| ᠣᠶᠢᠷ᠎ᠠ ᠳᠤ ᠂ ᠥᠪᠥᠷ ᠮᠣᠩᠭᠤᠯ ᠤᠨ ᠯᠢᠶᠠᠩ ᠶᠦᠨ ᠮᠠᠯ ᠠᠵᠤ ᠠᠬᠤᠢ ᠶᠢᠨ ᠬᠦᠭᠵᠢᠬᠦᠯᠦᠯᠳᠡ ᠶᠢᠨ ᠺᠤᠮᠫᠠᠨᠢ ᠶᠢᠨ ᠡᠭᠦᠯᠳᠡᠷ ᠤᠨ ᠭᠠᠭ᠋ᠠᠢ ᠵᠥᠭᠡᠭᠡᠪᠦᠷᠢᠯᠡᠬᠦ | ᠮᠠᠰᠢᠨ ᠲᠡᠷᠭᠡᠨ ᠤ ᠠᠩᠭᠢ ᠵᠡᠭᠦᠨᠭᠠᠷ ᠬᠤᠰᠢᠭᠤᠨ ᠠᠴᠠ ᠴᠤᠪᠤᠷᠠᠨ ᠮᠤᠷᠳᠠᠵᠤ ᠂ ᠴᠢᠨᠠᠷ ᠰᠠᠶᠢᠲᠠᠢ ᠡᠭᠦᠯᠳᠡᠷ ᠤᠨ ᠭᠠᠭ᠋ᠠᠢ ᠲᠡᠭᠡᠭᠡᠭᠰᠡᠨ ᠮᠠᠰᠢᠨ ᠲᠡᠷᠭᠡ ᠮᠢᠩᠭᠠᠨ ᠭᠠᠵᠠᠷ | ᠢ ᠳᠤᠭᠤᠯᠤᠨ ᠂ ᠰᠧᠴᠦᠸᠠᠨ ᠂ ᠶᠦᠨᠨᠠᠨ ᠂ ᠯᠢᠶᠣᠤᠨᠢᠩ ᠵᠡᠷᠭᠡ ᠠᠷᠪᠠ ᠭᠠᠷᠤᠢ ᠮᠤᠵᠢ ᠬᠤᠲᠠ ᠳᠤ ᠬᠤᠶᠢᠨ᠎ᠠ ᠬᠤᠶᠢᠨ᠎ᠠ ᠠᠴᠠ ᠪᠠᠨ ᠬᠦᠷᠤᠨ᠎ᠠ ᠃ | | | | | | ᠲᠣᠰ ᠤᠳᠠᠭ᠎ᠠ ᠶᠢᠨ ᠪᠤᠷᠤᠯᠠᠭᠤᠯᠤᠨ ᠬᠤᠳᠠᠯᠳᠤᠭᠰᠠᠨ ᠨᠢ ᠹᠷᠠᠨᠼᠢ ᠤᠨ ᠰᠠᠶᠢᠨ ᠡᠭᠦᠯᠳᠡᠷ ᠤᠨ ᠭᠠᠭ᠋ᠠᠢ ᠂ ᠲᠣᠷᠣᠶ ᠪᠠᠶᠢᠵᠤ ᠂ ᠨᠡᠶᠢᠲᠡ 4000 ᠭᠠᠷᠤᠢ | ᠳᠤᠯᠤᠭᠠᠢ ᠪᠤᠢ ᠂ ᠵᠡᠭᠦᠨᠭᠠᠷ ᠬᠤᠰᠢᠭᠤᠨ ᠠᠴᠠ ᠤᠷᠤᠭᠤᠯᠤᠨ ᠠᠪᠴᠢᠷᠠᠬᠰᠠᠨ ᠡᠨᠡ ᠬᠦ ᠰᠢᠯᠢᠳᠡᠭ ᠡᠭᠦᠯᠳᠡᠷ ᠨᠢ ᠳᠤᠷᠤᠢ ᠤᠯᠠᠨ ᠭᠠᠷᠳᠠᠭ ᠂ ᠡᠪᠡᠳᠴᠢᠨ ᠢ | ᠡᠰᠡᠷᠭᠦᠴᠡᠬᠦ ᠂ ᠵᠣᠬᠢᠴᠠᠬᠤ ᠴᠢᠨᠠᠷ ᠢᠶᠠᠷ ᠴᠢᠩᠭ᠎ᠠ ᠵᠡᠷᠭᠡ ᠳᠠᠪᠠᠭᠤᠯᠢᠭ ᠢᠶᠠᠷ ᠢᠶᠠᠨ ᠡᠯ᠎ᠡ ᠭᠠᠵᠠᠷ ᠤᠨ ᠠᠵᠤ ᠠᠬᠤᠶᠢᠯᠠᠯ ᠤᠨ ᠮᠠᠭᠲᠠᠭᠠᠯ ᠢ ᠣᠯᠵᠤ ᠂ ᠣᠷᠣᠨ | ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠤᠨ ᠨᠡᠮᠡᠷᠢᠯᠡᠭᠰᠡᠨ ᠪᠠᠶᠢᠨ᠎ᠠ ᠃ | 2022 ᠣᠨ ᠳᠤ ᠂ ᠯᠢᠶᠠᠩ ᠶᠦᠨ ᠮᠠᠯ ᠠᠵᠤ ᠠᠬᠤᠢ ᠶᠢᠨ ᠬᠦᠭᠵᠢᠬᠦᠯᠦᠯᠳᠡ ᠶᠢᠨ ᠺᠤᠮᠫᠠᠨᠢ ᠠᠩᠬ᠎ᠠ ᠤᠳᠠᠭ᠎ᠠ ᠹᠷᠠᠨᠼᠢ ᠠᠴᠠ 650 ᠤᠤᠯ ᠡᠭᠦᠯᠳᠡᠷ ᠤᠨ | ᠭᠠᠭ᠋ᠠᠢ ᠶᠢ ᠣᠷᠣᠭᠤᠯᠤᠨ ᠠᠪᠴᠢᠷᠠᠵᠤ ᠂ ᠣᠷᠳᠣᠰ ᠭᠠᠵᠠᠷ ᠣᠷᠣᠨ ᠤ ᠬᠢᠯᠢ ᠶᠢᠨ ᠭᠠᠳᠠᠨ᠎ᠠ ᠠᠴᠠ ᠡᠭᠦᠯᠳᠡᠷ ᠤᠨ ᠭᠠᠭ᠋ᠠᠢ ᠣᠷᠣᠭᠤᠯᠵᠤ ᠪᠠᠶᠢᠬᠰᠠᠨ ᠦᠭᠡᠢ | ᠬᠤᠭᠤᠰᠤᠨ ᠢ ᠨᠥᠬᠦᠪᠦᠷᠢᠯᠡᠵᠡᠢ ᠃ ᠡᠲᠡᠭᠡᠷ ᠡᠭᠦᠯᠳᠡᠷ ᠤᠨ ᠭᠠᠭ᠋ᠠᠢ ᠶᠢ ᠰᠢᠨᠵᠢᠯᠡᠬᠦ ᠤᠬᠠᠭᠠᠨᠴᠢ ᠪᠠᠷ ᠥᠷᠭᠡᠳᠬᠡᠨ ᠦᠷᠡᠵᠢᠭᠦᠯᠬᠦ ᠪᠠᠷ ᠳᠡᠮᠵᠢᠨ ᠂ ᠵᠢᠯ ᠳᠤ 100 | ᠲᠦᠮᠡᠨ ᠲᠠᠸᠠᠷ ᠤᠨ ᠭᠠᠭ᠋ᠠᠢ ᠶᠢᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ ᠂ ᠣᠷᠣᠨ ᠪᠦᠰᠡ ᠶᠢᠨ ᠡᠭᠦᠯᠳᠡᠷ ᠤᠨ ᠡᠬᠢ ᠪᠠᠶᠠᠯᠢᠭ ᠤᠨ ᠣᠯᠠᠨ ᠶᠠᠩᠵᠤᠲᠤ | ᠴᠢᠨᠠᠷ ᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ ᠃ | ᠯᠢᠶᠠᠩ ᠶᠦᠨ ᠮᠠᠯ ᠠᠵᠤ ᠠᠬᠤᠢ ᠶᠢᠨ ᠬᠦᠭᠵᠢᠬᠦᠯᠦᠯᠳᠡ ᠶᠢᠨ ᠺᠤᠮᠫᠠᠨᠢ ᠤᠳᠤᠬᠠᠨ ᠳᠤ 650 ᠲᠣᠯᠣᠭᠠᠢ ᠤᠤᠯ ᠡᠭᠦᠯᠳᠡᠷ ᠤᠨ ᠭᠠᠭ᠋ᠠᠢ ᠳᠡᠵᠢᠭᠡᠵᠤ ᠪᠠᠶᠢᠭ᠎ᠠ | ᠲᠠᠯᠠᠪᠠᠶ ᠶᠢ ᠨᠢᠭᠡ ᠰᠠᠭᠤᠷᠢ ᠂ ᠵᠢᠯ ᠳᠤ 5.2 ᠲᠦᠮᠡᠨ ᠲᠣᠯᠣᠭᠠᠢ ᠭᠠᠭ᠋ᠠᠢ ᠪᠣᠷᠳᠣᠵᠤ ᠲᠠᠷᠭᠤᠯᠠᠭᠤᠯᠬᠤ ᠲᠠᠯᠠᠪᠠᠶ ᠶᠢ ᠨᠢᠭᠡ ᠰᠠᠭᠤᠷᠢ ᠂ ᠵᠢᠯ ᠳᠤ ᠵᠠᠬ᠎ᠠ ᠳᠡᠯᠭᠡᠭᠦᠷ ᠲᠤ | ᠪᠤᠷᠤᠯᠠᠭᠤᠯᠬᠤ 2 ᠲᠦᠮᠡᠨ ᠡᠭᠦᠯᠳᠡᠷ ᠤᠨ ᠭᠠᠭ᠋ᠠᠢ ᠂ 15 ᠲᠦᠮᠡᠨ ᠭᠠᠭ᠋ᠠᠢ ᠶᠢᠨ ᠳᠤᠷᠤᠢ ᠦᠷᠡᠵᠢᠬᠦᠯᠬᠦ ᠲᠠᠯᠠᠪᠠᠶ ᠶᠢ ᠨᠢᠭᠡ ᠰᠠᠭᠤᠷᠢ ᠪᠦᠳᠤᠭᠡᠨ ᠪᠠᠶᠢᠭᠤᠯᠵᠤ ᠂ | 200 ᠭᠠᠷᠤᠢ ᠠᠵᠢᠯ ᠤᠨ ᠪᠠᠶᠢᠷᠢ ᠭᠠᠷᠭᠠᠬᠰᠠᠨ ᠪᠠᠶᠢᠨ᠎ᠠ ᠃ | | | | ᠲᠤᠰ ᠲᠦᠷᠦᠯ ᠵᠦᠢᠯ ᠨᠢ ᠪᠦᠬᠦᠨ ᠢᠶᠠᠷ ᠢᠶᠠᠨ ᠠᠰᠢᠬᠯᠠᠯᠳᠠ ᠳᠤ ᠤᠷᠤᠬᠰᠠᠨ ᠤ ᠳᠠᠷᠠᠭ᠎ᠠ ᠂ ᠵᠢᠯ ᠳᠤ 100 ᠲᠦᠮᠡᠨ ᠲᠣᠯᠣᠭᠠᠢ ᠭᠠᠭ᠋ᠠᠢ ᠪᠤᠷᠤᠯᠠᠭᠤᠯᠵᠤ ᠂ | ᠵᠢᠯ ᠳᠤ 12.11 ᠲᠦᠮᠡᠨ ᠲᠣᠨ ᠮᠢᠬᠠᠨ ᠤ ᠪᠦᠲᠦᠭᠡᠭᠳᠡᠬᠦᠨ ᠢ ᠦᠢᠯᠡᠳᠪᠦᠷᠢᠯᠡᠵᠦ ᠂ ᠲᠦᠷᠦᠯ ᠵᠦᠢᠯ ᠤᠨ ᠬᠡᠷᠡᠭᠵᠢᠭᠦᠯᠦᠯᠲᠡ ᠨᠢ ᠵᠡᠭᠦᠨᠭᠠᠷ ᠬᠤᠰᠢᠭᠤᠨ ᠤ ᠵᠠᠮ | ᠲᠡᠭᠡᠭᠡᠪᠦᠷᠢ ᠂ ᠠᠮᠤ ᠪᠤᠳᠠᠭ᠎ᠠ ᠂ ᠬᠥᠮᠥᠷᠭᠡ ᠂ ᠮᠠᠯ ᠵᠢᠭᠦᠷᠲᠡᠨ ᠤ ᠪᠦᠲᠦᠭᠡᠭᠳᠡᠬᠦᠨ ᠤ ᠭᠦᠢᠯᠭᠡᠭᠡ ᠵᠡᠷᠭᠡ ᠳᠤ ᠬᠤᠯᠪᠣᠭᠳᠠᠬᠤ ᠠᠵᠤ ᠦᠢᠯᠡᠰ ᠤᠨ ᠬᠥᠭᠵᠢᠯᠲᠡ ᠶᠢ | ᠳᠠᠶᠢᠴᠢᠯᠠᠵᠤ ᠂ ᠢᠳᠡᠭᠡᠨ ᠢ ᠨᠠᠷᠢᠯᠢᠭ ᠡᠳ᠋ᠰᠢᠭᠦᠯᠬᠦ ᠪᠠᠷ ᠭᠤᠣᠯ ᠪᠣᠯᠭᠠᠭᠰᠠᠨ ᠮᠢᠩᠭ᠎ᠠ ᠭᠠᠷᠤᠢ ᠲᠡᠭᠰᠢ ᠳᠥᠷᠪᠡᠯᠵᠢᠨ ᠺᠢᠯᠤᠮᠧᠲᠷ ᠪᠦᠬᠦᠢ ᠢᠳᠡᠭᠡᠨ ᠢ ᠡᠳ᠋ᠰᠢᠭᠦᠯᠦᠨ | ᠪᠣᠯᠪᠠᠰᠤᠷᠠᠭᠤᠯᠬᠤ ᠠᠵᠤ ᠦᠢᠯᠡᠰ ᠤᠨ ᠲᠣᠭᠤᠷᠢᠭ ᠢ ᠪᠦᠷᠢᠯᠳᠦᠭᠦᠯᠬᠦ ᠪᠣᠯᠣᠨ᠎ᠠ᠃ | |