| | 4 ᠰᠠᠷ᠎ᠠ ᠶᠢᠨ 7 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠵᠡᠭᠦᠨᠭᠠᠷ ᠵᠤᠤ ᠪᠠᠯᠭᠠᠰᠤᠨ ᠳᠤ ᠬᠦᠷᠴᠦ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠂ ᠠᠶᠤᠯᠭᠦᠢ ᠦᠢᠯᠡᠳᠪᠦᠷᠢᠯᠡᠯ ᠂ ᠦᠨᠳᠦᠰᠦᠨ ᠱᠠᠲᠤᠨ ᠤ ᠵᠠᠰᠠᠯᠲᠠ ᠂ ᠠᠵᠤ ᠦᠢᠯᠡᠰ ᠤᠨ ᠬᠥᠭᠵᠢᠯᠲᠡ ᠂ ᠠᠷᠠᠳ | ᠲᠦᠮᠡᠨ ᠳᠤ ᠦᠢᠯᠡᠴᠢᠯᠡᠬᠦ ᠵᠢᠴᠢ ᠣᠶ ᠰᠢᠭᠤᠢ ᠶᠢᠨ ᠵᠢᠷᠤᠭ ᠳᠦᠷᠰᠤ ᠪᠠ ᠤᠰᠤᠨ ᠠᠰᠢᠭᠯᠠᠯᠲᠠ ᠶᠢᠨ ᠵᠢᠷᠤᠭ ᠳᠦᠷᠰᠤ ᠶᠢᠨ ᠬᠠᠤᠯᠢ ᠶᠢ ᠵᠥᠷᠢᠴᠡᠨ ᠭᠠᠵᠠᠷ | ᠬᠡᠷᠡᠭᠯᠡᠭᠰᠡᠨ ᠢ ᠬᠠᠯᠠᠨ ᠰᠠᠶᠢᠵᠢᠷᠠᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ ᠃ ᠬᠤᠰᠢᠭᠤᠨ ᠤ ᠤᠳᠤᠷᠢᠳᠤᠯᠭ᠎ᠠ ᠸᠠᠩ ᠮᠢᠨ ᠂ | ᠯᠢᠦ ᠢᠦᠢ ᠴᠧᠩ ᠂ ᠵᠡᠭᠦᠨᠭᠠᠷ ᠵᠣᠣ ᠪᠠᠯᠭᠠᠰᠤ ᠂ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ ᠃ | | | ᠵᠢᠷᠤᠭ ᠄ 4 ᠰᠠᠷ᠎ᠠ ᠶᠢᠨ 7 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠤᠸᠠᠨ ᠾᠧ ᠲᠠᠢ ᠨᠡᠭᠦᠷᠡᠰᠦᠨ ᠠᠭᠤᠷᠬᠠᠢ ᠳᠤ ᠬᠦᠷᠴᠦ | ᠣᠷᠴᠢᠨ ᠳᠤᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠬᠠᠯᠠᠨ ᠰᠠᠶᠢᠵᠢᠷᠠᠭᠤᠯᠵᠤ ᠪᠠᠶᠢᠭ᠎ᠠ ᠪᠠᠶᠢᠳᠠᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠵᠤ ᠪᠠᠶᠢᠭ᠎ᠠ ᠨᠢ ᠃ | ᠼᠤᠤ ᠸᠧᠨ ᠵᠢᠨᠰᠡᠭᠦᠳᠡᠷᠯᠡᠪᠡ | ᠵᠡᠭᠦᠨᠭᠠᠷ ᠵᠣᠣ ᠲᠣᠰᠬᠤᠨ ᠤ ᠬᠡᠰᠡᠭ ᠣᠶ ᠰᠢᠭᠤᠢ ᠶᠢᠨ ᠵᠢᠷᠤᠭ ᠳᠦᠷᠰᠤ ᠶᠢ ᠴᠡᠭᠴᠡᠯᠡᠨ ᠵᠠᠰᠠᠬᠤ ᠠᠬᠤᠢ ᠲᠠᠯᠠᠪᠠᠶ ᠂ ᠾᠧ ᠲᠠᠢ ᠨᠡᠭᠦᠷᠡᠰᠦᠨ ᠠᠭᠤᠷᠬᠠᠢ᠂ | ᠤᠯᠠᠭᠠᠨ ᠰᠤᠪᠠᠭ ᠨᠡᠭᠦᠷᠡᠰᠦᠨ ᠠᠭᠤᠷᠬᠠᠢ ᠶᠢᠨ ᠤᠰᠤᠨ ᠠᠰᠢᠭᠯᠠᠯᠲᠠ ᠶᠢᠨ ᠵᠢᠷᠤᠭ ᠳᠦᠷᠰᠤ ᠶᠢ ᠬᠠᠯᠠᠨ ᠰᠠᠶᠢᠵᠢᠷᠠᠭᠤᠯᠬᠤ ᠠᠬᠤᠢ ᠲᠠᠯᠠᠪᠠᠢ ᠵᠢᠴᠢ ᠤᠯᠠᠭᠠᠨᠬᠠᠳᠠ | ᠨᠡᠭᠦᠷᠡᠰᠦᠨ ᠠᠭᠤᠷᠬᠠᠢ ᠶᠢᠨ ᠭᠤᠷᠪᠠᠨ ᠮᠠᠯᠲᠠᠯᠲᠠ ᠶᠢᠨ ᠣᠷᠣᠨ ᠤ ᠭᠠᠯ ᠳᠤᠶᠢᠮᠠᠷ ᠤᠨ ᠴᠡᠭ ᠢ ᠵᠠᠰᠠᠬᠤ ᠣᠷᠣᠨ ᠪᠦᠰᠡᠳᠤ ᠂ ᠸᠠᠩ ᠭᠦᠸᠧ ᠴᠢᠦᠸᠠᠨ ᠬᠠᠯᠠᠨ | ᠰᠠᠶᠢᠵᠢᠷᠠᠭᠤᠯᠵᠤ ᠰᠡᠷᠬᠦᠭᠡᠬᠦ ᠶᠢ ᠦᠨᠡᠨᠬᠦ ᠪᠠᠲᠤᠯᠠᠵᠤ ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠤ ᠪᠠᠶᠢᠴᠠᠭᠠᠵᠤ ᠴᠡᠭᠴᠡᠯᠡᠨ ᠵᠠᠰᠠᠬᠤ ᠶᠢ ᠪᠤᠳᠠᠳᠠᠢ ᠠᠳᠬᠤᠬᠤ ᠂ | ᠤᠯᠠᠨ ᠠᠷᠭ᠎ᠠ ᠬᠡᠮᠵᠢᠶ᠎ᠡ ᠪᠠᠷ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠬᠦ ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ | ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠡᠭᠦᠨ ᠤ ᠬᠠᠮᠲᠤ ᠂ ᠠᠶᠤᠯᠭᠦᠢ ᠦᠢᠯᠡᠳᠪᠦᠷᠢᠯᠡᠯ ᠤᠨ ᠡᠯ᠎ᠡ | ᠵᠦᠢᠯ ᠤᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ | ᠲᠤᠬᠠᠢ ᠤᠯᠠᠮ ᠴᠢᠨᠠᠭᠰᠢᠳᠠ ᠴᠢᠬᠤᠯᠠᠴᠢᠯᠠᠭᠰᠠᠨ ᠪᠠᠶᠢᠨ᠎ᠠ᠃ | | ᠵᠢᠷᠤᠭ ᠄ 4 ᠰᠠᠷ᠎ᠠ ᠶᠢᠨ 7 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠤᠸᠠᠨ ᠵᠡᠭᠦᠨᠭᠠᠷ ᠵᠣᠣ ᠪᠠᠯᠭᠠᠰᠤᠨ ᠤ ᠪᠤᠭᠤᠳᠤ | ᠠᠴᠠ ᠹᠦ᠋ ᠭᠦ᠋ ᠬᠦᠷᠬᠦ ᠵᠠᠰᠠᠮᠠᠯ ᠵᠠᠮ ᠳᠡᠭᠡᠷᠠᠬᠦ᠋ᠷᠴᠦ ᠣᠷᠴᠢᠨ ᠲᠣᠭᠤᠷᠢᠨ ᠢ ᠰᠠᠶᠢᠵᠢᠷᠠᠭᠤᠯᠤᠨ ᠥᠭᠡᠷᠡᠴᠢᠯᠡᠬᠦ ᠲᠥᠷᠥᠯ ᠵᠦᠢᠯ ᠤᠨ ᠲᠥᠯᠦᠪᠵᠢᠭᠦᠯᠭᠡ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠪᠠᠶᠢᠭ᠎ᠠ ᠨᠢ ᠃ ᠼᠤᠤ ᠸᠧᠨ ᠵᠢᠨᠰᠡᠭᠦᠳᠡᠷᠯᠡᠪᠡ | ᠪᠤᠭᠤᠳᠤ ᠠᠴᠠ ᠹᠦ᠋ ᠭᠦ᠋ ᠬᠦᠷᠬᠦ ᠵᠠᠰᠠᠮᠠᠯ ᠵᠠᠮ ᠂ ᠱᠧᠨ ᠬᠥᠩ ᠱᠤᠭᠤᠮ ᠳᠠᠭᠠᠤ ᠨᠡᠭᠦᠷᠡᠰᠦ ᠲᠡᠭᠡᠭᠡᠪᠦᠷᠢᠯᠡᠬᠦ ᠲᠡᠷᠭᠡ ᠮᠠᠰᠢᠨ ᠤ ᠤᠰᠤ ᠶᠢ ᠲᠥᠪᠯᠡᠷᠡᠭᠦᠯᠦᠨ | ᠬᠡᠷᠡᠭᠯᠡᠬᠦ ᠲᠥᠯᠦᠪᠵᠢᠭᠦᠯᠭᠡ ᠶᠢᠨ ᠴᠡᠭ ᠪᠣᠯᠣᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠂ ᠶᠡᠷᠦᠩᠬᠡᠶᠢᠯᠡᠭᠰᠡᠨ ᠦᠢᠯᠡᠴᠢᠯᠡᠭᠡᠨ ᠤ | ᠲᠣᠭᠤᠷᠢᠭ ᠤᠨ ᠲᠥᠷᠥᠯ ᠵᠦᠢᠯ ᠤᠨ ᠭᠠᠵᠠᠷ ᠰᠣᠩᠭᠤᠬᠤ ᠬᠡᠰᠡᠭ ᠲᠤ ᠂ ᠸᠠᠩ ᠭᠦᠸᠧ ᠴᠢᠤᠸᠠᠨ ᠨᠡᠭᠦᠷᠡᠰᠦ ᠲᠡᠭᠡᠭᠡᠪᠦᠷᠢᠯᠡᠬᠦ ᠵᠠᠮ ᠳᠠᠭᠠᠤ ᠶᠢᠨ ᠤᠰᠤ ᠲᠠᠲᠠᠵᠤ | ᠬᠡᠷᠡᠭᠯᠡᠬᠦ ᠶᠢ ᠵᠢᠷᠤᠮᠵᠢᠭᠤᠯᠬᠤ ᠂ ᠲᠥᠪᠯᠡᠷᠡᠭᠦᠯᠦᠨ ᠤᠰᠤ ᠲᠠᠲᠠᠵᠤ ᠬᠡᠷᠡᠭᠯᠡᠬᠦ ᠴᠡᠭ ᠢ ᠵᠣᠬᠢᠰᠲᠠᠢ ᠲᠥᠯᠥᠪᠵᠢᠭᠦᠯᠦᠨ ᠪᠠᠶᠢᠷᠢᠯᠠᠭᠤᠯᠬᠤ ᠂ ᠣᠯᠠᠨ ᠲᠦᠮᠡᠨ ᠤ ᠠᠰᠢᠭ | ᠣᠷᠣᠯᠭ᠎ᠠ ᠪᠠ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠵᠢᠬᠦᠯᠬᠦ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠢᠯᠡᠴᠢᠯᠡᠭᠡᠨ ᠤ | ᠲᠣᠭᠤᠷᠢᠭ ᠤᠨ ᠴᠢᠳᠠᠮᠵᠢ ᠶᠢ ᠲᠥᠯᠥᠪᠯᠡᠨ ᠲᠡᠭᠦᠯᠳᠡᠷᠵᠢᠭᠦᠯᠬᠦ ᠪᠠ ᠨᠡᠭᠦᠷᠡᠰᠦ ᠲᠡᠭᠡᠭᠡᠪᠦᠷᠢᠯᠡᠬᠦ ᠵᠠᠮ ᠵᠢᠴᠢ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠶᠢ ᠶᠡᠭᠡ ᠪᠠᠷ ᠠᠬᠢᠭᠤᠯᠬᠤ ᠵᠡᠷᠭᠡ ᠲᠠᠯ᠎ᠠ ᠪᠠᠷ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ ᠃ | ᠵᠡᠭᠦᠨᠭᠠᠷ ᠵᠤᠤ ᠶᠢᠨ ᠭᠡᠷ ᠪᠠᠭᠤᠳᠠᠯ ᠤᠨ ᠰᠤᠳᠤᠯᠭᠠᠨ ᠤ ᠰᠠᠭᠤᠷᠢᠨ ᠭᠠᠵᠠᠷ ᠂ ᠷᠦᠢ ᠴᠧᠨ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠪᠣᠯᠣᠨ ᠰᠢ | ᠮᠧᠩ ᠶᠤᠸᠠᠢ ᠳ᠋ᠠ ᠶᠢᠨ ᠮᠠᠯᠵᠢᠯ ᠪᠠ ᠭᠡᠷᠡᠯ ᠴᠡᠨᠡᠭ ᠬᠠᠷᠢᠯᠴᠠᠨ ᠨᠥᠬᠦᠪᠦᠷᠢᠯᠡᠬᠦ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠠᠬᠤᠢ ᠲᠠᠯᠠᠪᠠᠢ ᠳᠤ ᠂ ᠸᠠᠩ ᠭᠦᠸᠧ | ᠴᠢᠤᠸᠠᠨ ᠴᠢᠬᠤᠯᠠᠴᠢᠯᠠᠬᠤ ᠳᠠᠭᠠᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠠᠭᠤᠳᠠᠯᠵᠤ ᠂ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠢᠶᠠᠨ ᠠᠮᠢᠯᠠᠭᠤᠯᠤᠨ ᠂ | ᠰᠣᠶᠣᠯ ᠵᠤᠭᠠᠴᠠᠯ ᠤᠨ ᠰᠤᠳᠤᠯᠭᠠᠨ ᠂ ᠲᠠᠷᠢᠶᠠᠯᠠᠩ ᠪᠠ ᠭᠡᠷᠡᠯ ᠴᠡᠨᠡᠭ ᠤᠨ ᠬᠠᠷᠢᠯᠴᠠᠨ ᠨᠥᠬᠦᠪᠦᠷᠢᠯᠡᠬᠦ ᠂ ᠮᠠᠯᠵᠢᠯ ᠪᠠ ᠭᠡᠷᠡᠯ ᠴᠡᠨᠡᠭ ᠤᠨ ᠬᠠᠷᠢᠯᠴᠠᠨ ᠨᠥᠬᠦᠪᠦᠷᠢᠯᠡᠬᠦ | ᠵᠡᠷᠭᠡ ᠠᠵᠤ ᠦᠢᠯᠡᠰ ᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠲᠡᠰ ᠳᠡᠪᠰᠢᠭᠦᠯᠬᠦ ᠯᠤᠭ᠎ᠠ ᠤᠶᠠᠯᠳᠤᠭᠤᠯᠬᠤ ᠶᠢ | ᠠᠬᠢᠭᠤᠯᠵᠤ ᠂ ᠣᠷᠣᠨ ᠪᠦᠰᠡ ᠶᠢᠨ ᠮᠠᠯ ᠠᠵᠤ ᠠᠬᠤᠢ ᠲᠠᠷᠢᠶᠠᠯᠠᠩ ᠤᠨ ᠨᠡᠶᠢᠲᠡ ᠶᠢᠨ ᠬᠡᠷᠡᠭᠯᠡᠭᠡᠨ ᠤ ᠲᠦᠷᠦᠯ ᠳᠡᠮᠳᠡᠭᠳᠤ ᠶᠢ ᠰᠠᠶᠢᠲᠤᠷ ᠡᠭᠦᠳᠬᠦ ᠬᠡᠷᠡᠭᠲᠡᠢ᠃ ᠠᠵᠤ | ᠦᠢᠯᠡᠰ ᠤᠨ ᠬᠥᠭᠵᠢᠯᠲᠡ ᠪᠣᠯᠣᠨ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ ᠂ ᠤᠯᠠᠨ | ᠲᠦᠮᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠡᠷᠡᠭᠵᠢᠭᠦᠯᠵᠦ ᠂ | ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠪᠠ᠃ | | ᠵᠢᠷᠤᠭ ᠄ 4 ᠰᠠᠷ᠎ᠠ ᠶᠢᠨ 7 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠤᠸᠠᠨ ᠵᠡᠭᠦᠨᠭᠠᠷ ᠵᠣᠣ ᠪᠠᠯᠭᠠᠰᠤᠨ ᠤ ᠬᠤᠸᠠᠩ | ᠳᠡᠮᠡᠭᠡᠳᠤ ᠳᠤᠰᠬᠤᠨ ᠤ ᠠᠷᠠᠳ ᠤᠨ ᠵᠥᠪᠯᠡᠯ ᠳᠤ ᠬᠦᠷᠴᠦ ᠂ ᠳᠤᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠤᠨ ᠪᠠᠶᠢᠭᠤᠯᠤᠯᠲᠠ ᠂ ᠵᠠᠬᠢᠳᠠᠯ | ᠰᠣᠷᠪᠤᠯᠵᠢᠯᠠᠯ ᠤᠨ ᠵᠥᠷᠢᠴᠡᠯ ᠢ ᠨᠠᠮᠳᠠᠭᠤᠯᠬᠤ ᠂ ᠠᠷᠠᠳ ᠲᠦᠮᠡᠨ ᠳᠤ ᠦᠢᠯᠡᠴᠢᠯᠡᠬᠦ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ ᠪᠠᠶᠢᠭ᠎ᠠ ᠨᠢ ᠃ ᠼᠤᠤ ᠸᠧᠨ | ᠵᠢᠨᠰᠡᠭᠦᠳᠡᠷᠯᠡᠪᠡ | ᠵᠡᠭᠦᠨᠭᠠᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ ᠶᠡᠷᠦᠩᠬᠡᠶᠢᠯᠡᠨ ᠵᠠᠰᠠᠬᠤ ᠲᠥᠪ ᠲᠤ ᠂ ᠬᠤᠸᠠᠩ ᠳᠡᠮᠡᠭᠡᠳᠤ ᠳᠤᠰᠬᠤᠨ ᠤ ᠠᠷᠠᠳ ᠤᠨ | ᠵᠥᠪᠯᠡᠯ ᠳᠤ ᠂ ᠸᠠᠩ ᠭᠦᠸᠧ ᠴᠢᠤᠸᠠᠨ ᠠᠷᠠᠳ ᠲᠦᠮᠡᠨ ᠳᠤ ᠦᠢᠯᠡᠴᠢᠯᠡᠬᠦ ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ ᠤᠯᠠᠨ ᠲᠦᠮᠡᠨ ᠳᠤ | ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠬᠦ ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠥᠪᠯᠡᠷᠡᠭᠦᠯᠦᠨ ᠬᠠᠤᠯᠢᠵᠢᠯ ᠢᠶᠠᠷ ᠰᠢᠢᠳᠪᠤᠷᠢᠯᠡᠬᠦ ᠶᠢ ᠰᠠᠶᠢᠲᠤᠷ | ᠥᠷᠨᠢᠭᠦᠯᠬᠦ ᠂ ᠦᠨᠳᠦᠰᠦᠨ ᠱᠠᠲᠤᠨ ᠤ ᠵᠠᠰᠠᠯᠲᠠ ᠶᠢᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ ᠪᠠᠷ ︽ ᠵᠡᠬᠦᠠᠭᠠᠷ ᠤᠨ ᠤᠴᠢᠷ ᠢ ᠵᠡᠬᠦᠠᠭᠠᠷ ᠤᠨ ᠬᠢᠨ | ᠬᠦᠢᠴᠡᠳᠭᠡᠬᠦ ︾ ᠠᠷᠠᠳ ᠲᠤ ᠦᠢᠯᠡᠴᠢᠯᠡᠬᠦ ᠲᠦᠷᠦᠯ ᠳᠡᠮᠳᠡᠭᠳᠤ ᠶᠢ ᠡᠬᠦᠳᠬᠦ ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ | ᠬᠦᠴᠦᠨ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃ | ᠡᠨᠡ ᠬᠤᠭᠤᠴᠠᠭᠠᠨ ᠳᠤ᠂ ᠸᠠᠩ ᠭᠦᠸᠧ ᠴᠢᠤᠸᠠᠨ ᠪᠠᠰᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠭᠰᠡᠨ ᠪᠠᠶᠢᠳᠠᠯ ᠪᠣᠯᠣᠨ ᠱᠧᠨ ᠱᠠᠨ ᠵᠠᠳᠠᠭᠠᠢ ᠨᠡᠭᠦᠷᠡᠰᠦᠨ | ᠠᠭᠤᠷᠬᠠᠢ ᠶᠢᠨ ᠭᠠᠵᠠᠷ ᠲᠠᠲᠠᠪᠤᠷᠢᠯᠠᠵᠤ ᠨᠤᠷᠠᠭᠠᠵᠤ ᠨᠡᠭᠦᠯᠭᠡᠬᠦ ᠂ ᠲᠥᠪᠯᠡᠷᠡᠬᠦᠯᠦᠭᠰᠡᠨ ᠣᠷᠣᠨ ᠪᠦᠰᠡ ᠶᠢᠨ ᠬᠤᠯᠪᠤᠭᠠᠯᠠᠨ ᠪᠤᠬᠢᠷᠳᠤᠯ ᠢ ᠭᠠᠳᠠᠭᠰᠢᠯᠠᠭᠤᠯᠵᠤ ᠵᠠᠯᠭᠠᠨ | ᠵᠠᠰᠠᠬᠤ ᠵᠡᠷᠭᠡ ᠤᠴᠢᠷ ᠶᠠᠪᠤᠳᠠᠯ ᠤᠳ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ | | | |