ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠰᠢ ᠶᠢᠨ ᠫᠢᠩ ᠢ ᠤᠭᠲᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/4/16
    ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ ᠃ ᠲᠤᠰ ᠡᠳᠦᠷ ᠤᠨ ᠦᠳᠡ ᠶᠢᠨ ᠬᠤᠶᠢᠨ᠎ᠠ ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ ᠃    ᠲᠦᠷᠪᠡᠨ ᠰᠠᠷ᠎ᠠ ᠶᠢᠨ ᠬᠠᠨᠤᠢ ᠳᠤ ᠤᠢ ᠮᠣᠳᠣ ᠬᠥᠬᠡᠷᠡᠨ ᠨᠣᠭᠤᠭᠠᠷᠠᠵᠤ ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ ᠃ ᠲᠡᠷᠢᠭᠦᠯᠡᠭᠴᠢ ᠶᠢᠨ ᠣᠷᠳᠣᠨ ᠤ ᠠᠭᠤᠳᠠᠮ ᠲᠠᠯᠠᠪᠠᠢ ᠳᠤ ᠲᠠᠪᠤᠨ ᠣᠳᠣᠲᠤ ᠤᠯᠠᠭᠠᠨ ᠲᠤᠭ ᠪᠠ ᠠᠯᠳᠠᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠵᠤ ᠂ ᠸᠢᠶᠧᠲᠨᠠᠮ ᠤᠨ 200 ᠭᠠᠷᠤᠢ ᠪᠠᠭᠠᠴᠤᠳ ᠬᠡᠦᠬᠡᠳ ᠲᠤᠭ ᠳᠠᠯᠪᠠᠭ᠎ᠠ ᠬᠤᠷᠦ᠋ᠢᠯᠠᠵᠤ ᠂ ᠰᠢ ᠶᠢᠨ ᠫᠢᠩ ᠤᠨ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠪᠠ ᠃
   首页4(1).jpg    
   4 ᠰᠠᠷ᠎ᠠ ᠶᠢᠨ 14 ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ ᠃ ᠲᠤᠰ ᠡᠳᠦᠷ ᠤᠨ ᠦᠳᠡ ᠶᠢᠨ ᠬᠤᠶᠢᠨ᠎ᠠ ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ ᠃ ᠵᠢᠷᠤᠭ ᠪᠣᠯ ᠰᠢ ᠶᠢᠨ ᠫᠢᠩ ᠰᠦ᠋ ᠯᠢᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠵᠦ ᠪᠠᠶᠢᠭ᠎ᠠ ᠨᠢ ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ    ᠰᠢ ᠶᠢᠨ ᠫᠢᠩ ᠲᠡᠷᠭᠡ ᠪᠠᠷ ᠬᠦᠷᠬᠦ ᠦᠶ᠎ᠡ ᠳᠤ ᠰᠦ᠋ ᠯᠢᠨ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠨ ᠠᠪᠴᠤ ᠂ ᠸᠢᠶᠧᠲᠨᠠᠮ ᠤᠨ ᠪᠠᠭᠠᠴᠤᠳ ᠬᠡᠦᠬᠡᠳ ᠰᠢ ᠶᠢᠨ ᠫᠢᠩ ᠳᠤ ᠰᠣᠷᠭᠤᠭ ᠴᠡᠴᠡᠭ ᠬᠦᠷᠭᠡᠪᠡ ᠃ ᠰᠢ ᠶᠢᠨ ᠫᠢᠩ ᠰᠦ᠋ ᠯᠢᠨ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠪᠠ ᠃ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠸᠢᠶᠧᠲᠨᠠᠮ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ ᠶᠣᠰᠣᠯᠠᠯ ᠤᠨ ᠫᠤᠤ ᠶᠢ 21 ᠳᠤᠤᠭᠠᠷᠭᠠᠪᠠ ᠃ ᠰᠢ ᠶᠢᠨ ᠫᠢᠩ ᠰᠦ᠋ ᠯᠢᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ ᠃ ᠬᠤᠶᠠᠷ ᠨᠠᠮ ᠤᠨ ᠶᠡᠷᠦᠩᠬᠡᠢ ᠱᠦᠵᠢ ᠲᠤᠰ ᠲᠤᠰ ᠨᠦᠭᠦᠭᠡ ᠲᠠᠯ᠎ᠠ ᠶᠢᠨ ᠪᠠᠷ᠎ᠠ ᠪᠣᠯᠣᠭᠰᠠᠳ ᠲᠠᠢ ᠭᠠᠷ ᠠᠳᠬᠤᠨ ᠮᠡᠨᠳᠦᠴᠢᠯᠡᠵᠦ ᠂ ᠳᠠᠷᠠᠭ᠎ᠠ ᠨᠢ ᠬᠠᠮᠲᠤ ᠪᠠᠷ ᠵᠢᠭᠰᠠᠭᠠᠯ ᠢ ᠰᠣᠨᠢᠷᠬᠠᠪᠠ ᠃    ᠤᠭᠲᠤᠬᠤ ᠶᠣᠰᠣᠯᠠᠯ ᠤᠨ ᠳᠠᠷᠠᠭ᠎ᠠ ᠰᠢ ᠶᠢᠨ ᠫᠢᠩ ᠪᠣᠯᠣᠨ ᠰᠦ᠋ ᠯᠢᠨ ᠬᠠᠮᠲᠤ ᠪᠠᠷ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠬᠦᠷᠴᠦ ᠬᠡᠯᠡᠯᠴᠡᠭᠡ ᠬᠢᠪᠡ ᠃ ᠵᠠᠮ ᠳᠠᠭᠠᠤ ᠸᠢᠶᠧᠲᠨᠠᠮ ᠤᠨ ᠬᠡᠳᠦᠨ ᠵᠠᠭᠤᠨ ᠠᠷᠠᠳ ᠲᠦᠮᠡᠨ ᠬᠤᠶᠠᠷ ᠨᠠᠮ ᠬᠤᠶᠠᠷ ᠤᠯᠤᠰ ᠤᠨ ᠲᠤᠭ ᠢ ᠬᠤᠷᠦ᠋ᠢᠯᠠᠵᠤ ᠂ ᠰᠢ ᠶᠢᠨ ᠫᠢᠩ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ ᠃ ᠰᠢ ᠶᠢᠨ ᠫᠢᠩ ᠤᠭᠲᠤᠬᠤ ᠪᠠᠷ ᠢᠷᠡᠭᠰᠡᠨ ᠤᠯᠠᠨ ᠤ ᠵᠦᠭ ᠭᠠᠷ ᠳᠠᠯᠠᠯᠤᠨ ᠮᠡᠨᠳᠦᠴᠢᠯᠡᠪᠡ ᠃    ᠼᠠᠢ ᠴᠢ ᠂ ᠸᠠᠩ ᠢ ᠂ ᠸᠠᠩ ᠰᠢᠶᠣᠣ ᠬᠤᠩ ᠨᠠᠷ ᠣᠷᠣᠯᠴᠠᠵᠠᠢ ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ