| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 10 ᠤ ᠴᠠᠭᠢᠯᠭᠠᠨ ᠮᠡᠳᠡᠭᠡ 4 ᠰᠠᠷ᠎ᠠ ᠶᠢᠨ 9 ᠤ ᠡᠳᠦᠷ ᠂ ᠯᠠᠲ᠋ᠢᠨ ᠠᠮᠧᠷᠢᠺᠠ ᠪᠠ ᠺᠠᠷᠢᠪᠧ | ᠲᠠᠩᠭᠢᠰ ᠤᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠢᠰᠦᠳᠦᠭᠡᠷ ᠬᠤᠭᠤᠴᠠᠭᠠᠨ ᠤ ᠲᠦᠷᠦᠭᠦᠴᠦᠳ ᠤᠨ ᠬᠤᠷᠠᠯ ᠵᠢᠵᠢᠭᠦᠷ ᠲᠡᠷᠢᠭᠦᠯᠡᠭᠴᠢ ᠤᠯᠤᠰ | ᠬᠤᠨᠳᠦ᠋ᠷᠠᠰ ᠲᠤ ᠶᠠᠪᠤᠭᠳᠠᠵᠤ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ ᠃ | ᠰᠢ ᠶᠢᠨ ᠫᠢᠩ ᠂ ᠣᠳᠣᠬᠠᠨ ᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠳᠦᠨ ᠤᠯᠠᠷᠢᠵᠤ ᠂ ᠳᠤᠮᠳᠠᠳᠤ ᠤᠯᠤᠰ | ᠵᠢᠴᠢ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠲᠠᠩᠭᠢᠰ ᠤᠨ ᠤᠯᠤᠰ ᠤᠳ ᠢ ᠪᠠᠭᠲᠠᠭᠠᠭᠰᠠᠨ ︽ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ︾ | ᠰᠦᠷ ᠬᠦᠴᠦᠨ ᠲᠣᠪᠤᠶᠢᠮ᠎ᠠ ᠪᠠᠶᠢᠨ᠎ᠠ ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠂ ᠬᠤᠯᠪᠤᠭᠠᠯᠠᠨ ᠥᠪᠡᠷ ᠢ ᠪᠠᠨ | ᠬᠦᠴᠦᠷᠬᠡᠭᠵᠢᠭᠦᠯᠬᠦ ᠶᠢ ᠪᠠᠷᠢᠮᠲᠠᠯᠠᠵᠤ ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠂ ᠬᠥᠭᠵᠢᠯᠲᠡ ᠶᠢᠨ ᠬᠠᠮᠲᠤᠷᠠᠯᠴᠠᠭ᠎ᠠ ᠶᠢ ᠠᠬᠢᠭᠤᠯᠬᠤ ᠂ | ᠣᠷᠣᠨ ᠪᠦᠰᠡ ᠶᠢᠨ ᠨᠢᠭᠡ ᠴᠣᠭᠴᠠᠵᠢᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ ᠃ ᠯᠠᠲ᠋ᠢᠨ ᠠᠮᠧᠷᠢᠺᠠ ᠪᠣᠯᠣᠨ ᠺᠠᠷᠢᠪᠧ ᠲᠠᠩᠭᠢᠰ ᠤᠨ | ᠤᠯᠤᠰ ᠤᠳ ᠪᠣᠯᠣᠨ ᠠᠷᠠᠳ ᠲᠦᠮᠡᠨ ᠬᠥᠭᠵᠢᠨ ᠮᠠᠨᠳᠤᠬᠤ ᠵᠠᠮ ᠳᠡᠭᠡᠷ᠎ᠡ ᠨᠡᠩ ᠶᠡᠭᠡ ᠠᠮᠵᠢᠯᠲᠠ ᠪᠦᠲᠦᠮᠵᠢ ᠣᠯᠵᠤ ᠂ ︽ ᠪᠦᠭᠦ ᠪᠥᠮᠪᠥᠷᠴᠡᠭ ᠤᠨ ᠬᠥᠭᠵᠢᠵᠦ | ᠪᠠᠶᠢᠭ᠎ᠠ ᠤᠯᠤᠰ ᠤᠳ ︾ ᠤᠨ ᠪᠦᠯᠬᠦᠮᠳᠡᠯ ᠬᠠᠮᠵᠢᠯᠴᠠᠭ᠎ᠠ ᠶᠢ ᠴᠢᠩᠭᠠᠳᠬᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠴᠢᠩ ᠰᠡᠳᠬᠢᠯ ᠠᠴᠠ ᠪᠠᠨ ᠬᠦᠰᠡᠨ | ᠵᠥᠩᠨᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠶᠢᠨ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠤ ᠰᠢᠯᠭᠠᠯᠲᠠ ᠶᠢ ᠥᠩᠭᠡᠷᠡᠭᠡᠵᠦ ᠂ | ᠨᠢᠭᠡᠨᠲᠡ ᠡᠷᠬᠡ ᠲᠡᠭᠰᠢ ᠂ ᠬᠠᠷᠢᠯᠴᠠᠨ ᠠᠰᠢᠭᠲᠠᠢ ᠰᠢᠨ᠎ᠡ ᠶᠢ ᠡᠭᠦᠳᠬᠦ ᠂ ᠨᠡᠭᠡᠭᠡᠯᠲᠡᠲᠡᠢ ᠂ ᠠᠷᠠᠳ ᠲᠤ ᠠᠰᠢᠭ ᠬᠦᠷᠲᠡᠭᠡᠬᠦ ᠰᠢᠨ᠎ᠡ ᠱᠠᠲᠤᠨ ᠳᠤ ᠣᠷᠣᠪᠠ ᠃ ᠬᠤᠶᠠᠷ | ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠲᠠᠰᠤᠷᠠᠯᠳᠡ ᠦᠭᠡᠢ ᠭᠦᠨᠵᠡᠭᠡᠶᠢᠷᠡᠵᠦ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠷᠭᠦᠯᠵᠢᠯᠡᠨ ᠥᠷᠭᠡᠵᠢᠵᠦ ᠂ | ᠰᠣᠶᠣᠯ ᠢᠷᠭᠡᠨᠰᠢᠯ ᠤᠨ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ ᠂ ᠳᠤᠮᠳᠠᠳᠤ ᠯᠠᠲ᠋ᠢᠨ ᠠᠮᠧᠷᠢᠺᠠ ᠶᠢᠨ ᠬᠤᠶᠠᠷ ᠲᠠᠯ᠎ᠠ ᠶᠢᠨ ᠠᠷᠠᠳ ᠲᠦᠮᠡᠨ ᠳᠤ ᠠᠰᠢᠭ | ᠬᠦᠷᠲᠡᠭᠡᠵᠦ ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ ᠃ ᠳᠤᠮᠳᠠᠳᠤ ᠤᠯᠤᠰ ᠳᠤᠷᠠᠲᠠᠶ᠎ᠠ ᠭᠠᠵᠠᠷ ᠣᠷᠣᠨ ᠤ | ᠤᠯᠤᠰ ᠤᠳ ᠲᠠᠢ ᠬᠠᠮᠲᠤ ᠪᠠᠷ ᠳᠤᠮᠳᠠᠳᠤ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ | ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ ᠃ ᠡᠨᠡ ᠵᠢᠯ ᠂ ᠳᠤᠮᠳᠠᠳᠤ ᠤᠯᠤᠰ ᠪᠡᠭᠡᠵᠢᠩ ᠳᠤ ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠤᠨ | ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠢ ᠡᠷᠭᠢᠯᠡᠨ ᠬᠤᠷᠠᠯᠳᠤᠭᠤᠯᠵᠤ ᠂ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠡᠯ᠎ᠡ | ᠪᠦᠷᠢᠯᠳᠦᠭᠦᠨ ᠤᠯᠤᠰ ᠤᠨ ᠳᠤᠮᠳᠠᠳᠤ ᠤᠯᠤᠰ ᠲᠤ ᠢᠷᠡᠵᠦ ᠬᠤᠷᠠᠯ ᠳᠤ ᠣᠷᠣᠯᠴᠠᠵᠤ ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠵᠦ ᠂ | ᠬᠠᠮᠲᠤᠷᠠᠯᠴᠠᠭᠠᠨ ᠤ ᠦᠪᠡᠳᠡᠭᠰᠢ ᠠᠵᠢᠯᠯᠠᠭ᠎ᠠ ᠶᠢ ᠬᠠᠮᠲᠤ ᠪᠠᠷ ᠪᠡᠶᠡᠯᠡᠭᠦᠯᠵᠦ ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠂ ᠪᠦᠭᠦ | ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢ ᠠᠬᠢᠭᠤᠯᠬᠤ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠤᠶᠤᠨ ᠤᠬᠠᠭᠠᠨ ᠪᠠ ᠬᠦᠴᠦᠨ | ᠴᠢᠳᠠᠯ ᠢᠶᠠᠨ ᠡᠷᠭᠦᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠩᠭᠠᠳᠬᠠᠪᠠ ᠃ | | |