| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 11 ᠤ ᠴᠠᠭᠢᠯᠭᠠᠨ ᠮᠡᠳᠡᠭᠡ 4 ᠰᠠᠷ᠎ᠠ ᠶᠢᠨ 11 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠥᠷᠥ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ | ᠢᠰᠫᠠᠨᠢ ᠶᠢᠨ ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠪᠠ ᠃ | | 4 ᠰᠠᠷ᠎ᠠ ᠶᠢᠨ 11 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠥᠷᠥ ᠶᠢᠨ ᠵᠣᠴᠢᠳ ᠤᠨ | ᠪᠠᠭᠤᠳᠠᠯ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠢᠰᠫᠠᠨᠢ ᠶᠢᠨ ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠪᠠ ᠃ ︵ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ ︶ | ᠰᠢ ᠶᠢᠨ ᠫᠢᠩ ᠂ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ ᠂ ᠤᠯᠠᠨ ᠳᠠᠪᠬᠤᠷ | ᠠᠶᠤᠯ ᠲᠦᠭᠰᠢᠭᠦᠷᠢ ᠪᠠ ᠥᠷᠢᠰᠦᠯᠳᠦᠭᠡᠨ ᠳᠠᠪᠬᠤᠴᠠᠵᠤ ᠪᠤᠢ ᠂ ᠡᠯ᠎ᠡ ᠤᠯᠤᠰ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ | ᠬᠠᠮᠠᠭᠠᠯᠠᠵᠤ ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ ᠃ ᠳᠡᠯᠡᠬᠡᠢ ᠶᠢᠨ ᠪᠠᠶᠢᠳᠠᠯ ᠰᠠᠮᠠᠭᠤᠷᠠᠨ ᠰᠣᠯᠪᠢᠴᠠᠬᠤ ᠲᠤᠰᠤᠮ ᠂ ᠳᠤᠮᠳᠠᠳᠤ | ᠢᠰᠫᠠᠨᠢ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ ᠲᠣᠭᠲᠠᠭᠤᠨ ᠢᠶᠠᠷ ᠬᠥᠭᠵᠢᠬᠦ ᠶᠢᠨ ᠴᠢᠬᠤᠯᠠ ᠴᠢᠨᠠᠷ ᠲᠡᠳᠦᠢ ᠲᠣᠪᠤᠶᠢᠮ᠎ᠠ ᠪᠣᠯᠣᠨ᠎ᠠ ᠃ ᠡᠨᠡ ᠵᠢᠯ ᠪᠣᠯ ᠳᠤᠮᠳᠠᠳᠤ | ᠤᠯᠤᠰ ᠪᠣᠯᠣᠨ ᠢᠰᠫᠠᠨᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠪᠣᠯᠣᠨ᠎ᠠ ᠂ ᠳᠤᠮᠳᠠᠳᠤ | ᠤᠯᠤᠰ ᠳᠤᠷᠠᠲᠠᠶ᠎ᠠ ᠢᠰᠫᠠᠨᠢ ᠯᠤᠭ᠎ᠠ ᠨᠡᠩ ᠢᠯᠡᠭᠦᠦ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠲᠠᠢ ᠂ ᠨᠡᠩ ᠢᠯᠡᠭᠦᠦ ᠬᠥᠭᠵᠢᠯᠲᠡ ᠶᠢᠨ ᠠᠮᠢᠵᠢᠷᠠᠯ ᠤᠨ | ᠬᠦᠴᠦᠨ ᠲᠠᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠤ ᠠᠵᠠ | ᠵᠢᠷᠭᠠᠯ ᠢ ᠨᠡᠮᠡᠭᠳᠡᠭᠦᠯᠬᠦ ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠳᠤ ᠬᠥᠳᠡᠯᠭᠡᠬᠦ ᠬᠦᠴᠦᠨ ᠨᠡᠮᠡᠷᠢᠯᠡᠬᠦ ᠶᠢᠨ ᠬᠠᠮᠲᠤ ᠳᠡᠯᠡᠬᠡᠢ ᠶᠢᠨ ᠡᠩᠬᠡ ᠲᠠᠶᠢᠪᠤᠩ ᠂ | ᠲᠣᠭᠲᠠᠭᠤᠨ ᠂ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠠᠯᠢᠪᠠ ᠶᠢ ᠠᠵᠢᠭᠯᠠᠬᠤ ᠳᠤ ᠥᠷᠭᠡᠨ ᠬᠠᠷᠠᠭᠠᠰᠤ ᠠᠭᠤᠳᠠᠮ ᠪᠠᠭᠲᠠᠭᠠᠮᠵᠢ ᠬᠡᠷᠡᠭᠲᠡᠢ ᠃ ᠳᠤᠮᠳᠠᠳᠤ ᠢᠰᠫᠠᠨᠢ ᠶᠢᠨ ᠨᠥᠬᠦᠷᠯᠡᠯ ᠪᠣᠯ ᠬᠤᠶᠠᠷ | ᠤᠯᠤᠰ ᠤᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ ᠂ ᠪᠣᠳᠠᠲᠤ ᠠᠬᠤᠢ ᠶᠢᠨ ᠬᠡᠷᠡᠭᠴᠡᠭᠡ ᠂ ᠠᠯᠤᠰ ᠭᠡᠳᠦ ᠶᠢᠨ ᠠᠰᠢᠭ ᠲᠤᠰᠠ ᠳᠤ ᠰᠠᠭᠤᠷᠢᠯᠠᠵᠤ | ᠲᠣᠭᠲᠠᠭᠠᠭᠰᠠᠨ ᠵᠥᠪ ᠰᠣᠩᠭᠤᠯᠲᠠ ᠮᠥᠨ ᠃ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠬᠦ ᠤᠯᠤᠰ ᠲᠦᠷᠦ ᠶᠢᠨ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ ᠂ | ᠬᠠᠷᠢᠯᠴᠠᠨ ᠢᠲᠡᠭᠡᠵᠦ ᠂ ᠬᠠᠷᠢᠯᠴᠠᠨ ᠭᠦᠨᠳᠦᠳᠭᠡᠵᠦ ᠂ ᠨᠦᠭᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ | ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠵᠦ ᠂ ᠢᠯᠠᠩᠭᠤᠶ᠎ᠠ ᠨᠦᠭᠦᠭᠡ ᠡᠲᠡᠭᠡᠳ ᠤᠨ ᠢᠶᠠᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ | ᠪᠠᠶᠢᠬᠤ ᠪᠠᠨ ᠬᠠᠮᠠᠭᠠᠯᠠᠬᠤ ᠶᠢ ᠳᠡᠮᠵᠢᠶ᠎ᠡ ᠃ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠠᠮᠠ ᠶᠢᠨ ᠬᠡᠷᠡᠭᠯᠡᠭᠡ ᠶᠢᠨ ᠲᠡᠰ ᠳᠡᠪᠰᠢᠬᠦ ᠬᠡᠷᠡᠭᠴᠡᠭᠡ | ᠪᠣᠯᠣᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠬᠤ ᠲᠠᠯᠳᠠ ᠬᠦᠴᠦᠨ ᠨᠢ ᠳᠡᠯᠡᠬᠡᠢ ᠶᠢᠨ ᠠᠵᠤ ᠠᠬᠤᠢ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠬᠠᠩᠭᠠᠬᠤ ᠪᠣᠯᠣᠨ᠎ᠠ ᠃ ᠳᠤᠮᠳᠠᠳᠤ ᠤᠯᠤᠰ ᠳᠤᠷᠠᠲᠠᠶ᠎ᠠ ᠢᠰᠫᠠᠨᠢ ᠯᠤᠭ᠎ᠠ ᠬᠠᠷᠢᠯᠴᠠᠨ ᠠᠰᠢᠭᠲᠠᠢ ᠬᠠᠷᠢᠯᠴᠠᠨ ᠨᠥᠬᠦᠪᠦᠷᠢᠯᠡᠬᠦ ᠬᠠᠮᠲᠤᠷᠠᠯᠴᠠᠭᠠᠨ ᠤ ᠳᠠᠪᠠᠭᠤᠯᠢᠭ ᠢᠶᠠᠨ | ᠰᠠᠶᠢᠲᠤᠷ ᠠᠰᠢᠭᠯᠠᠵᠤ ᠂ ᠠᠵᠤ ᠠᠬᠤᠢ ᠠᠷᠠᠯᠵᠢᠶ᠎ᠠ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢᠶᠠᠨ | ᠰᠠᠶᠢᠲᠤᠷ ᠪᠠᠳᠠᠷᠠᠭᠤᠯᠵᠤ ᠂ ᠰᠢᠨ᠎ᠡ ᠡᠨᠧᠷᠭᠢ ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠂ ᠣᠶᠤᠨᠲᠤ ᠬᠤᠳᠠ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ | ᠳᠠᠯᠳᠠ ᠬᠦᠴᠦᠨ ᠢᠶᠠᠨ ᠭᠦᠨᠵᠡᠭᠡᠢ ᠠᠭᠤᠳᠠᠯᠵᠤ ᠂ ᠨᠡᠩ ᠤᠯᠠᠨ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠢ ᠡᠭᠦᠳᠦᠨ᠎ᠡ ᠃ ᠬᠠᠷᠢᠯᠴᠠᠨ | ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠨᠥᠬᠦᠷᠯᠡᠯ ᠤᠨ ᠤᠯᠠᠮᠵᠢᠯᠠᠯ ᠢᠶᠠᠨ ᠦᠷᠭᠦᠯᠵᠢᠯᠡᠭᠦᠯᠵᠦ ᠂ ᠬᠤᠶᠠᠷ ᠤᠯᠤᠰ ᠤᠨ ᠠᠷᠠᠳ ᠲᠦᠮᠡᠨ ᠤ ︽ ᠣᠯᠢᠮᠫᠢᠺ ᠤᠨ | ᠲᠠᠮᠢᠷ ᠤᠨ ᠴᠤᠭᠯᠠᠭᠠᠨ ᠤ ᠭᠦᠨ ᠵᠤᠵᠠᠭᠠᠨ ᠬᠠᠶᠢᠷ᠎ᠠ ᠰᠡᠳᠬᠢᠯᠭᠡ ︾ ᠂ ︽ ᠮᠠᠯᠤᠷ ᠦᠳᠡᠭᠡ ᠶᠢᠨ ᠬᠠᠶᠢᠷ᠎ᠠ ᠰᠡᠳᠬᠢᠯᠭᠡ ︾ ᠶᠢ ᠰᠠᠶᠢᠲᠤᠷ ᠤᠯᠠᠮᠵᠢᠯᠠᠵᠤ ᠂ ︽ | ᠪᠠᠶᠠᠰᠬᠤᠯᠠᠩᠲᠤ ᠴᠠᠭᠠᠨ ᠰᠠᠷ᠎ᠠ ︾ ᠵᠡᠷᠭᠡ ᠰᠢᠨ᠎ᠡ ︽ ᠠᠯᠳᠠᠨ ᠱᠣᠰᠢᠭ᠎ᠠ ︾ ᠶᠢ ᠡᠭᠦᠳᠴᠦ ᠂ ᠬᠠᠷᠢᠯᠴᠠᠨ ᠭᠠᠳᠠᠭᠠᠳᠤ ᠳᠤ ᠰᠤᠷᠤᠯᠴᠠᠬᠤ ᠰᠤᠷᠤᠬᠴᠢ ᠲᠣᠮᠢᠯᠠᠬᠤ | ᠬᠡᠪᠴᠢᠶ᠎ᠡ ᠪᠠᠨ ᠥᠷᠭᠡᠳᠬᠡᠵᠦ ᠂ ᠨᠡᠩ ᠤᠯᠠᠨ ᠵᠠᠯᠠᠭᠤᠴᠤᠳ ᠢ ᠳᠤᠮᠳᠠᠳᠤ ᠢᠰᠫᠠᠨᠢ ᠶᠢᠨ ᠨᠥᠬᠦᠷᠯᠡᠯ ᠤᠨ ᠰᠢᠨ᠎ᠡ ᠬᠦᠴᠦᠨ ᠪᠣᠯᠭᠠᠶ᠎ᠠ ᠃ ᠳᠤᠮᠳᠠᠳᠤ ᠢᠰᠫᠠᠨᠢ ᠪᠣᠯ | ᠴᠥᠮ ᠤᠯᠠᠨ ᠲᠠᠯᠠᠲᠤ ᠦᠵᠡᠯ ᠪᠣᠯᠣᠨ ᠨᠡᠭᠡᠭᠡᠯᠲᠡᠲᠤ ᠬᠠᠮᠲᠤᠷᠠᠯᠴᠠᠭ᠎ᠠ ᠶᠢ ᠳᠡᠮᠵᠢᠬᠦ ᠢᠳᠡᠪᠬᠢ ᠬᠦᠴᠦᠨ ᠮᠥᠨ ᠂ ᠬᠤᠶᠠᠷ ᠲᠠᠯ᠎ᠠ ᠪᠠᠷ ᠢᠶᠠᠨ ᠲᠥᠪ ᠭᠤᠣᠯᠴᠢ ᠵᠦᠢ | ᠵᠣᠬᠢᠰᠲᠠᠢ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ ᠲᠦᠪᠰᠢᠨ ᠢ | ᠬᠠᠮᠠᠭᠠᠯᠠᠵᠤ ᠂ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠤᠶ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠳᠤᠮᠳᠠᠳᠤ ᠤᠯᠤᠰ ᠢᠮᠠᠭᠲᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢ ᠤᠯᠠᠨ ᠲᠦᠢᠯᠵᠢᠯᠲᠡ ᠶᠢᠨ ᠳᠡᠯᠡᠬᠡᠢ ᠶᠢᠨ ᠴᠢᠬᠤᠯᠠ | ᠨᠢᠭᠡ ᠲᠦᠢᠯ ᠢᠶᠠᠷ ᠦᠵᠡᠵᠦ ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠪᠦᠯᠬᠦᠮᠳᠡᠨ ᠬᠥᠭᠵᠢᠨ ᠪᠤᠵᠠᠭᠠᠶᠢᠷᠠᠬᠤ ᠶᠢ ᠢᠯᠠ ᠲᠣᠳᠣᠷᠬᠠᠢ ᠪᠠᠷ | ᠳᠡᠮᠵᠢᠬᠦ ᠭᠤᠣᠯ ᠪᠤᠯᠬᠤ ᠲᠣᠮᠣ ᠤᠯᠤᠰ ᠪᠣᠯᠣᠨ᠎ᠠ ᠃ ᠣᠳᠣᠬᠠᠨ ᠤ ᠪᠠᠶᠢᠳᠠᠯ ᠳᠣᠣᠷ᠎ᠠ ᠂ ᠳᠤᠮᠳᠠᠳᠤ ᠡᠸᠦ᠋ᠷᠦᠫᠡ ᠶᠢᠨ ᠡᠩᠬᠡ ᠲᠠᠶᠢᠪᠤᠩ ᠂ ᠨᠡᠮᠡᠭᠳᠡᠯ ᠂ | ᠥᠭᠡᠷᠡᠴᠢᠯᠡᠯᠲᠡ ᠂ ᠪᠣᠯᠪᠠᠰᠤᠨ ᠵᠡᠷᠭᠡ ᠳᠦᠷᠪᠡᠨ ᠶᠡᠭᠡ ᠬᠠᠨᠢᠲᠠᠨ ᠤ ᠬᠠᠷᠢᠯᠴᠠᠭ᠎ᠠ ᠶᠢ ᠬᠠᠮᠲᠤ ᠪᠠᠷ ᠪᠠᠶᠢᠭᠤᠯᠬᠤ ᠨᠢ ᠴᠢᠬᠤᠯᠠ ᠠᠬᠤᠶᠢᠴᠢ ᠠᠴᠢ ᠬᠤᠯᠪᠣᠭᠳᠠᠯ ᠲᠠᠢ | ᠶᠤᠮ ᠃ ᠳᠤᠮᠳᠠᠳᠤ ᠡᠸᠦ᠋ᠷᠦᠫᠡ ᠬᠠᠨᠢᠲᠠᠨ ᠤ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠪᠠᠯ ᠵᠣᠬᠢᠨ᠎ᠠ ᠃ ᠳᠤᠮᠳᠠᠳᠤ | ᠤᠯᠤᠰ ᠳᠤᠷᠠᠲᠠᠶ᠎ᠠ ᠡᠸᠦ᠋ᠷᠦᠫᠡ ᠲᠢᠪ ᠤᠨ ᠬᠢᠨ ᠲᠠᠢ ᠬᠠᠮᠲᠤ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠢ ᠪᠡᠯᠭᠡᠯᠡᠵᠦ ᠂ ᠳᠤᠮᠳᠠᠳᠤ ᠡᠸᠦ᠋ᠷᠦᠫᠡ ᠶᠢᠨ | ᠬᠠᠷᠢᠯᠴᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠬᠦ ᠂ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠪᠣᠯᠣᠨ ᠬᠠᠷᠢᠯᠴᠠᠨ ᠠᠮᠵᠢᠯᠲᠠ | ᠣᠯᠬᠤ ᠶᠢ ᠳᠡᠮᠵᠢᠬᠦ ᠴᠢᠭᠯᠡᠯ ᠲᠡᠶᠢᠰᠢ ᠬᠥᠭᠵᠢᠬᠦ ᠶᠢ ᠠᠬᠢᠭᠤᠯᠵᠤ ᠂ ᠳᠤᠮᠳᠠᠳᠤ ᠡᠸᠦ᠋ᠷᠦᠫᠡ ᠶᠢᠨ ᠠᠷᠠᠳ ᠲᠦᠮᠡᠨ ᠪᠣᠯᠣᠨ ᠳᠡᠯᠡᠬᠡᠢ ᠨᠡᠶᠢᠭᠡᠮ ᠳᠤ ᠨᠡᠩ ᠰᠠᠶᠢᠲᠤᠷ | ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠪᠣᠭᠤᠮᠲᠠ ᠶᠢᠨ ᠭᠠᠶᠢᠯᠢ ᠶᠢᠨ ᠳᠠᠶᠢᠯᠠᠯᠳᠤᠭᠠᠨ ᠬᠢᠬᠦ ᠳᠤ ᠢᠯᠠᠭᠴᠢ ᠪᠠᠶᠢᠳᠠᠭ ᠦᠭᠡᠢ ᠂ ᠳᠡᠯᠡᠬᠡᠢ ᠳ᠋ᠠᠬᠢᠨ ᠲᠠᠢ ᠡᠰᠡᠷᠭᠦᠴᠡᠯᠳᠦᠪᠡᠯ ᠥᠪᠡᠷ ᠢ ᠪᠠᠨ | ᠭᠠᠭᠴᠠᠭᠠᠷᠳᠠᠭᠤᠯᠬᠤ ᠪᠣᠯᠣᠨ᠎ᠠ ᠃ 70 ᠭᠠᠷᠤᠢ ᠵᠢᠯ ᠤᠨ ᠲᠤᠷᠰᠢ ᠂ ᠳᠤᠮᠳᠠᠳᠤ ᠤᠯᠤᠰ ᠤᠨ ᠬᠥᠭᠵᠢᠯᠲᠡ ᠢᠮᠠᠭᠲᠠ ᠥᠪᠡᠷ ᠤᠨ ᠬᠦᠴᠦ ᠪᠠᠷ ᠢᠶᠠᠨ ᠳᠡᠭᠵᠢᠷᠡᠬᠦ ᠂ | ᠲᠡᠰᠪᠦᠷᠢ ᠬᠠᠲᠠᠭᠤᠵᠢᠯᠲᠠᠢ ᠲᠡᠮᠡᠴᠡᠬᠦ ᠳᠤ ᠲᠦᠰᠢᠭᠯᠡᠵᠦ ᠂ ᠶᠡᠷᠦ ᠠᠴᠠ ᠬᠡᠨ ᠨᠢᠭᠡᠨ ᠤ ᠬᠢᠨᠢ ᠥᠷᠥᠰᠢᠶᠡᠯ ᠰᠣᠶᠣᠷᠬᠠᠯ ᠳᠤ ᠲᠦᠰᠢᠭᠯᠡᠭᠰᠡᠨ ᠪᠢᠰᠢ ᠂ ᠨᠡᠩ ᠴᠤ ᠶᠠᠮᠠᠷᠪᠠ | ᠶᠣᠰᠣ ᠪᠤᠰᠤ ᠳᠠᠷᠤᠯᠲᠠ ᠶᠢᠨ ᠡᠮᠦᠨ᠎ᠡ ᠰᠦᠷᠳᠡᠭᠰᠡᠨ ᠦᠭᠡᠢ ᠶᠤᠮ ᠃ | ᠭᠠᠳᠠᠭᠠᠳᠤ ᠣᠷᠴᠢᠨ ᠶᠠᠭᠠᠬᠢᠵᠤ ᠬᠤᠪᠢᠷᠠᠭᠰᠠᠨ ᠴᠤ ᠂ ᠳᠤᠮᠳᠠᠳᠤ ᠤᠯᠤᠰ ᠢᠲᠡᠭᠡᠯ ᠵᠣᠷᠢᠭ ᠢᠶᠠᠨ ᠪᠠᠲᠤᠳᠬᠠᠵᠤ ᠂ ᠲᠣᠭᠲᠠᠯ ᠬᠦᠴᠦᠨ ᠢᠶᠠᠨ ᠪᠠᠲᠤᠯᠠᠵᠤ ᠂ | ᠤᠶᠤᠨ ᠴᠢᠳᠠᠯ ᠢᠶᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠨ᠎ᠡ ᠃ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ | ᠬᠤᠯᠪᠤᠭ᠎ᠠ ᠪᠣᠯ ᠴᠥᠮ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠮᠥᠨ ᠂ ᠴᠥᠮ ᠠᠵᠤ ᠠᠬᠤᠢ ᠶᠢᠨ ᠳᠡᠯᠡᠬᠡᠶᠢᠵᠢᠯᠲᠡ ᠪᠣᠯᠣᠨ ᠴᠢᠯᠦᠭᠡᠲᠦ | ᠠᠷᠠᠯᠵᠢᠶᠠᠨ ᠤ ᠡᠷᠡᠰ ᠳᠡᠮᠵᠢᠭᠴᠢ ᠮᠥᠨ ᠂ ᠬᠤᠶᠠᠷ ᠲᠠᠯ᠎ᠠ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶᠡᠨ ᠤ | ᠭᠤᠷᠪᠠᠨ ᠤ ᠨᠢᠭᠡ ᠶᠢ ᠳᠠᠪᠠᠵᠤ ᠂ ᠨᠢᠭᠡᠨᠲᠡ ᠠᠵᠤ ᠠᠬᠤᠢ ᠶᠢᠨ ᠬᠠᠮᠲᠤ ᠣᠷᠣᠰᠢᠬᠤ ᠨᠢᠭᠲᠠ ᠬᠠᠷᠢᠯᠴᠠᠭ᠎ᠠ ᠶᠢ ᠪᠦᠷᠢᠯᠳᠦᠭᠦᠯᠪᠡ ᠃ ᠳᠤᠮᠳᠠᠳᠤ ᠡᠸᠦ᠋ᠷᠦᠫᠡ ᠤᠯᠠᠨ | ᠤᠯᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠤᠷᠤᠰᠬᠠᠯ ᠪᠣᠯᠣᠨ ᠤᠯᠠᠨ ᠤᠯᠤᠰ ᠤᠨ ᠠᠷᠠᠯᠵᠢᠶᠠᠨ ᠤ ᠣᠷᠴᠢᠨ ᠢ | ᠬᠠᠮᠲᠤ ᠪᠠᠷ ᠬᠠᠮᠠᠭᠠᠯᠠᠵᠤ ᠂ ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ ᠂ ᠥᠪᠡᠷ ᠤᠨ ᠵᠦᠢ ᠶᠣᠰᠣᠨ ᠤ ᠡᠷᠬᠡ ᠠᠰᠢᠭ ᠢᠶᠠᠨ | ᠬᠠᠮᠠᠭᠠᠯᠠᠬᠤ ᠪᠠᠷ ᠪᠠᠷᠠᠬᠤ ᠦᠭᠡᠢ ᠪᠠᠰᠠ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ ᠂ ᠤᠯᠠᠨ ᠤᠯᠤᠰ ᠤᠨ ᠳᠦᠷᠢᠮ ᠪᠣᠯᠣᠨ ᠡᠮᠬᠢ | ᠳᠢᠭᠯᠢᠮ ᠢ ᠬᠠᠮᠠᠭᠠᠯᠠᠪᠠᠯ ᠵᠣᠬᠢᠨ᠎ᠠ ᠭᠡᠵᠦ ᠴᠢᠬᠤᠯᠠᠴᠢᠯᠠᠪᠠ ᠃ | ᠰᠠᠩᠴᠢᠶᠧᠰ ᠂ ᠢᠰᠫᠠᠨᠢ ᠪᠣᠯᠣᠨ ᠳᠤᠮᠳᠠᠳᠤ ᠤᠯᠤᠰ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ | ᠲᠤᠷᠰᠢ ᠂ ᠢᠮᠠᠭᠲᠠ ᠬᠠᠷᠢᠯᠴᠠᠨ ᠭᠦᠨᠳᠦᠳᠭᠡᠵᠦ ᠂ ᠨᠥᠭᠦᠷᠰᠡᠭ ᠢᠶᠠᠷ ᠬᠠᠮᠲᠤᠷᠠᠯᠴᠠᠵᠤ ᠂ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠨ | ᠬᠥᠭᠵᠢᠪᠡ ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠬᠥᠭᠵᠢᠯᠲᠡ ᠶᠢᠨ ᠲᠠᠯ᠎ᠠ ᠪᠠᠷ ᠭᠠᠷᠮᠠᠭᠠᠢ ᠠᠮᠵᠢᠯᠲᠠ ᠣᠯᠵᠤ ᠂ | ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ ᠃ ᠢᠰᠫᠠᠨᠢ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ | ᠴᠢᠬᠤᠯᠠᠴᠢᠯᠠᠵᠤ ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ ᠂ ᠳᠤᠷᠠᠲᠠᠶ᠎ᠠ ᠳᠤᠮᠳᠠᠳᠤ ᠤᠯᠤᠰ ᠯᠤᠭ᠎ᠠ | ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ ᠂ ᠠᠷᠠᠯᠵᠢᠶ᠎ᠠ ᠂ ᠪᠡᠯᠡ ᠣᠷᠣᠭᠤᠯᠤᠯᠲᠠ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ ᠂ | ᠪᠣᠬᠢᠷᠳᠤᠯ ᠦᠭᠡᠢ ᠡᠨᠧᠷᠭᠢ ᠵᠡᠷᠭᠡ ᠬᠦᠷᠢᠶᠡᠨ ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠰᠤᠷᠭᠠᠨ ᠬᠥᠮᠦᠵᠢᠯ ᠂ ᠰᠣᠶᠣᠯ ᠂ | ᠵᠢᠭᠤᠯᠴᠢᠯᠠᠯ ᠤᠨ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠵᠤ ᠂ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠃ | ᠳᠤᠮᠳᠠᠳᠤ ᠤᠯᠤᠰ ᠪᠣᠯ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ ᠂ ᠢᠰᠫᠠᠨᠢ ᠢᠮᠠᠭᠲᠠ ᠡᠸᠦ᠋ᠷᠦᠫᠡ | ᠳᠤᠮᠳᠠᠳᠤ ᠶᠢᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠶᠢ ᠳᠡᠮᠵᠢᠨ᠎ᠠ ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ ᠨᠡᠭᠡᠭᠡᠯᠲᠡᠲᠤ | ᠴᠢᠯᠦᠭᠡᠲᠦ ᠠᠷᠠᠯᠵᠢᠶ᠎ᠠ ᠶᠢ ᠪᠠᠷᠢᠮᠲᠠᠯᠠᠵᠤ ᠂ ᠤᠯᠠᠨ ᠲᠠᠯᠠᠲᠤ ᠦᠵᠡᠯ ᠢ ᠬᠠᠮᠠᠭᠠᠯᠠᠬᠤ ᠪᠠᠷ ᠴᠢᠷᠮᠠᠶᠢᠵᠤ ᠂ ᠭᠠᠭᠴᠠ ᠲᠠᠯ᠎ᠠ ᠠᠴᠠ ᠪᠣᠭᠤᠮᠲᠠ ᠶᠢᠨ ᠭᠠᠶᠢᠯᠢ ᠨᠡᠮᠡᠵᠦ | ᠲᠠᠲᠠᠪᠤᠷᠢᠯᠠᠬᠤ ᠶᠢ ᠡᠰᠡᠷᠭᠦᠴᠡᠨ᠎ᠡ ᠃ ᠠᠷᠠᠯᠵᠢᠶᠠᠨ ᠤ ᠳᠠᠶᠢᠨ ᠳᠤ ᠢᠯᠠᠭᠴᠢ ᠭᠡᠵᠦ ᠪᠠᠶᠢᠳᠠᠭ ᠦᠭᠡᠢ ᠃ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠳᠡᠯᠡᠬᠡᠢ ᠶᠢᠨ | ᠪᠠᠶᠢᠳᠠᠯ ᠤᠨ ᠡᠮᠦᠨ᠎ᠡ ᠂ ᠢᠰᠫᠠᠨᠢ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ | ᠬᠠᠮᠵᠢᠯᠴᠠᠭ᠎ᠠ ᠪᠠᠨ ᠴᠢᠩᠭᠠᠳᠬᠠᠵᠤ ᠂ ᠤᠯᠠᠨ ᠤᠯᠤᠰ ᠤᠨ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠵᠤ ᠂ ᠠᠭᠤᠷ ᠠᠮᠢᠰᠬᠤᠯ ᠤᠨ ᠬᠤᠪᠢᠷᠠᠯᠲᠠ ᠂ ᠶᠠᠳᠠᠭᠤ | ᠬᠦᠴᠢᠷᠳᠡᠯ ᠵᠡᠷᠭᠡ ᠥᠷᠢᠰᠦᠯᠳᠦᠭᠡᠨ ᠢ ᠭᠠᠷ ᠬᠤᠯᠪᠣᠯᠴᠠᠨ ᠠᠷᠭᠠᠴᠠᠭᠠᠵᠤ ᠂ ᠳᠡᠯᠡᠬᠡᠢ ᠨᠡᠶᠢᠭᠡᠮ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ ᠃ | | ᠬᠤᠶᠠᠷ ᠲᠠᠯ᠎ᠠ ᠪᠠᠷ ᠢᠶᠠᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ ᠃ | ᠸᠠᠩ ᠢ ᠠᠭᠤᠯᠵᠠᠯᠲᠠ ᠳᠤ ᠣᠷᠣᠯᠴᠠᠵᠠᠢ ᠃ | | |