| ᠣᠶᠢᠷ᠎ᠠ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ︽ ᠬᠥᠳᠡᠭᠡ ᠠᠵᠤ ᠠᠬᠤᠢ ᠶᠢᠨ | ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠲᠥᠯᠦᠪᠵᠢᠭᠦᠯᠭᠡ ︵ 2024 - 2035 ᠣᠨ ︶ ︾ ᠶᠢ ᠳᠠᠷᠤᠮᠠᠯᠯᠠᠨ ᠲᠠᠷᠬᠠᠭᠠᠭᠰᠠᠨ ᠪᠥᠭᠡᠳ | ᠮᠡᠳᠡᠭᠳᠡᠯ ᠪᠠᠭᠤᠯᠭᠠᠵᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ ᠃ | ︽ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠲᠥᠯᠦᠪᠵᠢᠭᠦᠯᠭᠡ ︵ 2024 - 2035 ᠣᠨ ︶ ︾ ᠶᠢᠨ | ᠭᠤᠣᠯ ᠠᠭᠤᠯᠭ᠎ᠠ ᠨᠢ ᠳᠣᠣᠷᠠᠬᠢ ᠮᠡᠲᠦ ᠃ | ᠤᠯᠤᠰ ᠬᠦᠴᠦᠷᠬᠡᠭᠵᠢᠬᠦ ᠳᠤ ᠡᠷᠬᠡᠪᠰᠢ ᠤᠷᠢᠳ ᠢᠶᠠᠷ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠵᠦ ᠂ ᠬᠥᠳᠡᠭᠡ ᠠᠵᠤ ᠠᠬᠤᠢ ᠬᠦᠴᠦᠷᠬᠡᠭᠵᠢᠪᠡᠯ ᠰᠠᠶ᠋ᠢ | ᠤᠯᠤᠰ ᠬᠦᠴᠦᠷᠬᠡᠭᠵᠢᠵᠦ ᠴᠢᠳᠠᠨ᠎ᠠ ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠤᠨ | ᠦᠨᠳᠦᠰᠦ ᠰᠠᠭᠤᠷᠢ ᠮᠥᠨ ᠃ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢᠨ ᠡᠮᠦᠨ᠎ᠡ ᠂ ᠡᠷᠬᠡᠪᠰᠢ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ | ᠪᠦᠲᠦᠭᠡᠨ ᠪᠠᠶᠢᠭᠤᠯᠬᠤ ᠶᠠᠪᠤᠳᠠᠯ ᠢ ︽ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠢ ᠶᠡᠷᠦᠩᠬᠡᠶᠢᠯᠡᠨ ᠵᠢᠯᠣᠭᠤᠳᠤᠭᠤᠯᠬᠤ ᠪᠠᠶᠢᠯᠳᠤᠬᠤ | ᠪᠣᠳᠣᠯᠭ᠎ᠠ ᠶᠢᠨ ᠶᠡᠷᠦᠩᠬᠡᠢ ᠬᠥᠲᠥᠯᠪᠦᠷᠢ ᠪᠤᠯᠭᠠᠵᠤ ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠴᠢᠬᠤᠯᠠ | ᠪᠠᠶᠢᠷᠢᠨ ᠳᠤ ᠲᠠᠯᠪᠢᠬᠤ ᠬᠡᠷᠡᠭᠲᠡᠢ ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠶᠢᠨ ᠲᠥᠯᠥᠭᠡ ᠲᠤᠰ | ᠲᠥᠯᠦᠪᠵᠢᠭᠦᠯᠭᠡ ᠶᠢ ᠲᠣᠭᠲᠠᠭᠠᠪᠠ ᠃ | ᠨᠢᠭᠡ ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠨ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ︽ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠤᠨ | ᠲᠤᠬᠠᠢ ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ | ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠵᠤ ᠂ ᠤᠯᠤᠰ ᠤᠨ ᠪᠠᠶᠢᠳᠠᠯ ᠲᠠᠷᠢᠶᠠᠯᠠᠩ ᠤᠨ ᠪᠠᠶᠢᠳᠠᠯ ᠳᠤ ᠰᠠᠭᠤᠷᠢᠯᠠᠨ ᠂ ᠳᠤᠮᠳᠠᠳᠤ ᠤᠯᠤᠰ ᠤᠨ ᠣᠨᠴᠠᠯᠢᠭ ᠢ ᠢᠯᠡᠷᠡᠭᠦᠯᠵᠦ ᠂ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠤᠳᠠᠭᠠᠨ ᠳᠠᠭᠠᠭᠠᠮᠠᠭᠠᠢ ᠪᠠᠷᠢᠮᠲᠠᠯᠠᠨ ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ | ᠬᠥᠭᠵᠢᠭᠦᠯᠬᠦ ᠶᠢ ᠪᠠᠷᠢᠮᠲᠠᠯᠠᠨ ᠂ ︽ ᠮᠢᠩᠭ᠎ᠠ ᠲᠦᠮᠡ ᠶᠢᠨ ᠢᠨᠵᠧᠨᠧᠷᠢᠩ ︾ ᠤᠨ ᠲᠤᠷᠰᠢᠯᠭ᠎ᠠ ᠶᠢ ᠬᠡᠷᠡᠭᠯᠡᠵᠦ ᠂ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠂ ᠬᠤᠲᠠ ᠬᠥᠳᠡᠭᠡ ᠶᠢ ᠠᠭᠤᠰᠤᠯᠴᠠᠭᠤᠯᠤᠨ | ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠪᠠ ᠬᠥᠳᠡᠭᠡ ᠲᠣᠰᠬᠤᠨ ᠤ ᠣᠳᠣᠬᠢᠴᠢᠯᠠᠯᠲᠠ ᠶᠢ | ᠨᠢᠭᠡ ᠴᠣᠭᠴᠠᠵᠢᠭᠤᠯᠤᠨ ᠠᠬᠢᠭᠤᠯᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠤᠯᠠᠭᠠᠨ ᠱᠤᠭᠤᠮ ᠢ ᠨᠠᠩ ᠥᠨᠳᠥᠷ ᠲᠦᠪᠰᠢᠨ ᠢᠶᠠᠷ ᠪᠠᠲᠤ ᠰᠠᠬᠢᠵᠤ ᠂ ᠠᠵᠢᠯᠯᠠᠵᠤ ᠠᠮᠢᠳᠤᠷᠠᠬᠤ ᠳᠤ ᠲᠣᠬᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠲᠦᠷᠭᠡᠳᠬᠡᠨ ᠪᠦᠲᠦᠭᠡᠨ ᠪᠠᠶᠢᠭᠤᠯᠵᠤ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ | ᠪᠦᠲᠦᠮᠵᠢᠲᠡᠶ ᠠᠬᠢᠭᠤᠯᠵᠤ ᠂ ᠬᠠᠩᠭᠠᠯᠭ᠎ᠠ ᠶᠢᠨ ᠪᠠᠲᠤᠯᠠᠭ᠎ᠠ ᠴᠢᠩᠭ᠎ᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠣᠭᠯᠠᠯ ᠴᠢᠩᠭ᠎ᠠ ᠂ ᠡᠵᠡᠩᠨᠡᠯᠲᠡ ᠶᠢᠨ | ᠰᠢᠰᠲ᠋ᠧᠮ ᠴᠢᠩᠭ᠎ᠠ ᠂ ᠠᠵᠤ ᠦᠢᠯᠡᠰ ᠤᠨ ᠤᠶᠠᠨ ᠬᠠᠳᠠᠨ ᠴᠢᠨᠠᠷ ᠴᠢᠩᠭ᠎ᠠ ᠂ ᠥᠷᠢᠰᠦᠯᠳᠦᠬᠦ ᠴᠢᠳᠠᠪᠤᠷᠢ ᠪᠠᠷ ᠴᠢᠩᠭ᠎ᠠ ᠬᠥᠳᠡᠭᠡ ᠠᠵᠤ ᠠᠬᠤᠢ ᠶᠢᠨ ᠬᠦᠴᠦᠷᠬᠡᠭ | ᠤᠯᠤᠰ ᠢ ᠲᠦᠷᠭᠡᠳᠬᠡᠨ ᠪᠠᠶᠢᠭᠤᠯᠵᠤ ᠂ ᠥᠷᠭᠡᠨ ᠣᠯᠠᠨ ᠲᠠᠷᠢᠶᠠᠴᠢᠳ ᠢ ᠨᠠᠩ ᠰᠠᠶᠢᠨ ᠰᠠᠶᠢᠬᠠᠨ ᠠᠮᠢᠳᠤᠷᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠃ | ᠠᠵᠢᠯ ᠤᠨ ᠳᠤᠮᠳᠠ ᠪᠠᠨ ᠪᠡᠶᠡᠯᠡᠭᠦᠯᠬᠦ ᠵᠦᠢᠯ ᠄ ᠦᠢᠯᠡᠳᠪᠦᠷᠢᠯᠡᠯ ᠤᠨ ᠴᠢᠳᠠᠪᠤᠷᠢ ᠪᠠᠨ ᠪᠠᠬᠢᠵᠢᠭᠦᠯᠵᠦ ᠂ ᠰᠠᠭᠤᠷᠢ ᠪᠠᠨ ᠪᠠᠲᠤ ᠴᠣᠭᠴᠠᠯᠠᠵᠤ ᠂ ᠬᠥᠳᠡᠭᠡ ᠠᠵᠤ | ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ ᠂ ᠠᠮᠤ ᠪᠤᠳᠠᠭ᠎ᠠ ᠪᠠ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠳᠤᠲᠠᠭᠤᠳᠠᠯ ᠲᠠᠢ ᠨᠢᠭᠲᠠ ᠤᠶᠠᠯᠳᠤᠭᠤᠯᠤᠨ ᠂ ᠲᠣᠨᠤᠭ ᠲᠥᠬᠦᠭᠡᠷᠦᠮᠵᠢ ᠶᠢᠨ ᠰᠠᠭᠤᠷᠢ ᠂ | ᠮᠡᠷᠭᠡᠵᠢᠯ ᠤᠨ ᠰᠠᠭᠤᠷᠢ ᠂ ᠲᠣᠨᠣᠭᠯᠠᠯ ᠤᠨ ᠰᠠᠭᠤᠷᠢ ᠂ ᠲᠥᠷᠥ ᠶᠢᠨ ᠪᠣᠳᠣᠯᠭ᠎ᠠ ᠶᠢᠨ ᠰᠠᠭᠤᠷᠢ ᠂ ᠳᠦᠷᠢᠮ ᠤᠨ ᠰᠠᠭᠤᠷᠢ ᠶᠢ ᠪᠠᠬᠢᠵᠢᠭᠦᠯᠵᠦ ᠂ ᠠᠮᠤ ᠪᠤᠳᠠᠭᠠᠨ ᠤ | ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠥᠨᠳᠥᠷ ᠲᠦᠪᠰᠢᠨ ᠢᠶᠠᠷ ᠪᠠᠲᠤ ᠡᠵᠡᠮᠳᠡᠨ᠎ᠡ ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠤ ᠂ ᠬᠥᠳᠡᠯᠭᠡᠬᠦ | ᠡᠨᠧᠷᠭᠢ ᠶᠢ ᠨᠡᠮᠡᠭᠳᠡᠭᠦᠯᠵᠦ ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠠᠬᠢ ᠰᠢᠨ᠎ᠡ ᠶᠢ ᠡᠭᠦᠳᠬᠦ ᠶᠢᠨ ᠭᠤᠣᠯᠯᠠᠬᠤ ᠪᠠᠶᠢᠷᠢ ᠰᠠᠭᠤᠷᠢ ᠶᠢ | ᠪᠠᠷᠢᠮᠲᠠᠯᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ ᠂ ᠬᠥᠳᠡᠭᠡ ᠠᠵᠤ ᠠᠬᠤᠢ ᠶᠢᠨ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠵᠤ ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠬᠥᠳᠡᠭᠡ ᠠᠵᠤ ᠠᠬᠤᠢ ᠶᠢᠨ ᠰᠢᠨ᠎ᠡ ᠶᠢ ᠡᠭᠦᠳᠬᠦ ᠬᠦᠴᠦᠨ ᠂ ᠥᠷᠢᠰᠦᠯᠳᠦᠬᠦ ᠬᠦᠴᠦᠨ ᠂ ᠪᠦᠭᠦ ᠡᠯᠧᠮᠧᠨ᠋ᠲ ᠤᠨ | ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠵᠦ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠨᠥᠭᠡᠴᠡ ᠬᠦᠴᠦᠨ ᠢ | ᠴᠢᠩᠭᠠᠷᠠᠭᠤᠯᠤᠨ᠎ᠠ ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠂ ᠰᠠᠭᠤᠷᠢ ᠥᠩᠭᠡ ᠶᠢ ᠢᠯᠡᠷᠡᠭᠦᠯᠵᠦ ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠲᠠᠨ | ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠨ ᠪᠤᠶ ᠪᠤᠯᠭᠠᠵᠤ ᠂ ᠪᠣᠬᠢᠷᠳᠤᠯ ᠦᠭᠡᠢ ᠣᠷᠴᠢᠯᠲᠤ ᠂ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠤᠨ ᠢᠯᠡ ᠲᠣᠳᠣ ᠰᠠᠭᠤᠷᠢ ᠥᠩᠭᠡ ᠪᠣᠯᠭᠠᠨ᠎ᠠ ᠃ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ ᠂ ᠲᠠᠷᠢᠶᠠᠴᠢᠳ ᠢ | ᠪᠠᠶᠠᠵᠢᠭᠤᠯᠤᠨ ᠂ ᠵᠢᠵᠢᠭ ᠲᠠᠷᠢᠶᠠᠴᠢᠨ ᠡᠷᠦᠭᠡ ᠶᠢᠨ ᠠᠰᠢᠭ ᠲᠤᠰᠠ ᠶᠢ ᠬᠠᠮᠠᠭᠠᠯᠠᠬᠤ ᠶᠢ ᠴᠢᠬᠤᠯᠠᠴᠢᠯᠠᠵᠤ ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ | ᠨᠡᠮᠡᠭᠳᠡᠭᠦᠯᠬᠦ ᠂ ᠬᠤᠳᠠ ᠬᠥᠳᠡᠭᠡ ᠶᠢᠨ ᠣᠷᠣᠯᠭ᠎ᠠ ᠶᠢᠨ ᠵᠥᠷᠢᠶ᠎ᠡ ᠶᠢ ᠦᠷᠭᠦᠯᠵᠢᠯᠡᠨ ᠪᠠᠭᠠᠰᠬᠠᠬᠤ ᠪᠠᠷ ᠭᠤᠣᠯᠳᠠᠯᠭ᠎ᠠ ᠪᠣᠯᠭᠠᠨ ᠂ ᠠᠵᠤ ᠦᠢᠯᠡᠰ ᠤᠨ ᠬᠥᠭᠵᠢᠯᠲᠡ ᠂ | ᠠᠵᠢᠯ ᠡᠷᠭᠢᠯᠡᠭᠦ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ | ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠦᠨ ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠠᠪᠤᠳᠠᠯ ᠦᠯᠦ | ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ ᠂ ᠬᠤᠳᠠ ᠬᠥᠳᠡᠭᠡ ᠶᠢᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ ᠂ ᠬᠥᠳᠡᠭᠡ ᠠᠵᠤ ᠠᠬᠤᠢ ᠶᠢᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠷᠢᠶᠠᠴᠢᠳ ᠲᠤ ᠨᠡᠩ ᠤᠯᠠᠨ ᠨᠡᠩ ᠭᠤᠣᠯᠴᠢ ᠪᠠᠷ ᠬᠦᠷᠲᠡᠭᠡᠨ᠎ᠡ ᠃ ᠠᠯᠬᠤᠮ | ᠲᠠᠷᠠᠭ᠎ᠠ ᠲᠠᠢ ᠪᠠᠷ ᠠᠬᠢᠭᠤᠯᠵᠤ ᠂ ᠯᠠᠪᠳᠠᠭᠤᠨ ᠪᠠᠲᠤᠲᠠᠢ ᠠᠵᠢᠯᠯᠠᠵᠤ ᠂ ᠡᠬᠢ ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢᠨ ᠱᠠᠲᠤᠨ ᠳᠤ ᠰᠠᠭᠤᠷᠢᠯᠠᠨ ᠂ ᠬᠥᠮᠥᠨ | ᠠᠮᠠ ᠶᠢᠨ ᠬᠤᠪᠢᠷᠠᠯᠲᠠ ᠶᠢᠨ ᠬᠠᠨᠳᠤᠰᠢ ᠳᠤ ᠵᠣᠬᠢᠴᠠᠭᠤᠯᠵᠤ ᠂ ᠬᠥᠳᠡᠭᠡ ᠲᠣᠰᠬᠤᠨ ᠤ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠨ ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠬᠥᠭᠵᠢᠯᠲᠡ ᠳᠤ ᠬᠠᠮᠤᠭ ᠤᠨ ᠲᠤᠯᠭᠠᠮ ᠂ ᠲᠠᠷᠢᠶᠠᠴᠢᠳ ᠤᠨ ᠲᠤᠰᠬᠠᠯ ᠬᠠᠮᠤᠭ ᠤᠨ ᠴᠢᠩᠭ᠎ᠠ ᠪᠠᠶᠢᠭ᠎ᠠ ᠪᠣᠳᠠᠲᠠᠢ ᠠᠰᠠᠭᠤᠳᠠᠯ ᠠᠴᠠ | ᠭᠠᠷᠳᠠᠵᠤ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ ᠂ ᠱᠠᠲᠤ ᠦᠶ᠎ᠡ ᠬᠤᠪᠢᠶᠠᠨ ᠯᠠᠪᠳᠠᠭᠤᠨ | ᠪᠠᠲᠤᠲᠠᠢ ᠪᠠᠷ ᠠᠬᠢᠭᠤᠯᠤᠨ᠎ᠠ ᠃ | ᠭᠤᠣᠯ ᠬᠠᠷᠠᠯᠲᠠ ᠄ 2027 ᠣᠨ ᠪᠤᠯᠬᠤ ᠳᠤ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠢᠯᠡᠳᠲᠡ | ᠠᠬᠢᠴᠠ ᠲᠠᠢ ᠪᠣᠯᠭᠠᠨ᠎ᠠ ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠮᠥᠨ ᠴᠢᠨᠠᠷ ᠤᠨ ᠠᠬᠢᠴᠠ ᠲᠠᠢ ᠪᠣᠯᠵᠤ ᠂ ᠬᠥᠳᠡᠭᠡ | ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠲᠠᠯ᠎ᠠ ᠪᠠᠷ ᠰᠢᠨ᠎ᠡ ᠳᠡᠭᠲᠡᠷ ᠲᠤ ᠭᠠᠷᠤᠨ᠎ᠠ ᠃ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 1.4 ᠲᠦᠮᠡᠨ ᠳ᠋ᠦᠩᠰᠢᠭᠤᠷ | ᠵᠢᠩ ᠳᠤ ᠬᠦᠷᠭᠡᠵᠦ ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠵᠦᠢ ᠵᠣᠬᠢᠰᠲᠠᠢ ᠥᠪᠡᠷ ᠢ ᠪᠠᠨ ᠬᠠᠩᠭᠠᠬᠤ ᠲᠦᠪᠰᠢᠨ ᠢ ᠪᠠᠲᠤᠯᠠᠨ᠎ᠠ ᠃ ᠬᠥᠳᠡᠭᠡ ᠠᠵᠤ | ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠣᠭᠯᠠᠯ ᠤᠨ ᠲᠤᠯᠭᠠᠭᠤᠷᠢᠯᠠᠯ ᠦᠷᠭᠦᠯᠵᠢᠯᠡᠨ ᠴᠢᠩᠭᠠᠷᠠᠵᠤ ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠰᠢᠪᠲᠤᠯᠤᠯᠲᠠ ᠲᠠᠢ ᠪᠣᠯᠵᠤ ᠂ ᠦᠷ᠎ᠡ ᠡᠭᠦᠯᠳᠡᠷ ᠪᠤᠶᠢᠵᠢᠭᠤᠯᠬᠤ ᠪᠣᠭᠤᠮᠲᠠ ᠰᠢᠪᠲᠤᠯᠬᠤ ᠠᠵᠢᠯ ᠢᠯᠡᠳᠲᠡ | ᠠᠬᠢᠴᠠ ᠲᠠᠢ ᠪᠣᠯᠵᠤ ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠳᠤᠲᠠᠭᠤᠳᠠᠯ ᠢ ᠨᠥᠬᠦᠪᠦᠷᠢᠯᠡᠬᠦ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠣᠨ᠎ᠠ ᠃ ᠤᠳᠤ | ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮ ᠢ ᠦᠨᠳᠦᠰᠦᠨ ᠳᠡᠭᠡᠨ ᠪᠦᠷᠢᠨᠰᠢᠭᠦᠯᠵᠦ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠦᠷᠳᠡᠭ ᠤᠨ ᠬᠡᠯᠬᠢᠶ᠎ᠡ ᠶᠢ ᠤᠷᠲᠤᠳᠬᠠᠨ ᠥᠷᠭᠡᠳᠬᠡᠵᠦ ᠂ ᠬᠥᠳᠡᠭᠡ ᠠᠵᠤ ᠠᠬᠤᠢ ᠶᠢᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ ᠃ ᠠᠵᠢᠯᠯᠠᠵᠤ ᠠᠮᠢᠳᠤᠷᠠᠬᠤ ᠳᠤ ᠲᠣᠬᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠢᠳᠡᠪᠬᠢᠲᠡᠢ ᠠᠬᠢᠵᠤ ᠂ ᠬᠥᠳᠡᠭᠡ ᠲᠣᠰᠬᠤᠨ ᠤ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠵᠤ ᠂ ᠣᠯᠠᠨ ᠲᠦᠮᠡᠨ ᠳᠤ ᠮᠡᠳᠡᠭᠳᠡᠮ᠎ᠡ | ᠮᠡᠳᠡᠷᠡᠭᠳᠡᠮᠡ ᠨᠢᠭᠡ ᠪᠦᠯᠦᠭ ᠪᠣᠳᠠᠲᠤ ᠶᠠᠪᠤᠳᠠᠯ ᠢ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠠᠳᠬᠤᠨ ᠪᠡᠶᠡᠯᠡᠭᠦᠯᠵᠦ ᠂ ᠶᠠᠪᠤᠵᠤ ᠰᠠᠭᠤᠬᠤ ᠂ ᠤᠰᠤ ᠬᠡᠷᠡᠭᠯᠡᠬᠦ ᠂ | ᠵᠣᠷᠯᠣᠩ ᠬᠡᠷᠡᠭᠯᠡᠬᠦ ᠳᠤ ᠲᠥᠭᠦᠮ ᠪᠤᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ ᠂ ᠪᠣᠬᠢᠷ ᠤᠰᠤ ᠶᠢ ᠵᠠᠰᠠᠬᠤ ᠂ ᠣᠨᠣᠰᠢᠯᠠᠨ ᠡᠮᠨᠡᠬᠦ ᠦᠢᠯᠡᠴᠢᠯᠡᠭᠡ ᠂ | ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠂ ᠨᠤᠲᠤᠭ ᠤᠨ ᠰᠤᠷᠲᠠᠯ ᠪᠣᠯᠪᠠᠰᠤᠨ ᠂ ᠠᠵᠤ ᠦᠢᠯᠡᠰ ᠢᠶᠠᠷ ᠲᠠᠷᠢᠶᠠᠯᠠᠩ ᠢ ᠳᠠᠶᠢᠴᠢᠯᠠᠬᠤ ᠲᠦᠪᠰᠢᠨ ᠢ ᠯᠠᠪᠳᠠᠭᠤᠨ ᠢᠶᠠᠷ | ᠳᠡᠭᠡᠭᠰᠢᠯᠡᠭᠦᠯᠦᠨ᠎ᠡ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢᠨ ᠨᠡᠮᠡᠭᠳᠡᠯ ᠬᠢᠭᠡᠳ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ | ᠶᠡᠷᠦᠩᠬᠡᠢ ᠦᠷᠲᠡᠭ ᠤᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ | ᠵᠥᠷᠢᠶ᠎ᠡ ᠶᠢ ᠦᠷᠭᠦᠯᠵᠢᠯᠡᠨ ᠪᠠᠭᠠᠰᠬᠠᠨ᠎ᠠ ᠃ 2035 ᠣᠨ ᠪᠤᠯᠬᠤ ᠳᠤ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ | ᠢᠯᠡᠳᠲᠡ ᠦᠷ᠎ᠡ ᠪᠦᠲᠦᠮᠵᠢ ᠣᠯᠣᠨ᠎ᠠ ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠢᠳᠪᠦᠷᠢᠲᠦ ᠴᠢᠨᠠᠷᠲᠠᠢ ᠠᠬᠢᠴᠠ ᠲᠠᠢ | ᠪᠣᠯᠵᠤ ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ ᠂ ᠬᠥᠳᠡᠭᠡ ᠲᠣᠰᠬᠤᠨ ᠳᠤ ᠤᠳᠤ ᠦᠶ᠎ᠡ ᠶᠢᠨ ᠠᠮᠢᠳᠤᠷᠠᠯ ᠤᠨ | ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠦᠨ᠎ᠡ ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠲᠣᠭᠲᠠᠭᠤᠨ ᠂ ᠬᠠᠩᠭᠠᠯᠭ᠎ᠠ ᠨᠠᠩ ᠠᠮᠤᠷ ᠲᠦᠪᠰᠢᠨ | ᠪᠣᠯᠵᠤ ᠂ ᠬᠥᠳᠡᠭᠡ ᠲᠣᠰᠬᠤᠨ ᠤ ᠠᠵᠤ ᠦᠢᠯᠡᠰ ᠤᠨ ᠬᠡᠯᠬᠢᠶ᠎ᠡ ᠶᠢᠨ ᠲᠠᠰ ᠳᠡᠪᠰᠢᠵᠦ ᠲᠡᠭᠦᠯᠳᠡᠷᠵᠢᠬᠦ ᠂ ᠠᠭᠤᠰᠤᠯᠴᠠᠬᠤ ᠨᠠᠩ ᠭᠦᠢᠴᠡᠳ ᠪᠣᠯᠵᠤ ᠂ ᠬᠥᠳᠡᠭᠡ | ᠲᠣᠰᠬᠤᠨ ᠤ ᠲᠥᠬᠦᠭᠡᠷᠦᠮᠵᠢ ᠪᠦᠷᠢᠨ ᠲᠥᠬᠦᠷ ᠂ ᠠᠮᠢᠳᠤᠷᠠᠯ ᠨᠠᠩ ᠳᠥᠭᠦᠮ ᠳᠥᠲᠡ ᠪᠣᠯᠵᠤ ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡ | ᠲᠦᠭᠡᠮᠡᠯ ᠬᠠᠷᠠᠭᠠᠯᠵᠠᠯᠲᠤ ᠠᠳᠠᠯᠢ ᠲᠡᠭᠰᠢ ᠪᠣᠯᠵᠤ ᠂ ᠪᠠᠲᠤᠯᠠᠭ᠎ᠠ ᠨᠠᠩ ᠬᠦᠴᠦᠲᠡᠢ ᠪᠣᠯᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠠᠤᠯᠢ ᠪᠠᠷ ᠵᠠᠰᠠᠬᠤ | ᠪᠠᠶᠢᠭᠤᠯᠤᠯᠲᠠ ᠨᠠᠩ ᠲᠡᠭᠦᠯᠳᠡᠷᠵᠢᠵᠦ ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠦᠨᠳᠦᠰᠦᠨ ᠳᠡᠭᠡᠨ ᠲᠡᠭᠦᠯᠳᠡᠷᠵᠢᠵᠦ ᠂ ᠨᠡᠶᠢᠭᠡᠮ ᠨᠠᠩ ᠠᠮᠤᠷ | ᠲᠣᠭᠲᠠᠭᠤᠨ ᠪᠣᠯᠵᠤ ᠂ ᠲᠠᠷᠢᠶᠠᠴᠢᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ ᠂ ᠬᠤᠲᠠ ᠬᠥᠳᠡᠭᠡ ᠶᠢᠨ ᠬᠥᠭᠵᠢᠯᠲᠡ ᠨᠠᠩ ᠵᠣᠬᠢᠴᠠᠩᠭᠤᠢ ᠪᠣᠯᠣᠨ᠎ᠠ ᠃ ᠲᠤᠰ | ᠵᠠᠭᠤᠨ ᠤ ᠳᠤᠮᠳᠠᠴᠢ ᠪᠤᠯᠬᠤ ᠳᠤ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠨ᠎ᠡ ᠃ ᠬᠠᠩᠭᠠᠯᠭ᠎ᠠ ᠶᠢᠨ | ᠪᠠᠲᠤᠯᠠᠭ᠎ᠠ ᠠᠮᠤᠷ ᠲᠦᠪᠰᠢᠨ ᠨᠠᠶᠢᠳᠠᠪᠤᠷᠢᠲᠠᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠪᠡᠶ᠎ᠡ ᠪᠠᠨ ᠳᠠᠭᠠᠭᠠᠵᠤ ᠬᠦᠴᠦᠷᠬᠡᠭᠵᠢᠵᠦ ᠂ | ᠲᠤᠨᠤᠭ ᠲᠥᠬᠦᠭᠡᠷᠦᠮᠵᠢ ᠨᠢ ᠢᠵᠢ ᠪᠦᠷᠢᠳᠦᠨ ᠲᠡᠭᠦᠯᠳᠡᠷᠵᠢᠵᠦ ᠂ ᠬᠥᠳᠡᠭᠡ ᠲᠣᠰᠬᠤᠨ ᠤ ᠠᠵᠤ ᠦᠢᠯᠡᠰ ᠤᠨ ᠬᠡᠯᠬᠢᠶ᠎ᠡ ᠪᠦᠷᠢᠨᠰᠢᠭᠰᠡᠨ ᠪᠥᠭᠡᠳ ᠥᠨᠳᠥᠷ | ᠪᠦᠲᠦᠮᠵᠢᠲᠡᠢ ᠪᠣᠯᠵᠤ ᠂ ᠬᠥᠳᠡᠭᠡ ᠲᠣᠰᠬᠤᠨ ᠪᠣᠯᠪᠠᠰᠤᠨ ᠦᠵᠡᠰᠬᠦᠯᠡᠩᠲᠦ ᠰᠠᠶᠢᠬᠠᠨ ᠂ ᠲᠠᠷᠢᠶᠠᠴᠢᠳ ᠤᠨ ᠠᠮᠢᠳᠤᠷᠠᠯ ᠵᠣᠯ ᠵᠢᠷᠭᠠᠯ ᠲᠠᠢ ᠰᠠᠶᠢᠨ ᠰᠠᠶᠢᠬᠠᠨ ᠪᠣᠯᠵᠤ ᠂ | ᠤᠯᠠᠨ ᠤᠯᠤᠰ ᠤᠨ ᠥᠷᠢᠰᠦᠯᠳᠦᠭᠡᠨ ᠤ ᠳᠠᠪᠠᠭᠤᠯᠢᠭ ᠢᠯᠡᠷᠬᠡᠢ ᠪᠣᠯᠵᠤ ᠂ ᠬᠤᠳᠠ ᠬᠥᠳᠡᠭᠡ ᠪᠦᠭᠦ ᠲᠠᠯ᠎ᠠ ᠪᠠᠷ ᠠᠭᠤᠰᠤᠯᠴᠠᠵᠤ ᠂ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠦᠭᠦ ᠲᠠᠯ᠎ᠠ ᠪᠠᠷ ᠪᠡᠶᠡᠯᠡᠭᠦᠯᠦᠨ᠎ᠡ ᠃ | ᠬᠤᠶᠠᠷ ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠵᠦ ᠂ ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠨᠠᠩ ᠪᠠᠲᠤ | ᠨᠠᠩ ᠯᠠᠪᠳᠠᠭᠤᠨ ᠪᠠᠶᠢᠯᠭᠠᠨ᠎ᠠ | ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠬᠠᠩᠭᠠᠯᠭ᠎ᠠ ᠶᠢ ᠪᠠᠲᠤᠯᠠᠬᠤ ᠶᠢ ᠲᠡᠷᠢᠭᠦᠨ ᠴᠢᠬᠤᠯᠠ | ᠶᠠᠪᠤᠳᠠᠯ ᠪᠤᠯᠭᠠᠵᠤ ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠬᠤ ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ | ᠨᠡᠮᠡᠭᠳᠡᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ | ᠪᠣᠳᠠᠰ ᠤᠨ ᠰᠠᠭᠤᠷᠢ ᠶᠢ ᠪᠠᠲᠤ ᠴᠣᠭᠴᠠᠯᠠᠨ᠎ᠠ ᠃ | ︵ ᠨᠢᠭᠡ ︶ ᠲᠠᠷᠢᠶᠠᠨ ᠭᠠᠵᠠᠷ ᠤᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠨ᠎ᠠ ᠃ ᠲᠠᠷᠢᠶᠠᠨ ᠭᠠᠵᠠᠷ ᠤᠨ ᠲᠤᠭ᠎ᠠ | ᠬᠡᠮᠵᠢᠶ᠎ᠡ ᠂ ᠶᠠᠰᠤ ᠴᠢᠨᠠᠷ ᠂ ᠠᠮᠢ ᠠᠬᠤᠢ ᠶᠢᠨ ︽ ᠭᠤᠷᠪᠠ ᠶᠢ ᠨᠢᠭᠡ ᠴᠣᠭᠴᠠᠵᠢᠭᠤᠯᠬᠤ ︾ ᠬᠠᠮᠠᠭᠠᠯᠠᠯᠲᠠ ᠶᠢᠨ ᠳᠦᠷᠢᠮ ᠤᠨ ᠰᠢᠰᠲ᠋ᠧᠮ ᠢ ᠪᠦᠷᠢᠨᠰᠢᠭᠦᠯᠵᠦ ᠂ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ ᠂ ᠡᠯ᠎ᠡ ᠲᠥᠷᠥᠯ ᠤᠨ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠶᠢ ᠨᠢᠭᠡᠳᠦᠯᠲᠡᠢ ᠬᠠᠮᠢᠶᠠᠷᠤᠯᠲᠠ ᠳᠤ ᠣᠷᠣᠭᠤᠯᠤᠨ ᠂ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠲᠣᠭᠲᠠᠴᠠ ᠶᠢ | ᠨᠥᠬᠦᠪᠦᠷᠢᠯᠡᠨ ᠲᠡᠭᠦᠯᠳᠡᠷᠵᠢᠭᠦᠯᠵᠦ ᠂ ᠲᠡᠩᠴᠡᠭᠦᠷᠢᠲᠡᠢ ᠪᠠᠶᠢᠯᠭᠠᠬᠤ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠨ᠎ᠠ ᠃ 18.65 ᠳ᠋ᠦᠩᠰᠢᠭᠤᠷ ᠮᠦ ᠲᠠᠷᠢᠶᠠᠨ | ᠭᠠᠵᠠᠷ ᠪᠠ 15.46 ᠳ᠋ᠦᠩᠰᠢᠭᠤᠷ ᠮᠦ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠨ᠎ᠠ ᠃ | ᠬᠤᠵᠢᠷᠯᠢᠭ ᠭᠠᠵᠠᠷ ᠢ ᠵᠠᠰᠠᠵᠤ ᠰᠠᠶᠢᠵᠢᠷᠠᠭᠤᠯᠬᠤ ᠠᠵᠢᠯ ᠢ ᠣᠷᠣᠨ ᠬᠤᠪᠢᠶᠠᠨ ᠲᠥᠷᠥᠯ ᠬᠤᠪᠢᠶᠠᠨ ᠥᠷᠨᠢᠭᠦᠯᠵᠦ ᠂ ᠬᠤᠵᠢᠷᠯᠢᠭ ᠭᠠᠵᠠᠷ ᠵᠡᠷᠭᠡ ᠲᠠᠷᠢᠶᠠᠨ | ᠭᠠᠵᠠᠷ ᠤᠨ ᠨᠥᠭᠡᠴᠡ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠤᠨ᠎ᠠ ᠃ ᠵᠡᠭᠦᠨ | ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠂ ᠲᠠᠯ᠎ᠠ ᠭᠠᠵᠠᠷ ᠂ ᠤᠰᠤᠨ ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠤ | ᠲᠠᠷᠢᠶᠠᠨ ᠭᠠᠵᠠᠷ ᠢ ᠤᠷᠢᠳ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ ᠂ ᠪᠦᠲᠦᠭᠡᠨ ᠪᠠᠶᠢᠭᠤᠯᠬᠤ ᠪᠠᠷᠢᠮᠵᠢᠶ᠎ᠠ ᠪᠠ ᠶᠠᠰᠤ | ᠴᠢᠨᠠᠷ ᠢ ᠳᠡᠭᠡᠭᠰᠢᠯᠡᠭᠦᠯᠦᠨ ᠂ ᠨᠥᠬᠦᠴᠡᠯ ᠪᠦᠷᠢᠯᠳᠦᠭᠦᠯᠦᠭᠰᠡᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠭᠦᠨ ᠢ ᠠᠯᠬᠤᠮ ᠠᠯᠬᠤᠮ ᠢᠶᠠᠷ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠂ | ᠰᠢᠯᠭᠠᠨ ᠠᠪᠬᠤ ᠂ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ | ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ ᠃ ᠲᠠᠷᠢᠶᠠᠨ ᠭᠠᠵᠠᠷ ᠤᠨ ᠣᠷᠭᠠᠨᠢᠭ ᠴᠢᠨᠠᠷ ᠢ ᠳᠡᠭᠡᠭᠰᠢᠯᠡᠭᠦᠯᠭᠦ | ᠠᠵᠢᠯᠯᠠᠭ᠎ᠠ ᠶᠢ ᠬᠡᠷᠡᠭᠵᠢᠭᠦᠯᠵᠦ ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠨ ᠠᠰᠢᠭᠯᠠᠬᠤ ᠪᠠ ᠲᠠᠴᠢᠷᠳᠠᠭᠰᠠᠨ ᠲᠠᠷᠢᠶᠠᠨ ᠭᠠᠵᠠᠷ ᠢ ᠵᠠᠰᠠᠬᠤ ᠠᠵᠢᠯ ᠢ ᠴᠢᠩᠭᠠᠳᠬᠠᠨ᠎ᠠ ᠃ | ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠵᠤ ᠂ ᠬᠥᠳᠡᠭᠡ ᠠᠵᠤ ᠠᠬᠤᠢ ᠶᠢᠨ ᠤᠰᠤᠨ | ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠲᠣᠣᠷ ᠢ ᠲᠡᠭᠦᠯᠳᠡᠷᠵᠢᠭᠦᠯᠦᠨ᠎ᠡ ᠃ ᠬᠥᠳᠡᠭᠡ ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ ᠃ | ︵ ᠬᠤᠶᠠᠷ ︶ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠦᠨ᠎ᠡ ᠃ ᠰᠢᠨ᠎ᠡ ᠨᠢᠭᠡ | ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ ᠂ | ᠠᠮᠤ ᠪᠤᠳᠠᠭ᠎ᠠ ᠲᠣᠰᠣ ᠵᠡᠷᠭᠡ ᠭᠤᠣᠯ ᠪᠤᠯᠬᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠪᠦᠰᠡ ᠶᠢ ᠲᠦᠷᠭᠡᠳᠬᠡᠨ ᠪᠠᠶᠢᠭᠤᠯᠤᠨ᠎ᠠ ᠃ ᠤᠰᠤᠨ ᠲᠤᠲᠤᠷᠭ᠎ᠠ ᠂ ᠪᠤᠭᠤᠳᠠᠢ ᠶᠢᠨ | ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠂ ᠪᠦᠲᠦᠴᠡ ᠶᠢ ᠰᠢᠯᠢᠳᠡᠭᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠤᠨ᠎ᠠ ᠃ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠲᠥᠮᠥᠰᠥ ᠶᠢᠨ ᠲᠥᠷᠥᠯ ᠤᠨ ᠡᠯᠳᠡᠪ ᠠᠮᠤ ᠶᠢ ᠬᠥᠭᠵᠢᠭᠦᠯᠦᠨ᠎ᠡ ᠃ ᠰᠢᠯᠢᠮᠳᠡᠭ ᠂ ᠯᠣᠬᠠᠱᠧᠩ ᠵᠡᠷᠭᠡ ᠲᠣᠰᠣᠯᠢᠭ ᠲᠠᠷᠢᠮᠠᠯ ᠤᠨ | ᠦᠢᠯᠡᠳᠪᠦᠷᠢᠯᠡᠯ ᠤᠨ ᠳᠠᠯᠳᠠ ᠬᠦᠴᠦᠨ ᠢ ᠠᠭᠤᠳᠠᠯᠵᠤ ᠂ ᠲᠣᠰᠣᠨ ᠴᠠᠢ ᠂ ᠠᠮᠢᠲᠠᠨ ᠤ ᠥᠭᠡᠬᠦ ᠶᠢᠨ ᠲᠣᠰᠣ ᠵᠡᠷᠭᠡ ᠲᠣᠰᠣᠨ ᠤ ᠢᠷᠡᠯᠲᠡ ᠶᠢ ᠥᠷᠭᠡᠳᠬᠡᠨ᠎ᠡ ᠃ ︽ | ᠢᠳᠡᠰᠢ ᠶᠢᠨ ᠨᠣᠭᠤᠭ᠎ᠠ ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠵᠤ ᠂ ᠡᠮᠦᠨᠡᠲᠦ ᠶᠢᠨ ᠨᠣᠭᠤᠭ᠎ᠠ ᠶᠢ ᠤᠮᠠᠷᠠᠰᠢ | ᠵᠥᠭᠡᠭᠡᠪᠦᠷᠢᠯᠡᠬᠦ ᠪᠠ ᠬᠦᠢᠲᠡᠨ ᠰᠡᠷᠢᠭᠦᠨ ᠭᠠᠵᠠᠷ ᠣᠷᠣᠨ ᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠢ ᠬᠥᠭᠵᠢᠭᠦᠯᠵᠦ ᠂ ᠭᠠᠭ᠋ᠠᠢ ᠶᠢᠨ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ ᠂ ᠰᠦ ᠶᠢᠨ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠂ ᠮᠢᠬᠠᠨ ᠤ ᠦᠬᠡᠷ ᠬᠤᠨᠢᠨ ᠤ ᠲᠤᠭ᠎ᠠ ᠬᠡᠮᠵᠢᠶ᠎ᠡ ᠶᠢ | ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠵᠦ ᠂ ᠣᠲᠣ ᠦᠶ᠎ᠡ ᠶᠢᠨ ᠵᠢᠭᠠᠰᠤᠨ ᠠᠵᠤ ᠠᠬᠤᠢ ᠶᠢ ᠬᠥᠭᠵᠢᠭᠦᠯᠦᠨ᠎ᠡ ᠃ ᠰᠢᠬᠢᠷᠯᠢᠭ | ᠲᠠᠷᠢᠮᠠᠯ ᠤᠨ ᠨᠢᠰᠢᠩᠭᠦ ᠶᠢᠨ ᠰᠠᠶᠢᠨ ᠡᠭᠦᠯᠳᠡᠷ ᠢ ᠢᠳᠡᠪᠬᠢᠲᠡᠢ ᠪᠤᠶᠢᠵᠢᠭᠤᠯᠤᠨ ᠳᠡᠯᠭᠡᠷᠡᠭᠦᠯᠵᠦ ᠂ ᠮᠧᠬᠠᠨᠢᠭᠵᠢᠭᠤᠯᠤᠯᠲᠠ ᠶᠢᠨ ᠲᠦᠪᠰᠢᠨ ᠢ ᠲᠦᠷᠭᠡᠳᠬᠡᠨ | ᠳᠡᠭᠡᠭᠰᠢᠯᠡᠭᠦᠯᠦᠨ᠎ᠡ ᠃ ᠪᠠᠶᠢᠭᠠᠯᠢ ᠶᠢᠨ ᠭᠤᠮ ᠤᠨ ᠬᠠᠭᠤᠴᠢᠨ ᠭᠤᠮ ᠤᠨ ᠬᠦᠷᠢᠶᠡᠯᠡᠩ ᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ ᠂ ᠣᠨᠴᠠ ᠲᠥᠷᠥᠯ ᠤᠨ | ᠭᠤᠮ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠤᠨ᠎ᠠ ᠃ | ︵ ᠭᠤᠷᠪᠠ ︶ ᠠᠮᠤ ᠪᠤᠳᠠᠭᠠᠨ ᠤ ᠦᠢᠯᠡᠳᠪᠦᠷᠢᠯᠡᠯ ᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ | ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ︽ ᠠᠮᠤ ᠪᠤᠳᠠᠭ᠎ᠠ ︾ ᠶᠢᠨ | ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ ᠃ ᠲᠠᠷᠢᠶᠠᠨ ᠭᠠᠵᠠᠷ ᠢ ᠦᠨᠳᠦᠰᠦᠨ ᠲᠠᠷᠢᠮᠠᠯ ᠳᠤ ᠬᠡᠷᠡᠭᠯᠡᠬᠦ ᠬᠠᠮᠢᠶᠠᠷᠤᠯᠲᠠ ᠶᠢᠨ ᠰᠢᠰᠲ᠋ᠧᠮ ᠢ | ᠪᠠᠲᠤᠯᠠᠨ ᠪᠦᠷᠢᠨᠰᠢᠭᠦᠯᠵᠦ ᠂ ᠠᠮᠤ ᠪᠤᠳᠠᠭ᠎ᠠ ᠳᠠᠷᠢᠬᠤ ᠲᠠᠯᠠᠪᠠᠶ ᠶᠢ 17.5 ᠳ᠋ᠦᠩᠰᠢᠭᠤᠷ ᠮᠦ ᠣᠷᠴᠢᠮ ᠂ ᠠᠮᠤ ᠪᠤᠳᠠᠭᠠᠨ ᠤ ᠲᠠᠯᠠᠪᠠᠶ ᠶᠢ 14.5 ᠳ᠋ᠦᠩᠰᠢᠭᠤᠷ ᠮᠦ | ᠣᠷᠴᠢᠮ ᠲᠣᠭᠲᠠᠪᠤᠷᠢᠵᠢᠭᠤᠯᠬᠤ ᠶᠢ ᠪᠠᠲᠤᠯᠠᠨ᠎ᠠ ᠃ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠦᠷᠭᠡᠳᠬᠡᠨ | ᠪᠦᠷᠢᠨᠰᠢᠭᠦᠯᠵᠦ ᠂ ᠦᠨ᠎ᠡ ᠬᠠᠩᠰᠢ ᠂ ᠨᠥᠬᠦᠪᠦᠷᠢ ᠂ ᠳᠠᠭᠠᠳᠬᠠᠯ ᠵᠡᠷᠭᠡ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠠᠮᠤ ᠪᠤᠳᠠᠭ᠎ᠠ ᠵᠡᠷᠭᠡ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠵᠦᠢ ᠵᠣᠬᠢᠰᠲᠠᠢ ᠲᠦᠪᠰᠢᠨ ᠳᠤ ᠪᠠᠶᠢᠯᠭᠠᠬᠤ ᠶᠢ ᠠᠬᠢᠭᠤᠯᠤᠨ᠎ᠠ ᠃ ᠲᠠᠷᠢᠶᠠᠯᠠᠩ ᠤᠨ | ᠳᠠᠭᠠᠳᠬᠠᠯ ᠤᠨ ᠶᠡᠭᠡ ᠭᠠᠮᠰᠢᠭ ᠤᠨ ᠠᠶᠤᠯ ᠲᠦᠭᠰᠢᠭᠦᠷᠢ ᠶᠢ ᠵᠠᠳᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠠᠮᠤ ᠪᠤᠳᠠᠭᠠᠨ ᠤ ᠭᠤᠣᠯ ᠭᠠᠷᠤᠯᠲᠠ ᠶᠢᠨ | ᠣᠷᠣᠨ ᠤ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠪᠦᠷᠢᠨᠰᠢᠭᠦᠯᠵᠦ ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠳᠤ ᠱᠠᠩᠨᠠᠯ ᠨᠥᠬᠦᠪᠦᠷᠢ ᠥᠭᠬᠦ | ᠳᠦᠷᠢᠮ ᠢ ᠲᠡᠭᠦᠯᠳᠡᠷᠵᠢᠭᠦᠯᠦᠨ ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠲᠡᠶᠢᠰᠢ | ᠬᠡᠯᠪᠠᠶᠢᠯᠭᠡᠵᠦ ᠂ ᠮᠤᠵᠢ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠬᠦ ᠭᠠᠵᠠᠷ ᠰᠢᠷᠣᠢ ᠶᠢ ᠰᠢᠯᠵᠢᠭᠦᠯᠦᠨ ᠥᠭᠬᠦ ᠣᠷᠣᠯᠭ᠎ᠠ ᠶᠢ ᠲᠣᠭᠲᠠᠭᠠᠯ ᠶᠣᠰᠣᠭᠠᠷ ᠠᠮᠤ | ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠂ ᠤᠳᠤ ᠦᠶ᠎ᠡ ᠶᠢᠨ ᠦᠷ᠎ᠡ ᠶᠢᠨ | ᠦᠢᠯᠡᠰ ᠤᠨ ᠳᠡᠭᠡᠭᠰᠢᠯᠡᠯᠲᠡ ᠵᠡᠷᠭᠡ ᠳᠤ ᠬᠡᠷᠡᠭᠯᠡᠵᠦ ᠂ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠭᠢ ᠬᠥᠨᠳᠡᠯᠡᠨ | ᠴᠢᠭᠯᠡᠯ ᠤᠨ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠤᠨ᠎ᠠ ᠃ | ︵ ᠳᠥᠷᠪᠡ ︶ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠨᠥᠭᠡᠴᠡᠯᠡᠵᠦ ᠲᠣᠬᠢᠷᠠᠭᠤᠯᠤᠨ ᠡᠵᠡᠮᠳᠡᠬᠦ ᠶᠢ ᠴᠢᠩᠭᠠᠳᠬᠠᠨ᠎ᠠ ᠃ | ᠤᠯᠤᠰ ᠤᠨ ᠨᠥᠭᠡᠴᠡᠯᠡᠬᠦ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠦᠨ᠎ᠡ ᠃ ᠠᠮᠤ ᠪᠤᠳᠠᠭ᠎ᠠ ᠬᠤᠳᠠᠯᠳᠤᠨ ᠠᠪᠬᠤ ᠪᠣᠷᠣᠯᠠᠭᠤᠯᠬᠤ ᠪᠠ ᠨᠥᠭᠡᠴᠡᠯᠡᠬᠦ | ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠬᠢᠨᠠᠯᠲᠠ ᠬᠠᠮᠢᠶᠠᠷᠤᠯᠲᠠ ᠶᠢᠨ ᠰᠢᠨ᠎ᠡ | ᠵᠠᠭᠪᠤᠷ ᠢ ᠪᠠᠶᠢᠭᠤᠯᠤᠨ᠎ᠠ ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠭᠦ ᠬᠡᠯᠬᠢᠶᠡᠨ ᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ | ᠰᠢᠰᠲ᠋ᠧᠮ ᠢ ᠲᠡᠭᠦᠯᠳᠡᠷᠵᠢᠭᠦᠯᠦᠨ᠎ᠡ ᠃ ᠪᠣᠷᠳᠣᠭᠠᠨ ᠳᠤ ᠬᠡᠷᠡᠭᠯᠡᠬᠦ ᠪᠤᠷᠴᠠᠭ ᠤᠨ ᠰᠢᠬᠠᠳᠠᠰᠤ ᠶᠢ ᠪᠠᠭᠠᠰᠬᠠᠨ ᠣᠷᠣᠯᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ ᠂ | ᠤᠭᠤᠷᠠᠭ ᠪᠠᠭᠠᠲᠠᠢ ᠬᠤᠨᠤᠭ ᠤᠨ ᠠᠮᠤ ᠶᠢᠨ ᠮᠡᠷᠭᠡᠵᠢᠯ ᠢ ᠳᠡᠯᠭᠡᠷᠡᠭᠦᠯᠦᠨ᠎ᠡ ᠃ ᠠᠮᠤ ᠪᠤᠳᠠᠭ᠎ᠠ ᠪᠠ ᠢᠳᠡᠭᠡᠨ ᠢ ᠠᠷᠪᠢᠯᠠᠨ ᠭᠠᠮᠨᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ ᠂ ᠠᠮᠤ ᠪᠤᠳᠠᠭ᠎ᠠ ᠳᠠᠷᠢᠬᠤ ᠂ ᠬᠤᠷᠢᠶᠠᠬᠤ ᠂ ᠬᠠᠳᠠᠭᠠᠯᠠᠵᠤ ᠵᠥᠭᠡᠭᠡᠪᠦᠷᠢᠯᠡᠬᠦ ᠂ ᠡᠳ᠋ᠰᠢᠭᠦᠯᠬᠦ ᠂ ᠬᠡᠷᠡᠭᠯᠡᠬᠦ ᠵᠡᠷᠭᠡ ᠪᠦᠭᠦ | ᠬᠡᠯᠬᠢᠶ᠎ᠡ ᠪᠦᠭᠦ ᠭᠤᠭᠴᠤᠭ᠎ᠠ ᠪᠠᠷ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠶᠢ ᠠᠬᠢᠭᠤᠯᠵᠤ ᠂ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ ᠢ | ᠲᠡᠭᠦᠯᠳᠡᠷᠵᠢᠭᠦᠯᠦᠨ᠎ᠡ ᠃ | ︵ ᠲᠠᠪᠤ ︶ ᠢᠳᠡᠭᠡᠨ ᠤ ᠣᠯᠠᠨ ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ ᠃ ᠬᠠᠮ ᠲᠠᠷᠢᠶᠠᠯᠠᠩ ᠤᠨ ᠦᠵᠡᠯᠲᠡ ᠂ ᠬᠠᠮ ᠢᠳᠡᠭᠡᠨ ᠤ | ᠦᠵᠡᠯᠲᠡ ᠶᠢ ᠪᠤᠢ ᠪᠤᠯᠭᠠᠵᠤ ᠂ ᠢᠳᠡᠭᠡᠨ ᠤ ᠡᠬᠢ ᠪᠠᠶᠠᠯᠢᠭ ᠢ ᠪᠦᠭᠦ ᠲᠠᠯ᠎ᠠ ᠪᠠᠷ ᠂ ᠤᠯᠠᠨ ᠠᠷᠭ᠎ᠠ ᠵᠠᠮ ᠢᠶᠠᠷ ᠨᠡᠭᠡᠭᠡᠨ ᠬᠥᠭᠵᠢᠭᠦᠯᠦᠨ᠎ᠡ ᠃ ᠠᠮᠢ ᠠᠬᠤᠢ ᠣᠷᠴᠢᠨ | ᠲᠣᠭᠤᠷᠢᠨ ᠢ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ ᠂ ᠮᠣᠳᠣᠯᠢᠭ ᠠᠮᠤ ᠲᠣᠰᠣ ᠶᠢ ᠬᠥᠭᠵᠢᠭᠦᠯᠦᠨ᠎ᠡ ᠃ ᠴᠢᠨᠠᠷ ᠰᠠᠶᠢᠲᠠᠢ ᠤᠰᠤ ᠠᠷᠪᠢᠯᠠᠬᠤ ᠥᠨᠳᠥᠷ | ᠤᠨᠠᠯᠲᠠ ᠲᠠᠢ ᠲᠡᠵᠢᠭᠡᠯ ᠡᠪᠡᠰᠦᠨ ᠤ ᠦᠢᠯᠡᠳᠪᠦᠷᠢᠯᠡᠯ ᠢ ᠬᠥᠭᠵᠢᠭᠦᠯᠦᠨ᠎ᠡ ᠃ ᠶᠡᠭᠡ ᠤᠰᠤᠨ ᠭᠠᠳᠠᠷᠭᠤ ᠶᠢᠨ ᠠᠮᠢ ᠠᠬᠤᠢ ᠶᠢᠨ ᠵᠢᠭᠠᠰᠤᠨ ᠠᠵᠤ ᠠᠬᠤᠢ ᠶᠢ | ᠬᠥᠭᠵᠢᠭᠦᠯᠵᠦ ᠂ ᠡᠬᠡ ᠬᠠᠭᠤᠷᠠᠢ ᠶᠢᠨ ᠰᠠᠭᠤᠷᠢ ᠪᠠ ᠠᠯᠤᠰ ᠳᠠᠯᠠᠢ ᠶᠢᠨ ᠲᠡᠵᠢᠭᠡᠨ ᠦᠷᠡᠵᠢᠭᠦᠯᠬᠦ ᠵᠢᠭᠠᠰᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ ᠂ ᠣᠶᠢᠷ᠎ᠠ ᠳᠠᠯᠠᠢ ᠠᠴᠠ ᠠᠩᠨᠠᠵᠤ ᠱᠦᠭᠦᠬᠦ ᠪᠠ ᠠᠯᠤᠰ ᠳᠠᠯᠠᠢ ᠶᠢᠨ ᠵᠢᠭᠠᠰᠤᠨ ᠠᠵᠤ ᠠᠬᠤᠢ ᠶᠢ ᠵᠢᠷᠤᠮᠵᠢᠭᠤᠯᠤᠨ ᠬᠥᠭᠵᠢᠭᠦᠯᠦᠨ᠎ᠡ ᠃ | ᠲᠥᠬᠦᠭᠡᠷᠦᠮᠵᠢᠲᠦ ᠲᠠᠷᠢᠶᠠᠯᠠᠩ ᠤᠨ ᠣᠳᠣᠬᠢᠴᠢᠯᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ ᠂ ᠪᠠᠷᠢᠮᠵᠢᠶ᠎ᠠ ᠨᠢ ᠵᠢᠷᠤᠮᠵᠢᠭᠤᠨ ᠂ ᠲᠣᠨᠣᠭᠯᠠᠯ ᠨᠢ | ᠲᠡᠷᠢᠭᠦᠨ ᠤ ᠂ ᠭᠠᠷᠭᠠᠯᠲᠠ ᠨᠢ ᠥᠨᠳᠥᠷ ᠪᠦᠲᠦᠮᠵᠢᠲᠡᠶ ᠣᠲᠣ ᠦᠶ᠎ᠡ ᠶᠢᠨ ᠳᠠᠷᠢᠵᠤ ᠲᠡᠵᠢᠭᠡᠬᠦ ᠲᠥᠬᠦᠭᠡᠷᠦᠮᠵᠢ ᠶᠢ ᠪᠠᠶᠢᠭᠤᠯᠵᠤ ᠂ ᠲᠠᠷᠢᠶᠠᠯᠠᠩ ᠤᠨ ᠦᠢᠯᠡᠳᠪᠦᠷᠢ | ᠵᠡᠷᠭᠡ ᠰᠢᠨ᠎ᠡ ᠭᠡᠯᠪᠡᠷᠢ ᠶᠢ ᠬᠥᠭᠵᠢᠭᠦᠯᠦᠨ᠎ᠡ ᠃ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠠᠮᠢᠳᠤ ᠪᠣᠳᠠᠰ ᠤᠨ ᠠᠵᠤ ᠦᠢᠯᠡᠰ ᠢ | ᠬᠥᠭᠵᠢᠭᠦᠯᠵᠦ ᠂ ᠢᠳᠡᠰᠢᠨ ᠤ ᠮᠥᠭᠦ ᠶᠢᠨ ᠠᠵᠤ ᠦᠢᠯᠡᠰ ᠢ ᠪᠤᠵᠠᠭᠠᠶᠢᠷᠠᠭᠤᠯᠤᠨ ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰᠵᠢᠯᠲᠡ ᠶᠢ ᠠᠬᠢᠭᠤᠯᠤᠨ᠎ᠠ ᠃ | ᠭᠤᠷᠪᠠ ᠂ ᠪᠦᠭᠦ ᠬᠦᠷᠢᠶᠡᠨ ᠳᠤ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠰᠢᠨ᠎ᠡ ᠶᠢ | ᠡᠭᠦᠳᠬᠦ ᠶᠢ ᠠᠬᠢᠭᠤᠯᠵᠤ ᠂ ᠥᠨᠳᠥᠷ ᠲᠦᠪᠰᠢᠨ ᠪᠦᠬᠦᠢ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠦᠨ᠎ᠡ | ᠬᠥᠳᠡᠭᠡ ᠠᠵᠤ ᠠᠬᠤᠢ ᠶᠢᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠᠷ ᠤᠳᠤᠷᠢᠳᠤᠮᠵᠢ ᠪᠤᠯᠭᠠᠵᠤ ᠂ ᠠᠵᠤ ᠦᠢᠯᠡᠰ ᠤᠨ ᠪᠠᠴᠢᠮ | ᠬᠡᠷᠡᠭᠴᠡᠭᠡ ᠪᠠᠷ ᠤᠳᠤᠷᠢᠳᠤᠮᠵᠢ ᠪᠤᠯᠭᠠᠵᠤ ᠂ ᠦᠷ᠎ᠡ ᠶᠢᠨ ᠦᠢᠯᠡᠰ ᠢᠶᠠᠷ ᠭᠤᠣᠯᠳᠠᠯᠭ᠎ᠠ ᠪᠤᠯᠭᠠᠬᠰᠠᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠵᠦ ᠂ ᠴᠢᠬᠤᠯᠠ ᠶᠡᠭᠡ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠪᠲᠤᠯᠤᠯᠲᠠ ᠶᠢ ᠠᠬᠢᠭᠤᠯᠵᠤ ᠂ ᠲᠠᠷᠢᠶᠠᠯᠠᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠬᠥᠳᠡᠭᠡ ᠠᠵᠤ ᠠᠬᠤᠢ ᠶᠢᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ | ︵ ᠵᠢᠷᠭᠤᠭ᠎ᠠ ︶ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠢ ᠪᠦᠬᠦᠯᠢ ᠴᠣᠭᠴᠠ ᠪᠠᠷ ᠨᠢ | ᠳᠡᠭᠡᠭᠰᠢᠯᠡᠭᠦᠯᠭᠦ ᠶᠢ ᠲᠦᠷᠭᠡᠳᠬᠡᠨ᠎ᠡ ᠃ ᠤᠯᠤᠰ ᠤᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ | ᠬᠦᠴᠦᠨ ᠤ ᠪᠠᠶᠢᠭᠤᠯᠤᠯᠲᠠ ᠶᠢ ᠴᠢᠩᠭᠠᠳᠬᠠᠨ ᠂ ᠬᠥᠳᠡᠭᠡ ᠠᠵᠤ ᠠᠬᠤᠢ ᠶᠢᠨ ᠰᠠᠭᠤᠷᠢ ᠰᠤᠳᠤᠯᠤᠯ ᠪᠣᠯᠣᠨ ᠨᠡᠶᠢᠲᠡ ᠶᠢᠨ ᠠᠰᠠᠷᠠᠮᠵᠢ ᠶᠢᠨ ᠰᠢᠨᠵᠢᠯᠡᠬᠦ ᠤᠬᠠᠭᠠᠨ ᠤ | ᠰᠤᠳᠤᠯᠤᠯ ᠤᠨ ᠪᠠᠶᠢᠭᠤᠯᠤᠮᠵᠢ ᠶᠢ ᠲᠣᠭᠲᠠᠭᠤᠨ ᠢᠶᠠᠷ ᠳᠡᠮᠵᠢᠵᠦ ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ | ᠠᠵᠤ ᠠᠬᠤᠶᠢᠯᠠᠯ ᠢ ᠪᠤᠶᠢᠵᠢᠭᠤᠯᠤᠨ ᠂ ᠳᠡᠰ ᠳᠠᠪᠬᠤᠷᠭ᠎ᠠ ᠨᠢ ᠲᠣᠳᠣᠷᠬᠠᠢ ᠂ ᠠᠵᠢᠯ ᠢᠶᠠᠨ ᠬᠤᠪᠢᠳᠠᠨ ᠬᠠᠮᠵᠢᠯᠴᠠᠭᠰᠠᠨ ᠂ ᠵᠣᠬᠢᠰᠲᠠᠢ ᠥᠷᠢᠰᠦᠯᠳᠦᠭᠰᠡᠨ ᠬᠥᠳᠡᠭᠡ | ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠴᠣᠭᠴᠠᠯᠠᠨ ᠪᠠᠶᠢᠭᠤᠯᠤᠨ᠎ᠠ ᠃ ᠬᠥᠳᠡᠭᠡ ᠠᠵᠤ ᠠᠬᠤᠢ ᠶᠢᠨ | ᠰᠠᠭᠤᠷᠢ ᠰᠤᠳᠤᠯᠭᠠᠨ ᠤ ᠪᠠᠷᠠᠯᠠᠯᠳᠦ ᠴᠢᠨᠠᠷ ᠂ ᠪᠠᠶᠢᠯᠳᠤᠬᠤ ᠪᠣᠳᠣᠯᠭ᠎ᠠ ᠶᠢᠨ ᠴᠢᠨᠠᠷ ᠂ ᠰᠢᠰᠲ᠋ᠧᠮᠲᠦ ᠴᠢᠨᠠᠷ ᠤᠨ ᠪᠠᠶᠢᠷᠢᠰᠢᠭᠤᠯᠤᠯᠲᠠ ᠶᠢ ᠴᠢᠩᠭᠠᠳᠬᠠᠵᠤ ᠂ ᠭᠧᠨ ᠤ | ᠪᠦᠯᠦᠭ ᠤᠨ ᠤᠬᠠᠭᠠᠨ ᠂ ᠮᠠᠯ ᠡᠮᠨᠡᠯᠭᠡ ᠶᠢᠨ ᠤᠬᠠᠭᠠᠨ ᠢ ᠤᠷᠢᠳᠴᠢᠯᠠᠨ ᠰᠡᠷᠭᠡᠶᠢᠯᠡᠬᠦ ᠂ ᠬᠦᠨᠳᠦ ᠶᠡᠭᠡ ᠡᠪᠡᠳᠴᠢᠨ ᠬᠤᠷᠣᠬᠠᠢ ᠶᠢᠨ ᠭᠠᠮᠰᠢᠭ ᠪᠤᠯᠬᠤ ᠪᠠ ᠴᠠᠭ | ᠠᠭᠤᠷ ᠠᠴᠠ ᠪᠣᠯᠵᠤ ᠭᠠᠮᠰᠢᠭᠳᠠᠭᠰᠠᠨ ᠵᠢᠮ᠎ᠡ ᠬᠠᠤᠯᠢ ᠵᠡᠷᠭᠡ ᠰᠤᠳᠤᠯᠭᠠᠨ ᠤ ᠰᠢᠪᠲᠤᠯᠤᠯᠲᠠ ᠶᠢ ᠲᠦᠷᠭᠡᠳᠬᠡᠨ᠎ᠡ ᠃ ᠬᠥᠳᠡᠭᠡ ᠠᠵᠤ ᠠᠬᠤᠢ ᠶᠢᠨ ᠬᠦᠷᠢᠶᠡᠨ ᠳᠠᠬᠢ | ᠤᠯᠤᠰ ᠤᠨ ᠲᠤᠷᠰᠢᠯᠲᠠ ᠶᠢᠨ ᠲᠠᠰᠤᠭ ᠪᠠ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠨᠥᠬᠦᠴᠡᠯ ᠢ ᠰᠠᠶᠢᠵᠢᠷᠠᠭᠤᠯᠵᠤ ᠂ ᠨᠢᠭᠡ ᠪᠦᠯᠦᠭ | ᠳᠡᠯᠡᠬᠡᠢ ᠶᠢᠨ ᠲᠡᠷᠢᠭᠦᠨ ᠵᠡᠷᠭᠡ ᠶᠢᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠰᠤᠳᠤᠯᠭᠠᠨ ᠤ ᠭᠡᠯᠪᠡᠷᠢ ᠶᠢᠨ | ᠲᠠᠷᠢᠶᠠᠯᠠᠩ ᠤᠨ ᠳᠡᠭᠡᠳᠦ ᠰᠤᠷᠭᠠᠭᠤᠯᠢ ᠶᠢ ᠪᠠᠶᠢᠭᠤᠯᠤᠨ᠎ᠠ ᠃ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠶᠢ ᠴᠢᠩᠭᠠᠳᠬᠠᠵᠤ ᠂ ᠬᠥᠳᠡᠭᠡ ᠠᠵᠤ ᠠᠬᠤᠢ ᠶᠢᠨ ᠭᠤᠣᠯ ᠭᠠᠷᠤᠯᠲᠠ ᠶᠢᠨ ᠣᠷᠣᠨ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠬᠥᠭᠵᠢᠶᠡᠨᠲᠦ ᠣᠷᠣᠨ ᠤ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠤᠨ᠎ᠠ ᠃ ᠬᠥᠳᠡᠭᠡ ᠠᠵᠤ ᠠᠬᠤᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠠᠭᠠᠯᠠᠯᠲᠠ ᠪᠠ ᠡᠷᠬᠡ ᠳᠤ ᠬᠠᠯᠳᠠᠭᠰᠠᠨ ᠳᠤ ᠴᠣᠬᠢᠯᠲᠠ ᠥᠭᠬᠦ ᠠᠵᠢᠯ ᠢ ᠴᠢᠩᠭᠠᠳᠬᠠᠨ᠎ᠠ ᠃ ᠨᠡᠶᠢᠲᠡ ᠶᠢᠨ ᠠᠰᠠᠷᠠᠮᠵᠢ ᠶᠢᠨ ᠴᠢᠨᠠᠷ ᠪᠠ | ᠡᠵᠡᠩᠨᠡᠯᠲᠡ ᠶᠢᠨ ᠴᠢᠨᠠᠷ ᠢ ᠤᠶᠠᠯᠳᠤᠭᠤᠯᠤᠭᠰᠠᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠢ | ᠲᠡᠭᠦᠯᠳᠡᠷᠵᠢᠭᠦᠯᠵᠦ ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ ᠃ | ︵ ᠳᠣᠯᠤᠭ᠎ᠠ ︶ ᠦᠷ᠎ᠡ ᠶᠢᠨ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠨ ᠪᠦᠭᠦ ᠲᠠᠯ᠎ᠠ ᠪᠠᠷ ᠰᠢᠪᠲᠤᠯᠤᠯᠲᠠ ᠭᠠᠷᠭᠠᠬᠤ ᠶᠢ ᠠᠬᠢᠭᠤᠯᠤᠨ᠎ᠠ ᠃ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠂ ᠦᠷ᠎ᠡ ᠶᠢᠨ ᠢᠷᠡᠯᠲᠡ ᠶᠢ ᠪᠡᠶ᠎ᠡ ᠪᠠᠨ ᠳᠠᠭᠠᠭᠠᠨ ᠡᠵᠡᠮᠳᠡᠵᠦ ᠳᠡᠶᠢᠯᠭᠦ ᠶᠢ ᠲᠦᠷᠭᠡᠳᠬᠡᠨ ᠪᠡᠶᠡᠯᠡᠭᠦᠯᠦᠨ᠎ᠡ ᠃ | ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ ᠂ ᠳᠡᠯᠡᠬᠡᠢ ᠳᠡᠭᠡᠷᠡᠬᠢ ᠲᠡᠷᠢᠭᠦᠨ ᠤ ᠤᠯᠤᠰ ᠤᠨ ᠦᠷ᠎ᠡ ᠡᠳ᠋ ᠤᠨ ᠡᠬᠢ ᠪᠠᠶᠠᠯᠢᠭ ᠢ | ᠬᠠᠳᠠᠭᠠᠯᠠᠬᠤ ᠂ ᠬᠢᠨᠠᠨ ᠲᠣᠭᠲᠠᠭᠠᠬᠤ ᠂ ᠡᠭᠦᠳᠦᠨ ᠪᠦᠲᠦᠭᠡᠬᠦ ᠪᠠ ᠭᠧᠨ ᠢ ᠠᠭᠤᠳᠠᠯᠬᠤ ᠴᠢᠬᠤᠯᠠ ᠶᠡᠭᠡ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ ᠂ ᠦᠷ᠎ᠡ | ᠡᠳ᠋ ᠤᠨ ᠡᠬᠢ ᠪᠠᠶᠠᠯᠢᠭ ᠢ ᠰᠣᠯᠢᠯᠴᠠᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ ᠃ ᠡᠭᠦᠯᠳᠡᠷ ᠪᠤᠶᠢᠵᠢᠭᠤᠯᠬᠤ ᠶᠢᠨ ᠬᠠᠮᠲᠤᠷᠠᠨ ᠪᠣᠭᠤᠮᠲᠠ ᠰᠢᠪᠲᠤᠯᠬᠤ ᠪᠠ ᠮᠠᠯ | ᠵᠢᠭᠦᠷᠲᠡᠨ ᠤ ᠤᠳᠤᠮᠯᠠᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ ᠂ ᠡᠮᠦᠨᠡᠲᠦ ᠶᠢᠨ ᠦᠷ᠎ᠡ ᠪᠤᠶᠢᠵᠢᠭᠤᠯᠬᠤ ᠴᠠᠬᠢᠭᠤᠷᠲᠤ ᠬᠥᠨᠳᠡᠢ ᠶᠢ ᠲᠦᠷᠭᠡᠳᠬᠡᠨ | ᠪᠦᠲᠦᠭᠡᠨ ᠪᠠᠶᠢᠭᠤᠯᠤᠨ᠎ᠠ ᠃ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠴᠢᠬᠤᠯᠠ ᠶᠡᠭᠡ ᠲᠤᠰᠬᠠᠢ ᠵᠦᠢᠯ ᠢ ᠬᠡᠷᠡᠭᠵᠢᠭᠦᠯᠵᠦ ᠂ ᠲᠣᠰᠣ ᠶᠡᠬᠡᠲᠡᠢ ᠭᠠᠷᠤᠯᠲᠠ | ᠶᠡᠬᠡᠲᠡᠢ ᠰᠢᠷ᠎ᠠ ᠪᠤᠷᠴᠠᠭ ᠂ ᠬᠤᠵᠢᠷ ᠲᠤ ᠳᠠᠭᠠᠭᠠᠮᠠᠭᠠᠢ ᠲᠠᠷᠢᠮᠠᠯ ᠵᠡᠷᠭᠡ ᠡᠭᠦᠯᠳᠡᠷ ᠢ ᠰᠣᠩᠭᠤᠨ ᠪᠤᠶᠢᠵᠢᠭᠤᠯᠵᠤ ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠶᠢ | ᠠᠵᠤ ᠦᠢᠯᠡᠰᠵᠢᠭᠦᠯᠦᠨ ᠬᠡᠷᠡᠭᠯᠡᠬᠦ ᠶᠢ ᠲᠦᠷᠭᠡᠳᠬᠡᠨ᠎ᠡ ᠃ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠦᠨ᠎ᠡ ᠃ ᠣᠳᠣᠬᠢᠴᠢᠯᠠᠭᠰᠠᠨ | ᠦᠷ᠎ᠡ ᠪᠤᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠴᠢᠬᠤᠯᠠ ᠶᠡᠭᠡ ᠡᠭᠦᠯᠳᠡᠷ ᠤᠨ ᠲᠤᠯᠭᠠᠭᠤᠷᠢᠯᠠᠨ ᠳᠡᠯᠭᠡᠷᠡᠭᠦᠯᠬᠦ ᠰᠢᠰᠲ᠋ᠧᠮ | ᠪᠣᠯᠣᠨ ᠦᠷ᠎ᠡ ᠶᠢᠨ ᠢᠷᠡᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ ᠃ | ︵ ᠨᠠᠢᠮᠠ ︶ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢᠨ ᠪᠦᠭᠦ ᠶᠠᠪᠤᠴᠠ ᠶᠢ ᠪᠦᠭᠦ ᠲᠠᠯ᠎ᠠ ᠪᠠᠷ ᠲᠠᠰ ᠳᠡᠪᠰᠢᠭᠦᠯᠬᠦ ᠶᠢ ᠠᠬᠢᠭᠤᠯᠤᠨ᠎ᠠ ᠃ ᠲᠣᠮᠣ | ᠭᠡᠯᠪᠡᠷᠢ ᠶᠢᠨ ᠳᠡᠭᠡᠳᠦ ᠲᠠᠰ ᠤᠨ ᠣᠶᠤᠨᠴᠢ ᠲᠠᠷᠢᠶᠠᠯᠠᠩ ᠤᠨ ᠮᠠᠰᠢᠨ ᠂ ᠳᠣᠪᠣᠷᠬᠠᠭ ᠠᠭᠤᠯᠠᠷᠬᠠᠭ ᠣᠷᠣᠨ ᠳᠤ ᠲᠣᠬᠢᠷᠠᠬᠤ ᠵᠢᠵᠢᠭ ᠭᠡᠯᠪᠡᠷᠢ ᠶᠢᠨ ᠮᠠᠰᠢᠨ ᠮᠧᠬᠠᠨᠢᠭ | ᠵᠡᠷᠭᠡ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠪᠠ ᠵᠠᠩᠭᠢᠯᠠᠭ᠎ᠠ ᠶᠢᠨ ᠰᠡᠯᠪᠢᠭ ᠲᠣᠨᠤᠭ ᠢ ᠰᠤᠳᠤᠯᠤᠨ ᠨᠡᠭᠡᠭᠡᠵᠦ ᠬᠡᠷᠡᠭᠯᠡᠬᠦ ᠶᠢ ᠴᠢᠩᠭᠠᠳᠬᠠᠵᠤ ᠂ | ᠤᠯᠤᠰ ᠲᠠᠭᠠᠨ ᠦᠢᠯᠡᠳᠪᠦᠷᠢᠯᠡᠭᠰᠡᠨ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢ ᠪᠦᠭᠦ ᠲᠠᠯ᠎ᠠ ᠪᠠᠷ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ | ᠥᠨᠳᠥᠷ ᠪᠦᠲᠦᠮᠵᠢᠲᠡᠶ ᠬᠥᠭᠵᠢᠯᠲᠡ ᠶᠢ ᠲᠤᠯᠭᠠᠭᠤᠷᠢᠯᠠᠬᠤ ᠶᠢ ᠲᠦᠷᠭᠡᠳᠬᠡᠨ ᠪᠡᠶᠡᠯᠡᠭᠦᠯᠦᠨ᠎ᠡ ᠃ ᠬᠠᠭᠤᠴᠢᠷᠠᠭᠰᠠᠨ ᠪᠠ ᠬᠠᠭᠤᠴᠢᠨ ᠲᠠᠷᠢᠶᠠᠯᠠᠩ ᠤᠨ ᠮᠠᠰᠢᠨ ᠢ | ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠠᠬᠢᠭᠤᠯᠵᠤ ᠂ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢᠨ ᠪᠦᠲᠦᠴᠡ ᠶᠢ ᠰᠢᠯᠢᠳᠡᠭᠵᠢᠭᠦᠯᠦᠨ᠎ᠡ ᠃ | ᠴᠢᠬᠤᠯᠠ ᠲᠠᠷᠢᠶᠠᠯᠠᠩ ᠤᠨ ᠮᠠᠰᠢᠨ ᠲᠣᠨᠣᠭᠯᠠᠯ ᠤᠨ ᠠᠵᠤ ᠦᠢᠯᠡᠰ ᠤᠨ ᠪᠥᠭᠡᠮᠨᠡᠷᠡᠯ ᠢ ᠪᠤᠢ ᠪᠤᠯᠭᠠᠵᠤ ᠂ ᠳᠡᠭᠡᠳᠦ ᠳᠣᠣᠷᠠᠳᠤ ᠤᠷᠤᠰᠬᠠᠯ ᠤᠨ ᠲᠣᠭᠲᠠᠭᠤᠨ ᠪᠥᠭᠡᠳ | ᠢᠵᠢ ᠪᠦᠷᠢᠳᠦᠭᠰᠡᠨ ᠂ ᠢᠨᠵᠧᠨᠧᠷᠢᠩ ᠡᠯᠧᠺᠳ᠋ᠷᠣᠨ ᠵᠡᠷᠭᠡ ᠬᠦᠷᠢᠶᠡᠨ ᠳᠠᠬᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠮᠵᠢᠯᠴᠠᠨ ᠣᠷᠣᠯᠴᠠᠬᠰᠠᠨ ᠠᠵᠤ | ᠦᠢᠯᠡᠰ ᠤᠨ ᠪᠠᠶᠢᠷᠢᠰᠢᠯ ᠢ ᠪᠠᠶᠢᠭᠤᠯᠤᠨ᠎ᠠ ᠃ ᠲᠠᠷᠢᠶᠠᠯᠠᠩ ᠤᠨ ᠮᠠᠰᠢᠨ ᠲᠠᠷᠢᠶᠠᠯᠠᠩ ᠤᠨ ᠤᠷ᠎ᠠ ᠮᠡᠷᠭᠡᠰᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ ᠂ | ᠲᠠᠷᠢᠶᠠᠯᠠᠩ ᠤᠨ ᠮᠠᠰᠢᠨ ᠲᠣᠨᠣᠭᠯᠠᠯ ᠢ ᠰᠤᠳᠤᠯᠤᠨ ᠨᠡᠭᠡᠭᠡᠵᠦ ᠦᠢᠯᠡᠳᠬᠦ ᠂ ᠪᠣᠯᠪᠠᠰᠤᠷᠠᠩᠭᠤᠢ ᠪᠣᠯᠭᠠᠨ ᠬᠡᠯᠪᠡᠷᠢᠵᠢᠭᠦᠯᠬᠦ ᠂ ᠳᠡᠯᠭᠡᠷᠡᠭᠦᠯᠦᠨ ᠬᠡᠷᠡᠭᠯᠡᠬᠦ ᠶᠢ ᠵᠣᠯᠭᠠᠭᠤᠯᠤᠨ | ᠨᠡᠪᠲᠡᠷᠡᠭᠦᠯᠬᠦ ᠶᠢ ᠠᠬᠢᠭᠤᠯᠵᠤ ᠂ ᠲᠠᠷᠢᠵᠤ ᠲᠡᠵᠢᠭᠡᠬᠦ ᠡᠳ᠋ᠰᠢᠭᠦᠯᠬᠦ ᠪᠦᠭᠦ ᠬᠡᠯᠬᠢᠶᠡᠨ ᠤ ᠥᠨᠳᠥᠷ ᠴᠢᠳᠠᠪᠬᠢᠲᠤ ᠲᠠᠷᠢᠶᠠᠯᠠᠩ ᠤᠨ ᠮᠠᠰᠢᠨ ᠲᠣᠨᠣᠭᠯᠠᠯ ᠤᠨ ᠬᠡᠷᠡᠭᠯᠡᠯᠲᠡ ᠶᠢ | ᠪᠦᠭᠦᠨ ᠢ ᠪᠦᠷᠬᠦᠭᠦᠯᠬᠦ ᠶᠢ ᠪᠡᠶᠡᠯᠡᠭᠦᠯᠦᠨ᠎ᠡ ᠃ | ︵ ᠶᠢᠰᠦ ︶ ᠲᠣᠭᠠᠴᠢᠯᠠᠭᠰᠠᠨ ᠮᠡᠷᠭᠡᠵᠢᠯ ᠬᠢᠭᠡᠳ ᠣᠲᠣ ᠦᠶ᠎ᠡ ᠶᠢᠨ ᠬᠥᠳᠡᠭᠡ ᠠᠵᠤ ᠠᠬᠤᠢ ᠶᠢᠨ ᠪᠦᠭᠦ ᠲᠠᠯ᠎ᠠ ᠶᠢᠨ ᠠᠭᠤᠰᠤᠯᠴᠠᠯ ᠢ ᠠᠬᠢᠭᠤᠯᠤᠨ᠎ᠠ ᠃ ᠰᠠᠨᠰᠠᠷ | ᠠᠭᠠᠷ ᠭᠠᠵᠠᠷ ᠢ ᠨᠢᠭᠡ ᠴᠣᠭᠴᠠᠵᠢᠭᠤᠯᠤᠭᠰᠠᠨ ᠬᠥᠳᠡᠭᠡ ᠠᠵᠤ ᠠᠬᠤᠢ ᠶᠢᠨ ᠠᠵᠢᠭᠯᠠᠨ ᠬᠡᠮᠵᠢᠬᠦ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ ᠂ ᠬᠥᠳᠡᠭᠡ ᠠᠵᠤ | ᠠᠬᠤᠢ ᠬᠥᠳᠡᠭᠡ ᠲᠣᠰᠬᠤᠨ ᠤ ᠲᠤᠭ᠎ᠠ ᠪᠦᠷᠢᠳᠬᠡᠯ ᠤᠨ ᠪᠠᠶᠢᠴᠠᠭᠠᠵᠤ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ ᠂ ᠪᠦᠭᠦ ᠬᠦᠷᠢᠶ᠎ᠡ ᠶᠢ ᠬᠠᠮᠤᠷᠤᠭᠰᠠᠨ ᠂ | ᠣᠯᠠᠨ ᠲᠠᠰ ᠳᠠᠪᠬᠤᠷᠭ᠎ᠠ ᠪᠠᠷ ᠬᠤᠯᠪᠣᠯᠳᠤᠨ ᠨᠡᠪᠲᠡᠷᠡᠯᠴᠡᠭᠰᠡᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠵᠤ ᠂ | ᠲᠠᠷᠢᠶᠠᠯᠠᠩ ᠳᠤ ᠬᠤᠯᠪᠣᠭᠳᠠᠬᠤ ᠲᠤᠭ᠎ᠠ ᠪᠠᠷᠢᠮᠲᠠ ᠶᠢ ᠨᠡᠭᠡᠭᠡᠨ ᠬᠥᠭᠵᠢᠭᠦᠯᠵᠦ ᠠᠰᠢᠭᠯᠠᠬᠤ ᠲᠣᠭᠲᠠᠴᠠ ᠶᠢ ᠪᠦᠷᠢᠨᠰᠢᠭᠦᠯᠦᠨ᠎ᠡ ᠃ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠣᠶᠤᠨᠲᠤ ᠲᠠᠷᠢᠶᠠᠯᠠᠩ ᠤᠨ ᠮᠡᠷᠭᠡᠵᠢᠯ ᠢ ᠰᠤᠳᠤᠯᠤᠨ ᠨᠡᠭᠡᠭᠡᠵᠦ ᠂ ᠣᠶᠤᠨᠲᠤ ᠲᠠᠷᠢᠶᠠᠯᠠᠩ ᠤᠨ | ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠭᠦᠯᠵᠦ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠭᠠᠴᠢᠯᠠᠭᠰᠠᠨ ᠦᠢᠯᠡᠳᠪᠦᠷᠢᠯᠡᠯ ᠤᠨ ᠬᠦᠴᠦᠨ ᠢ | ᠪᠠᠳᠠᠷᠠᠭᠤᠯᠤᠨ᠎ᠠ ᠃ ᠣᠶᠤᠨᠴᠢ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ ᠂ ᠬᠡᠪᠴᠢᠶᠡᠵᠢᠭᠰᠡᠨ ᠲᠠᠷᠢᠶᠠᠯᠠᠩ ᠤᠨ ᠲᠠᠯᠠᠪᠠᠶ ︵ | ᠮᠠᠯᠵᠢᠯ ᠤᠨ ᠲᠠᠯᠠᠪᠠᠶ ᠂ ᠵᠢᠭᠠᠰᠤᠨ ᠲᠠᠯᠠᠪᠠᠶ ︶ ᠶᠢᠨ ᠲᠣᠭᠠᠴᠢᠯᠠᠭᠰᠠᠨ ᠲᠡᠶᠢᠰᠢ ᠲᠠᠰ ᠳᠡᠪᠰᠢᠭᠦᠯᠬᠦ ᠶᠢ ᠠᠬᠢᠭᠤᠯᠵᠤ ᠂ ᠬᠡᠯᠬᠢᠶ᠎ᠡ ᠨᠢ ᠪᠦᠷᠢᠨ ᠪᠦᠲᠦᠨ ᠂ ᠬᠠᠮᠵᠢᠯᠴᠠᠨ | ᠬᠤᠯᠪᠤᠭᠠᠯᠠᠨ ᠬᠥᠳᠡᠯᠦᠯᠴᠡᠭᠰᠡᠨ ᠣᠶᠤᠨᠴᠢ ᠲᠠᠷᠢᠶᠠᠯᠠᠩ ᠤᠨ ᠪᠦᠯᠦᠭᠵᠢᠯ ᠢ ᠪᠤᠶᠢᠵᠢᠭᠤᠯᠤᠨ᠎ᠠ ᠃ | ᠳᠥᠷᠪᠡ ᠂ ᠪᠦᠭᠦ ᠭᠤᠭᠴᠤᠭ᠎ᠠ ᠶᠢᠨ ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠵᠢᠵᠢᠭ ᠲᠠᠷᠢᠶᠠᠴᠢᠨ | ᠡᠷᠦᠭᠡ ᠪᠣᠯᠣᠨ ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ | ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ ᠂ ᠭᠠᠵᠠᠷ ᠰᠢᠷᠣᠢ ᠶᠢᠨ ᠨᠡᠶᠢᠲᠡ ᠶᠢᠨ ᠥᠮᠴᠢᠯᠡᠯ ᠤᠨ | ᠰᠢᠨᠵᠢ ᠴᠢᠨᠠᠷ ᠢ ᠬᠤᠪᠢᠷᠠᠭᠤᠯᠬᠤ ᠦᠭᠡᠢ ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠳᠠᠪᠠᠭ᠋ᠤ ᠦᠭᠡᠢ ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ | ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ ᠂ ᠬᠥᠳᠡᠭᠡ ᠠᠵᠤ ᠠᠬᠤᠢ ᠶᠢᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ ᠂ ᠬᠥᠳᠡᠭᠡ ᠠᠵᠤ | ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ | ᠲᠦᠷᠭᠡᠳᠬᠡᠨ ᠪᠠᠶᠢᠭᠤᠯᠬᠤ ᠳᠤ ᠬᠥᠳᠡᠯᠭᠡᠭᠴᠢ ᠡᠨᠧᠷᠭᠢ ᠨᠡᠮᠡᠷᠢᠯᠡᠨ᠎ᠡ ᠃ | ︵ ᠠᠷᠪᠠ ︶ ᠭᠡᠷ ᠪᠦᠯᠢ ᠶᠢᠨ ᠡᠵᠡᠩᠨᠡᠯᠲᠡ ᠶᠢᠨ ᠡᠷᠴᠢᠮᠵᠢᠭᠦᠯᠦᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ | ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠲᠠᠷᠠᠭ᠎ᠠ ᠲᠠᠭᠢᠨ 30 ᠵᠢᠯ ᠤᠷᠲᠤᠳᠬᠠᠬᠤ ᠲᠤᠷᠰᠢᠯᠲᠠ ᠶᠢᠨ ᠴᠡᠭ ᠢ ᠡᠮᠬᠢ ᠵᠢᠷᠤᠮ ᠲᠠᠢ ᠪᠠᠷ ᠠᠬᠢᠭᠤᠯᠵᠤ ᠂ | ᠤᠷᠲᠤᠳᠬᠠᠨ ᠳᠠᠭᠠᠭᠠᠴᠢᠯᠠᠭᠤᠯᠬᠤ ᠢᠵᠢ ᠪᠦᠷᠢᠳᠦᠭᠰᠡᠨ ᠳᠦᠷᠢᠮ ᠢ ᠪᠦᠷᠢᠨᠰᠢᠭᠦᠯᠦᠨ᠎ᠡ ᠃ ᠳᠠᠭᠠᠭᠠᠴᠢᠯᠠᠭᠰᠠᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠂ | ᠳᠠᠭᠠᠭᠠᠴᠢᠯᠠᠯᠲᠠ ᠶᠢᠨ ᠡᠷᠬᠡ ᠂ ᠡᠵᠡᠩᠨᠡᠯᠲᠡ ᠶᠢᠨ ᠡᠷᠬᠡ ᠶᠢ ᠰᠠᠯᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠳᠠᠭᠠᠭᠠᠴᠢᠯᠠᠭᠰᠠᠨ ᠭᠠᠵᠠᠷ ᠰᠢᠷᠣᠢ ᠶᠢᠨ | ᠬᠠᠮᠲᠤ ᠶᠢᠨ ᠥᠮᠴᠢᠯᠡᠯ ᠤᠨ ᠡᠷᠬᠡ ᠶᠢ ᠬᠡᠷᠡᠭᠵᠢᠭᠦᠯᠬᠦ ᠲᠣᠭᠲᠠᠴᠠ ᠶᠢ ᠪᠦᠷᠢᠨᠰᠢᠭᠦᠯᠵᠦ ᠂ ᠳᠠᠭᠠᠭᠠᠴᠢᠯᠠᠭᠰᠠᠨ ᠲᠠᠷᠢᠶᠠᠴᠢᠨ ᠡᠷᠦᠭᠡ ᠶᠢᠨ ᠬᠠᠤᠯᠢ ᠶᠣᠰᠣᠨ ᠤ ᠭᠠᠵᠠᠷ | ᠰᠢᠷᠣᠢ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠠᠮᠢᠳᠤᠯᠢᠭᠵᠢᠭᠤᠯᠬᠤ ᠪᠦᠲᠦᠮᠵᠢᠲᠡᠢ ᠠᠷᠭ᠎ᠠ | ᠵᠠᠮ ᠢ ᠰᠦᠪᠡᠭᠴᠢᠯᠡᠨ᠎ᠡ ᠃ ᠵᠢᠵᠢᠭ ᠲᠠᠷᠢᠶᠠᠴᠢᠨ ᠡᠷᠦᠭᠡ ᠶᠢᠨ ᠴᠢᠳᠠᠪᠤᠷᠢ ᠶᠢ ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠵᠦ ᠂ ᠵᠢᠵᠢᠭ ᠲᠠᠷᠢᠶᠠᠴᠢᠨ ᠡᠷᠦᠭᠡ ᠶᠢᠨ | ᠡᠷᠦᠭᠡ ᠬᠤᠯᠪᠤᠭᠠᠯᠠᠨ ᠡᠵᠡᠩᠨᠡᠬᠦ ᠂ ᠬᠤᠯᠪᠤᠭᠠᠯᠠᠨ ᠲᠠᠷᠢᠶᠠᠯᠠᠵᠤ ᠬᠤᠯᠪᠤᠭᠠᠯᠠᠨ ᠳᠠᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠢᠯᠡᠳᠪᠦᠷᠢᠯᠡᠯ ᠥᠷᠨᠢᠭᠦᠯᠬᠦ ᠶᠢ | ᠵᠣᠷᠢᠭᠵᠢᠭᠤᠯᠤᠨ᠎ᠠ ᠃ | ︵ ᠠᠷᠪᠠᠨ ᠨᠢᠭᠡ ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠷᠬᠡ ᠶᠢ ᠠᠮᠢᠳᠤᠯᠢᠭᠵᠢᠭᠤᠯᠤᠨ ᠡᠨᠧᠷᠭᠢ ᠣᠯᠭᠤᠬᠤ ᠶᠢ ᠠᠬᠢᠭᠤᠯᠤᠨ᠎ᠠ ᠃ | ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠥᠳᠡᠭᠡ ᠲᠣᠰᠬᠤᠨ ᠤ ᠬᠠᠮᠲᠤ ᠶᠢᠨ ᠡᠳ᠋ | ᠬᠥᠷᠥᠩᠭᠡ ᠶᠢ ᠬᠢᠨᠠᠵᠤ ᠬᠠᠮᠢᠶᠠᠷᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠲᠠᠷᠢᠶᠠᠴᠢᠨ ᠡᠷᠦᠭᠡ ᠳᠤ ᠣᠶᠢᠷᠠᠳᠬᠤ ᠂ ᠶᠡᠷᠦᠩᠬᠡᠶᠢᠯᠡᠭᠰᠡᠨ ᠦᠢᠯᠡᠴᠢᠯᠡᠭᠡ ᠬᠢᠬᠦ ᠂ ᠨᠥᠯᠥᠭᠡᠯᠡᠨ ᠳᠠᠶᠢᠴᠢᠯᠠᠬᠤ ᠵᠡᠷᠭᠡ ᠳᠠᠪᠠᠭᠤᠯᠢᠭ ᠢ | ᠪᠠᠳᠠᠷᠠᠭᠤᠯᠵᠤ ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠳᠤ ᠦᠢᠯᠡᠴᠢᠯᠡᠬᠦ | ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠳᠠᠮᠵᠢ ᠶᠢ ᠲᠡᠭᠦᠯᠳᠡᠷᠵᠢᠭᠦᠯᠦᠨ᠎ᠡ ᠃ ᠰᠢᠨ᠎ᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠶᠢ ᠬᠥᠭᠵᠢᠭᠦᠯᠵᠦ ᠂ ᠥᠮᠴᠢᠯᠡᠯ ᠤᠨ ᠡᠷᠬᠡ ᠨᠢ ᠲᠣᠳᠣᠷᠬᠠᠢ ᠂ ᠬᠤᠪᠢᠶᠠᠷᠢᠯᠠᠯᠲᠠ ᠨᠢ ᠵᠦᠢ ᠵᠣᠬᠢᠰᠲᠠᠢ ᠠᠵᠢᠯᠯᠠᠭᠠᠨ ᠤ ᠲᠣᠭᠲᠠᠴᠠ ᠶᠢ ᠪᠠᠶᠢᠭᠤᠯᠵᠤ ᠂ | ᠲᠠᠷᠢᠶᠠᠴᠢᠳ ᠲᠤ ᠨᠡᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ ᠃ | ︵ ᠠᠷᠪᠠᠨ ᠬᠤᠶᠠᠷ ︶ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ ᠃ ᠲᠠᠷᠢᠶᠠᠴᠢᠨ ᠡᠷᠦᠭᠡ ᠶᠢ ᠬᠥᠲᠥᠯᠥᠨ ᠵᠢᠯᠤᠭᠤᠳᠴᠤ ᠪᠠᠶᠢᠭᠠᠳ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢ ᠬᠥᠭᠵᠢᠭᠦᠯᠵᠦ ᠂ | ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ ᠃ ᠲᠠᠷᠢᠶᠠᠴᠢᠳ ᠤᠨ ᠬᠤᠷᠰᠢᠶ᠎ᠠ ᠶᠢᠨ ᠬᠠᠤᠯᠢ | ᠶᠣᠰᠣᠭᠠᠷ ᠰᠠᠶᠢᠨ ᠳᠤᠷ᠎ᠠ ᠠᠴᠠ ᠪᠠᠨ ᠬᠤᠯᠪᠣᠭᠠᠲᠤ ᠬᠤᠷᠰᠢᠶ᠎ᠠ ᠪᠠᠶᠢᠭᠤᠯᠬᠤ ᠶᠢ ᠲᠡᠮᠵᠢᠵᠤ ᠂ ᠲᠠᠷᠢᠶᠠᠴᠢᠳ ᠤᠨ ᠬᠤᠷᠰᠢᠶ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠢ | ᠪᠤᠯᠪᠠᠰᠤᠷᠠᠭᠤᠯᠬᠤ ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ ᠵᠡᠷᠭᠡ ᠶᠢ ᠥᠷᠨᠢᠭᠦᠯᠬᠦ ᠶᠢ | ᠵᠣᠷᠢᠭᠵᠢᠭᠤᠯᠤᠨ᠎ᠠ ᠃ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠳᠠᠭᠠᠭᠠᠴᠢᠯᠠᠭᠰᠠᠨ ᠭᠠᠵᠠᠷ ᠤᠨ ᠡᠵᠡᠩᠨᠡᠯᠲᠡ ᠶᠢᠨ ᠡᠷᠬᠡ ᠶᠢᠨ | ᠭᠦᠢᠯᠭᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ ᠂ ᠲᠠᠷᠢᠶᠠᠴᠢᠳ ᠤᠨ ᠬᠤᠷᠰᠢᠨ ᠡᠵᠡᠩᠨᠡᠬᠦ ᠶᠢ ᠠᠬᠢᠭᠤᠯᠵᠤ ᠂ ᠰᠢᠨ᠎ᠡ | ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠲᠠᠷᠢᠶᠠᠴᠢᠨ ᠡᠷᠦᠭᠡ ᠶᠢᠨ ᠣᠷᠣᠯᠭ᠎ᠠ ᠶᠢᠨ | ᠨᠡᠮᠡᠭᠳᠡᠯ ᠲᠠᠢ ᠬᠤᠯᠪᠣᠬᠤ ᠶᠢ ᠠᠬᠢᠭᠤᠯᠤᠨ᠎ᠠ ᠃ ᠲᠠᠷᠢᠶᠠᠯᠠᠩ ᠤᠨ ᠠᠵᠤ ᠦᠢᠯᠡᠰᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ ᠂ ᠡᠯ᠎ᠡ ᠲᠦᠷᠦᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠠᠰᠢᠭ ᠲᠤᠰᠠ ᠶᠢᠨ ᠬᠤᠯᠪᠤᠭ᠎ᠠ ᠶᠢᠨ ᠲᠣᠭᠲᠠᠴᠠ ᠶᠢ | ᠪᠦᠷᠢᠨᠰᠢᠭᠦᠯᠦᠨ᠎ᠡ ᠃ ᠬᠠᠩᠭᠠᠨ ᠪᠣᠷᠣᠯᠠᠭᠤᠯᠬᠤ ᠬᠤᠷᠰᠢᠶ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠃ ᠤᠯᠤᠰ ᠤᠨ ᠥᠮᠴᠢᠯᠡᠯ ᠤᠨ | ᠲᠠᠷᠢᠶᠠᠯᠠᠩ ᠤᠨ ᠲᠠᠯᠠᠪᠠᠢ ᠶᠢᠨ ᠲᠠᠷᠢᠶᠠᠯᠠᠩ ᠤᠨ ᠨᠢᠭᠡᠳᠦᠯᠲᠡᠢ ᠡᠵᠡᠩᠨᠡᠯᠲᠡ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠳᠬᠠᠵᠤ ᠂ ᠬᠤᠳᠠ | ᠬᠥᠳᠡᠭᠡ ᠵᠢᠴᠢ ᠠᠲᠠᠷ ᠬᠠᠭᠠᠯᠪᠤᠷᠢᠯᠠᠯᠲᠠ ᠶᠢᠨ ᠣᠷᠣᠨ ᠢ ᠨᠢᠭᠡ ᠴᠣᠭᠴᠠᠵᠢᠭᠤᠯᠤᠨ ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠤᠨ᠎ᠠ ᠃ | ︵ ᠠᠷᠪᠠᠨ ᠭᠤᠷᠪᠠ ︶ ᠳᠥᠭᠦᠮ ᠠᠪᠰᠠᠷ ᠥᠨᠳᠥᠷ ᠪᠦᠲᠦᠮᠵᠢᠲᠡᠶ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ ᠃ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠲᠠᠷᠢᠶᠠᠯᠠᠩ ᠳᠤ ᠬᠤᠯᠪᠣᠭᠳᠠᠬᠤ | ᠡᠯ᠎ᠡ ᠲᠦᠷᠦᠯ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠷᠢᠶ᠎ᠡ ᠲᠡᠶᠢᠰᠢ ᠥᠷᠭᠡᠳᠬᠡᠨ᠎ᠡ ᠃ ᠲᠠᠩ | ᠭᠤᠭᠴᠤᠭ᠎ᠠ ᠂ ᠤᠯᠠᠨ ᠭᠤᠭᠴᠤᠭ᠎ᠠ ᠪᠠᠷ ᠨᠠᠶᠢᠳᠠᠨ ᠬᠠᠮᠢᠶᠠᠷᠤᠭᠤᠯᠬᠤ ᠵᠡᠷᠭᠡ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠦᠨ ᠳᠡᠯᠭᠡᠷᠡᠭᠦᠯᠵᠦ ᠂ ᠦᠢᠯᠡᠴᠢᠯᠡᠭᠡ ᠶᠢ | ᠠᠮᠤ ᠪᠤᠳᠠᠭ᠎ᠠ ᠳᠤᠰᠤᠨ ᠤ ᠲᠠᠷᠢᠮᠠᠯ ᠠᠴᠠ ᠠᠵᠤ ᠠᠬᠤᠢ ᠶᠢᠨ ᠲᠠᠷᠢᠮᠠᠯ ᠂ ᠮᠠᠯ ᠵᠢᠭᠦᠷᠲᠡᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠵᠡᠷᠭᠡ ᠬᠦᠷᠢᠶ᠎ᠡ ᠲᠡᠶᠢᠰᠢ | ᠥᠷᠭᠡᠳᠬᠡᠵᠦ ᠂ ᠦᠢᠯᠡᠳᠪᠦᠷᠢᠯᠡᠬᠦ ᠶᠠᠪᠤᠴᠠ ᠠᠴᠠ ᠦᠢᠯᠡᠳᠪᠦᠷᠢᠯᠡᠬᠦ ᠠᠴᠠ ᠡᠮᠦᠨᠡᠬᠢ ᠂ ᠦᠢᠯᠡᠳᠪᠦᠷᠢᠯᠡᠯ ᠤᠨ ᠳᠠᠷᠠᠭᠠᠬᠢ ᠭᠤᠭᠴᠤᠭ᠎ᠠ ᠲᠡᠶᠢᠰᠢ ᠤᠷᠲᠤᠳᠬᠠᠬᠤ ᠶᠢ | ᠠᠬᠢᠭᠤᠯᠤᠨ᠎ᠠ ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠵᠦ ᠂ ᠵᠢᠷᠤᠮᠵᠢᠬᠰᠠᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠦᠨ᠎ᠡ ᠃ | ᠲᠠᠪᠤ ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ ᠤᠨ ᠳᠡᠰ ᠳᠡᠪᠰᠢᠭᠦᠯᠬᠦ ᠶᠢ ᠪᠦᠭᠦ ᠬᠡᠯᠬᠢᠶ᠎ᠡ ᠪᠠᠷ ᠠᠬᠢᠭᠤᠯᠵᠤ ᠂ ᠬᠥᠳᠡᠭᠡ ᠠᠵᠤ | ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ | ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠲᠤ ᠲᠦᠰᠢᠭᠯᠡᠵᠦ ᠂ ᠬᠥᠳᠡᠭᠡ ᠠᠵᠤ ᠠᠬᠤᠢ ᠶᠢᠨ ᠤᠯᠠᠨ ᠵᠦᠢᠯ ᠤᠨ | ᠴᠢᠳᠠᠮᠵᠢ ᠶᠢ ᠨᠡᠭᠡᠭᠡᠨ ᠬᠥᠭᠵᠢᠭᠦᠯᠵᠦ ᠂ ᠬᠥᠳᠡᠭᠡ ᠲᠣᠰᠬᠤᠨ ᠤ ᠤᠯᠠᠨ ᠡᠰᠢᠲᠦ ᠦᠷᠳᠡᠭ ᠢ ᠠᠭᠤᠳᠠᠯᠵᠤ ᠂ ᠠᠮᠤ ᠪᠤᠳᠠᠭ᠎ᠠ ᠠᠵᠤ ᠠᠬᠤᠢ ᠲᠡᠵᠢᠭᠡᠯ ᠪᠣᠷᠳᠤᠭ᠎ᠠ ᠶᠢ | ᠨᠢᠭᠡᠳᠦᠯᠲᠡᠢ ᠲᠥᠯᠥᠪᠯᠡᠬᠦ ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢ ᠵᠡᠷᠭᠡ ᠪᠠᠷ ᠬᠥᠭᠵᠢᠭᠦᠯᠬᠦ ᠂ ᠦᠢᠯᠡᠳᠪᠦᠷᠢᠯᠡᠯ ᠡᠳ᠋ᠰᠢᠭᠦᠯᠭᠡ | ᠪᠣᠷᠤᠯᠠᠭᠤᠯᠭ᠎ᠠ ᠶᠢ ᠨᠡᠪᠲᠡᠷᠡᠭᠦᠯᠬᠦ ᠂ ᠲᠠᠷᠢᠶᠠᠯᠠᠩ ᠰᠣᠶᠣᠯ ᠵᠢᠭᠤᠯᠴᠢᠯᠠᠯ ᠠᠭᠤᠰᠤᠯᠴᠠᠭᠰᠠᠨ ᠤᠳᠤ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ | ᠰᠢᠰᠲ᠋ᠧᠮ ᠢ ᠲᠦᠷᠭᠡᠳᠬᠡᠨ ᠪᠠᠶᠢᠭᠤᠯᠵᠤ ᠂ ᠬᠥᠳᠡᠭᠡ ᠠᠵᠤ ᠠᠬᠤᠢ ᠶᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠤᠨ᠎ᠠ ᠃ | ︵ ᠠᠷᠪᠠᠨ ᠳᠥᠷᠪᠡ ︶ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠭᠦᠢᠯᠭᠡᠭᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠤᠨ᠎ᠠ ᠃ | ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠮᠡᠷᠭᠡᠵᠢᠯ ᠤᠨ ᠰᠤᠳᠤᠯᠤᠨ ᠨᠡᠭᠡᠭᠡᠬᠦ ᠰᠢᠰᠲ᠋ᠧᠮ ᠢ ᠲᠡᠭᠦᠯᠳᠡᠷᠵᠢᠭᠦᠯᠵᠦ ᠂ ᠲᠦᠷᠦᠯ ᠵᠦᠢᠯ ᠤᠯᠠᠨ | ᠶᠠᠩᠵᠤ ᠂ ᠶᠠᠰᠤ ᠴᠢᠨᠠᠷ ᠰᠢᠯᠢᠳᠡᠭ ᠰᠠᠶᠢᠨ ᠪᠤᠯᠪᠠᠰᠤᠷᠠᠭᠤᠯᠬᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ ᠃ ᠪᠦᠭᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ | ᠭᠦᠢᠯᠭᠡᠭᠡᠨ ᠤ ᠭᠤᠣᠯᠯᠠᠭᠴᠢ ᠲᠣᠣᠷ ᠢ ᠲᠡᠭᠦᠯᠳᠡᠷᠵᠢᠭᠦᠯᠵᠦ ᠂ ᠭᠠᠷᠤᠯᠲᠠ ᠶᠢᠨ ᠣᠷᠣᠨ ᠤ ᠬᠦᠢᠲᠡᠨ ᠬᠡᠯᠬᠢᠶ᠎ᠡ ᠶᠢᠨ ᠲᠥᠪᠯᠡᠷᠡᠭᠦᠯᠦᠨ ᠲᠣᠬᠢᠷᠠᠭᠤᠯᠬᠤ ᠲᠥᠪ ᠤᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ ᠂ ᠬᠡᠷᠡᠭᠴᠡᠭᠡ ᠱᠠᠭᠠᠷᠳᠠᠯᠭ᠎ᠠ ᠲᠠᠢ ᠰᠢᠶᠠᠨ ᠰᠢᠶᠠᠩ ᠲᠣᠰᠬᠤᠨ ᠤ ᠲᠠᠷᠢᠶᠠᠨ ᠦᠵᠦᠭᠦᠷ ᠲᠤ ᠬᠦᠢᠲᠡᠨ ᠢᠶᠠᠷ ᠬᠠᠳᠠᠭᠠᠯᠠᠵᠤ | ᠰᠣᠷᠭᠤᠭ ᠪᠠᠶᠢᠯᠭᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠠᠬᠢᠭᠤᠯᠤᠨ᠎ᠠ ᠃ ᠰᠢᠶᠠᠨ ᠰᠢᠶᠠᠩ ᠲᠣᠰᠬᠤᠨ ᠤ ᠪᠠᠷᠠᠭᠠᠨ ᠤ | ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠵᠦ ᠂ ᠲᠣᠮᠣ ᠭᠡᠯᠪᠡᠷᠢ ᠶᠢᠨ ᠡᠯᠧᠺᠳ᠋ᠷᠣᠨ ᠬᠤᠳᠠᠯᠳᠤᠭᠠᠨ ᠤ ᠲᠠᠪᠴᠠᠩ ᠂ ᠪᠠᠷᠠᠭᠠᠨ ᠤ | ᠭᠦᠢᠯᠭᠡᠭᠡ ᠂ ᠠᠷᠠᠯᠵᠢᠶ᠎ᠠ ᠬᠤᠳᠠᠯᠳᠤᠭ᠎ᠠ ᠵᠡᠷᠭᠡ ᠭᠤᠣᠯ ᠴᠣᠭᠴᠠ ᠶᠢᠨ ᠬᠥᠳᠡᠭᠡ ᠲᠣᠰᠬᠤᠨ ᠳᠤ ᠪᠠᠭᠤᠬᠤ ᠶᠢ ᠵᠣᠷᠢᠭᠵᠢᠭᠤᠯᠵᠤ ᠂ ᠬᠥᠳᠡᠭᠡ ᠲᠣᠰᠬᠤᠨ ᠤ ᠡᠯᠧᠺᠳ᠋ᠷᠣᠨ | ᠬᠤᠳᠠᠯᠳᠤᠭᠠᠨ ᠤ ᠦᠢᠯᠡᠴᠢᠯᠡᠭᠡᠨ ᠤ ᠲᠣᠣᠷ ᠴᠡᠭ ᠢ ᠬᠥᠭᠵᠢᠭᠦᠯᠦᠨ᠎ᠡ ᠃ | ︵ ᠠᠷᠪᠠᠨ ᠲᠠᠪᠤ ︶ ᠬᠥᠳᠡᠭᠡ ᠠᠵᠤ ᠠᠬᠤᠢ ᠶᠢᠨ ᠴᠢᠨᠠᠷᠵᠢᠯᠲᠠ ᠲᠥᠷᠥᠯ ᠲᠡᠮᠳᠡᠭᠵᠢᠭᠦᠯᠤᠯᠲᠡ ᠶᠢᠨ ᠳᠡᠭᠡᠭᠰᠢᠯᠡᠯᠲᠡ ᠶᠢ ᠠᠬᠢᠭᠤᠯᠤᠨ᠎ᠠ ᠃ ᠲᠠᠷᠢᠶᠠᠯᠠᠩ ᠤᠨ | ᠡᠭᠦᠯᠳᠡᠷ ᠢ ᠪᠤᠶᠢᠵᠢᠭᠤᠯᠬᠤ ᠂ ᠶᠠᠰᠤ ᠴᠢᠨᠠᠷ ᠢ ᠳᠡᠭᠡᠭᠰᠢᠯᠡᠭᠦᠯᠭᠦ ᠂ ᠲᠦᠷᠦᠯ ᠲᠡᠮᠳᠡᠭᠲᠦ ᠶᠢ ᠡᠭᠦᠳᠬᠦ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠭᠦᠨᠵᠡᠭᠡᠢ | ᠠᠬᠢᠭᠤᠯᠵᠤ ᠂ ᠪᠣᠬᠢᠷᠳᠤᠯ ᠦᠭᠡᠢ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ ᠃ ᠲᠠᠷᠢᠶᠠᠯᠠᠩ ᠤᠨ | ᠪᠠᠷᠢᠮᠵᠢᠶᠠᠵᠢᠭᠤᠯᠤᠯᠲᠠ ᠶᠢ ᠳᠡᠭᠡᠭᠰᠢᠯᠡᠭᠦᠯᠭᠦ ᠲᠥᠯᠥᠪᠯᠡᠭᠡ ᠶᠢ ᠬᠡᠷᠡᠭᠵᠢᠭᠦᠯᠦᠨ᠎ᠡ ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠦᠨᠡᠯᠡᠬᠦ ᠪᠠ ᠭᠡᠷᠡᠴᠢᠯᠡᠬᠦ | ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠬᠢᠨᠠᠨ | ᠬᠡᠮᠵᠢᠯᠲᠡ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠃ ᠶᠠᠰᠤ ᠴᠢᠨᠠᠷ ᠢᠶᠠᠷ ᠰᠠᠶᠢᠨ ᠂ ᠥᠷᠢᠰᠦᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠂ ᠠᠵᠤ ᠠᠬᠤᠶᠢᠯᠠᠯ ᠤᠨ ᠲᠥᠷᠥᠯ ᠲᠡᠮᠳᠡᠭᠲᠦ ᠪᠠ ᠦᠢᠯᠡᠳᠬᠦᠨ ᠤ ᠲᠥᠷᠥᠯ ᠲᠡᠮᠳᠡᠭᠲᠦ ᠶᠢ ᠪᠤᠶᠢᠵᠢᠭᠤᠯᠤᠨ᠎ᠠ ᠃ | ᠳᠤᠮᠳᠠᠳᠤ ᠤᠯᠤᠰ ᠤᠨ ᠲᠠᠷᠢᠶᠠᠯᠠᠩ ᠤᠨ ᠲᠥᠷᠥᠯ ᠲᠡᠮᠳᠡᠭᠲᠦ ᠶᠢᠨ ᠰᠣᠶᠣᠯ ᠤᠨ ᠡᠨᠧᠷᠭᠢ ᠣᠯᠭᠤᠯᠲᠠ ᠶᠢ ᠴᠢᠩᠭᠠᠳᠬᠠᠵᠤ ᠂ ᠲᠠᠷᠢᠶᠠᠯᠠᠩ ᠤᠨ ᠲᠥᠷᠥᠯ ᠲᠡᠮᠳᠡᠭᠲᠦ | ᠬᠢᠭᠡᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠡᠯᠧᠮᠧᠨ᠋ᠲ ᠤᠨ ᠬᠠᠷᠢᠯᠴᠠᠨ ᠠᠭᠤᠰᠤᠯᠴᠠᠬᠤ ᠶᠢ ᠠᠬᠢᠭᠤᠯᠤᠨ᠎ᠠ ᠃ | ︵ ᠠᠷᠪᠠᠨ ᠵᠢᠷᠭᠤᠭ᠎ᠠ ︶ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠲᠦᠷᠭᠡᠳᠬᠡᠨ ᠬᠥᠭᠵᠢᠭᠦᠯᠦᠨ᠎ᠡ ᠃ ᠬᠥᠳᠡᠭᠡ ᠲᠣᠰᠬᠤᠨ ᠤ ᠣᠨᠴᠠᠯᠢᠭᠲᠤ | ᠳᠠᠷᠢᠵᠤ ᠲᠡᠵᠢᠭᠡᠬᠦ ᠦᠢᠯᠡᠰ ᠢ ᠨᠠᠷᠢᠯᠢᠭ ᠰᠢᠯᠢᠳᠡᠭ ᠬᠢᠵᠦ ᠂ ᠣᠷᠣᠨ ᠨᠤᠲᠤᠭ ᠤᠨ ᠣᠨᠴᠠᠯᠢᠭᠲᠤ ᠡᠭᠦᠯᠳᠡᠷ ᠢ ᠰᠢᠯᠢᠨ ᠰᠣᠩᠭᠤᠬᠤ ᠠᠵᠢᠯ ᠢ ᠰᠠᠶᠢᠲᠤᠷ ᠬᠢᠵᠦ ᠂ | ᠭᠠᠷᠤᠯᠲᠠ ᠶᠢᠨ ᠣᠷᠣᠨ ᠤ ᠠᠷᠢᠭᠤᠨ ᠴᠡᠪᠡᠷ ᠂ ᠪᠦᠭᠦ ᠶᠠᠪᠤᠴᠠ ᠳᠤ ᠪᠠᠷᠢᠮᠵᠢᠶ᠎ᠠ ᠳᠤ ᠨᠡᠶᠢᠴᠡᠭᠰᠡᠨ ᠂ ᠴᠢᠨᠠᠷ ᠰᠠᠶᠢᠲᠠᠢ ᠣᠨᠴᠠᠯᠢᠭᠲᠤ ᠳᠠᠷᠢᠵᠤ ᠲᠡᠵᠢᠭᠡᠬᠦ ᠶᠢ | ᠬᠥᠭᠵᠢᠭᠦᠯᠦᠨ᠎ᠡ ᠃ ᠬᠥᠳᠡᠭᠡ ᠲᠣᠰᠬᠤᠨ ᠤ ᠣᠨᠴᠠᠯᠢᠭᠲᠤ ᠭᠠᠷ ᠦᠢᠯᠡᠳᠪᠦᠷᠢ ᠶᠢ ᠰᠢᠨ᠎ᠡ ᠶᠢ ᠡᠭᠦᠳᠦᠨ ᠬᠥᠭᠵᠢᠭᠦᠯᠵᠦ ᠂ ᠬᠥᠳᠡᠭᠡ ᠲᠣᠰᠬᠤᠨ ᠤ ᠤᠷᠠᠨ ᠲᠠᠷᠬᠠᠨ ᠢ | ᠪᠤᠶᠢᠵᠢᠭᠤᠯᠵᠤ ᠂ ᠬᠥᠳᠡᠭᠡ ᠲᠣᠰᠬᠤᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ ᠃ ᠬᠥᠳᠡᠭᠡ ᠲᠣᠰᠬᠤᠨ ᠤ ᠣᠨᠴᠠᠯᠢᠭᠲᠤ | ᠰᠣᠶᠣᠯ ᠤᠨ ᠠᠵᠤ ᠦᠢᠯᠡᠰ ᠢ ᠭᠦᠨᠵᠡᠭᠡᠢ ᠨᠡᠭᠡᠭᠡᠨ ᠬᠥᠭᠵᠢᠭᠦᠯᠵᠦ ᠂ ᠲᠠᠷᠢᠶᠠᠯᠠᠩ ᠤᠨ ᠰᠣᠶᠣᠯ ᠤᠨ ᠥᠪ ᠂ ᠦᠨᠳᠦᠰᠦᠲᠡᠨ ᠤ ᠠᠶᠢᠯ ᠲᠣᠰᠬᠤᠨ ᠂ ᠤᠯᠠᠮᠵᠢᠯᠠᠯᠲᠤ | ᠪᠠᠷᠢᠯᠭ᠎ᠠ ᠵᠡᠷᠭᠡ ᠶᠢᠨ ᠬᠠᠮᠠᠭᠠᠯᠠᠯᠲᠠ ᠶᠢ ᠴᠢᠩᠭᠠᠳᠬᠠᠨ᠎ᠠ ᠃ | ︵ ᠠᠷᠪᠠᠨ ᠳᠣᠯᠤᠭ᠎ᠠ ︶ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ ᠃ ᠦᠢᠯᠡᠳᠪᠦᠷᠢᠯᠡᠯ ᠂ ᠡᠳ᠋ᠰᠢᠭᠦᠯᠭᠡ ᠂ | ᠭᠦᠢᠯᠭᠡᠭᠡ ᠵᠡᠷᠭᠡ ᠪᠦᠭᠦ ᠭᠤᠭᠴᠤᠭ᠎ᠠ ᠶᠢᠨ ᠲᠡᠰ ᠳᠡᠪᠰᠢᠭᠦᠯᠬᠦ ᠶᠢ ᠠᠬᠢᠭᠤᠯᠵᠤ ᠂ ᠠᠵᠤ ᠦᠢᠯᠡᠰ ᠤᠨ ᠦᠷᠳᠡᠭ ᠨᠡᠮᠡᠭᠳᠡᠯ ᠦᠷ᠎ᠡ ᠠᠰᠢᠭ ᠤᠨ ᠨᠡᠮᠡᠭᠳᠡᠯ ᠤᠨ ᠣᠷᠣᠨ | ᠵᠠᠢ ᠶᠢ ᠥᠷᠭᠡᠳᠬᠡᠨ᠎ᠡ ᠃ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠂ | ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠬᠥᠳᠡᠭᠡ ᠲᠣᠰᠬᠤᠨ ᠤ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠲᠦᠷᠦᠯ ᠵᠦᠢᠯ ᠢ ᠬᠡᠷᠡᠭᠵᠢᠭᠦᠯᠦᠨ᠎ᠡ ᠃ ᠲᠠᠷᠢᠶᠠᠯᠠᠩ ᠤᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠢ | ᠲᠡᠳᠬᠦᠨ ᠬᠦᠴᠦᠷᠬᠡᠭᠵᠢᠭᠦᠯᠵᠦ ᠂ ᠠᠵᠢᠯ ᠲᠥᠷᠥᠯ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠠᠵᠤ ᠦᠢᠯᠡᠰ ᠤᠨ ᠬᠡᠯᠬᠢᠶ᠎ᠡ ᠶᠢᠨ ︽ ᠬᠡᠯᠬᠢᠶ᠎ᠡ ᠶᠢᠨ ᠡᠵᠡᠨ ︾ | ᠠᠵᠤ ᠠᠬᠤᠶᠢᠯᠠᠯ ᠪᠠ ᠣᠷᠣᠨ ᠪᠦᠰᠡ ᠶᠢᠨ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠢ ᠪᠤᠵᠠᠭᠠᠶᠢᠷᠠᠭᠤᠯᠵᠤ ᠂ ᠳᠤᠮᠳᠠ ᠪᠠᠭ᠎ᠠ ᠠᠵᠤ ᠠᠬᠤᠶᠢᠯᠠᠯ ᠢ | ᠰᠢᠯᠢᠳᠡᠭᠵᠢᠭᠦᠯᠵᠦ ᠂ ᠦᠢᠯᠡᠳᠪᠦᠷᠢᠯᠡᠯ ᠬᠠᠮᠵᠢᠯᠴᠠᠭᠰᠠᠨ ᠂ ᠮᠡᠷᠭᠡᠵᠢᠯ ᠬᠠᠷᠢᠯᠴᠠᠨ ᠨᠥᠬᠦᠪᠦᠷᠢᠯᠡᠭᠰᠡᠨ ᠂ ᠬᠦᠴᠦᠨ ᠵᠦᠢᠯ ᠢ ᠬᠠᠮᠲᠤ ᠪᠠᠷ ᠡᠳ᠋ᠯᠡᠬᠦ ᠠᠵᠤ ᠠᠬᠤᠶᠢᠯᠠᠯ ᠤᠨ | ᠬᠥᠭᠵᠢᠯᠲᠡ ᠶᠢᠨ ᠵᠢᠭᠰᠠᠭᠠᠯ ᠤᠨ ᠭᠡᠯᠪᠡᠷᠢ ᠶᠢ ᠪᠤᠶ ᠪᠣᠯᠭᠠᠨ᠎ᠠ ᠃ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ ᠶᠡᠭᠡ ᠪᠠᠷ | ᠪᠤᠶᠢᠵᠢᠭᠤᠯᠵᠤ ᠂ ᠲᠠᠷᠢᠶᠠᠯᠠᠩ ᠪᠠ ᠵᠢᠭᠤᠯᠴᠢᠯᠠᠯ ᠂ ᠰᠤᠷᠭᠠᠨ ᠬᠥᠮᠦᠵᠢᠯ ᠂ ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ | ᠠᠬᠢᠭᠤᠯᠵᠤ ᠂ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠤᠨ᠎ᠠ ᠃ | ︵ ᠠᠷᠪᠠᠨ ᠨᠠᠢᠮᠠ ︶ ᠬᠥᠳᠡᠭᠡ ᠠᠵᠤ ᠠᠬᠤᠢ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠭᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ ᠃ | ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠨᠤᠷᠮ᠎ᠠ ᠲᠣᠭᠲᠠᠭᠠᠨ ᠬᠠᠮᠢᠶᠠᠷᠬᠤ ᠶᠢ ᠪᠦᠭᠦ ᠲᠠᠯ᠎ᠠ ᠪᠠᠷ ᠬᠡᠷᠡᠭᠵᠢᠭᠦᠯᠵᠦ ᠂ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠪᠠᠶᠢᠳᠠᠯ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ ᠂ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ ᠃ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠪᠠ ᠰᠡᠯᠭᠦᠵᠦ ᠲᠠᠷᠢᠬᠤ ᠳᠦᠷᠢᠮ ᠢ ᠪᠦᠷᠢᠨᠰᠢᠭᠦᠯᠵᠦ ᠂ | ᠪᠣᠬᠢᠷᠲᠤᠭᠰᠠᠨ ᠲᠠᠷᠢᠶᠠᠨ ᠭᠠᠵᠠᠷ ᠢ ᠵᠠᠰᠠᠬᠤ ᠪᠠ ᠠᠮᠤᠷ ᠲᠦᠪᠰᠢᠨ ᠠᠰᠢᠭᠯᠠᠬᠤ ᠶᠢ ᠴᠢᠩᠭᠠᠳᠬᠠᠨ᠎ᠠ ᠃ ᠴᠢᠬᠤᠯᠠ ᠠᠮᠢᠳᠤ ᠪᠣᠳᠠᠰ ᠤᠨ ᠳᠦᠷᠰᠦ ᠪᠠ ᠤᠳᠤᠮᠯᠠᠯ ᠤᠨ | ᠡᠬᠢ ᠪᠠᠶᠠᠯᠢᠭ ᠢ ᠬᠠᠮᠠᠭᠠᠯᠠᠵᠤ ᠂ ᠲᠠᠷᠢᠶᠠᠯᠠᠩ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ ᠃ ᠴᠢᠬᠤᠯᠠ ᠲᠠᠷᠢᠶᠠᠯᠠᠩ ᠤᠨ ᠡᠬᠢ | ᠪᠠᠶᠠᠯᠢᠭ ᠤᠨ ᠡᠬᠡ ᠲᠠᠩᠰᠠ ᠶᠢᠨ ᠳᠦᠷᠢᠮ ᠢ ᠪᠦᠷᠢᠨᠰᠢᠭᠦᠯᠦᠨ᠎ᠡ ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ | ᠠᠬᠢᠭᠤᠯᠵᠤ ᠂ ᠠᠮᠢ ᠠᠬᠤᠢ ᠶᠢᠨ ᠣᠷᠴᠢᠯ ᠲᠠᠷᠢᠶᠠᠯᠠᠩ ᠢ ᠬᠥᠭᠵᠢᠭᠦᠯᠦᠨ᠎ᠡ ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ | ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠲᠣᠭᠲᠠᠴᠠ ᠶᠢ ᠪᠦᠷᠢᠨᠰᠢᠭᠦᠯᠦᠨ᠎ᠡ ᠃ ᠬᠥᠬᠡᠮᠥ᠋ᠷᠡᠨ ᠤ ᠠᠷᠪᠠᠨ ᠵᠢᠯ ᠳᠤ | ᠵᠢᠭᠠᠰᠤ ᠠᠩᠨᠠᠬᠤ ᠶᠢ ᠴᠠᠭᠠᠵᠠᠯᠠᠬᠤ ᠪᠠ ᠲᠠᠯᠠᠢ ᠲᠠᠩᠭᠢᠰ ᠤᠨ ᠹᠦ᠋ ᠶᠢᠨ ᠤᠯᠠᠷᠢᠯ ᠳᠤ ᠵᠢᠭᠠᠰᠤ ᠠᠩᠨᠠᠬᠤ ᠶᠢ ᠬᠤᠷᠢᠭᠯᠠᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ ᠂ | ᠬᠠᠳᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠤᠨ ᠭᠦᠨᠵᠡᠭᠡᠢ ᠤᠰᠤ ᠠᠷᠪᠢᠯᠠᠵᠤ ᠤᠰᠤ ᠶᠢ ᠬᠢᠵᠠᠭᠠᠷᠯᠠᠬᠤ ᠶᠢ ᠠᠬᠢᠭᠤᠯᠤᠨ᠎ᠠ ᠃ ᠬᠥᠳᠡᠭᠡ ᠠᠵᠤ ᠠᠬᠤᠢ ᠶᠢᠨ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠯᠲᠡ ᠶᠢᠨ ᠳᠦᠷᠢᠮ ᠢ ᠪᠠᠶᠢᠭᠤᠯᠤᠨ᠎ᠠ ᠃ ᠠᠮᠢ ᠠᠬᠤᠢ ᠶᠢᠨ ᠶᠡᠷᠦᠩᠬᠡᠶᠢᠯᠡᠭᠰᠡᠨ ᠨᠥᠬᠦᠪᠦᠷᠢ ᠶᠢ | ᠠᠬᠢᠭᠤᠯᠵᠤ ᠂ ᠬᠥᠨᠳᠡᠯᠡᠨ ᠢᠶᠠᠷ ᠠᠮᠢ ᠠᠬᠤᠢ ᠶᠢ ᠬᠠᠮᠠᠭᠠᠯᠠᠬᠤ ᠨᠥᠬᠦᠪᠦᠷᠢ ᠶᠢᠨ ᠲᠣᠭᠲᠠᠴᠠ ᠶᠢ ᠪᠦᠷᠢᠨᠰᠢᠭᠦᠯᠵᠦ ᠂ ᠠᠮᠢ ᠠᠬᠤᠢ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠲᠥᠯᠥᠪᠦᠷᠢ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ ᠃ | ᠵᠢᠷᠭᠤᠭ᠎ᠠ ᠂ ᠬᠥᠳᠡᠭᠡ ᠠᠵᠤ ᠠᠬᠤᠢ ᠶᠢᠨ ᠭᠠᠳᠠᠭᠠᠳᠤ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠬᠥᠳᠡᠭᠡ ᠠᠵᠤ ᠠᠬᠤᠢ ᠶᠢᠨ | ᠳᠡᠯᠡᠬᠡᠢ ᠶᠢᠨ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠤᠶᠢᠵᠢᠭᠤᠯᠤᠨ᠎ᠠ | ᠨᠡᠭᠡᠭᠡᠯᠲᠡ ᠬᠢᠬᠦ ᠳᠤᠮᠳᠠ ᠬᠠᠮᠲᠤᠷᠠᠯᠴᠠᠬᠤ ᠶᠢ ᠪᠠᠷᠢᠮᠲᠠᠯᠠᠵᠤ ᠂ ᠬᠠᠮᠲᠤᠷᠠᠯᠴᠠᠭ᠎ᠠ ᠳᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ ᠂ ᠤᠯᠤᠰ ᠤᠨ | ᠳᠣᠲᠣᠭᠠᠳᠤ ᠶᠢᠨ ᠪᠠ ᠳᠡᠯᠡᠬᠡᠢ ᠶᠢᠨ ᠬᠤᠶᠠᠷ ᠵᠠᠬ᠎ᠠ ᠳᠡᠯᠭᠡᠭᠦᠷ ᠤᠨ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ | ᠴᠢᠩᠭᠠᠳᠬᠠᠵᠤ ᠂ ᠨᠡᠩ ᠶᠡᠭᠡ ᠬᠡᠪᠴᠢᠶ᠎ᠡ ᠂ ᠨᠡᠩ ᠥᠷᠭᠡᠨ ᠬᠦᠷᠢᠶ᠎ᠡ ᠂ ᠨᠡᠩ ᠭᠦᠨ ᠳᠠᠪᠬᠤᠷᠭ᠎ᠠ ᠶᠢᠨ ᠬᠥᠳᠡᠭᠡ ᠠᠵᠤ ᠠᠬᠤᠢ ᠶᠢᠨ ᠭᠠᠳᠠᠭᠠᠳᠤ ᠬᠠᠮᠲᠤᠷᠠᠯᠴᠠᠭᠠᠨ ᠤ | ᠰᠢᠨ᠎ᠡ ᠪᠠᠶᠢᠳᠠᠯ ᠢ ᠬᠦᠴᠦᠯᠡᠨ ᠡᠭᠦᠳᠦᠨ᠎ᠡ ᠃ | ︵ ᠠᠷᠪᠠ ᠶᠢᠰᠦ ︶ ᠬᠥᠳᠡᠭᠡ ᠠᠵᠤ ᠠᠬᠤᠢ ᠶᠢᠨ ᠳᠡᠯᠡᠬᠡᠢ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ ᠃ ᠤᠯᠤᠰ ᠤᠨ ᠳᠣᠲᠣᠭᠠᠳᠤ ᠶᠢᠨ ᠳᠠᠪᠠᠭᠤᠯᠢᠭ | ᠲᠠᠷᠢᠶᠠᠯᠠᠩ ᠤᠨ ᠪᠦᠲᠦᠭᠡᠭᠳᠡᠬᠦᠨ ᠤ ᠳᠡᠯᠡᠬᠡᠢ ᠶᠢᠨ ᠥᠷᠢᠰᠦᠯᠳᠦᠭᠡᠨ ᠳᠤ ᠣᠷᠤᠯᠴᠠᠬᠤ ᠶᠢ ᠵᠣᠷᠢᠭᠵᠢᠭᠤᠯᠵᠤ ᠂ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ | ᠠᠷᠠᠯᠵᠢᠶ᠎ᠠ ᠶᠢᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ ᠃ ᠲᠠᠷᠢᠶᠠᠯᠠᠩ ᠤᠨ ᠦᠢᠯᠡᠴᠢᠯᠡᠭᠡᠨ ᠤ ᠠᠷᠠᠯᠵᠢᠶ᠎ᠠ ᠶᠢ ᠠᠬᠢᠭᠤᠯᠬᠤ | ᠠᠵᠢᠯᠯᠠᠭ᠎ᠠ ᠶᠢ ᠬᠡᠷᠡᠭᠵᠢᠭᠦᠯᠦᠨ᠎ᠡ ᠃ ᠬᠥᠳᠡᠭᠡ ᠠᠵᠤ ᠠᠬᠤᠢ ᠶᠢᠨ ᠬᠦᠷᠢᠶᠡᠨ ᠳᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ | ᠣᠨᠴᠠᠭᠠᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠂ ᠬᠠᠶᠢᠨᠠᠨ ᠤ ᠴᠢᠯᠦᠭᠡᠲᠦ | ᠠᠷᠠᠯᠵᠢᠶᠠᠨ ᠤ ᠭᠠᠷᠠᠮ ᠵᠡᠷᠭᠡ ᠶᠢᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠦᠢᠯᠡᠳᠦᠯ ᠢ ᠪᠠᠳᠠᠷᠠᠭᠤᠯᠤᠨ᠎ᠠ ᠃ ᠤᠯᠠᠨ ᠲᠠᠯᠠᠲᠤ ᠬᠤᠶᠠᠷ ᠲᠠᠯᠠᠲᠤ | ᠬᠥᠳᠡᠭᠡ ᠠᠵᠤ ᠠᠬᠤᠢ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠭᠦᠨᠵᠡᠭᠡᠢ ᠰᠦᠪᠡᠭᠴᠢᠯᠡᠵᠦ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠠᠮᠤ | ᠪᠤᠳᠠᠭᠠᠨ ᠤ ᠠᠮᠤᠷ ᠲᠦᠪᠰᠢᠨ ᠤ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠤᠨ᠎ᠠ ᠃ ᠬᠥᠳᠡᠭᠡ ᠠᠵᠤ ᠠᠬᠤᠢ ᠶᠢᠨ ᠬᠦᠷᠢᠶᠡᠨ ᠳᠠᠬᠢ ᠤᠯᠠᠨ ᠤᠯᠤᠰ ᠤᠨ ᠲᠣᠮᠣ | ᠰᠢᠨᠵᠢᠯᠡᠬᠦ ᠤᠬᠠᠭᠠᠨ ᠤ ᠲᠥᠯᠥᠪᠯᠡᠭᠡ ᠪᠠ ᠲᠣᠮᠣ ᠰᠢᠨᠵᠢᠯᠡᠬᠦ ᠤᠬᠠᠭᠠᠨ ᠤ ᠢᠨᠵᠧᠨᠧᠷᠢᠩ ᠢ ᠬᠡᠷᠡᠭᠵᠢᠭᠦᠯᠦᠨ᠎ᠡ ᠃ ᠪᠦᠭᠦ ᠪᠥᠮᠪᠥᠷᠴᠡᠭ ᠤᠨ ᠠᠮᠤ ᠪᠤᠳᠠᠭ᠎ᠠ ᠬᠥᠳᠡᠭᠡ | ᠠᠵᠤ ᠠᠬᠤᠢ ᠶᠢᠨ ᠵᠠᠰᠠᠯᠲᠠ ᠳᠤ ᠭᠦᠨᠵᠡᠭᠡᠢ ᠣᠷᠣᠯᠴᠠᠨ᠎ᠠ ᠃ | ᠳᠣᠯᠤᠭ᠎ᠠ ᠂ ᠣᠷᠣᠰᠢᠨ ᠰᠠᠭᠤᠬᠤ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ ᠂ ᠬᠥᠳᠡᠭᠡ ᠲᠣᠰᠬᠤᠨ ᠤ ᠣᠲᠣ ᠦᠶ᠎ᠡ ᠶᠢᠨ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠦᠨ᠎ᠡ | ᠬᠥᠳᠡᠭᠡ ᠲᠣᠰᠬᠤᠨ ᠳᠤ ᠤᠳᠤ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠬᠦ ᠪᠠᠷ ᠪᠠᠷᠢᠮᠵᠢᠶ᠎ᠠ ᠪᠤᠯᠭᠠᠵᠤ ᠂ ᠪᠣᠳᠠᠰ ᠤᠨ | ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠵᠤ ᠂ ᠬᠥᠳᠡᠭᠡ ᠲᠣᠰᠬᠤᠨ ᠤ ᠪᠦᠭᠦ ᠲᠠᠯ᠎ᠠ ᠶᠢᠨ ᠳᠡᠭᠡᠭᠰᠢᠯᠡᠯᠲᠡ ᠶᠢ ᠪᠡᠶᠡᠯᠡᠭᠦᠯᠵᠦ ᠂ | ᠲᠠᠷᠢᠶᠠᠴᠢᠳ ᠲᠤ ᠲᠤᠬᠠᠢ ᠶᠢᠨ ᠭᠠᠵᠠᠷ ᠲᠤᠨᠢ ᠤᠳᠤ ᠦᠶ᠎ᠡ ᠶᠢᠨ ᠪᠣᠯᠪᠠᠰᠤᠨ ᠠᠮᠢᠳᠤᠷᠠᠯ ᠢ ᠡᠳ᠋ᠯᠡᠭᠦᠯᠦᠨ᠎ᠡ ᠃ | ︵ ᠬᠤᠷᠢ ︶ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ ᠃ ᠰᠢᠶᠠᠨ ᠤ ᠬᠡᠪᠴᠢᠶᠡᠨ ᠤ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠤᠲᠠ ᠪᠠᠯᠭᠠᠰᠤ ᠂ ᠠᠶᠢᠯ ᠲᠣᠰᠬᠤᠨ ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ | ᠣᠷᠣᠨ ᠵᠠᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ ᠂ ᠠᠶᠢᠯ ᠲᠣᠰᠬᠤᠨ ᠤ ᠲᠥᠯᠦᠪᠵᠢᠭᠦᠯᠭᠡ ᠶᠢ ᠲᠥᠷᠥᠯ ᠬᠤᠪᠢᠶᠠᠨ | ᠨᠠᠶᠢᠷᠠᠭᠤᠯᠤᠨ ᠵᠣᠬᠢᠶᠠᠨ᠎ᠠ ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠦᠷᠢᠨ ᠲᠥᠬᠦᠷ ᠬᠡᠮᠵᠢᠶ᠎ᠡ ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠭᠦᠮ ᠦᠵᠡᠭᠦᠯᠭᠦ ᠬᠡᠮᠵᠢᠶ᠎ᠡ ᠂ ᠬᠥᠮᠥᠰ ᠤᠨ ᠣᠷᠣᠰᠢᠨ ᠰᠠᠭᠤᠬᠤ | ᠣᠷᠴᠢᠨ ᠨᠥᠬᠦᠴᠡᠯ ᠤᠨ ᠲᠠᠭᠠᠯᠠᠮᠵᠢᠲᠠᠢ ᠪᠠᠶᠢᠬᠤ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ | ᠲᠡᠰ ᠳᠡᠪᠰᠢᠭᠦᠯᠬᠦ ᠶᠢ ᠠᠬᠢᠭᠤᠯᠵᠤ ᠂ ᠬᠥᠳᠡᠭᠡ ᠲᠣᠰᠬᠤᠨ ᠤ ᠵᠠᠮ ᠲᠡᠭᠡᠭᠡᠪᠦᠷᠢ ᠶᠢᠨ ᠲᠣᠣᠷ ᠂ ᠤᠰᠤ ᠬᠠᠩᠭᠠᠬᠤ ᠲᠥᠬᠦᠭᠡᠷᠦᠮᠵᠢ ᠂ ᠡᠨᠧᠷᠭᠢ ᠶᠢᠨ ᠰᠢᠰᠲ᠋ᠧᠮ ᠪᠠ | ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ ᠬᠥᠳᠡᠭᠡ ᠲᠣᠰᠬᠤᠨ ᠤ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠂ ᠬᠥᠳᠡᠭᠡ ᠲᠣᠰᠬᠤᠨ ᠤ | ᠴᠢᠬᠤᠯᠠ ᠪᠦᠬᠦᠢ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠭᠢᠯᠡᠵᠦ ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠵᠤ ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ ᠂ ᠬᠥᠳᠡᠭᠡ | ᠲᠣᠰᠬᠤᠨ ᠤ ᠨᠠᠰᠤᠲᠠᠶᠢᠴᠤᠳ ᠂ ᠭᠡᠷ ᠲᠡᠭᠡᠨ ᠬᠤᠴᠣᠷᠤᠭᠰᠠᠨ ᠡᠮᠡᠭᠲᠡᠶᠢᠴᠦᠳ ᠬᠡᠦᠬᠡᠳ ᠪᠠ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠦᠨ᠎ᠡ ᠃ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠢ ᠠᠬᠢᠭᠤᠯᠵᠤ ᠂ ᠬᠥᠳᠡᠭᠡ ᠲᠣᠰᠬᠤᠨ ᠤ | ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ ᠠᠵᠢᠯ ᠢ ᠣᠷᠣᠨ ᠲᠦᠷᠦᠯ ᠬᠤᠪᠢᠶᠠᠨ ᠠᠬᠢᠭᠤᠯᠵᠤ ᠂ ᠬᠥᠳᠡᠭᠡ ᠲᠣᠰᠬᠤᠨ ᠤ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ ᠃ ᠲᠣᠰᠬᠤᠨ ᠤ ᠳᠦᠷᠢ | ᠲᠥᠷᠬᠦ ᠶᠢ ᠳᠡᠭᠡᠭᠰᠢᠯᠡᠭᠦᠯᠭᠦ ᠤᠳᠤᠷᠢᠳᠤᠮᠵᠢ ᠶᠢᠨ ᠳᠦᠷᠢᠮ ᠢ ᠨᠠᠶᠢᠷᠠᠭᠤᠯᠤᠨ ᠵᠣᠬᠢᠶᠠᠵᠤ ᠂ ᠬᠥᠳᠡᠭᠡ ᠲᠣᠰᠬᠤᠨ ᠤ ᠣᠨᠴᠠᠯᠢᠭᠲᠤ ᠳᠦᠷᠰᠦ ᠪᠠᠶᠢᠳᠠᠯ ᠢ ᠬᠠᠮᠠᠭᠠᠯᠠᠨ᠎ᠠ ᠃ | ︵ ᠬᠤᠷᠢᠨ ᠨᠢᠭᠡ ︶ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠦᠨ᠎ᠡ ᠃ ᠰᠢᠨ᠎ᠡ ᠴᠠᠭ ᠦᠶ᠎ᠡ ᠶᠢᠨ ︽ | ᠹᠧᠩᠴᠢᠶᠣᠤ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ ᠂ ᠬᠠᠤᠯᠢ ᠪᠠᠷ | ᠵᠠᠰᠠᠬᠤ ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ ᠃ ᠨᠠᠮ ᠤᠨ ᠪᠠᠶᠢᠭᠤᠯᠤᠯᠲᠠ ᠶᠢ | ᠠᠳᠬᠤᠵᠤ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠭᠦᠨᠵᠡᠭᠡᠢ ᠠᠬᠢᠭᠤᠯᠵᠤ ᠂ ᠬᠥᠳᠡᠭᠡ ᠲᠣᠰᠬᠤᠨ ᠤ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ ᠂ ᠡᠳ᠋ ᠤᠨ ᠵᠠᠰᠠᠭ ᠤᠨ ᠣᠷᠣᠭᠤᠯᠤᠯᠲᠠ ᠪᠠᠷ ᠭᠤᠣᠯ | ᠪᠤᠯᠭᠠᠬᠰᠠᠨ ᠲᠣᠭᠲᠠᠭᠤᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠵᠠᠷᠤᠳᠠᠯ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ ᠃ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢ ᠬᠥᠮᠥᠵᠢᠭᠦᠯᠵᠦ ᠰᠣᠩᠭᠤᠨ ᠳᠡᠪᠰᠢᠭᠦᠯᠦᠨ᠎ᠡ ᠃ ᠦᠨᠳᠦᠰᠦᠨ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠪᠣᠯᠣᠨ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠪᠦᠲᠦᠮᠵᠢᠲᠡᠶ ᠵᠣᠯᠭᠠᠯᠴᠠᠭ᠎ᠠ ᠶᠢ | ᠠᠬᠢᠭᠤᠯᠤᠨ᠎ᠠ ᠃ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠵᠤ ᠂ ᠦᠨᠳᠦᠰᠦᠨ | ᠱᠠᠲᠤᠨ ᠤ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ ᠂ ᠬᠥᠳᠡᠭᠡ ᠲᠣᠰᠬᠤᠨ ᠤ ᠦᠢᠯᠡᠴᠢᠯᠡᠭᠡᠨ ᠤ ᠴᠢᠨᠠᠷᠲᠠᠢ ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠂ ᠬᠠᠪᠰᠤᠷᠤᠯᠴᠠᠬᠤ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ ᠃ | ᠭᠠᠴᠠᠭᠠᠨ ᠤ ᠠᠷᠠᠳ ᠤᠨ ᠬᠤᠷᠠᠯ ᠂ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠵᠡᠷᠭᠡ ᠳᠦᠷᠢᠮ ᠢ ᠲᠡᠭᠦᠯᠳᠡᠷᠵᠢᠭᠦᠯᠵᠦ ᠂ ᠬᠥᠳᠡᠭᠡ ᠲᠣᠰᠬᠤᠨ ᠤ | ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ ᠃ ᠬᠥᠳᠡᠭᠡ ᠲᠣᠰᠬᠤᠨ ᠤ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ ᠂ ᠬᠥᠳᠡᠭᠡ ᠲᠣᠰᠬᠤᠨ ᠤ ᠱᠠᠰᠢᠨ ᠰᠤᠷᠲᠠᠬᠤᠨ ᠤ ᠬᠡᠷᠡᠭ | ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ ᠃ ᠵᠠᠰᠠᠬᠤ ᠪᠠ ᠦᠢᠯᠡᠴᠢᠯᠡᠬᠦ ᠭᠤᠣᠯᠳᠠᠯᠭ᠎ᠠ ᠶᠢ ᠦᠨᠳᠦᠰᠦᠨ ᠱᠠᠲᠤ ᠲᠡᠶᠢᠰᠢ ᠰᠢᠯᠵᠢᠭᠦᠯᠬᠦ ᠶᠢ ᠠᠬᠢᠭᠤᠯᠵᠤ ᠂ ᠰᠢᠶᠠᠩ | ᠪᠠᠯᠭᠠᠰᠤ ︵ ᠵᠡᠭᠡᠯᠢ ᠭᠤᠳᠤᠮᠵᠢ ︶ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠂ ᠡᠬᠢ ᠪᠠᠶᠠᠯᠢᠭ ᠢ ᠬᠠᠷᠢᠯᠴᠠᠨ ᠲᠣᠬᠢᠷᠠᠭᠤᠯᠬᠤ ᠳᠦᠷᠢᠮ ᠢ ᠪᠦᠷᠢᠨᠰᠢᠭᠦᠯᠦᠨ ᠂ ᠰᠢᠶᠠᠩ | ᠪᠠᠯᠭᠠᠰᠤ ︵ ᠵᠡᠭᠡᠯᠢ ᠭᠤᠳᠤᠮᠵᠢ ︶ ᠶᠢᠨ ᠦᠢᠯᠡᠴᠢᠯᠡᠭᠡ ᠬᠠᠮᠢᠶᠠᠷᠤᠯᠲᠠ ᠶᠢᠨ ᠬᠦᠴᠦᠨ ᠢ ᠴᠢᠩᠭᠠᠳᠬᠠᠵᠤ ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠵᠠᠰᠠᠯᠲᠠ ᠶᠢᠨ | ᠠᠷᠭ᠎ᠠ ᠮᠠᠶ᠋ᠢᠭ ᠢ ᠳᠡᠯᠭᠡᠷᠡᠭᠦᠯᠦᠨ᠎ᠡ ᠃ ᠰᠢᠶᠠᠨ ᠰᠢᠶᠠᠩ ᠲᠣᠰᠬᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠣᠨ ᠭᠠᠯ ᠰᠡᠷᠭᠡᠶᠢᠯᠡᠬᠦ ᠠᠮᠤᠷ | ᠲᠦᠪᠰᠢᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ ᠃ | ︵ ᠬᠤᠷᠢᠨ ᠬᠤᠶᠠᠷ ︶ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ ᠃ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠪᠠᠳᠠᠷᠠᠭᠤᠯᠤᠨ ᠦᠢᠯᠡᠳᠦᠯᠭᠡᠵᠢᠭᠦᠯᠵᠦ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ | ᠥᠷᠭᠡᠳᠬᠡᠵᠦ ᠂ ᠰᠢᠨ᠎ᠡ ᠴᠠᠭ ᠦᠶ᠎ᠡ ᠶᠢᠨ ᠲᠠᠷᠢᠶᠠᠴᠢᠨ ᠢ ᠬᠥᠮᠥᠵᠢᠭᠦᠯᠦᠨ᠎ᠡ ᠃ ᠪᠣᠯᠪᠠᠰᠤᠨ ᠬᠥᠳᠡᠭᠡ ᠶᠢᠨ ᠰᠤᠷᠲᠠᠯ ᠤᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ ᠂ ᠶᠣᠰᠣ ᠰᠤᠷᠲᠠᠬᠤᠨ ᠤ ᠰᠡᠬᠡᠭᠡᠷᠡᠭᠦᠯᠦᠯ ᠪᠣᠯᠣᠨ ᠤᠷᠮᠠᠰᠢᠭᠤᠯᠤᠯ ᠬᠢᠵᠠᠭᠠᠷᠯᠠᠯ ᠢ ᠴᠢᠩᠭᠠᠳᠬᠠᠵᠤ ᠂ ᠬᠥᠳᠡᠭᠡ ᠲᠣᠰᠬᠤᠨ ᠤ ᠵᠠᠩ ᠳᠠᠳᠬᠠᠯ ᠢ | ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠤᠨ᠎ᠠ ᠃ ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠨ᠎ᠠ ᠃ ᠳᠤᠮᠳᠠᠳᠤ ᠤᠯᠤᠰ ᠤᠨ | ᠤᠯᠠᠮᠵᠢᠯᠠᠯᠲᠤ ᠪᠠᠶᠠᠷ ᠤᠨ ᠡᠳᠦᠷ ᠤᠨ ᠬᠥᠭᠵᠢᠯ ᠮᠠᠨᠳᠤᠯ ᠢ ᠠᠬᠢᠭᠤᠯᠵᠤ ᠂ ᠲᠠᠷᠢᠶᠠᠴᠢᠨ ᠢᠶᠠᠷ ᠭᠤᠣᠯ ᠴᠣᠭᠴᠠ ᠪᠤᠯᠭᠠᠵᠤ ᠳᠤᠮᠳᠠᠳᠤ ᠤᠯᠤᠰ ᠤᠨ ᠲᠠᠷᠢᠶᠠᠴᠢᠳ ᠤᠨ | ᠡᠯᠪᠡᠭ ᠬᠤᠷᠢᠶᠠᠯᠲᠠ ᠶᠢᠨ ᠪᠠᠶᠠᠷ ᠢ ᠰᠠᠶᠢᠲᠤᠷ ᠡᠷᠭᠢᠯᠡᠨ᠎ᠡ ᠃ ᠲᠠᠷᠢᠶᠠᠯᠠᠬᠤ ᠰᠣᠶᠣᠯ ᠢ ᠤᠯᠠᠮᠵᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ ᠂ ᠲᠠᠷᠢᠶᠠᠯᠠᠩ ᠤᠨ | ᠰᠣᠶᠣᠯ ᠤᠨ ᠥᠪ ᠢ ᠠᠭᠤᠳᠠᠯᠤᠨ ᠡᠮᠬᠢᠳᠬᠡᠬᠦ ᠪᠠ ᠬᠠᠮᠠᠭᠠᠯᠠᠨ ᠠᠰᠢᠭᠯᠠᠬᠤ ᠶᠢ ᠴᠢᠩᠭᠠᠳᠬᠠᠨ᠎ᠠ ᠃ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠦᠨ᠎ᠡ ᠃ | ᠬᠥᠳᠡᠭᠡ ᠲᠣᠰᠬᠤᠨ ᠤ ᠤᠯᠠᠨ ᠲᠦᠮᠡᠨ ᠤ ᠤᠳᠬ᠎ᠠ ᠤᠷᠠᠯᠢᠭ ᠢ ᠲᠡᠳᠬᠦᠨ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠵᠦ ᠂ ᠲᠠᠷᠢᠶᠠᠯᠠᠬᠤ ᠰᠣᠶᠣᠯ ᠤᠨ ᠤᠳᠬ᠎ᠠ | ᠠᠭᠤᠯᠭ᠎ᠠ ᠪᠣᠯᠣᠨ ᠦᠨᠦᠷ ᠠᠮᠲᠠ ᠪᠠᠷ ᠪᠢᠯᠬᠠᠮ᠎ᠠ ᠂ ᠡᠶ᠎ᠡ ᠵᠣᠬᠢᠴᠠᠩᠭᠤᠢ ᠡᠪ ᠨᠠᠶᠢᠷᠲᠠᠢ ᠪᠥᠭᠡᠳ ᠭᠤᠸ᠎ᠠ ᠰᠠᠶᠢᠬᠠᠨ ᠢ ᠢᠯᠡᠷᠡᠭᠦᠯᠦᠭᠰᠡᠨ ᠬᠥᠳᠡᠭᠡ ᠲᠣᠰᠬᠤᠨ ᠤ | ᠰᠣᠶᠣᠯ ᠤᠨ ᠪᠦᠲᠦᠭᠡᠭᠳᠡᠬᠦᠨ ᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ ᠃ | ᠨᠠᠢᠮᠠ ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠬᠤᠲᠠ ᠬᠥᠳᠡᠭᠡ ᠶᠢᠨ ᠵᠥᠷᠢᠶ᠎ᠡ ᠶᠢ ᠪᠠᠭᠠᠰᠬᠠᠨ᠎ᠠ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ︽ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠤᠨ ᠭᠤᠣᠯ ᠡᠭᠦᠷᠭᠡ ᠪᠤᠯᠭᠠᠬᠤ ᠶᠢ | ᠪᠠᠷᠢᠮᠲᠠᠯᠠᠵᠤ ᠂ ᠨᠡᠩ ᠤᠯᠠᠨ ᠡᠬᠢ ᠪᠠᠶᠠᠯᠢᠭ ᠢ ᠠᠵᠤ ᠦᠢᠯᠡᠰ ᠠᠵᠢᠯ ᠣᠯᠭᠤᠯᠲᠠ ᠳᠡᠭᠡᠷ᠎ᠡ ᠲᠣᠬᠢᠷᠠᠭᠤᠯᠵᠤ ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠨᠡᠨ | ᠬᠦ ᠨᠡᠮᠡᠭᠳᠡᠭᠦᠯᠦᠨ᠎ᠡ ᠃ | ︵ ᠬᠤᠷᠢᠨ ᠭᠤᠷᠪᠠ ︶ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠠᠷᠭ᠎ᠠ ᠵᠠᠮ ᠢ ᠥᠷᠭᠡᠳᠬᠡᠨ᠎ᠡ ᠃ ᠰᠢᠶᠠᠨ ᠤ ᠬᠡᠪᠴᠢᠶᠡᠨ ᠤ ᠠᠷᠠᠳ ᠢ | ᠪᠠᠶᠠᠵᠢᠭᠤᠯᠬᠤ ᠠᠵᠤ ᠦᠢᠯᠡᠰ ᠢ ᠪᠤᠵᠠᠭᠠᠶᠢᠷᠠᠭᠤᠯᠤᠨ ᠂ ᠰᠢᠶᠠᠨ ᠤ ᠬᠡᠪᠴᠢᠶᠡᠨ ᠤ ᠠᠵᠤ ᠦᠢᠯᠡᠰ ᠤᠨ ᠬᠥᠷᠰᠢ ᠵᠡᠷᠭᠡᠯᠡᠳᠡᠭᠡ ᠲᠣᠮᠣ ᠳᠤᠮᠳᠠ ᠬᠤᠲᠠ ᠶᠢᠨ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠳᠤ ᠲᠦᠷᠭᠡᠨ ᠠᠭᠤᠰᠤᠯᠴᠠᠬᠤ ᠶᠢ ᠠᠬᠢᠭᠤᠯᠵᠤ ᠂ ᠭᠦᠳᠡᠯᠮᠦᠷᠢ ᠨᠢᠭᠲᠠᠷᠠᠭᠰᠠᠨ | ᠭᠡᠯᠪᠡᠷᠢ ᠶᠢᠨ ᠠᠵᠤ ᠦᠢᠯᠡᠰ ᠤᠨ ᠱᠠᠲᠤᠯᠢᠭ ᠢᠶᠠᠷ ᠰᠢᠶᠠᠨ ᠤ ᠬᠡᠪᠴᠢᠶ᠎ᠡ ᠲᠡᠶᠢᠰᠢ ᠰᠢᠯᠵᠢᠭᠦ ᠶᠢ ᠬᠥᠲᠥᠯᠥᠨ ᠵᠢᠯᠣᠭᠤᠳᠤᠨ᠎ᠠ ᠃ ᠲᠠᠷᠢᠶᠠᠯᠠᠩ ᠳᠤ ᠬᠤᠯᠪᠣᠭᠳᠠᠬᠤ ᠶᠡᠭᠡ | ᠳᠡᠭᠡᠳᠦ ᠰᠤᠷᠭᠠᠭᠤᠯᠢ ᠂ ᠠᠵᠤ ᠠᠬᠤᠶᠢᠯᠠᠯ ᠤᠨ ᠴᠢᠨᠠᠷ ᠰᠠᠶᠢᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠰᠠᠶᠢᠲᠤᠷ ᠡᠷᠭᠢᠯᠡᠭᠦ ᠶᠢ ᠳᠡᠮᠵᠢᠵᠦ ᠂ | ᠬᠥᠯᠥᠰᠦᠨ ᠠᠵᠢᠯᠴᠢᠨ ᠤ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠠᠵᠢᠯ ᠮᠡᠷᠭᠡᠵᠢᠯ ᠤᠨ ᠲᠤᠰᠬᠠᠢ ᠪᠣᠯᠪᠠᠰᠤᠷᠠᠯ ᠢ ᠥᠷᠨᠢᠭᠦᠯᠬᠦ ᠶᠢ ᠵᠣᠷᠢᠭᠵᠢᠭᠤᠯᠵᠤ ᠂ | ᠣᠷᠣᠨ ᠪᠦᠰᠡ ᠠᠯᠤᠰᠯᠠᠨ ᠠᠵᠢᠯ ᠣᠯᠭᠤᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠵᠦ ᠂ ᠣᠷᠣᠨ ᠪᠦᠰᠡ ᠶᠢᠨ ᠭᠦᠳᠡᠯᠮᠦᠷᠢ ᠦᠢᠯᠡᠴᠢᠯᠡᠭᠡᠨ ᠤ | ᠬᠠᠮᠵᠢᠯᠴᠠᠭᠠᠨ ᠤ ᠲᠠᠪᠴᠠᠩ ᠢ ᠪᠠᠶᠢᠭᠤᠯᠵᠤ ᠂ ᠲᠠᠷᠢᠶᠠᠴᠢᠳ ᠤᠨ ᠠᠵᠢᠯ ᠣᠯᠵᠤ ᠠᠵᠢᠯ ᠤᠨ ᠪᠠᠶᠢᠷᠢ ᠪᠠᠨ ᠥᠷᠭᠡᠳᠬᠡᠨ ᠣᠷᠣᠯᠭ᠎ᠠ ᠪᠠᠨ ᠨᠡᠮᠡᠭᠳᠡᠭᠦᠯᠬᠦ ᠶᠢ | ᠠᠬᠢᠭᠤᠯᠤᠨ᠎ᠠ ᠃ ᠬᠥᠳᠡᠭᠡ ᠲᠣᠰᠬᠤᠨ ᠤ ᠭᠡᠷ ᠪᠠᠶᠢᠰᠢᠩ ᠤᠨ ᠰᠠᠭᠤᠷᠢᠨ ᠭᠠᠵᠠᠷ ᠤᠨ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ ᠂ ᠲᠠᠷᠢᠶᠠᠴᠢᠨ ᠡᠷᠦᠭᠡ ᠶᠢᠨ | ᠬᠠᠤᠯᠢ ᠶᠣᠰᠣᠨ ᠤ ᠣᠷᠣᠨ ᠰᠠᠭᠤᠴᠠ ᠪᠠᠨ ᠲᠦᠷᠢᠶᠡᠰᠦᠯᠡᠭᠦᠯᠬᠦ ᠂ ᠬᠤᠪᠢ ᠣᠷᠣᠭᠤᠯᠬᠤ ᠂ ᠬᠤᠷᠰᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠠᠮᠢᠳᠤᠯᠢᠭᠵᠢᠭᠤᠯᠤᠨ ᠠᠰᠢᠭᠯᠠᠬᠤ ᠶᠢ ᠵᠥᠪᠰᠢᠶᠡᠷᠡᠨ᠎ᠡ ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠵᠤ ᠂ ᠭᠠᠵᠠᠷ ᠰᠢᠷᠣᠢ ᠶᠢᠨ ᠦᠷᠳᠡᠭ ᠨᠡᠮᠡᠭᠳᠡᠯ ᠤᠨ ᠠᠰᠢᠭ | ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠬᠥᠳᠡᠭᠡ | ᠲᠣᠰᠬᠤᠨ ᠤ ᠪᠦᠭᠦ ᠰᠠᠭᠤᠭᠠᠯᠢ ᠠᠷᠠᠳ ᠢ ᠬᠠᠮᠤᠷᠬᠤ ᠶᠢ ᠠᠬᠢᠭᠤᠯᠬᠤ ᠶᠢᠨ ᠬᠠᠮᠲᠤ ᠰᠠᠭᠤᠷᠢ ᠨᠠᠰᠤᠵᠢᠯ ᠤᠨ ᠮᠥᠩᠭᠦ ᠶᠢᠨ ᠪᠠᠷᠢᠮᠵᠢᠶ᠎ᠠ ᠶᠢ ᠴᠠᠭ ᠲᠤᠨᠢ ᠲᠣᠬᠢᠷᠠᠭᠤᠯᠤᠨ | ᠳᠡᠭᠡᠭᠰᠢᠯᠡᠭᠦᠯᠵᠦ ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠪᠠ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ ᠃ | ︵ ᠬᠤᠷᠢᠨ ᠳᠥᠷᠪᠡ ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ ᠃ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠂ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ ᠂ | ᠬᠤᠲᠠ ᠬᠥᠳᠡᠭᠡ ᠶᠢᠨ ᠲᠥᠯᠦᠪᠵᠢᠭᠦᠯᠭᠡ ᠂ ᠪᠦᠲᠦᠭᠡᠨ ᠪᠠᠶᠢᠭᠤᠯᠤᠯᠲᠠ ᠂ ᠵᠠᠰᠠᠯᠲᠠ ᠶᠢᠨ ᠠᠭᠤᠰᠤᠯᠴᠠᠯ ᠤᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ ᠃ | ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠬᠤᠲᠠ | ᠬᠥᠳᠡᠭᠡ ᠶᠢᠨ ᠡᠯᠧᠮᠧᠨ᠋ᠲ ᠤᠨ ᠡᠷᠬᠡ ᠲᠡᠭᠰᠢ ᠪᠠᠷ ᠰᠣᠯᠢᠯᠴᠠᠬᠤ ᠂ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠵᠤ ᠂ ᠣᠯᠠᠨ ᠨᠡᠶᠢᠲᠡ ᠶᠢᠨ ᠡᠬᠢ ᠪᠠᠶᠠᠯᠢᠭ ᠢ | ᠲᠡᠩᠴᠡᠭᠦᠷᠢᠲᠡᠢ ᠲᠣᠬᠢᠷᠠᠭᠤᠯᠬᠤ ᠶᠢ ᠠᠬᠢᠭᠤᠯᠤᠨ᠎ᠠ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠬᠢᠭᠡᠳ ᠮᠥᠩᠭᠦᠨ ᠭᠦᠢᠯᠭᠡᠭᠡᠨ ᠂ ᠨᠡᠶᠢᠭᠡᠮ ᠤᠨ | ᠣᠷᠣᠭᠤᠯᠤᠯᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ ᠂ ᠭᠠᠵᠠᠷ ᠰᠢᠷᠣᠢ ᠶᠢ ᠬᠢᠮᠳᠠ ᠦᠨ᠎ᠡ ᠪᠠᠷ ᠬᠤᠳᠠᠯᠳᠤᠭᠰᠠᠨ ᠣᠷᠣᠯᠭ᠎ᠠ ᠶᠢᠨ | ᠲᠠᠷᠢᠶᠠᠯᠠᠩ ᠬᠥᠳᠡᠭᠡ ᠲᠣᠰᠬᠤᠨ ᠳᠤ ᠬᠡᠷᠡᠭᠯᠡᠬᠦ ᠬᠠᠷᠢᠴᠠᠯ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ ᠃ ᠬᠤᠳᠠ ᠬᠥᠳᠡᠭᠡ ᠶᠢᠨ ᠨᠢᠭᠡᠳᠦᠯᠲᠡᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠢ ᠪᠠᠶᠢᠭᠤᠯᠵᠤ ᠂ ᠰᠢᠶᠠᠨ ᠰᠢᠶᠠᠩ ᠤᠨ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠢ ᠶᠢᠨ ᠲᠥᠯᠦᠪᠵᠢᠭᠦᠯᠭᠡ ᠶᠢ ᠰᠢᠨ᠎ᠡ ᠪᠠᠷ ᠨᠠᠶᠢᠷᠠᠭᠤᠯᠬᠤ ᠳᠠᠭᠠᠨ 10% ᠠᠴᠠ ᠳᠣᠣᠷ᠎ᠠ ᠦᠭᠡᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠢᠭᠠᠯᠲᠠ | ᠲᠤᠭ᠎ᠠ ᠶᠢ ᠲᠠᠷᠢᠶᠠᠯᠠᠩ ᠬᠥᠳᠡᠭᠡ ᠲᠣᠰᠬᠤᠨ ᠳᠤ ᠲᠣᠬᠢᠷᠠᠭᠤᠯᠵᠤ ᠬᠡᠷᠡᠭᠯᠡᠨ᠎ᠡ ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠳᠠ ᠶᠢᠨ ᠠᠷᠠᠳ ᠪᠤᠯᠭᠠᠬᠤ | ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠪᠠᠶᠢᠩᠭᠤ ᠰᠠᠭᠤᠭ᠎ᠠ ᠭᠠᠵᠠᠷ ᠠᠴᠠ ᠡᠷᠣᠭᠡ ᠠᠮᠠ ᠳᠠᠩᠰᠠᠯᠠᠵᠥ ᠦᠨᠳᠦᠰᠦᠨ | ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ ᠬᠡᠷᠡᠭᠵᠢᠭᠦᠯᠵᠦ ᠂ ᠨᠥᠬᠦᠴᠡᠯ ᠳᠤ ᠨᠡᠶᠢᠴᠡᠬᠦ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ | ᠨᠡᠶᠢᠭᠡᠮ ᠤᠨ ᠳᠠᠭᠠᠳᠬᠠᠯ ᠂ ᠣᠷᠣᠨ ᠰᠠᠭᠤᠴᠠ ᠶᠢᠨ ᠪᠠᠲᠤᠯᠠᠭ᠎ᠠ ᠂ ᠲᠠᠭᠠᠵᠥ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠵᠡᠷᠭᠡ ᠳᠤ | ᠨᠡᠭᠦᠵᠦ ᠣᠴᠢᠭᠰᠠᠨ ᠭᠠᠵᠠᠷ ᠤᠨ ᠡᠷᠣᠭᠡ ᠠᠮᠠ ᠶᠢᠨ ᠳᠠᠩᠰᠠ ᠶᠢᠨ ᠬᠥᠮᠥᠨ ᠠᠮᠠ ᠯᠤᠭ᠎ᠠ ᠠᠳᠠᠯᠢ ᠲᠡᠭᠰᠢ ᠡᠷᠬᠡ ᠡᠳ᠋ᠯᠡᠬᠦ ᠶᠢ ᠠᠬᠢᠭᠤᠯᠤᠨ᠎ᠠ ᠃ ᠰᠢᠶᠠᠨ ᠤ | ᠬᠡᠪᠴᠢᠶ᠎ᠡ ᠶᠢ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠴᠢᠬᠤᠯᠠ ᠭᠠᠷᠳᠠᠴᠠ ᠪᠤᠯᠭᠠᠵᠤ ᠂ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠵᠠᠮ ᠢ | ᠬᠤᠯᠪᠣᠬᠤ ᠂ ᠴᠠᠭᠢᠯᠭᠠᠨ ᠬᠠᠩᠭᠠᠬᠤ ᠲᠣᠣᠷ ᠰᠦᠯᠵᠢᠶ᠎ᠡ ᠶᠢ ᠬᠤᠯᠪᠣᠯᠳᠤᠭᠤᠯᠬᠤ ᠂ ᠠᠶᠠᠨᠴᠢᠳ ᠤᠨ ᠵᠥᠭᠡᠭᠡᠪᠦᠷᠢ ᠪᠠᠷᠠᠭᠠᠨ ᠤ ᠭᠦᠢᠯᠭᠡᠭᠡ ᠶᠢ ᠨᠢᠭᠡ | ᠴᠣᠭᠴᠠᠵᠢᠭᠤᠯᠬᠤ ᠶᠢ ᠠᠬᠢᠭᠤᠯᠵᠤ ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠬᠡᠬᠦ ᠂ ᠳᠦᠷᠢᠮ ᠢ | ᠨᠢᠭᠡᠳᠬᠡᠬᠦ ᠶᠢ ᠠᠬᠢᠭᠤᠯᠤᠨ᠎ᠠ ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠬᠥᠳᠡᠭᠡ ᠲᠣᠰᠬᠤᠨ ᠤ | ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠠᠨ᠎ᠠ ᠃ | ︵ ᠬᠤᠷᠢᠨ ᠲᠠᠪᠤ ︶ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠳᠣᠲᠣᠭᠠᠳᠤ ᠬᠥᠭᠵᠢᠯᠲᠡ ᠶᠢᠨ | ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ ᠃ ᠬᠥᠳᠡᠭᠡ ᠲᠣᠰᠬᠤᠨ ᠤ ᠬᠥᠮᠥᠨ ᠠᠮᠠ ᠶᠢ ᠬᠠᠮᠤᠷᠤᠭᠰᠠᠨ ᠳᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ | ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ ᠤ | ᠱᠠᠲᠤ ᠬᠤᠪᠢᠶᠠᠨ ᠲᠦᠷᠦᠯ ᠬᠤᠪᠢᠶᠠᠨ ᠬᠠᠪᠰᠤᠷᠤᠨ ᠲᠡᠳᠬᠦᠬᠦ ᠳᠦᠷᠢᠮ ᠢ ᠪᠠᠶᠢᠭᠤᠯᠤᠨ᠎ᠠ ᠃ ᠪᠠᠬᠢᠵᠢᠭᠦᠯᠬᠦ ᠂ ᠳᠡᠰ ᠳᠡᠪᠰᠢᠭᠦᠯᠬᠦ ᠂ ᠠᠮᠢᠳᠤᠯᠢᠭᠵᠢᠭᠤᠯᠬᠤ ᠂ | ᠲᠣᠬᠢᠷᠠᠭᠤᠯᠬᠤ ᠵᠠᠷᠴᠢᠮ ᠶᠣᠰᠣᠭᠠᠷ ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠠᠪᠰᠤᠷᠤᠨ ᠲᠡᠳᠬᠦᠬᠦ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠂ ᠪᠤᠶᠢᠵᠢᠯᠲᠠ ᠶᠢᠨ ᠴᠢᠨᠠᠷ ᠢᠶᠠᠷ ᠰᠠᠶᠢᠨ ᠂ ᠳᠠᠶᠢᠴᠢᠯᠠᠬᠤ ᠬᠦᠴᠦᠨ ᠢᠶᠠᠷ ᠴᠢᠩᠭ᠎ᠠ ᠬᠠᠪᠰᠤᠷᠤᠨ ᠲᠡᠳᠬᠦᠬᠦ ᠠᠵᠤ ᠦᠢᠯᠡᠰ ᠤᠨ | ᠰᠢᠰᠲ᠋ᠧᠮ ᠢ ᠪᠠᠶᠢᠭᠤᠯᠵᠤ ᠂ ᠲᠠᠷᠢᠶᠠᠯᠠᠩ ᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠵᠤ ᠲᠠᠷᠢᠶᠠᠴᠢᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠬᠦ ᠶᠢ ᠲᠥᠪ ᠤᠨ | ᠡᠳ᠋ ᠤᠨ ᠵᠠᠰᠠᠭ ᠤᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠤᠷᠢᠳ ᠢᠶᠠᠷ | ᠳᠡᠮᠵᠢᠬᠦ ᠠᠭᠤᠯᠭ᠎ᠠ ᠪᠣᠯᠭᠠᠨ᠎ᠠ ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ | ᠲᠦᠷᠭᠡᠳᠬᠡᠨ ᠨᠥᠬᠦᠪᠦᠷᠢᠯᠡᠵᠦ ᠂ ᠠᠵᠤ ᠦᠢᠯᠡᠰ ᠤᠨ ᠬᠥᠭᠵᠢᠯᠲᠡ ᠳᠤ ᠬᠡᠷᠡᠭᠰᠡᠬᠦ ᠢᠵᠢ ᠪᠦᠷᠢᠳᠦᠭᠦᠯᠬᠦ ᠲᠥᠬᠦᠭᠡᠷᠦᠮᠵᠢ ᠶᠢ ᠤᠷᠢᠳ ᠢᠶᠠᠷ ᠪᠠᠶᠢᠷᠢᠰᠢᠭᠤᠯᠤᠨ᠎ᠠ ᠃ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠵᠦ ᠂ ︽ ᠬᠤᠷ᠎ᠠ ᠪᠣᠷᠣᠭᠠᠨ | ᠲᠥᠯᠥᠪᠯᠡᠭᠡ + ︾ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ ᠃ ᠲᠥᠪ ᠤᠨ ᠪᠠᠶᠢᠭᠤᠯᠭ᠎ᠠ ᠨᠢᠭᠡᠴᠢ ᠶᠢᠨ ᠴᠡᠭ ᠲᠣᠭᠲᠠᠭᠠᠨ | ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ ᠂ ︽ ᠲᠦᠮᠡᠨ ᠠᠵᠤ | ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ ︾ ᠠᠵᠢᠯᠯᠠᠭ᠎ᠠ ᠶᠢ ᠠᠬᠢᠭᠤᠯᠤᠨ᠎ᠠ ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠲᠥᠪᠯᠡᠷᠡᠭᠦᠯᠦᠨ ᠳᠡᠮᠵᠢᠵᠦ ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ | ᠲᠡᠳᠬᠦᠮᠵᠢ ᠶᠢ ᠴᠢᠩᠭᠠᠳᠬᠠᠨ᠎ᠠ ᠃ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠬᠢ ᠤᠯᠤᠰ ᠤᠨ ᠣᠷᠣᠭᠤᠯᠤᠯᠲᠠ ᠶᠢᠨ ᠡᠳ᠋ ᠬᠥᠷᠥᠩᠭᠡ ᠪᠣᠯᠵᠤ ᠪᠦᠷᠢᠯᠳᠦᠭᠦᠯᠬᠦ ᠤᠷᠲᠤ | ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ ᠃ | ᠶᠢᠰᠦ ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ ᠂ ᠨᠠᠮ ᠤᠨ ᠤᠳᠤᠷᠢᠳᠤᠯᠭ᠎ᠠ ᠶᠢ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠡᠯ᠎ᠡ ᠬᠦᠷᠢᠶ᠎ᠡ ᠡᠯ᠎ᠡ ᠭᠤᠭᠴᠤᠭ᠎ᠠ ᠳᠤ | ᠲᠤᠭᠤᠰᠢᠯᠠᠭᠤᠯᠵᠤ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ | ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ︽ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠶᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠂ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ | ᠲᠥᠯᠦᠪᠵᠢᠭᠦᠯᠭᠡ ᠵᠡᠷᠭᠡ ᠳᠤ ᠣᠷᠣᠭᠤᠯᠵᠤ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ | ᠲᠠᠰᠤᠷᠠᠯᠳᠠ ᠦᠭᠡᠢ ᠪᠣᠳᠠᠲᠤ ᠠᠬᠢᠴᠠ ᠲᠠᠢ ᠪᠤᠯᠬᠤ ᠶᠢ ᠪᠠᠲᠤᠯᠠᠬᠤ ᠬᠡᠷᠡᠭᠲᠡᠢ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ | ᠬᠠᠮᠵᠢᠯᠴᠠᠭ᠎ᠠ ᠪᠠᠨ ᠴᠢᠩᠭᠠᠳᠬᠠᠵᠤ ᠂ ᠲᠥᠯᠦᠪᠵᠢᠭᠦᠯᠭᠡ ᠂ ᠲᠥᠷᠥᠯ ᠵᠦᠢᠯ ᠂ ᠪᠡᠯᠡ ᠮᠥᠩᠭᠦ ᠂ ᠬᠦᠴᠦᠨ ᠵᠦᠢᠯ ᠤᠨ ᠬᠤᠭᠤᠷᠣᠨᠳᠣᠭᠢ ᠪᠦᠲᠦᠮᠵᠢᠲᠡᠶ | ᠵᠣᠯᠭᠠᠭᠤᠯᠤᠯᠲᠠ ᠶᠢ ᠴᠢᠩᠭᠠᠷᠠᠭᠤᠯᠤᠨ ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠬᠦ ᠬᠡᠷᠡᠭᠲᠡᠢ ᠃ ᠲᠤᠰ ᠲᠥᠯᠦᠪᠵᠢᠭᠦᠯᠭᠡ ᠳᠤ ᠲᠣᠭᠲᠠᠭᠠᠭᠰᠠᠨ | ᠴᠢᠬᠤᠯᠠ ᠶᠡᠭᠡ ᠡᠭᠦᠷᠭᠡ ᠪᠠ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠨᠢ ᠭᠠᠵᠠᠷ ᠰᠢᠷᠣᠢ ᠶᠢᠨ ᠬᠠᠩᠭᠠᠯᠭ᠎ᠠ ᠶᠢ ᠤᠷᠢᠳ ᠢᠶᠠᠷ ᠪᠠᠲᠤᠯᠠᠨ᠎ᠠ ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ ᠂ ᠣᠯᠠᠨ ᠲᠠᠰ ᠳᠠᠪᠬᠤᠷᠭ᠎ᠠ ᠶᠢᠨ ᠲᠠᠷᠢᠶᠠᠯᠠᠩ ᠤᠨ ᠳᠠᠭᠠᠳᠬᠠᠯ ᠢ ᠬᠥᠭᠵᠢᠭᠦᠯᠵᠦ ᠂ ᠬᠥᠳᠡᠭᠡ ᠠᠵᠤ ᠠᠬᠤᠢ ᠶᠢᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠦᠷᠢᠶ᠎ᠡ ᠪᠠ ᠪᠠᠭᠤᠷᠠᠢ ᠭᠤᠭᠴᠤᠭ᠎ᠠ ᠶᠢ ᠭᠤᠣᠯᠳᠠᠯᠭ᠎ᠠ ᠲᠠᠢ ᠳᠡᠮᠵᠢᠨ᠎ᠡ ᠃ | ᠲᠠᠷᠢᠶᠠᠯᠠᠩ ᠳᠤ ᠬᠤᠯᠪᠣᠭᠳᠠᠬᠤ ᠺᠠᠳ᠋ᠷ ᠤᠨ ᠪᠣᠯᠪᠠᠰᠤᠷᠠᠯ ᠢ ᠴᠢᠩᠭᠠᠳᠬᠠᠵᠤ ᠂ ︽ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠤᠨ | ᠴᠢᠳᠠᠪᠤᠷᠢ ᠶᠢ ᠳᠡᠭᠡᠭᠰᠢᠯᠡᠭᠦᠯᠵᠦ ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ ᠂ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠴᠢᠳᠠᠪᠤᠷᠢ ᠲᠠᠢ ︽ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ | ᠤ ᠺᠠᠳ᠋ᠷ ᠤᠨ ᠡᠩᠨᠡᠭᠡ ᠶᠢ ᠪᠠᠶᠢᠭᠤᠯᠤᠨ᠎ᠠ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ ᠂ | ᠲᠤᠰ ᠭᠠᠵᠠᠷ ᠣᠷᠣᠨ ᠳᠠᠭᠠᠨ ᠬᠥᠮᠥᠵᠢᠭᠦᠯᠬᠦ ᠪᠠ ᠭᠠᠳᠠᠨ᠎ᠠ ᠠᠴᠠ ᠣᠷᠣᠭᠤᠯᠤᠨ ᠠᠪᠴᠢᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠶᠡᠭᠡ ᠳᠡᠭᠡᠳᠦ | ᠰᠤᠷᠭᠠᠭᠤᠯᠢ ᠶᠢᠨ ᠬᠥᠳᠡᠭᠡ ᠠᠵᠤ ᠠᠬᠤᠢ ᠳᠤ ᠬᠤᠯᠪᠣᠭᠳᠠᠬᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠵᠤ ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠦᠪᠰᠢᠨ ᠢ ᠳᠡᠭᠡᠭᠰᠢᠯᠡᠭᠦᠯᠵᠦ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ | ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠦᠨ᠎ᠡ ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠦᠨ᠎ᠡ ᠃ ᠵᠡᠭᠦᠨ ᠬᠡᠰᠡᠭ ᠤᠨ ᠳᠠᠯᠠᠶ ᠳᠠᠭᠠᠤ ᠬᠥᠭᠵᠢᠭᠰᠡᠨ ᠭᠠᠵᠠᠷ ᠣᠷᠣᠨ ᠤ ᠨᠥᠬᠦᠴᠡᠯ ᠲᠠᠢ ᠮᠤᠵᠢ ᠶᠢᠨ ᠬᠥᠳᠡᠭᠡ ᠠᠵᠤ ᠠᠬᠤᠢ ᠶᠢᠨ ᠬᠦᠴᠦᠷᠬᠡᠭ | ᠮᠤᠵᠢ ᠶᠢ ᠤᠷᠢᠳ ᠢᠶᠠᠷ ᠪᠠᠶᠢᠭᠤᠯᠬᠤ ᠶᠢ ᠠᠬᠢᠭᠤᠯᠵᠤ ᠂ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ | ᠲᠦᠪᠰᠢᠨ ᠢᠶᠠᠷ ᠨᠡᠯᠢᠶᠡᠳ ᠥᠨᠳᠥᠷ ᠂ ᠡᠬᠢ ᠪᠠᠶᠠᠯᠢᠭ ᠤᠨ ᠨᠥᠬᠦᠴᠡᠯ ᠢᠶᠠᠷ ᠨᠡᠯᠢᠶᠡᠳ ᠰᠠᠶᠢᠨ ᠬᠤᠲᠠ ᠭᠠᠵᠠᠷ ᠢ ᠵᠣᠷᠢᠭᠵᠢᠭᠤᠯᠤᠨ ᠬᠥᠳᠡᠭᠡ ᠠᠵᠤ ᠠᠬᠤᠢ ᠶᠢᠨ | ᠬᠦᠴᠦᠷᠬᠡᠭ ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠵᠤ ᠂ ᠨᠥᠬᠦᠴᠡᠯ ᠲᠠᠢ ᠰᠢᠶᠠᠨ ︵ ᠬᠤᠲᠠ ᠂ ᠲᠣᠭᠤᠷᠢᠭ ︶ ᠢ ᠬᠥᠲᠥᠯᠥᠨ ᠵᠢᠯᠤᠭᠤᠳᠴᠤ ᠪᠠᠶᠢᠭᠠᠳ | ᠬᠥᠳᠡᠭᠡ ᠠᠵᠤ ᠠᠬᠤᠢ ᠶᠢᠨ ᠬᠦᠴᠦᠷᠬᠡᠭ ᠰᠢᠶᠠᠨ ᠢ ᠲᠦᠷᠭᠡᠳᠬᠡᠨ ᠪᠦᠲᠦᠭᠡᠨ ᠪᠠᠶᠢᠭᠤᠯᠵᠤ ᠂ ᠵᠦᠷᠢᠶᠡᠴᠢᠯᠡᠭᠰᠡᠨ ᠂ ᠣᠨᠴᠠᠯᠢᠭᠲᠤ ᠬᠥᠭᠵᠢᠯᠲᠡ ᠶᠢᠨ ᠵᠠᠭᠪᠤᠷ ᠢ | ᠲᠥᠷᠥᠯ ᠬᠤᠪᠢᠶᠠᠨ ᠰᠦᠪᠡᠭᠴᠢᠯᠡᠨ᠎ᠡ ᠃ ᠴᠢᠬᠤᠯᠠ ᠶᠡᠭᠡ ᠤᠴᠢᠷ ᠶᠠᠪᠤᠳᠠᠯ ᠢ ᠴᠠᠭ ᠲᠤᠬᠠᠢ ᠳᠤᠨᠢ ᠲᠡᠰ ᠳᠠᠷᠠᠭᠠᠯᠠᠯ ᠶᠣᠰᠣᠭᠠᠷ ᠨᠠᠮ ᠤᠨ ᠲᠥᠪ ᠬᠤᠷᠢᠶ᠎ᠠ ᠂ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠦᠨ᠎ᠡ ᠃ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 7 ᠤ ᠴᠠᠭᠢᠯᠭᠠᠨ ᠮᠡᠳᠡᠭᠡ | | |