| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 13 ᠤ ᠴᠠᠭᠢᠯᠭᠠᠨ ᠮᠡᠳᠡᠭᠡ 4 ᠰᠠᠷ᠎ᠠ ᠶᠢᠨ 13 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠪᠣᠯᠣᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠷᠡᠪᠤᠸᠧ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ ᠂ ᠳᠤᠮᠳᠠᠳᠤ ᠢᠨᠳᠤᠨᠧᠰᠢᠶ᠎ᠠ ᠶᠢᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠪᠡ ᠃ | ᠰᠢ ᠶᠢᠨ ᠫᠢᠩ ᠂ ᠳᠤᠮᠳᠠᠳᠤ ᠤᠯᠤᠰ ᠪᠣᠯᠣᠨ ᠢᠨᠳᠤᠨᠧᠰᠢᠶ᠎ᠠ ᠪᠣᠯ ᠲᠠᠯᠠᠢ ᠠᠯᠤᠰᠯᠠᠨ ᠰᠠᠭᠤᠭᠰᠠᠨ ᠰᠠᠶᠢᠨ ᠬᠥᠷᠰᠢ ᠂ ᠬᠤᠪᠢ ᠵᠠᠶᠠᠭ᠎ᠠ ᠪᠠᠨ ᠬᠠᠮᠲᠤᠳᠬᠠᠭᠰᠠᠨ | ᠰᠠᠶᠢᠨ ᠬᠠᠨᠢᠲᠠᠨ ᠶᠤᠮ ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ ᠬᠤᠶᠠᠷ ᠲᠠᠯ᠎ᠠ ᠪᠠᠷ ᠢᠶᠠᠨ ᠬᠠᠲᠠᠭᠤ ᠪᠡᠷᠬᠡᠰᠢᠶᠡᠯ ᠢ ᠬᠠᠮᠲᠤ ᠪᠠᠷ | ᠲᠤᠭᠤᠯᠵᠤ ᠂ ᠴᠢᠩ ᠦᠨᠡᠨᠴᠢ ᠪᠠᠷ ᠬᠠᠮᠵᠢᠯᠴᠠᠵᠤ ᠂ ᠬᠤᠶᠠᠷ ᠤᠯᠤᠰ ᠤᠨ ᠬᠠᠷᠢᠯᠴᠠᠭ᠎ᠠ ᠲᠦᠷᠭᠡᠨ ᠬᠥᠭᠵᠢᠵᠦ ᠂ ᠳᠤᠮᠳᠠᠳᠤ ᠢᠨᠳᠤᠨᠧᠰᠢᠶ᠎ᠠ ᠶᠢᠨ ᠨᠥᠬᠦᠷᠯᠡᠯ | ᠬᠥᠮᠥᠰ ᠤᠨ ᠰᠡᠳᠬᠢᠯ ᠳᠤ ᠭᠦᠨ ᠬᠠᠳᠠᠩᠰᠢᠪᠠ ᠃ ᠨᠢᠳᠤᠨᠤᠨ ᠪᠢ ᠶᠡᠷᠦᠩᠬᠡᠶᠢᠯᠡᠭᠴᠢ ᠠᠪᠤᠭᠠᠢ ᠲᠠᠢ ᠬᠤᠶᠠᠷ ᠤᠳᠠᠭ᠎ᠠ ᠠᠭᠤᠯᠵᠠᠵᠤ ᠂ ᠲᠤᠰ ᠲᠤᠰ ᠤᠨ | ᠤᠯᠤᠰ ᠤᠨ ᠢᠶᠠᠨ ᠬᠥᠭᠵᠢᠯᠲᠡ ᠶᠢᠨ ᠠᠯᠤᠰ ᠤᠨ ᠲᠥᠰᠥᠪ ᠢ ᠡᠷᠡᠰ ᠲᠡᠮᠵᠢᠵᠤ ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠣᠨ ᠰᠠᠶᠢᠲᠤᠷ | ᠵᠠᠮᠨᠠᠵᠤ ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠳᠤᠮᠳᠠᠳᠤ ᠢᠨᠳᠤᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠵᠤ ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠲᠠᠭᠢᠨ ᠰᠢᠨ᠎ᠡ ᠳᠡᠭᠲᠡᠷ ᠲᠤ ᠭᠠᠷᠬᠤ ᠶᠢ ᠬᠥᠲᠥᠯᠥᠨ ᠳᠠᠭᠠᠭᠤᠯᠬᠤ ᠪᠠᠷ ᠰᠠᠨᠠᠯ ᠨᠢᠭᠡᠲᠡᠢ | ᠵᠥᠪᠰᠢᠶᠡᠷᠡᠵᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠢᠨᠳᠤᠨᠧᠰᠢᠶ᠎ᠠ ᠪᠣᠯ ᠪᠦᠷ ᠬᠥᠭᠵᠢᠵᠦ ᠪᠠᠶᠢᠭ᠎ᠠ ᠲᠣᠮᠣ ᠤᠯᠤᠰ ᠪᠠ ︽ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ︾ | ᠤᠨ ᠴᠢᠬᠤᠯᠠ ᠬᠦᠴᠦᠨ ᠮᠥᠨ ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠪᠦᠭᠦ ᠪᠥᠮᠪᠥᠷᠴᠡᠭ ᠤᠨ | ᠨᠥᠯᠥᠭᠡ ᠲᠠᠢ ᠶᠤᠮ ᠃ ᠪᠢ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠃ ᠳᠤᠷᠠᠲᠠᠶ᠎ᠠ | ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠴᠢᠷᠮᠠᠶᠢᠵᠤ ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠪᠠᠷ | ᠠᠵᠠ ᠲᠣᠭᠢᠶᠠᠯ ᠪᠤᠯᠭᠠᠵᠤ ᠂ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ | ᠤᠯᠠᠨ ᠲᠠᠯᠠᠲᠤ ᠪᠠᠶᠢᠯᠳᠤᠬᠤ ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ ᠂ ᠳᠤᠮᠳᠠᠳᠤ ᠢᠨᠳᠤᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠴᠠᠭ ᠦᠶ᠎ᠡ ᠶᠢᠨ ᠠᠭᠤᠯᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠵᠤ ᠂ ᠬᠥᠭᠵᠢᠵᠦ ᠪᠠᠶᠢᠭ᠎ᠠ ᠲᠣᠮᠣ ᠤᠯᠤᠰ ᠤᠨ ᠴᠢᠩ ᠦᠨᠡᠨᠴᠢ ᠪᠦᠯᠬᠦᠮᠳᠡᠯ ᠤᠨ | ᠨᠡᠶᠢᠲᠡᠯᠢᠭ ᠦᠯᠢᠭᠡᠷ ᠵᠢᠱᠢᠶ᠎ᠡ ᠂ ᠬᠠᠮᠲᠤ ᠪᠠᠷ ᠬᠥᠭᠵᠢᠬᠦ ᠶᠢᠨ ᠬᠡᠪ ᠳᠠᠭᠤᠷᠢᠶᠠᠯ ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠤᠰᠢᠭᠤᠴᠢ ᠪᠣᠯᠵᠤ ᠂ | ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠢ ᠬᠠᠮᠲᠤ ᠪᠠᠷ ᠠᠬᠢᠭᠤᠯᠤᠨ᠎ᠠ ᠭᠡᠵᠦ ᠴᠢᠬᠤᠯᠠᠴᠢᠯᠠᠪᠠ ᠃ | ᠫᠷᠡᠪᠤᠸᠧ ᠪᠠᠶᠠᠷ ᠤᠨ ᠴᠠᠭᠢᠯᠭᠠᠨ ᠴᠢᠮᠡᠭᠡ ᠳᠡᠭᠡᠨ ᠂ ᠳᠤᠮᠳᠠᠳᠤ ᠢᠨᠳᠤᠨᠧᠰᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠬᠦᠷᠴᠦ | ᠢᠷᠡᠬᠦ ᠲᠠᠰᠢᠷᠠᠮ ᠢᠶᠠᠷ ᠪᠢ ᠢᠨᠳᠤᠨᠧᠰᠢᠶ᠎ᠠ ᠶᠢᠨ ᠵᠠᠰᠠᠭ ᠤᠨ ᠣᠷᠳᠣᠨ ᠪᠣᠯᠣᠨ ᠢᠨᠳᠤᠨᠧᠰᠢᠶ᠎ᠠ ᠶᠢᠨ ᠠᠷᠠᠳ ᠲᠦᠮᠡᠨ ᠤ ᠡᠮᠦᠨ᠎ᠡ ᠠᠴᠠ ᠲᠡᠷᠢᠭᠦᠯᠡᠭᠴᠢ ᠰᠢ ᠶᠢᠨ ᠫᠢᠩ | ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤ ᠴᠢᠩ ᠰᠡᠳᠬᠢᠯ ᠤᠨ ᠪᠠᠶᠠᠷ ᠬᠦᠷᠭᠡᠵᠦ ᠪᠠᠶᠢᠨ᠎ᠠ ᠃ ᠢᠨᠳᠤᠨᠧᠰᠢᠶ᠎ᠠ ᠪᠣᠯᠣᠨ ᠳᠤᠮᠳᠠᠳᠤ ᠤᠯᠤᠰ ᠤᠨ ᠨᠥᠬᠦᠷᠯᠡᠯ | ᠥᠨᠢ ᠤᠳᠠᠭᠠᠨ ᠲᠡᠦᠬᠡ ᠲᠠᠢ ᠂ ᠬᠤᠶᠠᠷ ᠤᠯᠤᠰ ᠤᠨ ᠬᠠᠨᠢᠲᠠᠨ ᠤ ᠬᠠᠷᠢᠯᠴᠠᠭ᠎ᠠ ᠠᠮᠢᠵᠢᠷᠠᠯ ᠤᠨ ᠬᠦᠴᠦᠨ ᠢᠶᠠᠷ ᠴᠢᠩᠭ᠎ᠠ ᠪᠠᠶᠢᠨ᠎ᠠ ᠃ ᠬᠤᠶᠠᠷ ᠲᠠᠯ᠎ᠠ ᠶᠢᠨ ᠤᠯᠤᠰ | ᠲᠦᠷᠦ ᠂ ᠠᠵᠤ ᠠᠬᠤᠢ ᠂ ᠰᠣᠶᠣᠯ ᠢᠷᠭᠡᠨᠰᠢᠯ ᠂ ᠲᠠᠯᠠᠢ ᠳᠡᠭᠡᠷᠡᠬᠢ ᠂ ᠠᠮᠤᠷ ᠲᠦᠪᠰᠢᠨ ᠵᠡᠷᠭᠡ ︽ ᠲᠠᠪᠤᠨ ᠶᠡᠭᠡ ᠲᠤᠯᠭᠠᠭᠤᠷᠢ ︾ ᠬᠦᠷᠢᠶ᠎ᠡ ᠴᠠᠷᠠᠭ᠎ᠠ ᠳᠠᠬᠢ | ᠬᠠᠮᠲᠤᠷᠠᠯᠴᠠᠭ᠎ᠠ ᠦᠷᠭᠦᠯᠵᠢᠯᠡᠨ ᠲᠦᠷᠭᠡᠨ ᠠᠬᠢᠪᠠ ᠃ ᠪᠢ ᠬᠤᠶᠠᠷ ᠤᠯᠤᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠬᠤᠶᠠᠷ ᠤᠯᠤᠰ ᠤᠨ | ᠠᠷᠠᠳ ᠲᠦᠮᠡᠨ ᠤ ᠨᠥᠬᠦᠷᠯᠡᠯ ᠤᠨ ᠬᠤᠯᠪᠣᠭᠠᠰᠤ ᠶᠢ ᠴᠢᠩᠭᠠᠯᠠᠵᠤ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ | ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠦ ᠢᠯᠡᠳᠬᠡᠪᠡ ᠃ | | |