| 2 ᠰᠠᠷ᠎ᠠ ᠶᠢᠨ 5 ᠤ ᠡᠳᠦᠷ ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ | ᠬᠤᠷᠠᠯ ᠳ᠋ᠠ ᠯᠤ᠋ ᠪᠠᠯᠭᠠᠰᠤᠨ ᠳᠤ ᠬᠤᠷᠠᠯᠳᠤᠪᠠ ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ ᠃ ᠵᠣᠣ ᠱᠤᠸᠠᠨ ᠂ ᠯᠦ ᠵᠠᠨ ᠴᠢᠩ ᠂ ᠵᠢᠶᠠ ᠭᠤᠸᠠᠩ ᠬᠤᠸᠠ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ | ᠬᠤᠷᠠᠯ ᠳᠤ ᠣᠷᠣᠯᠴᠠᠵᠠᠢ ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠣᠨ ᠬᠢᠨᠠᠨ ᠪᠠᠶᠢᠴᠠᠭᠠᠬᠤ ᠵᠦᠪᠯᠡᠯ ᠤᠨ ᠬᠤᠯᠪᠣᠭᠳᠠᠯ ᠪᠦᠬᠦᠢ ᠨᠥᠬᠦᠳ | ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ ᠃ | 2 ᠰᠠᠷ᠎ᠠ ᠶᠢᠨ 6 ᠤ ᠣᠷᠣᠢ ᠂ ᠵᠡᠭᠦᠨᠭᠠᠷ ᠬᠤᠰᠢᠭᠤ ᠪᠣᠯᠣᠨ ᠣᠷᠳᠣᠰ ᠤᠨ ᠲᠤᠷᠰᠢᠯᠲᠠ ᠶᠢᠨ ᠲᠠᠰᠤᠭ ᠤᠨ ᠬᠠᠮᠲᠤᠷᠠᠯᠴᠠᠭᠠᠨ ᠤ ᠲᠦᠷᠦᠯ ᠵᠦᠢᠯ ᠢ ᠠᠬᠢᠭᠤᠯᠬᠤ | ᠶᠠᠷᠢᠯᠴᠠᠬᠤ ᠬᠤᠷᠠᠯ ᠣᠷᠳᠣᠰ ᠬᠤᠳᠠ ᠶᠢᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠬᠤᠷᠠᠯᠳᠤᠵᠤ ᠂ ᠬᠤᠶᠠᠷ ᠲᠠᠯ᠎ᠠ ᠪᠠᠷ ᠢᠶᠠᠨ ᠲᠦᠮᠡᠨ ᠲᠣᠨ ᠤ | ᠲᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠨᠡᠶᠢᠯᠡᠮᠡᠯ ᠬᠡᠢ ᠪᠣᠯᠣᠨ ᠤᠰᠤᠲᠥ᠋ᠷᠥᠭᠴᠢ ᠪᠠᠷ ᠦᠨᠦᠷᠲᠦ ᠨᠡᠭᠦᠷᠦᠭᠴᠢ ᠦᠢᠯᠡᠳᠪᠤᠷᠢᠯᠡᠬᠦ ᠠᠵᠤ | ᠦᠢᠯᠡᠳᠪᠦᠷᠢ ᠶᠢᠨ ᠲᠤᠷᠰᠢᠯᠲᠠ ᠶᠢᠨ ᠲᠦᠷᠦᠯ ᠵᠦᠢᠯ ᠤᠨ ᠠᠵᠤ ᠦᠢᠯᠡᠰᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠤᠴᠢᠷ ᠶᠠᠪᠤᠳᠠᠯ ᠤᠨ ᠲᠤᠬᠠᠢ ᠶᠠᠷᠢᠯᠴᠠᠵᠤ | ᠰᠠᠨᠠᠯ ᠢᠶᠠᠨ ᠰᠣᠯᠢᠯᠴᠠᠬᠰᠠᠨ ᠤ ᠬᠠᠮᠲᠤ ᠬᠤᠯᠪᠣᠭᠳᠠᠯ ᠪᠦᠬᠦᠢ ᠭᠠᠷ ᠭᠦᠢᠴᠡᠳᠬᠡᠯ ᠢ ᠠᠬᠢᠭᠤᠯᠬᠤ ᠂ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ ᠲᠤᠬᠠᠢ ᠰᠠᠨᠠᠯ ᠨᠢᠭᠡᠲᠡᠢ ᠪᠣᠯᠪᠠ ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠭᠦᠸᠧ ᠴᠢᠦᠸᠠᠨ ᠂ ᠬᠤᠰᠢᠭᠤᠨ ᠤ | ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ | ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠣᠣ ᠱᠤᠸᠠᠨ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ | ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠢᠶᠣᠤ ᠠᠢ ᠫᠢᠩ ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠵᠠᠰᠠᠭ ᠤᠨ | ᠣᠷᠳᠣᠨ ᠤ ᠬᠤᠰᠢᠭᠤᠨ ᠤ ᠳᠡᠳ᠋ ᠳᠠᠷᠤᠭ᠎ᠠ ᠦ᠋ ᠰᠢᠦᠢ ᠳ᠋ᠦᠩ ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠂ ᠬᠤᠰᠢᠭᠤᠨ ᠤ ᠬᠠᠷᠢᠶ᠎ᠠ | ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠬᠠᠷᠢᠭᠤᠴᠠᠯᠭᠠᠲᠠᠳ ᠣᠷᠣᠯᠴᠠᠵᠠᠢ ᠃ | 2 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠤᠲᠠ ᠶᠢᠨ ᠳᠠᠷᠤᠭ᠎ᠠ ᠢᠦᠢ ᠬᠠᠢ ᠢᠦᠢ | ᠵᠡᠭᠦᠨᠭᠠᠷ ᠬᠤᠰᠢᠭᠤᠨ ᠳᠤ ᠠᠵᠤ ᠦᠢᠯᠡᠰ ᠤᠨ ᠬᠥᠭᠵᠢᠯᠲᠡ ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ | ᠠᠵᠢᠯ ᠢ ᠪᠠᠶᠢᠴᠠᠭᠠᠨ ᠰᠤᠳᠤᠯᠪᠠ ᠃ ᠬᠤᠲᠠ ᠶᠢᠨ ᠳᠡᠳ᠋ ᠳᠠᠷᠤᠭ᠎ᠠ ᠦ᠋ ᠵᠢᠶᠠᠨ ᠰᠢᠶᠦ᠋ᠨ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ | ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠣᠣ | ᠱᠤᠸᠠᠨ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠂ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ ᠴᠢᠶᠣᠤ ᠠᠢ ᠫᠢᠩ ᠵᠡᠷᠭᠡ ᠤᠳᠤᠷᠢᠳᠤᠯᠭ᠎ᠠ ᠣᠷᠣᠯᠴᠠᠵᠠᠢ ᠃ | 2 ᠰᠠᠷ᠎ᠠ ᠶᠢᠨ 10 ᠤ ᠡᠳᠦᠷ ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠂ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠣᠣ ᠱᠤᠸᠠᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ 2025 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃ ᠬᠤᠰᠢᠭᠤᠨ ᠤ ᠤᠳᠤᠷᠢᠳᠤᠯᠭ᠎ᠠ ᠳ᠋ᠦ᠋ ᠶᠠᠨ ᠪᠢᠨ ᠂ | ᠦ᠋ ᠰᠢᠦᠢ ᠳ᠋ᠦᠩ ᠂ ᠶᠠᠨ ᠰᠢᠦᠸᠠᠢ ᠵᠢᠶᠦ᠋ᠨ ᠂ ᠵᠠᠩ ᠶᠠ ᠨᠠᠨ ᠂ ᠯᠢᠦ ᠢᠦᠢ ᠴᠧᠩ ᠂ ᠳ᠋ᠦ᠋ᠸᠠᠨ ᠰᠢᠨ ᠭᠦᠸᠧ ᠂ ᠭᠦᠸᠧ ᠷᠦᠢ ᠂ ᠮᠢᠶᠣᠣ ᠫᠧᠢ ᠯᠢᠨ ᠂ ᠭᠤᠸ ᠷᠦᠨ | ᠬᠤᠸᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ ᠃ | 2 ᠰᠠᠷ᠎ᠠ ᠶᠢᠨ 12 ᠤᠨ ᠡᠳᠦᠷ ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠲᠣᠭᠤᠷᠢᠨ ᠪᠠᠶᠢᠴᠠᠭᠠᠵᠤ ᠬᠠᠯᠠᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ | ᠬᠤᠷᠠᠯᠳᠤᠵᠤ ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠬᠤᠰᠢᠭᠤᠨ ᠤ ᠣᠷᠣᠯᠠᠭᠴᠢ ᠳᠠᠷᠤᠭ᠎ᠠ ᠂ ᠵᠡᠭᠦᠨᠭᠠᠷ ᠠᠵᠤ ᠠᠬᠤᠢ ᠶᠢᠨ | ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠣᠣ ᠱᠤᠸᠠᠨ ᠬᠤᠷᠠᠯ ᠡᠷᠭᠢᠯᠡᠵᠦ ᠶᠠᠷᠢᠶ᠎ᠠ ᠲᠠᠯᠪᠢᠪᠠ ᠃ ᠬᠤᠰᠢᠭᠤᠨ ᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠂ ᠬᠤᠰᠢᠭᠤᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ | ᠬᠤᠯᠪᠤᠬᠳᠠᠯ ᠪᠦᠬᠦᠢ ᠨᠥᠬᠦᠳ ᠬᠤᠷᠠᠯ ᠳᠤ ᠢᠷᠡᠵᠦ ᠵᠢᠭᠠᠨ ᠵᠢᠯᠣᠭᠤᠳᠪᠠ ᠃ | 2 ᠰᠠᠷ᠎ᠠ ᠶᠢᠨ 14 ᠤ ᠡᠳᠦᠷ ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠵᠢᠴᠢ ᠭᠤᠣᠯᠳᠠᠯᠭ᠎ᠠ ᠲᠠᠢ ᠠᠵᠢᠯ ᠤᠨ ᠵᠠᠭᠤᠨ | ᠡᠳᠦᠷ ᠤᠨ ᠬᠠᠮ ᠳᠠᠶᠢᠯᠠᠯᠳᠤᠭᠠᠨ ᠤ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ | ᠬᠤᠷᠠᠯ ᠡᠷᠭᠢᠯᠡᠵᠦ ᠶᠠᠷᠢᠶ᠎ᠠ ᠲᠠᠯᠪᠢᠪᠠ ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠂ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠵᠣᠤ ᠱᠤᠸᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ | ᠯᠦ ᠵᠠᠨ ᠴᠢᠩ ᠂ ᠵᠢᠶᠠ ᠭᠤᠸᠠᠩ ᠬᠤᠸᠠ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠢ ᠃ | 2 ᠰᠠᠷ᠎ᠠ ᠶᠢᠨ 14 ᠤ ᠡᠳᠦᠷ ᠂ ᠪᠥᠬᠦ ᠬᠤᠰᠢᠭᠤᠨ ᠤ ᠪᠣᠬᠢᠷᠲᠤᠯ ᠦᠭᠡᠢ ᠠᠭᠤᠷᠬᠠᠢ ᠂ ︽ ᠤᠮᠠᠷᠠᠲᠤ ᠶᠢᠨ ᠭᠤᠷᠪᠠᠨ ᠣᠷᠣᠨ ︾ ᠤ ᠭᠤᠣᠯᠳᠠᠯᠭ᠎ᠠ ᠲᠠᠢ ᠠᠮᠢ | ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠤᠷᠠᠯ ᠬᠤᠷᠠᠯᠳᠤᠪᠠ ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠬᠤᠰᠢᠭᠤᠨ ᠤ ᠨᠠᠮ ᠤᠨ ᠬᠤᠷᠢᠶ᠎ᠠ ᠶᠢᠨ | ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ ᠵᠣᠣ ᠱᠤᠸᠠᠨ ᠬᠤᠷᠠᠯ ᠢ ᠡᠷᠭᠢᠯᠡᠵᠦ ᠂ ᠯᠦ ᠵᠠᠨ ᠴᠢᠩ ᠂ ᠵᠢᠶᠠ ᠭᠤᠸᠠᠩ ᠬᠤᠸᠠ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ | ᠣᠷᠣᠯᠴᠠᠵᠠᠢ ᠃ | 2 ᠰᠠᠷ᠎ᠠ ᠶᠢᠨ 17 ᠤ ᠡᠳᠦᠷ ᠂ ᠤᠯᠤᠰ ᠲᠥᠷᠥ ᠶᠢᠨ ᠵᠥᠪᠯᠡᠯᠭᠡᠨ ᠤ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ | ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠬᠤ ᠲᠠᠰᠢᠷᠠᠮ ᠢᠶᠠᠷ ᠂ ᠸᠠᠩ ᠭᠦᠸᠧ ᠴᠢᠤᠸᠠᠨ ᠂ ᠵᠣᠣ ᠱᠤᠸᠠᠨ ᠂ ᠯᠦ ᠵᠠᠨ ᠴᠢᠩ ᠂ ᠵᠢᠶᠠ ᠭᠤᠸᠠᠩ ᠬᠤᠸᠠ ᠵᠡᠷᠭᠡ | ᠬᠤᠰᠢᠭᠤᠨ ᠤ ᠤᠳᠤᠷᠢᠳᠤᠯᠭ᠎ᠠ ᠨᠠᠷ ᠬᠤᠷᠠᠯ ᠳᠤ ᠣᠷᠣᠯᠴᠠᠬᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠡᠷᠬᠢᠨ ᠦᠵᠡᠵᠦ ᠂ ᠲᠡᠳᠡᠨ ᠳᠤ ᠴᠢᠩ | ᠰᠡᠳᠬᠢᠯ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ ᠃ | 2 ᠰᠠᠷ᠎ᠠ ᠶᠢᠨ 18 ᠤ ᠡᠳᠤᠷ ᠤᠨ ᠦᠳᠡ ᠶᠢᠨ ᠡᠮᠦᠨ᠎ᠡ ᠂ ᠤᠯᠤᠰ ᠲᠥᠷᠥ ᠶᠢᠨ ᠵᠥᠪᠯᠡᠯᠭᠡᠨ ᠤ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠬᠤᠰᠢᠭᠤᠨ ᠤ ᠬᠤᠷᠠᠯ ᠤᠨ ᠲᠥᠪ ᠲᠤ ᠡᠬᠢᠯᠡᠪᠡ ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠵᠢᠶᠠ ᠭᠤᠸᠠᠩ ᠬᠤᠸᠠ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠱᠤᠸᠠᠨ ᠂ ᠭᠤᠸ ᠷᠦᠨ ᠬᠤᠸᠠ ᠂ ᠭᠦᠸᠧ | ᠶᠦᠩ ᠯᠢᠨ ᠂ ᠵᠠᠩ ᠳ᠋ᠦᠩ ᠂ ᠨᠠᠷᠢᠨ ᠪᠢᠴᠢᠭ ᠤᠨ ᠳᠠᠷᠤᠭ᠎ᠠ ᠯᠢᠦ ᠵᠢᠢ ᠴᠦᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ ᠃ ᠬᠤᠰᠢᠭᠤᠨ ᠤ | ᠨᠠᠮ ᠤᠨ ᠬᠤᠷᠢᠶᠠᠨ ᠤ ᠱᠦᠵᠢ ᠸᠠᠩ ᠭᠦᠸᠧ ᠴᠢᠤᠸᠠᠨ ᠂ ᠬᠤᠰᠢᠭᠤᠨ ᠤ ᠤᠳᠤᠷᠢᠳᠤᠯᠭ᠎ᠠ ᠵᠣᠣ ᠱᠤᠸᠠᠨ ᠂ ᠯᠦ ᠵᠠᠨ ᠴᠢᠩ ᠂ ᠳ᠋ᠦ᠋ ᠶᠠᠨ ᠪᠢᠨ ᠂ ᠸᠠᠩ ᠢᠦᠢ ᠵᠢᠶᠧ ᠂ | ᠸᠠᠩ ᠮᠢᠨ ᠂ ᠬᠠᠨ ᠶᠠᠨ ᠂ ᠯᠦ ᠸᠧᠨ ᠰᠢᠸ ᠨᠠᠷ ᠬᠤᠷᠠᠯ ᠳᠤ ᠢᠷᠡᠵᠤ ᠪᠠᠶᠠᠷ ᠬᠦᠷᠭᠡᠭᠰᠡᠨ ᠤ ᠬᠠᠮᠲᠤ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ ᠃ ᠬᠤᠷᠠᠯ ᠳᠤ | ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ ᠪᠠᠰᠠ ᠠᠨ ᠰᠢᠶᠠ᠂ ᠯᠢ ᠹᠦ᠋ ᠱᠧᠩ ᠂ ᠶᠠᠨ ᠹᠧᠢ ᠂ ᠶᠠᠨ | ᠰᠢᠦᠸᠠᠢ ᠵᠢᠶᠦ᠋ᠨ᠂ ᠯᠢᠦ ᠢᠦᠢ ᠴᠧᠩ ᠂ ᠳ᠋ᠤᠸᠠᠨ ᠰᠢᠨ ᠭᠦᠸᠧ ᠂ ᠮᠢᠶᠣᠣ ᠫᠧᠢ ᠯᠢᠨ ᠨᠠᠷ ᠪᠤᠢ ᠃ ᠭᠤᠸ ᠷᠦᠨ ᠬᠤᠸᠠ ᠬᠤᠷᠠᠯ ᠢ ᠡᠷᠭᠢᠯᠡᠪᠡ ᠃ | 2 ᠰᠠᠷ᠎ᠠ ᠶᠢᠨ 18 ᠤ ᠡᠳᠦᠷ ᠂ ᠵᠡᠭᠦᠨᠭᠠᠷ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠬᠤ ᠲᠠᠰᠢᠷᠠᠮ ᠢᠶᠠᠷ ᠂ ᠸᠠᠩ ᠭᠦᠸᠧ ᠴᠢᠤᠸᠠᠨ ᠂ ᠵᠣᠣ ᠱᠤᠸᠠᠨ ᠂ ᠯᠦ ᠵᠠᠨ ᠴᠢᠩ ᠂ ᠵᠢᠶᠠ ᠭᠤᠸᠠᠩ ᠬᠤᠸᠠ ᠵᠡᠷᠭᠡ | ᠬᠤᠰᠢᠭᠤᠨ ᠤ ᠤᠳᠤᠷᠢᠳᠤᠯᠭ᠎ᠠ ᠨᠠᠷ ᠬᠤᠷᠠᠯ ᠳᠤ ᠣᠷᠣᠯᠴᠠᠬᠤ ᠠᠷᠠᠳ ᠤᠨ ᠲᠥᠯᠥᠭᠡᠯᠡᠭᠴᠢᠳ ᠢ ᠡᠷᠬᠢᠨ ᠦᠵᠡᠵᠦ ᠂ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ | ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ ᠃ | 2 ᠰᠠᠷ᠎ᠠ ᠶᠢᠨ 18 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠵᠣᠤ | ᠱᠤᠸᠠᠨ ᠬᠤᠰᠢᠭᠤᠨ ᠤ ᠤᠯᠤᠰ ᠳᠦᠷᠦ ᠶᠢᠨ ᠵᠦᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭ᠎ᠠ ᠶᠢᠨ ᠬᠤᠷᠠᠯ ᠤᠨ ᠳᠤᠮᠳᠠᠳᠤ | ᠤᠯᠤᠰ ᠤᠨ ᠡᠪ ᠬᠠᠮᠲᠤ ᠨᠠᠮ ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠪᠠ ᠰᠢᠨᠵᠢᠯᠡᠬᠦ ᠤᠬᠠᠭᠠᠨ ᠮᠡᠷᠭᠡᠵᠢᠯ ᠤᠨ ᠡᠲᠡᠭᠡᠳ ᠂ ᠰᠣᠨᠢᠨ ᠮᠡᠳᠡᠭᠡ ᠬᠡᠪᠯᠡᠯ ᠤᠨ | ᠡᠲᠡᠭᠡᠳ ᠤᠨ ᠬᠠᠮᠲᠤᠷᠠᠭᠰᠠᠨ ᠳᠤᠭᠤᠶᠢᠯᠠᠩ ᠤᠨ ᠶᠠᠷᠢᠯᠴᠠᠭ᠎ᠠ ᠳᠤ ᠣᠷᠣᠯᠴᠠᠵᠤ ᠂ ᠤᠯᠤᠰ ᠳᠦᠷᠦ ᠶᠢᠨ ᠵᠦᠪᠯᠡᠯᠭᠡᠨ ᠤ ᠭᠡᠰᠢᠭᠦᠳ ᠲᠠᠢ ᠬᠠᠮᠲᠤ ᠪᠠᠷ ᠤᠯᠤᠰ | ᠳᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ ᠵᠢᠴᠢ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢ ᠶᠠᠷᠢᠯᠴᠠᠵᠤ ᠂ | ᠵᠠᠰᠠᠭ ᠤᠨ ᠤᠷᠳᠤᠨ ᠤ ᠠᠵᠢᠯ ᠤᠨ ᠳᠤᠬᠠᠢ ᠰᠠᠨᠠᠯ ᠰᠠᠨᠠᠭᠤᠯᠭ᠎ᠠ ᠶᠢ ᠰᠤᠨᠤᠰᠪᠠ ᠃ | 2 ᠰᠠᠷ᠎ᠠ ᠶᠢᠨ 18 ᠤ ᠡᠳᠦᠷ ᠂ ᠵᠡᠭᠦᠨᠭᠠᠷ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠤᠳᠠᠭ᠎ᠠ ᠶᠢᠨ ᠬᠤᠷᠠᠯ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ ᠬᠢᠪᠡ ᠃ ᠬᠤᠰᠢᠭᠤᠨ ᠤ ᠤᠳᠤᠷᠢᠳᠤᠯᠭ᠎ᠠ ᠸᠠᠩ ᠭᠦᠸᠧ ᠴᠢᠤᠸᠠᠨ ᠂ | ᠵᠣᠣ ᠱᠤᠸᠠᠨ ᠂ ᠵᠢᠶᠠ ᠭᠤᠸᠠᠩ ᠬᠤᠸᠠ ᠨᠠᠷ ᠬᠤᠷᠠᠯ ᠳᠤ ᠣᠷᠣᠯᠴᠠᠵᠠᠢ ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠭᠢᠯᠡᠭᠴᠢ ᠯᠦ ᠵᠠᠨ ᠴᠢᠩ ᠬᠤᠷᠠᠯ ᠢ ᠡᠷᠬᠢᠯᠡᠪᠡ᠃ | 2 ᠰᠠᠷ᠎ᠠ ᠶᠢᠨ 19 ᠤ ᠡᠳᠦᠷ ᠂ ᠵᠡᠭᠦᠨᠭᠠᠷ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠤᠳᠠᠭ᠎ᠠ ᠶᠢᠨ ᠬᠤᠷᠠᠯ ᠬᠤᠰᠢᠭᠤᠨ ᠤ ᠬᠤᠷᠠᠯ ᠤᠨ ᠲᠥᠪ ᠲᠤ ᠡᠬᠢᠯᠡᠪᠡ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ | ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠸᠠᠩ ᠭᠦᠸᠧ ᠴᠢᠤᠸᠠᠨ ᠬᠤᠷᠠᠯ ᠳᠤ ᠣᠷᠣᠯᠴᠠᠪᠠ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ | ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠸᠠᠩ ᠭᠦᠸᠧ ᠴᠢᠤᠸᠠᠨ ᠂ ᠵᠤᠤ ᠱᠤᠸᠠᠨ ᠂ ᠯᠦ ᠵᠠᠨ ᠴᠢᠩ ᠂ ᠵᠢᠶᠠ ᠭᠤᠸᠠᠩ ᠬᠤᠸᠠ ᠂ ᠠᠨ ᠰᠢᠶᠠ ᠂ | ᠯᠢ ᠹᠦ᠋ ᠱᠧᠩ ᠂ ᠶᠠᠨ ᠹᠧᠢ᠂ ᠷᠧᠨ ᡁᠢ ᠶᠤᠸᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ ᠃ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠪᠦᠷᠢᠯᠳᠦᠭᠦᠨ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ ᠃ ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ ᠂ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ | ᠠᠵᠢᠯᠯᠠᠬᠤ ᠬᠤᠷᠢᠶᠠᠨ ᠤ ᠱᠦᠵᠢ ᠵᠣᠣ ᠱᠤᠸᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠬᠢᠪᠡ ᠃ ᠢᠯᠡᠳᠬᠡᠯ ᠨᠢ ᠄ 2024 ᠣᠨ ᠤ ᠠᠵᠢᠯ ᠤᠨ ᠡᠷᠭᠢᠴᠡᠭᠦᠯᠦᠯ ᠂ 2025 ᠣᠨ ᠤ ᠠᠵᠢᠯ ᠤᠨ ᠲᠣᠬᠢᠷᠠᠭᠤᠯᠤᠯᠲᠠ᠂ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠬᠤ ᠭᠡᠬᠦ ᠭᠤᠷᠪᠠᠨ ᠬᠡᠰᠡᠭ ᠢᠶᠠᠷ ᠪᠦᠷᠢᠯᠳᠦᠪᠡ ᠃ | 2 ᠰᠠᠷ᠎ᠠ ᠶᠢᠨ 20 ᠤ ᠡᠳᠦᠷ ᠂ ᠳᠤᠮᠳᠠᠳᠤ ᠤᠯᠤᠰ ᠤᠨ ᠠᠷᠠᠳ ᠤᠨ ᠤᠯᠤᠰ ᠳᠦᠷᠦ ᠶᠢᠨ ᠵᠥᠪᠯᠡᠯᠭᠡᠨ ᠤ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠤᠳᠠᠭ᠎ᠠ ᠶᠢᠨ ᠬᠤᠷᠠᠯ ᠬᠤᠰᠢᠭᠤᠨ ᠤ ᠬᠤᠷᠠᠯ ᠤᠨ ᠲᠥᠪ ᠲᠤ ᠠᠮᠵᠢᠯᠳᠠ ᠲᠠᠢ ᠪᠠᠷ ᠲᠡᠭᠦᠰᠪᠡ ᠃ ᠬᠤᠰᠢᠭᠤᠨ ᠤ | ᠤᠯᠤᠰ ᠳᠦᠷᠦ ᠶᠢᠨ ᠵᠦᠪᠯᠡᠯᠭᠡᠨ ᠤ ᠳᠡᠷᠢᠬᠦᠯᠡᠭᠴᠢ ᠵᠢᠶᠠ ᠭᠤᠸᠠᠩ ᠬᠤᠸᠠ ᠬᠤᠷᠠᠯ ᠡᠷᠭᠢᠯᠠᠪᠠ ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠯᠢ ᠱᠤᠸᠠᠨ ᠂ ᠭᠤᠸ ᠷᠦᠨ ᠬᠤᠸᠠ ᠂ ᠭᠦᠸᠧ ᠶᠦᠩ ᠯᠢᠨ ᠂ ᠵᠠᠩ ᠳ᠋ᠦᠩ ᠂ ᠨᠠᠷᠢᠨ ᠪᠢᠴᠢᠭ ᠤᠨ ᠳᠠᠷᠤᠭ᠎ᠠ ᠯᠢᠦ ᠵᠢᠢ ᠴᠦᠨ ᠲᠡᠷᠢᠭᠦᠯᠡᠭᠴᠢ ᠶᠢᠨ | ᠲᠠᠶᠢᠰᠠᠨ ᠤ ᠡᠮᠦᠨ᠎ᠡ ᠮᠥᠷ ᠲᠤ ᠰᠠᠭᠠᠲᠠᠪᠠ ᠃ ᠬᠤᠰᠢᠭᠤᠨ ᠤ ᠤᠳᠤᠷᠢᠳᠤᠯᠭ᠎ᠠ ᠸᠠᠩ ᠭᠦᠸᠧ ᠴᠢᠤᠸᠠᠨ ᠂ ᠵᠣᠣ ᠱᠤᠸᠠᠨ ᠂ ᠯᠦ ᠵᠠᠨ ᠴᠢᠩ ᠂ ᠵᠠᠩ ᠪᠥᠸᠧ ᠂ ᠪᠦᠭᠡ ᠂ | ᠸᠠᠩ ᠢᠤᠢ ᠵᠢᠶᠧ ᠂ ᠸᠠᠩ ᠮᠢᠨ ᠂ ᠬᠠᠨ ᠶᠠᠨ ᠨᠠᠷ ᠪᠠᠶᠠᠷ ᠬᠦᠷᠭᠡᠭᠰᠡᠨ ᠤ ᠬᠠᠮᠲᠤ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ ᠃ ᠬᠤᠷᠠᠯ ᠳᠤ ᠣᠷᠣᠯᠴᠠᠭᠰᠠᠨ | ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ ᠪᠠᠰᠠ ᠠᠨ ᠰᠢᠶᠠ᠂ ᠯᠢ ᠹᠦ᠋ ᠱᠧᠩ ᠂ ᠶᠠᠨ ᠹᠧᠢ᠂ ᠷᠧᠨ ᡁᠢ ᠶᠤᠸᠠᠨ᠂ ᠶᠠᠨ | ᠰᠢᠤᠸᠠᠢ ᠵᠢᠶᠦ᠋ᠨ᠂ ᠵᠠᠩ ᠶᠠ ᠨᠠᠨ᠂ ᠯᠢᠦ ᠢᠦᠢ ᠴᠧᠩ ᠂ ᠳ᠋ᠤᠸᠠᠨ ᠰᠢᠨ ᠭᠦᠸᠧ ᠂ ᠭᠦᠸᠧ ᠷᠦᠢ ᠨᠠᠷ ᠪᠤᠢ᠃ | 2 ᠰᠠᠷ᠎ᠠ ᠶᠢᠨ 19 ᠤ ᠡᠳᠤᠷ ᠠᠴᠠ 20 ᠤ ᠡᠳᠦᠷ ᠪᠣᠯᠲᠠᠯ᠎ᠠ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ | ᠣᠷᠣᠯᠠᠭᠴᠢ ᠳᠠᠷᠤᠭ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠵᠣᠣ ᠱᠤᠸᠠᠨ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠱᠠᠬᠳᠠᠷ ᠪᠠᠯᠭᠠᠰᠤ ᠂ ᠳ᠋ᠠ ᠯᠦ | ᠪᠠᠯᠭᠠᠰᠤ ᠂ ᠱᠢ ᠡᠯ ᠯᠢᠶᠠᠨ ᠴᠧᠩ ᠰᠢᠶᠠᠩ ᠂ ᠰᠢᠩ ᠯᠦᠩ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠵᠤ ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ ᠂ ᠪᠥᠬᠦ ᠬᠤᠰᠢᠭᠤᠨ ᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠬᠠᠮᠲᠤ ᠪᠠᠷ | ᠵᠢᠷᠤᠭᠯᠠᠵᠠᠢ ᠃ | 2 ᠰᠠᠷ᠎ᠠ ᠶᠢᠨ 19 ᠤ ᠡᠳᠤᠷ ᠠᠴᠠ 20 ᠤ ᠡᠳᠦᠷ ᠪᠣᠯᠲᠠᠯ᠎ᠠ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ | ᠣᠷᠣᠯᠠᠭᠴᠢ ᠳᠠᠷᠤᠭ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠵᠣᠣ ᠱᠤᠸᠠᠨ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠱᠠᠬᠳᠠᠷ ᠪᠠᠯᠭᠠᠰᠤ ᠂ ᠳ᠋ᠠ ᠯᠦ | ᠪᠠᠯᠭᠠᠰᠤ ᠂ ᠱᠢ ᠡᠯ ᠯᠢᠶᠠᠨ ᠴᠧᠩ ᠰᠢᠶᠠᠩ ᠂ ᠰᠢᠩ ᠯᠦᠩ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠵᠤ ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ ᠂ ᠪᠥᠬᠦ ᠬᠤᠰᠢᠭᠤᠨ ᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠬᠠᠮᠲᠤ ᠪᠠᠷ | ᠵᠢᠷᠤᠭᠯᠠᠵᠠᠢ ᠃ ᠰᠢᠨ᠎ᠡ ᠪᠠᠷ ᠰᠣᠩᠭᠤᠭᠳᠠᠭᠰᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠣᠣ ᠱᠤᠸᠠᠨ ᠂ ᠬᠤᠰᠢᠭᠤᠨ ᠤ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠪᠦᠬᠡ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠯᠢᠦ ᠬᠠᠢ ᠰᠢᠶᠠᠩ ᠂ | ᠯᠢ ᠯᠧᠢ ᠂ ᠶᠠᠩ ᠵᠢᠶᠧ ᠵᠢᠶᠦ᠋ᠨ ᠬᠠᠤᠯᠢ ᠶᠣᠰᠣᠭᠠᠷ ᠲᠠᠩᠭᠠᠷᠢᠭᠯᠠᠪᠠ ᠃ | 2 ᠰᠠᠷ᠎ᠠ ᠶᠢᠨ 20 ᠤ ᠡᠳᠤᠷ ᠤᠨ ᠦᠳᠡ ᠶᠢᠨ ᠬᠤᠶᠢᠨ᠎ᠠ ᠂ ᠵᠡᠭᠦᠨᠭᠠᠷ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ ᠂ ᠬᠤᠰᠢᠭᠤᠨ ᠤ | ᠬᠤᠷᠠᠯ ᠤᠨ ᠲᠥᠪ ᠲᠤ ᠠᠮᠵᠢᠯᠲᠠ ᠲᠠᠢ ᠲᠡᠭᠦᠰᠪᠡ ᠃ ᠶᠡᠭᠡ ᠬᠤᠷᠠᠯ ᠠᠴᠠ ᠵᠣᠣ ᠱᠤᠸᠠᠨ ᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠬᠤᠰᠢᠭᠤᠨ ᠤ ᠳᠠᠷᠤᠭ᠎ᠠ ᠪᠠᠷ ᠰᠣᠩᠭᠤᠵᠤ ᠂ ᠪᠥᠬᠡ ᠶᠢ ᠵᠡᠭᠦᠨᠭᠠᠷ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠰᠣᠩᠭᠤᠵᠤ ᠂ ᠯᠢᠦ ᠬᠠᠢ | ᠰᠢᠶᠠᠩ ᠂ ᠯᠢ ᠯᠧᠢ ᠂ ᠶᠠᠩ ᠵᠢᠶᠧ ᠵᠢᠶᠦ᠋ᠨ ᠢ ᠵᠡᠭᠦᠨᠭᠠᠷ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠪᠠ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠲᠡᠷᠢᠭᠦᠯᠡᠭᠴᠢ᠂ ᠭᠦᠢᠴᠡᠳᠭᠡᠭᠴᠢ | ᠲᠡᠷᠢᠭᠦᠯᠡᠭᠴᠢ ᠯᠦ ᠵᠠᠨ ᠴᠢᠩ ᠬᠤᠷᠠᠯ ᠢ ᠡᠷᠬᠢᠯᠡᠵᠦ ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠸᠠᠩ | ᠭᠦᠸᠧ ᠴᠢᠤᠸᠠᠨ᠂ ᠵᠤᠤ ᠱᠤᠸᠠᠨ᠂ ᠵᠢᠶᠠ ᠭᠤᠸᠠᠩ ᠬᠤᠸᠠ ᠂ ᠠᠨ ᠰᠢᠶᠠ᠂ ᠯᠢ ᠹᠦ᠋ ᠱᠧᠩ ᠂ ᠶᠠᠨ ᠹᠧᠢ᠂ ᠷᠧᠨ ᡁᠢ ᠶᠤᠸᠠᠨ ᠨᠠᠷ ᠲᠡᠷᠢᠭᠦᠯᠡᠭᠴᠢ ᠶᠢᠨ ᠲᠠᠶᠢᠰᠠᠨ ᠤ | ᠡᠮᠦᠨ᠎ᠡ ᠮᠥᠷ ᠲᠤ ᠰᠠᠭᠠᠲᠠᠪᠠ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ ᠃ | ᠰᠢᠨ᠎ᠡ ᠪᠠᠷ ᠰᠣᠩᠭᠤᠭᠳᠠᠭᠰᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠵᠣᠣ ᠱᠤᠸᠠᠨ ᠶᠡᠭᠡ ᠬᠤᠷᠠᠯ ᠳᠡᠭᠡᠷ᠎ᠡ ᠶᠠᠷᠢᠶ᠎ᠠ | ᠲᠠᠯᠪᠢᠪᠠ ᠃ | 2 ᠰᠠᠷ᠎ᠠ ᠶᠢᠨ 20 ᠤ ᠡᠳᠦᠷ ᠂ ᠸᠠᠩ ᠭᠦᠸᠧ ᠴᠢᠤᠸᠠᠨ ᠂ ᠵᠣᠣ ᠱᠤᠸᠠᠨ ᠂ ᠯᠦ ᠵᠠᠨ ᠴᠢᠩ ᠂ ᠵᠢᠶᠠ ᠭᠤᠸᠠᠩ ᠬᠤᠸᠠ ᠵᠡᠷᠭᠡ ᠬᠤᠰᠢᠭᠤᠨ ᠤ ᠤᠳᠤᠷᠢᠳᠤᠯᠭ᠎ᠠ | ᠪᠥᠬᠦ ᠬᠤᠰᠢᠭᠤᠨ ᠤ ᠬᠤᠶᠠᠷ ᠬᠤᠷᠠᠯ ᠤᠨ ᠮᠡᠳᠡᠭᠡᠯᠡᠯ ᠳᠤ ᠣᠷᠣᠯᠴᠠᠭᠰᠠᠨ ᠨᠢᠭᠡᠳᠦᠭᠡᠷ ᠹᠷᠣᠨᠲ ᠤᠨ ᠰᠣᠨᠢᠨ ᠮᠡᠳᠡᠭᠡᠨ ᠤ ᠠᠵᠢᠯᠲᠠᠳ ᠢ ᠡᠷᠬᠢᠨ ᠦᠵᠡᠵᠤ ᠂ | ᠬᠤᠷᠠᠯ ᠤᠨ ᠬᠤᠭᠤᠴᠠᠭᠠᠨ ᠳᠤ ᠰᠢᠷᠭᠠᠭᠤ ᠬᠠᠲᠠᠭᠤᠵᠢᠯᠲᠠᠢ ᠵᠢᠳᠬᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ ᠃ | 2 ᠰᠠᠷ᠎ᠠ ᠶᠢᠨ 24 ᠤ ᠡᠳᠦᠷ ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ ᠵᠡᠭᠦᠨᠭᠠᠷ ᠠᠵᠤ | ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠵᠣᠣ ᠱᠤᠸᠠᠨ ᠤᠷᠢᠳ ᠬᠤᠵᠢᠳ ᠱᠠᠭᠳᠠᠷ ᠤᠨ ᠶᠢᠩ ᠪᠢᠨ ᠵᠡᠭᠡᠯᠢ ᠶᠢᠨ | ᠥᠭᠡᠷᠡᠴᠢᠯᠡᠨ ᠵᠠᠰᠠᠯᠳᠠ ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠥᠭᠡᠷᠡᠴᠢᠯᠡᠨ ᠵᠠᠰᠠᠯᠳᠠ ᠥᠷᠭᠡᠳᠬᠡᠨ ᠪᠠᠶᠢᠭᠤᠯᠤᠯᠲᠠ ᠂ 20 ᠲᠦᠮᠡᠨ ᠲᠡᠭᠰᠢ | ᠳᠥᠷᠪᠡᠯᠵᠢᠨ ᠮᠧᠲᠷ ᠤᠨ ᠳᠦᠬᠦᠮ ᠪᠦᠳᠤᠴᠡᠳᠤ ᠭᠡᠷ ᠤᠨ ᠲᠣᠭᠤᠷᠢᠭ ᠤᠨ ᠬᠤᠭᠤᠯᠠᠢ ᠲᠣᠣᠷ ᠰᠦᠯᠵᠢᠶ᠎ᠡ ᠶᠢ ᠡᠷᠦᠬᠡ ᠳᠤ ᠣᠷᠣᠭᠤᠯᠬᠤ ᠵᠢᠴᠢ ᠵᠠᠮ ᠢ | ᠬᠠᠲᠠᠭᠤᠷᠠᠭᠤᠯᠬᠤ ᠢᠨᠵᠧᠨᠧᠷᠢᠩ ᠂ ᠵᠠᠷᠢᠮ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠵᠠᠰᠠᠯᠳᠠ ᠵᠡᠷᠭᠡ ᠶᠢ ᠠᠬᠢᠭᠤᠯᠬᠤ ᠪᠠᠷ ᠲᠥᠯᠥᠪᠯᠡᠵᠦ ᠪᠠᠶᠢᠭ᠎ᠠ | ᠪᠠᠶᠢᠳᠠᠯ ᠢ ᠪᠠᠶᠢᠴᠠᠭᠠᠨ ᠦᠵᠡᠵᠦ ᠂ ᠳᠠᠷᠠᠭ᠎ᠠ ᠨᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ | ᠪᠠᠶᠢᠷᠢᠯᠠᠭᠤᠯᠵᠠᠢ ᠃ ᠨᠡᠭᠡᠭᠡᠯᠳᠡ ᠶᠢᠨ ᠣᠷᠣᠨ ᠤ ᠤᠳᠤᠷᠢᠳᠤᠯᠭ᠎ᠠ ᠴᠢᠶᠣᠤ ᠠᠢ ᠫᠢᠩ ᠂ ᠳ᠋ᠦ᠋ ᠭᠦᠸᠧ ᠬᠤᠸᠠ ᠂ ᠱᠠᠬᠳᠠᠷ ᠪᠠᠯᠭᠠᠰᠤ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ ᠃ | 2 ᠰᠠᠷ᠎ᠠ ᠶᠢᠨ 25 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ ᠵᠡᠭᠦᠨᠭᠠᠷ ᠠᠵᠤ | ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠵᠣᠣ ᠱᠤᠸᠠᠨ ᠨᠥᠬᠦᠷᠯᠡᠯ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ | ᠭᠠᠵᠠᠷ ᠲᠤ ᠭᠦᠨᠵᠡᠭᠡᠶᠢᠷᠡᠵᠦ ᠂ ᠣᠷᠴᠢᠨ ᠳᠤᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠬᠠᠯᠠᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠤᠳᠠᠳᠤ | ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠂ ᠠᠰᠠᠭᠤᠳᠠᠯ ᠢ ᠬᠠᠯᠠᠨ | ᠰᠠᠶᠢᠵᠢᠷᠠᠭᠤᠯᠬᠤ ᠠᠵᠢᠯ ᠢ ᠰᠤᠳᠤᠯᠤᠨ ᠠᠬᠢᠭᠤᠯᠪᠠ ᠃ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠴᠧᠩ ᠂ ᠬᠤᠯᠪᠣᠭᠳᠠᠯ ᠪᠦᠬᠦᠢ ᠰᠢᠶᠠᠩ | ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ ᠃ | 2 ᠰᠠᠷ᠎ᠠ ᠶᠢᠨ 25 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ ᠵᠡᠭᠦᠨᠭᠠᠷ ᠠᠵᠤ | ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠵᠣᠤ ᠱᠤᠸᠠᠨ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ ᠤᠨ ᠬᠡᠷᠡᠭ | ᠮᠡᠳᠡᠭᠴᠢᠳ ᠤᠨ ᠳᠠᠷᠤᠭ᠎ᠠ ᠽᠧᠩ ᠬᠠᠨ ᠨᠠᠷ ᠲᠠᠢ ᠠᠭᠤᠯᠵᠠᠵᠤ ᠂ ᠬᠤᠶᠠᠷ ᠲᠠᠯ᠎ᠠ ᠪᠠᠷ ᠢᠶᠠᠨ ᠰᠣᠶᠣᠯ ᠪᠠ ᠵᠤᠭᠠᠴᠠᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠤᠨ | ᠲᠠᠯ᠎ᠠ ᠪᠠᠷ ᠰᠠᠨᠠᠯ ᠢᠶᠠᠨ ᠰᠣᠯᠢᠯᠴᠠᠪᠠ ᠃ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠴᠧᠩ ᠂ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ | ᠪᠣᠯᠣᠨ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠶᠠᠷᠢᠯᠴᠠᠬᠤ ᠬᠤᠷᠠᠯ ᠳᠤ ᠣᠷᠣᠯᠴᠠᠪᠠ ᠃ | 2 ᠰᠠᠷ᠎ᠠ ᠶᠢᠨ 26 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ ᠵᠡᠭᠦᠨᠭᠠᠷ ᠠᠵᠤ | ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠵᠣᠤ ᠱᠤᠸᠠᠨ ᠰᠢᠤᠸᠠᠢ ᠵᠢᠶᠠ ᠸᠠᠨ ᠂ ᠳ᠋ᠠ ᠯᠦ ᠬᠤᠲᠠ ᠶᠢᠨ ᠶᠠᠪᠤᠳᠠᠯ ᠤᠨ | ᠲᠣᠭᠤᠷᠢᠭ ᠲᠤ ᠭᠦᠨᠵᠡᠭᠡᠶᠢᠷᠡᠨ ᠂ ᠬᠤᠲᠠ ᠶᠢᠨ ᠪᠦᠲᠦᠭᠡᠨ ᠪᠠᠶᠢᠭᠤᠯᠤᠯᠲᠠ ᠂ ᠰᠤᠷᠭᠠᠨ ᠬᠥᠮᠦᠵᠢᠯ ᠡᠮ ᠡᠮᠨᠡᠯᠭᠡ ᠂ ᠵᠠᠮ ᠬᠠᠷᠢᠯᠴᠠᠭ᠎ᠠ ᠵᠡᠷᠭᠡ ᠠᠷᠠᠳ ᠤᠨ | ᠠᠮᠢᠳᠤᠷᠠᠯ ᠤᠨ ᠭᠤᠣᠯᠳᠠᠯᠭ᠎ᠠ ᠲᠠᠢ ᠢᠨᠵᠧᠨᠧᠷᠢᠩ ᠢ ᠠᠬᠢᠭᠤᠯᠵᠤ ᠪᠠᠶᠢᠭ᠎ᠠ ᠪᠠᠶᠢᠳᠠᠯ ᠢ ᠪᠤᠳᠠᠳᠤ ᠭᠠᠵᠠᠷ ᠲᠤᠨᠢ ᠪᠠᠶᠢᠴᠠᠭᠠᠨ ᠰᠤᠳᠤᠯᠵᠤ ᠂ ᠠᠬᠤᠢ ᠳᠠᠯᠠᠪᠠᠢ ᠳᠤ | ᠠᠯᠪᠠᠯᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠠ ᠃ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ | ᠶᠠᠨ ᠰᠢᠤᠸᠠᠢ ᠵᠢᠶᠦ᠋ᠨ ᠂ ᠵᠠᠩ ᠶᠠ ᠨᠠᠨ ᠂ ᠯᠢᠦ ᠢᠦᠢ ᠴᠧᠩ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠣᠰ ᠲᠣᠰ ᠣᠷᠣᠯᠴᠠᠵᠠᠢ ᠃ | 2 ᠰᠠᠷ᠎ᠠ ᠶᠢᠨ 27 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ ᠵᠡᠭᠦᠨᠭᠠᠷ ᠠᠵᠤ | ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠵᠣᠣ ᠱᠤᠸᠠᠨ ᠵᠠᠬᠢᠳᠠᠯ ᠰᠣᠷᠪᠤᠯᠵᠢᠯᠠᠯ ᠤᠨ ᠠᠵᠢᠯ ᠤᠨ ᠲᠤᠰᠬᠠᠢ ᠰᠡᠳᠦᠪᠲᠦ | ᠬᠤᠷᠠᠯ ᠢ ᠡᠷᠭᠢᠯᠡᠨ ᠬᠤᠷᠠᠯᠳᠤᠭᠤᠯᠵᠤ ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠰᠤᠳᠤᠯᠤᠨ ᠪᠠᠶᠢᠷᠢᠯᠠᠭᠤᠯᠪᠠ ᠃ ᠬᠤᠰᠢᠭᠤᠨ ᠤ | ᠤᠳᠤᠷᠢᠳᠤᠯᠭ᠎ᠠ ᠵᠠᠩ ᠪᠥᠸᠧ ᠂ ᠶᠠᠨ ᠰᠢᠤᠸᠠᠢ ᠵᠢᠶᠦ᠋ᠨ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ ᠃ | | | | |