᠭᠠᠯᠳᠤ ᠪᠤᠰᠤ ᠬᠦᠴᠦᠨ ᠵᠦᠢᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠡᠢ ᠃ ᠮᠠᠨ ᠤ ᠤᠯᠤᠰ ᠤᠨ ᠬᠥᠭᠵᠢᠯᠲᠡ | ᠶᠡᠷᠦ ᠠᠴᠠ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠭ᠋ᠤ ᠳᠤᠮᠳᠠ ᠤᠷᠤᠭᠰᠢᠯᠠᠵᠤ ᠢᠷᠡᠭᠰᠡᠨ ᠶᠤᠮ ᠂ ᠪᠢᠳᠡ ᠢᠲᠡᠭᠡᠯ ᠵᠣᠷᠢᠭ ᠢᠶᠠᠨ ᠪᠠᠲᠤᠳᠬᠠᠵᠤ ᠂ | ᠪᠦᠯᠬᠦᠮᠳᠡᠨ ᠲᠡᠮᠡᠴᠡᠵᠦ ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠳᠡᠭ ᠯᠡ ᠶᠤᠮ ᠪᠣᠯ ᠯᠠᠪᠲᠠᠢ ᠠᠶᠤᠯ ᠲᠦᠭᠰᠢᠭᠦᠷᠢ ᠶᠢ ᠠᠵᠠ | ᠲᠣᠭᠢᠶᠠᠯ ᠪᠣᠯᠭᠠᠨ ᠬᠤᠪᠢᠷᠠᠭᠤᠯᠵᠤ ᠂ ᠳᠤᠮᠳᠠᠳᠤ ᠤᠯᠤᠰ ᠤᠨ ᠠᠵᠤ ᠠᠬᠤᠢ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ ᠴᠢᠳᠠᠨ᠎ᠠ ᠭᠡᠵᠦ ᠬᠡᠯᠡᠪᠡ ᠃ | ᠯᠢ ᠴᠢᠶᠠᠩ ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠰᠢᠨ᠎ᠡ ᠬᠤᠪᠢᠷᠠᠯᠲᠠ ᠶᠢᠨ ᠡᠮᠦᠨ᠎ᠡ ᠂ ᠬᠤᠶᠠᠳᠤᠭᠠᠷ ᠤᠯᠠᠷᠢᠯ ᠪᠣᠯᠣᠨ ᠲᠠᠷᠠᠭᠠᠴᠢ ᠶᠢᠨ | ᠠᠯᠬᠤᠮ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠨᠠᠩ ᠴᠢᠬᠤᠯᠠ ᠶᠤᠮ ᠂ ᠡᠯ᠎ᠡ ᠵᠦᠢᠯ ᠤᠨ ᠠᠵᠢᠯ ᠳᠤ ᠴᠥᠮ ᠦᠷᠭᠦᠯᠵᠢᠯᠡᠨ ᠬᠦᠴᠦᠯᠡᠵᠦ ᠂ ᠨᠠᠩ | ᠬᠦᠴᠦᠯᠡᠬᠦ ᠬᠡᠷᠡᠭᠲᠡᠢ ᠃ ᠨᠡᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ ᠂ ᠨᠢᠭᠡᠨᠲᠡ ᠲᠣᠭᠲᠠᠭᠠᠭᠰᠠᠨ | ᠲᠦᠷᠦ ᠶᠢᠨ ᠪᠣᠳᠣᠯᠭ᠎ᠠ ᠶᠢ ᠳᠠᠷᠤᠢ ᠲᠦᠷᠭᠡᠨ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ ᠂ ᠪᠠᠶᠢᠳᠠᠯ ᠤᠨ ᠬᠡᠷᠡᠭᠴᠡᠭᠡ ᠶᠢ | ᠦᠨᠳᠦᠰᠦᠯᠡᠨ ᠰᠢᠨ᠎ᠡ ᠨᠡᠮᠡᠭᠳᠡᠯ ᠤᠨ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠲᠣᠭᠲᠠᠭᠠᠵᠤ ᠂ ᠬᠦᠴᠦᠲᠡᠢ ᠪᠦᠲᠦᠮᠵᠢᠲᠡᠢ ᠲᠦᠷᠦ ᠶᠢᠨ ᠪᠣᠳᠣᠯᠭ᠎ᠠ ᠪᠠᠷ | ᠭᠠᠳᠠᠭᠠᠳᠤ ᠣᠷᠴᠢᠨ ᠤ ᠲᠣᠬᠲᠠᠭᠠᠯᠳᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠣᠷᠳᠣ ᠬᠤᠭᠤᠴᠠᠭᠠᠨ ᠤ ᠪᠠᠶᠢᠯᠳᠤᠬᠤ ᠪᠣᠳᠣᠯᠭ᠎ᠠ ᠪᠤᠯᠭᠠᠵᠤ ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠡᠷᠴᠢᠮ ᠢᠶᠠᠨ ᠴᠢᠩᠭᠠᠷᠠᠭᠤᠯᠵᠤ ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠰᠠᠶᠢᠲᠤᠷ | ᠠᠳᠬᠤᠬᠤ ᠶᠢᠨ ᠵᠡᠷᠭᠡ ᠪᠠᠷ ᠦᠢᠯᠡᠴᠢᠯᠡᠭᠡᠨ ᠤ ᠬᠡᠷᠡᠭᠯᠡᠭᠡᠨ ᠤ ᠳᠠᠯᠳᠠ ᠬᠦᠴᠦᠨ ᠢ ᠲᠦᠷᠭᠡᠳᠬᠡᠨ ᠪᠠᠳᠠᠷᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠠᠭᠤᠰᠤᠯᠴᠠᠨ ᠬᠥᠭᠵᠢᠬᠦ ᠶᠢ ᠠᠬᠢᠭᠤᠯᠵᠤ ᠂ ᠴᠢᠨᠠᠷ ᠰᠠᠶᠢᠲᠠᠢ ᠬᠠᠩᠭᠠᠯᠭ᠎ᠠ ᠪᠠᠷ ᠬᠡᠷᠡᠭᠴᠡᠭᠡ ᠶᠢ | ᠬᠥᠲᠥᠯᠥᠨ ᠳᠠᠭᠠᠭᠤᠯᠵᠤ ᠂ ᠬᠡᠷᠡᠭᠴᠡᠭᠡ ᠶᠢ ᠡᠭᠦᠳᠬᠦ ᠬᠡᠷᠡᠭᠲᠡᠢ ᠃ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠭᠦᠢᠴᠡᠳ ᠬᠥᠭᠵᠢᠭᠡᠵᠦ ᠂ ᠡᠯ᠎ᠡ ᠵᠦᠢᠯ ᠤᠨ ᠳᠡᠮᠵᠢᠯᠭᠡ ᠶᠢᠨ ᠴᠢᠨᠠᠷᠲᠠᠢ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ ᠂ ᠠᠵᠤ ᠠᠬᠤᠶᠢᠯᠠᠯ ᠳᠤ | ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠬᠦᠴᠦᠯᠡᠨ ᠵᠢᠷᠤᠮᠵᠢᠭᠤᠯᠵᠤ ᠂ ᠲᠠᠩᠰᠠᠨ ᠳᠤ ᠥᠷᠢᠲᠦᠭᠰᠡᠨ ᠵᠣᠭᠤᠰ ᠂ ᠪᠡᠯᠡ ᠬᠤᠷᠠᠮᠳᠤᠭᠤᠯᠬᠤ ᠳᠤ ᠬᠦᠴᠢᠷ ᠪᠡᠯᠡ | ᠬᠤᠷᠠᠮᠳᠤᠭᠤᠯᠬᠤ ᠳᠤ ᠦᠨᠡᠲᠡᠢ ᠪᠠᠶᠢᠬᠤ ᠵᠡᠷᠭᠡ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ ᠂ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ | ᠬᠥᠭᠵᠢᠯᠲᠡ ᠶᠢᠨ ᠳᠤᠮᠳᠠᠬᠢ ᠬᠦᠴᠢᠷᠳᠡᠯ ᠢ ᠨᠢ ᠰᠢᠢᠳᠪᠦᠷᠢᠯᠡᠨ ᠥᠭᠴᠦ ᠂ ᠠᠵᠤ ᠠᠬᠤᠶᠢᠯᠠᠯ ᠳᠤ ᠨᠠᠩ ᠰᠠᠶᠢᠨ ᠬᠥᠭᠵᠢᠯᠲᠡ ᠶᠢᠨ ᠣᠷᠴᠢᠨ ᠲᠣᠭᠤᠷᠢᠨ ᠪᠠ | ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃ | ᠯᠢ ᠴᠢᠶᠠᠩ ᠂ ᠥᠷᠭᠡᠨ ᠤᠯᠠᠨ ᠠᠵᠤ ᠠᠬᠤᠶᠢᠯᠠᠯᠲᠠᠨ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ ᠂ ᠢᠳᠡᠪᠬᠢᠲᠡᠢ ᠪᠠᠷ ᠪᠠᠶᠢᠳᠠᠯ ᠢ ᠠᠷᠭᠠᠴᠠᠭᠠᠨ | ᠬᠥᠭᠵᠢᠯᠲᠡ ᠶᠢ ᠠᠬᠢᠭᠤᠯᠵᠤ ᠂ ᠠᠵᠤ ᠠᠬᠤᠶᠢᠯᠠᠯ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ ᠂ ᠤᠯᠤᠰ ᠤᠨ ᠬᠥᠭᠵᠢᠯᠲᠡ ᠶᠢᠨ ᠶᠡᠭᠡ | ᠲᠠᠯ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠶᠢ ᠬᠦᠰᠡᠪᠡ ᠃ ᠲᠤᠰᠬᠠᠢ ᠮᠡᠷᠭᠡᠵᠢᠯᠲᠡᠨ ᠡᠷᠳᠡᠮᠲᠡᠳ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ ᠂ | ᠠᠵᠤ ᠠᠬᠤᠢ ᠶᠢᠨ ᠡᠷᠭᠢᠯᠲᠡ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠤᠨ ᠲᠣᠭᠤᠷᠢᠨ ᠳᠤ ᠪᠠᠷᠠᠯᠠᠯᠳᠤ ᠴᠢᠨᠠᠷᠲᠠᠢ ᠂ ᠪᠦᠲᠦᠭᠡᠯᠴᠢ ᠴᠢᠨᠠᠷᠲᠠᠢ ᠰᠠᠨᠠᠯ ᠢ | ᠢᠯᠡᠭᠦᠬᠡᠨ ᠳᠤᠷᠠᠳᠬᠤ ᠶᠢ ᠬᠦᠰᠡᠪᠡ ᠃ | ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠵᠠᠢ ᠃ | | |