| — ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ ᠪᠣᠢ ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠨᠤᠭᠤᠳ ᠵᠥᠷᠢᠴᠡᠯ ᠵᠠᠭᠤᠷᠠᠯᠳᠤᠭᠠᠨ ᠢ ︽ ᠶᠡᠭᠡ ᠪᠠᠷ ᠵᠢᠭᠰᠠᠭᠠᠨ ᠪᠠᠶᠢᠴᠠᠭᠠᠬᠤ ᠂ ᠶᠡᠭᠡ ᠪᠠᠷ ᠰᠢᠢᠳᠪᠦᠷᠢᠯᠡᠵᠦ ᠠᠷᠢᠯᠭᠠᠬᠤ ᠂ ᠶᠡᠭᠡ ᠪᠠᠷ | ᠲᠣᠭᠲᠠᠪᠤᠷᠢᠵᠢᠭᠤᠯᠤᠨ ᠡᠵᠡᠮᠳᠡᠬᠦ ︾ ᠲᠤᠰᠬᠠᠢ ᠠᠵᠢᠯᠯᠠᠭᠠᠨ ᠢ ᠣᠯᠠᠨᠲᠠ ᠡᠭᠡᠯᠵᠢᠯᠡᠨ ᠥᠷᠨᠢᠭᠦᠯᠵᠦ ᠂ 23.7 ᠲᠦᠮᠡ ᠭᠠᠷᠤᠢ ᠵᠥᠷᠢᠴᠡᠯ ᠵᠠᠭᠤᠷᠠᠯᠳᠤᠭᠠᠨ ᠢ | ᠵᠢᠭᠰᠠᠭᠠᠨ ᠪᠠᠶᠢᠴᠠᠭᠠᠵᠤ ᠰᠢᠢᠳᠪᠦᠷᠢᠯᠡᠵᠡᠢ ᠃ ︽ ᠵᠤᠨ ᠤ ᠤᠯᠠᠷᠢᠯ ᠤᠨ ᠠᠵᠢᠯᠯᠠᠭᠠᠨ ︾ ᠵᠡᠷᠭᠡ ᠲᠤᠰᠬᠠᠢ ᠠᠵᠢᠯᠯᠠᠭᠠᠨ ᠢ ᠭᠦᠨᠵᠡᠭᠡᠢ ᠥᠷᠨᠢᠭᠦᠯᠵᠦ ᠂ ᠡᠷᠡᠭᠦᠦ ᠶᠢᠨ | ᠬᠡᠷᠡᠭ ᠢ ᠬᠡᠷᠡᠭ ᠪᠣᠯᠭᠠᠨ ᠳᠠᠩᠰᠠᠯᠠᠭᠰᠠᠨ ᠶᠠᠪᠤᠳᠠᠯ ᠠᠳᠠᠯᠢ ᠬᠤᠭᠤᠴᠠᠭᠠᠨ ᠤ ᠬᠢ ᠠᠴᠠ 12% ᠢᠶᠠᠷ ᠪᠠᠭᠤᠷᠠᠪᠠ ᠃ ᠴᠢᠮᠡᠭᠡ ᠬᠤᠯᠪᠣᠭ᠎ᠠ ᠪᠠᠷ ᠮᠡᠬᠡᠯᠡᠭᠰᠡᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠢ ᠭᠦᠨᠵᠡᠭᠡᠶᠢᠷᠡᠭᠦᠯᠵᠦ ᠂ ᠴᠠᠬᠢᠯᠭᠠᠨ ᠬᠤᠯᠪᠣᠭ᠎ᠠ ᠪᠠᠷ ᠮᠡᠬᠡᠯᠡᠭᠰᠡᠨ ᠬᠡᠷᠡᠭ ᠤᠨ ᠲᠤᠭ᠎ᠠ ᠂ ᠡᠳ᠋ ᠬᠥᠷᠥᠩᠭᠡ | ᠬᠤᠬᠢᠷᠠᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠲᠤᠰ ᠲᠤᠰ 17% ᠂ 18% ᠪᠠᠷ ᠪᠠᠭᠤᠷᠠᠪᠠ ᠃ ᠠᠶᠤᠯ ᠦᠭᠡᠢ ᠦᠢᠯᠡᠳᠪᠦᠷᠢᠯᠡᠯ ᠤᠨ | ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠢ ᠥᠷᠨᠢᠭᠦᠯᠦᠭᠰᠡᠨ ᠢᠶᠠᠷ ᠂ ᠵᠠᠮ ᠬᠠᠷᠢᠯᠴᠠᠭᠠᠨ ᠳᠤ ᠠᠳᠡᠭᠰᠡᠨ ᠬᠥᠮᠥᠨ ᠤ ᠲᠤᠭ᠎ᠠ ᠂ | ᠡᠳ᠋ ᠬᠥᠷᠥᠩᠭᠡ ᠬᠤᠬᠢᠷᠠᠭᠰᠠᠨ ᠲᠤᠭ᠎ᠠ ᠴᠥᠮ ᠪᠠᠭᠠᠰᠪᠠ ᠃ ᠴᠠᠭᠳᠠᠭ᠎ᠠ ᠳᠤ ᠠᠶᠤᠯᠲᠠᠢ ᠪᠠᠶᠢᠳᠠᠯ ᠢ ᠮᠡᠳᠡᠭᠦᠯᠬᠦ ᠣᠯᠠᠨ ᠡᠰᠢᠲᠦ ᠠᠷᠭ᠎ᠠ ᠵᠠᠮ ᠢ ᠲᠠᠰᠤᠷᠠᠯᠲᠠ ᠦᠭᠡᠢ | ᠥᠷᠭᠡᠳᠬᠡᠵᠦ ᠂ ᠴᠠᠭᠳᠠᠭ᠎ᠠ ᠳᠤ ᠠᠶᠤᠯᠲᠠᠢ ᠪᠠᠶᠢᠳᠠᠯ ᠢ ᠮᠡᠳᠡᠭᠦᠯᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠨᠢ ᠨᠡᠮᠡᠭᠳᠡᠭᠦᠯᠬᠦ ᠶᠢ | ᠠᠬᠢᠭᠤᠯᠵᠤ ᠂ ᠣᠯᠠᠨ ᠲᠦᠮᠡᠨ ᠤ ᠬᠠᠨᠤᠮᠵᠢ ᠶᠢᠨ ᠪᠠᠶᠢᠳᠠᠯ ᠢ 99.43% ᠪᠣᠯᠲᠠᠯ᠎ᠠ ᠳᠡᠭᠡᠭᠰᠢᠯᠡᠭᠦᠯᠪᠡ ᠃ | — ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ ᠪᠣᠢ ᠃ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠣᠨᠴᠠᠯᠢᠭᠲᠤ ᠠᠮᠢ ᠠᠬᠤᠢ ᠶᠢᠨ ᠴᠠᠭᠳᠠᠭᠠᠨ ᠤ ᠶᠠᠪᠤᠳᠠᠯ ᠤᠨ ᠲᠠᠰᠤᠭ ᠢ 83 ᠪᠠᠶᠢᠭᠤᠯᠵᠤ ᠂ ᠣᠷᠴᠢᠨ | ᠲᠣᠭᠤᠷᠢᠨ ᠢ ᠪᠣᠬᠢᠷᠲᠤᠭᠤᠯᠤᠭᠰᠠᠨ ᠂ ᠲᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠂ ᠬᠠᠤᠯᠢ ᠪᠤᠰᠤ ᠪᠠᠷ ᠠᠭᠤᠷᠬᠠᠢ ᠮᠠᠯᠲᠠᠭᠰᠠᠨ ᠵᠡᠷᠭᠡ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ 1800 ᠭᠠᠷᠤᠢ ᠬᠡᠷᠡᠭ ᠢ ᠳᠡᠩᠨᠡᠨ ᠢᠯᠡᠷᠡᠭᠦᠯᠪᠡ ᠃ ᠳᠣᠲᠣᠭᠠᠳᠤ ᠶᠢ | ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤᠪᠴᠢ ᠶᠢ 414 ᠂ ᠲᠥᠪᠯᠡᠷᠡᠭᠦᠯᠦᠭᠰᠡᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠳᠣᠲᠣᠭᠠᠳᠤ ᠶᠢ ᠬᠠᠮᠠᠭᠠᠯᠠᠬᠤ ᠶᠢᠨ ᠲᠣᠮᠢᠯᠠᠭᠰᠠᠨ ᠰᠠᠯᠪᠤᠷᠢ ᠶᠢ 212 ᠪᠠᠶᠢᠭᠤᠯᠵᠤ ᠂ ᠨᠡᠶᠢᠲᠡ 100 ᠭᠠᠷᠤᠢ ᠵᠦᠢᠯ ᠤᠨ ᠠᠷᠠᠳ ᠲᠤ ᠲᠥᠬᠦᠮ | ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ ᠂ ᠰᠠᠶ᠋ᠢ ᠲᠥᠷᠥᠭᠰᠡᠨ ᠬᠡᠦᠬᠡᠳ ᠂ ᠴᠡᠷᠢᠭ ᠤᠨ ᠠᠯᠪᠠ ᠠᠴᠠ | ᠬᠠᠯᠠᠭᠳᠠᠭᠰᠠᠳ ᠵᠡᠷᠭᠡ ᠶᠢᠨ ︽ ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠳᠣᠲᠣᠭᠠᠳᠤ ᠶᠢ | ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠬᠤᠯᠠ ᠪᠤᠰᠤ ᠬᠢᠨᠠᠨ ᠵᠥᠪᠰᠢᠶᠡᠷᠡᠬᠦ ᠵᠦᠢᠯᠡᠰ ᠢ ᠴᠥᠮ ᠰᠦᠯᠵᠢᠶᠡᠨ ᠳᠡᠭᠡᠷ᠎ᠡ ᠭᠦᠢᠴᠡᠳᠬᠡᠬᠦ ᠪᠣᠯᠭᠠᠪᠠ ᠃ | — ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠤᠨ ᠲᠠᠶᠢᠴᠢᠨ ᠬᠦᠴᠦᠨ ᠢ ᠲᠦᠷᠭᠡᠨ ᠳᠡᠭᠡᠭᠰᠢᠯᠡᠭᠦᠯᠵᠦ ᠪᠣᠢ ᠃ ᠪᠥᠬᠦ ᠣᠷᠣᠨ ᠤ | 322 ᠲᠣᠮᠢᠯᠠᠭᠰᠠᠨ ᠰᠠᠯᠪᠤᠷᠢ ︽ ᠬᠤᠶᠠᠷ ᠳᠤᠭᠤᠶᠢᠯᠠᠩ ᠨᠢᠭᠡ ᠲᠠᠰᠤᠭ ︾ ᠶᠢᠨ ᠴᠠᠭᠳᠠᠭᠠᠨ ᠤ ᠶᠠᠪᠤᠳᠠᠯ ᠤᠨ ᠬᠡᠪ ᠵᠠᠭᠪᠤᠷ ᠢ ᠬᠡᠷᠡᠭᠵᠢᠭᠦᠯᠵᠦ ᠂ ︽ ᠨᠢᠭᠡ | ᠲᠣᠰᠬᠤᠨ ᠳᠤ ᠨᠢᠭᠡ ᠲᠤᠰᠬᠠᠢ ᠲᠤᠰᠢᠶᠠᠯᠲᠤ ᠲᠤᠰᠠᠯᠠᠭᠴᠢ ᠴᠠᠭᠳᠠᠭ᠎ᠠ ︾ ᠲᠣᠬᠢᠷᠠᠭᠤᠯᠤᠭᠰᠠᠨ ᠨᠣᠷᠮ᠎ᠠ 74.4% ᠳᠤ ᠬᠦᠷᠴᠦ ᠂ ᠪᠥᠬᠦ ᠣᠷᠣᠨ ᠤ ᠲᠣᠮᠢᠯᠠᠭᠰᠠᠨ | ᠰᠠᠯᠪᠤᠷᠢ ᠶᠢᠨ ᠠᠷᠠᠳ ᠤᠨ ᠴᠠᠭᠳᠠᠭ᠎ᠠ ᠨᠢ ᠬᠤᠰᠢᠭᠤ ᠰᠢᠶᠠᠨ ᠤ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭᠠᠨ ᠤ ᠪᠥᠬᠦ | ᠲᠣᠭᠠᠨ ᠤ 43.2% ᠢ ᠡᠵᠡᠯᠡᠨ ᠂ ᠨᠡᠶᠢᠭᠡᠮ ᠲᠣᠭᠤᠷᠢᠭ ᠲᠤ ᠠᠵᠢᠯᠯᠠᠬᠤ ᠠᠷᠠᠳ ᠤᠨ ᠴᠠᠭᠳᠠᠭ᠎ᠠ ᠨᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭᠠᠨ ᠤ | ᠪᠥᠬᠦ ᠲᠣᠭᠠᠨ ᠤ 46.2% ᠢ ᠡᠵᠡᠯᠡᠵᠦ ᠂ ᠳᠣᠲᠣᠭᠠᠳᠤ ᠶᠢ ᠬᠠᠮᠠᠭᠠᠯᠠᠬᠤ ᠶᠢᠨ ᠦᠨᠳᠦᠰᠦᠨ ᠱᠠᠲᠤᠨ ᠳᠠᠬᠢ ᠰᠠᠭᠤᠷᠢ ᠦᠷᠭᠦᠯᠵᠢᠯᠡᠨ ᠪᠠᠬᠢᠵᠢᠵᠦ ᠂ ᠣᠯᠠᠨ | ᠲᠦᠮᠡᠨ ᠢ ᠨᠡᠩ ᠠᠮᠤᠷ ᠲᠦᠪᠰᠢᠨ ᠂ ᠨᠡᠩ ᠬᠠᠨᠤᠮᠵᠢᠲᠠᠢ ᠪᠣᠯᠭᠠᠵᠤ ᠪᠣᠢ ᠃ | | |