| 4 ᠰᠠᠷ᠎ᠠ ᠶᠢᠨ 9 ᠤ ᠡᠳᠤᠷ ᠤᠨ ᠦᠳᠡ ᠶᠢᠨ ᠡᠮᠦᠨ᠎ᠡ᠂ ᠵᠡᠭᠦᠨᠭᠠᠷ ᠬᠤᠰᠢᠭᠤ ᠨᠢ ᠷᠦᠩ ᠱᠧᠩ ᠪᠦᠯᠦᠭᠯᠡᠯ ᠂ ᠮᠠᠨ ᠱᠢ ᠪᠦᠯᠦᠭᠯᠡᠯ ᠤᠨ ᠬᠢᠨ ᠲᠠᠢ ᠷᠦᠩ | ᠱᠧᠩ ᠤᠨ ᠪᠣᠬᠢᠷᠲᠤᠯ ᠦᠭᠡᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠨᠢᠭᠡ ᠴᠣᠭᠴᠠᠵᠢᠭᠤᠯᠬᠤ ᠲᠦᠷᠦᠯ ᠵᠦᠢᠯ ᠢ ᠤᠷᠤᠨᠵᠢᠭᠤᠯᠵᠤ ᠪᠦᠲᠦᠭᠡᠨ | ᠪᠠᠶᠢᠭᠤᠯᠬᠤ ᠶᠢ ᠳᠦᠷᠭᠡᠳᠭᠡᠨ ᠠᠬᠢᠭᠤᠯᠬᠤ ᠤᠴᠢᠷ ᠶᠠᠪᠤᠳᠠᠯ ᠤᠨ ᠲᠤᠬᠠᠢ ᠶᠠᠷᠢᠯᠴᠠᠬᠤ ᠬᠤᠷᠠᠯ ᠬᠢᠵᠡᠢ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ | ᠭᠦᠸᠧ ᠴᠢᠦᠸᠠᠨ ᠂ ᠷᠦᠩ ᠱᠧᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠱᠦᠢ ᠷᠦᠩ ᠂ ᠮᠠᠨ ᠱᠢ ᠪᠦᠯᠦᠭᠯᠡᠯ ᠤᠨ ᠬᠡᠷᠡᠭ ᠮᠡᠳᠡᠭᠴᠢᠳ ᠤᠨ | ᠳᠠᠷᠤᠭ᠎ᠠ ᠯᠢᠦ ᠮᠠᠨ ᠱᠢ ᠶᠠᠷᠢᠯᠴᠠᠬᠤ ᠬᠤᠷᠠᠯ ᠳᠤ ᠣᠷᠣᠯᠴᠠᠵᠤ ᠂ ᠬᠤᠰᠢᠭᠤᠨ ᠤ ᠤᠳᠤᠷᠢᠳᠤᠯᠭ᠎ᠠ ᠵᠣᠣ ᠱᠤᠸᠠᠨ ᠂ ᠳ᠋ᠦ᠋ ᠶᠠᠨ ᠪᠢᠨ ᠂ ᠦ᠋ ᠰᠢᠦᠢ ᠳ᠋ᠦᠩ ᠂ ᠸᠠᠩ ᠮᠢᠨ ᠂ | ᠷᠦᠩ ᠱᠧᠩ ᠪᠦᠯᠦᠭᠯᠡᠯ ᠂ ᠮᠠᠨ ᠱᠢ ᠪᠦᠯᠦᠭᠯᠡᠯ ᠵᠢᠴᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠪᠣᠯᠣᠨ ᠬᠤᠰᠢᠭᠤᠨ ᠤ ᠰᠢᠭᠤᠳ ᠬᠠᠷᠢᠶ᠎ᠠ | ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ ᠃ | | ᠵᠢᠷᠤᠭ ᠄ 4 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠵᠡᠭᠦᠨᠭᠠᠷ ᠬᠤᠰᠢᠭᠤ ᠨᠢ ᠷᠦᠩ ᠱᠧᠩ ᠪᠦᠯᠦᠭᠯᠡᠯ ᠂ ᠮᠠᠨ ᠱᠢ ᠪᠦᠯᠦᠭᠯᠡᠯ ᠤᠨ ᠬᠢᠨ ᠲᠠᠢ | ᠷᠦᠩ ᠱᠧᠩ ᠤᠨ ᠪᠣᠬᠢᠷᠲᠤᠯ ᠦᠭᠡᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠨᠢᠭᠡ ᠴᠣᠭᠴᠠᠵᠢᠭᠤᠯᠬᠤ ᠲᠦᠷᠦᠯ ᠵᠦᠢᠯ ᠢ ᠤᠷᠤᠨᠵᠢᠭᠤᠯᠵᠤ ᠪᠦᠲᠦᠭᠡᠨ | ᠪᠠᠶᠢᠭᠤᠯᠬᠤ ᠶᠢ ᠳᠦᠷᠭᠡᠳᠭᠡᠨ ᠠᠬᠢᠭᠤᠯᠬᠤ ᠤᠴᠢᠷ ᠶᠠᠪᠤᠳᠠᠯ ᠤᠨ ᠲᠤᠬᠠᠢ ᠶᠠᠷᠢᠯᠴᠠᠵᠤ ᠪᠠᠶᠢᠭ᠎ᠠ ᠨᠢ ᠃ ᠾᠧ ᠽᠢ ᠯᠦᠩᠰᠡᠭᠦᠳᠡᠷᠯᠡᠪᠡ | ᠶᠠᠷᠢᠯᠴᠠᠬᠤ ᠬᠤᠷᠠᠯ ᠳᠡᠭᠡᠷ᠎ᠡ ᠂ ᠭᠤᠷᠪᠠᠨ ᠲᠠᠯ᠎ᠠ ᠪᠠᠷ ᠢᠶᠠᠨ ᠨᠡᠭᠦᠷᠡᠰᠦ ᠂ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠪᠤᠷᠢᠯᠡᠬᠦ ᠂ ᠨᠡᠭᠦᠷᠡᠰᠦ ᠪᠠᠷ ᠲᠣᠰᠣ | ᠦᠢᠯᠡᠳᠪᠤᠷᠢᠯᠡᠬᠦ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠂ ᠨᠢᠭᠡ ᠴᠣᠭᠴᠠᠵᠢᠭᠤᠯᠬᠤ ᠲᠥᠷᠥᠯ ᠵᠦᠢᠯ ᠤᠨ ᠦᠨᠡᠨ | ᠪᠣᠳᠠᠲᠠᠢ ᠠᠬᠢᠴᠠ ᠲᠠᠢ ᠪᠣᠯᠬᠤ ᠶᠢ ᠦᠷᠭᠦᠯᠵᠢᠯᠡᠨ ᠠᠬᠢᠭᠤᠯᠬᠤ ᠶᠢ ᠬᠠᠮᠵᠢᠯᠴᠠᠨ ᠠᠬᠢᠭᠤᠯᠬᠤ ᠲᠠᠯ᠎ᠠ ᠪᠠᠷ ᠭᠦᠨᠵᠡᠭᠡᠢ ᠶᠠᠷᠢᠯᠴᠠᠨ ᠰᠣᠯᠢᠯᠴᠠᠪᠠ ᠃ ᠸᠠᠩ ᠭᠦᠸᠧ | ᠴᠢᠦᠸᠠᠨ ᠴᠢᠬᠤᠯᠠᠴᠢᠯᠠᠬᠤ ᠳᠠᠭᠠᠨ ᠂ ᠲᠥᠷᠥᠯ ᠵᠦᠢᠯ ᠢ ᠠᠬᠢᠭᠤᠯᠬᠤ ᠲᠤᠰᠬᠠᠢ ᠠᠩᠭᠢ ᠶᠢᠨ ᠦᠢᠯᠡᠳᠦᠯ ᠢ ᠴᠢᠩᠭᠠᠳᠬᠠᠵᠤ ᠂ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠢ ᠡᠮᠬᠢᠯᠡᠨ ᠵᠢᠯᠤᠭᠤᠳᠬᠤ ᠪᠠ ᠭᠦᠢᠴᠡᠳᠬᠡᠬᠦ ᠶᠢ ᠠᠬᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ︔ | ᠭᠤᠷᠪᠠᠨ ᠲᠠᠯ᠎ᠠ ᠶᠢᠨ ᠬᠤᠭᠤᠷᠣᠨᠳᠣᠬᠢ ᠣᠯᠣᠯᠴᠠᠭ᠎ᠠ ᠵᠣᠯᠭᠠᠯᠴᠠᠭ᠎ᠠ ᠶᠢᠨ ᠡᠷᠴᠢᠮ ᠪᠣᠯᠣᠨ ᠳᠠᠪᠳᠠᠮᠵᠢ ᠶᠢ ᠴᠢᠩᠭᠠᠳᠬᠠᠵᠤ ᠂ ᠬᠠᠤᠯᠢ ᠲᠣᠭᠲᠠᠭᠠᠯ ᠶᠣᠰᠣᠭᠠᠷ ᠨᠢᠭᠡ | ᠴᠣᠭᠴᠠᠵᠢᠭᠤᠯᠬᠤ ᠲᠦᠷᠦᠯ ᠵᠦᠢᠯ ᠤᠨ ᠠᠬᠢᠭᠤᠯᠤᠯᠲᠠ ᠶᠢ ᠰᠠᠶᠢᠲᠤᠷ ᠬᠢᠵᠦ ᠂ ᠨᠢᠭᠡ ᠰᠡᠳᠬᠢᠯ ᠨᠢᠭᠡ ᠴᠢᠭᠯᠡᠯ ᠢᠶᠠᠷ ᠬᠦᠴᠢᠷ ᠲᠠᠢ ᠳᠦᠭᠵᠢᠷᠡᠯ ᠲᠠᠢ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ︔ ᠬᠤᠯᠪᠣᠭᠳᠠᠯ ᠪᠦᠬᠦᠢ ᠭᠠᠷᠳᠠᠮ ᠢ ᠭᠦᠢᠴᠡᠳᠬᠡᠬᠦ ᠡᠭᠦᠷᠭᠡ ᠶᠢ ᠠᠬᠢᠭᠤᠯᠬᠤ ᠂ ᠭᠤᠷᠪᠠᠨ ᠲᠠᠯ᠎ᠠ ᠶᠢᠨ ᠬᠠᠷᠢᠭᠤᠴᠠᠯᠭ᠎ᠠ ᠪᠠ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠥᠯᠥᠪᠵᠢᠭᠦᠯᠵᠦ ᠂ ᠡᠮᠦᠨᠡᠬᠢ ᠬᠤᠭᠤᠴᠠᠭᠠᠨ ᠤ | ᠭᠠᠷᠳᠠᠮ ᠢ ᠡᠷᠲᠡᠬᠡᠨ ᠭᠦᠢᠴᠡᠳᠬᠡᠵᠦ ᠂ ᠲᠦᠷᠦᠯ ᠵᠦᠢᠯ ᠢ ᠡᠷᠲᠡᠬᠡᠨ ᠤᠷᠤᠨᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃ | |