| ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤ ᠴᠤᠬᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠳᠠᠯᠠᠨ ᠂ ᠯᠤᠤᠬ᠎ᠠ ᠭᠤᠣᠯ ᠤᠨ ᠬᠠᠰᠢᠯᠭ᠎ᠠ ᠰᠡᠳᠡᠷᠡᠭᠰᠡᠨ ᠠᠴᠠ ᠭᠦᠨᠵᠡᠭᠡᠢ ᠰᠤᠷᠭᠠᠮᠵᠢ | ᠠᠪᠴᠤ ᠂ ᠭᠤᠣᠯ ᠮᠥᠷᠡᠨ ᠤ ᠦᠶᠡᠷ ᠵᠠᠯᠠᠬᠤ ᠴᠢᠳᠠᠪᠤᠷᠢ ᠶᠢ ᠦᠷᠭᠦᠯᠵᠢᠯᠡᠨ ᠰᠡᠷᠭᠦᠭᠡᠨ ᠰᠠᠶᠢᠵᠢᠷᠠᠭᠤᠯᠵᠤ ᠂ ᠨᠡᠶᠢᠭᠡᠮ ᠤᠨ ᠪᠦᠬᠦ ᠲᠠᠯ᠎ᠠ ᠶᠢᠨ ᠲᠣᠭᠲᠠᠭᠤᠨ ᠪᠠ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ | ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ | ᠠᠬᠢᠭᠤᠯᠬᠤ ᠶᠢᠨ ᠳᠤᠰᠠᠳᠠ ᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠦᠶᠡᠷ ᠢ ᠰᠡᠷᠭᠡᠶᠢᠯᠡᠬᠦ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ ︾ ᠂ | ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠠᠷᠢᠶᠠᠯᠠᠩ ᠤᠨ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ ︾ ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠨᠠᠭᠤᠷ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ ︾ ᠂ ︽ ᠣᠷᠳᠣᠰ ᠬᠤᠲᠠ ᠶᠢᠨ | ᠬᠠᠲᠤᠨ ᠭᠤᠣᠯ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠳᠦᠷᠢᠮ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠂ ᠡᠳᠦᠭᠡ ᠬᠠᠲᠤᠨ | ᠭᠤᠣᠯ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠪᠠ ᠭᠤᠣᠯ ᠲᠠᠢ ᠬᠤᠯᠪᠣᠭᠳᠠᠬᠤ ᠡᠯ᠎ᠡ ᠲᠥᠷᠥᠯ ᠤᠨ ᠠᠵᠢᠯᠯᠠᠭ᠎ᠠ ᠶᠢ ᠴᠢᠩᠭ᠎ᠠ | ᠴᠠᠭᠠᠵᠠᠯᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ ᠄ | ᠨᠢᠭᠡ ᠂ ᠥᠨᠳᠥᠷ ᠡᠰᠢᠲᠦ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠨ᠎ᠠ | ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 2025 ᠣᠨ ᠤ ᠬᠠᠲᠤᠨ ᠭᠤᠣᠯ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠳᠠᠷᠢᠬᠤ ᠶᠢ | ᠴᠠᠭᠠᠵᠠᠯᠠᠬᠤ ᠴᠢᠭᠯᠡᠯᠲᠦ ᠲᠤᠭ᠎ᠠ ᠪᠠᠷᠢᠮᠲᠠ ᠶᠢ ᠦᠨᠳᠦᠰᠦᠯᠡᠪᠡᠯ ᠂ ᠲᠠᠩ ᠭᠠᠵᠠᠷ ᠤᠨ ᠭᠤᠣᠯ ᠭᠤᠯᠳᠤᠷᠢᠯ ᠤᠨ ᠲᠥᠪ ᠠᠴᠠ ᠭᠠᠳᠠᠭᠰᠢ ᠪᠠᠨ ᠥᠨᠳᠥᠷ ᠡᠰᠢᠲᠦ | ᠲᠠᠷᠢᠮᠠᠯ ᠳᠠᠷᠢᠬᠤ ᠶᠢ ᠴᠠᠭᠠᠵᠠᠯᠠᠬᠤ ᠱᠤᠭᠤᠮ ᠤᠨ ᠬᠤᠭᠤᠷᠣᠨᠳᠣᠬᠢ ᠣᠷᠣᠨ ᠪᠦᠰᠡ ᠳᠤ ᠲᠠᠷᠢᠮᠠᠯ ᠤᠨ ᠲᠠᠯᠠᠪᠠᠶ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ | ᠴᠠᠭᠠᠵᠠᠯᠠᠵᠤ ᠂ ᠥᠨᠳᠥᠷ ᠡᠰᠢᠲᠦ ᠲᠠᠷᠢᠮᠠᠯ ︵ ᠵᠢᠱᠢᠶᠡᠯᠡᠪᠡᠯ ᠡᠷᠳᠡᠨᠢ ᠰᠢᠰᠢ ᠂ ᠨᠠᠷᠠᠨ ᠬᠤᠸᠠᠷ ᠂ ᠰᠢᠰᠢ ᠵᠡᠷᠭᠡ ᠲᠠᠷᠢᠮᠠᠯ ︶ ᠳᠠᠷᠢᠬᠤ ᠶᠢ ᠴᠢᠩᠭ᠎ᠠ ᠴᠠᠭᠠᠵᠠᠯᠠᠵᠤ ᠂ | ᠲᠠᠷᠢᠶᠠᠨ ᠡᠮ ᠂ ᠬᠢᠮᠢ ᠶᠢᠨ ᠪᠣᠷᠳᠣᠭᠤᠷ ᠂ ᠡᠪᠡᠰᠦ ᠠᠷᠢᠯᠭᠠᠭᠴᠢ ᠵᠡᠷᠭᠡ ᠪᠣᠬᠢᠷᠲᠤᠯ ᠢ ᠠᠮᠠᠷᠬᠠᠨ ᠪᠣᠶ ᠪᠣᠯᠭᠠᠳᠠᠭ ᠨᠤᠨᠳᠠᠭ ᠮᠦᠬᠦᠯᠢᠭᠳᠦ ᠬᠢᠮᠢ ᠶᠢᠨ ᠪᠦᠲᠦᠭᠡᠭᠳᠡᠬᠦᠨ | ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ ᠃ ᠲᠠᠩ ᠭᠠᠵᠠᠷ ᠤᠨ ᠪᠤᠰᠤᠳ ᠭᠠᠵᠠᠷ ᠣᠷᠣᠨ ᠳᠤ ᠬᠢᠮᠢ ᠶᠢᠨ ᠪᠣᠷᠳᠣᠭᠤᠷ ᠂ ᠲᠠᠷᠢᠶᠠᠨ ᠡᠮ ᠂ ᠰᠦᠯᠢᠶᠥᠦ ᠪᠦᠷᠬᠦᠪᠴᠢ ᠵᠡᠷᠭᠡ | ᠰᠥᠭᠡᠷᠭᠦ ᠨᠡᠮᠡᠭᠳᠡᠯ ᠤᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ ᠂ ᠬᠡᠷᠡᠭᠯᠡᠬᠦ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ ᠃ | ᠬᠤᠶᠠᠷ ᠂ ᠭᠤᠣᠯ ᠲᠠᠢ ᠬᠤᠯᠪᠣᠭᠳᠠᠬᠤ ᠡᠯ᠎ᠡ ᠲᠥᠷᠥᠯ ᠤᠨ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ | ᠬᠠᠲᠤᠨ ᠭᠤᠣᠯ ᠤᠨ ᠲᠠᠩ ᠭᠠᠵᠠᠷ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢ ᠴᠢᠩᠭᠠᠳᠬᠠᠨ᠎ᠠ ᠃ ᠣᠨ ᠤ ᠤᠯᠤᠰ ᠤᠨ ᠨᠤᠲᠤᠭ ᠳᠡᠪᠢᠰᠬᠡᠷ ᠤᠨ | ᠬᠤᠪᠢᠷᠠᠯᠲᠠ ᠶᠢᠨ ᠪᠠᠶᠢᠴᠠᠭᠠᠯᠲᠠ ᠪᠠ ᠬᠤᠶᠠᠳᠠᠭᠢ ᠡᠭᠡᠯᠵᠢ ᠶᠢᠨ ᠭᠠᠵᠠᠷ ᠰᠢᠷᠣᠢ ᠶᠢ ᠤᠷᠲᠤᠳᠬᠠᠨ ᠳᠠᠭᠠᠭᠠᠴᠢᠯᠠᠭᠤᠯᠬᠤ ᠲᠠᠢ ᠤᠶᠠᠯᠳᠤᠭᠤᠯᠤᠨ ᠂ ᠭᠤᠣᠯ | ᠭᠤᠯᠳᠤᠷᠢᠯ ᠤᠨ ᠣᠷᠣᠨ ᠤ ᠳᠣᠲᠣᠷᠠᠬᠢ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠪᠤᠴᠠᠭᠠᠨ ᠭᠠᠷᠭᠠᠵᠤ ᠂ ᠬᠠᠲᠤᠨ ᠭᠤᠣᠯ ᠤᠨ ᠲᠠᠩ ᠭᠠᠵᠠᠷ ᠲᠤ ᠠᠲᠠᠷ | ᠭᠠᠵᠠᠷ ᠢ ᠰᠢᠨ᠎ᠡ ᠪᠠᠷ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠵᠤ ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠲᠥᠷᠥᠯ | ᠵᠦᠢᠯ ᠢ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠢ ᠂ ᠳᠠᠷᠢᠬᠤ ᠲᠠᠷᠢᠮᠠᠯ ᠤᠨ ᠲᠠᠯᠠᠪᠠᠶ ᠶᠢ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠢ ᠂ ᠳᠠᠷᠢᠬᠤ ᠡᠷᠬᠡ ᠶᠢ ᠨᠤᠲᠠᠯᠠᠨ | ᠲᠣᠭᠲᠠᠭᠠᠭᠰᠠᠨ ᠲᠠᠷᠢᠶᠠᠨ ᠭᠠᠵᠠᠷ ᠂ ᠡᠩ ᠤᠨ ᠲᠠᠷᠢᠶᠠᠨ ᠭᠠᠵᠠᠷ ᠵᠢᠴᠢ ᠬᠠᠮᠢᠶ᠎ᠠ ᠪᠦᠬᠦᠢ ᠳᠦᠬᠦᠭᠡᠷᠤᠮᠵᠢ ᠶᠢ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠢ ᠃ | ᠭᠤᠣᠯ ᠲᠠᠢ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ ᠣᠨᠴᠠ ᠲᠣᠭᠲᠠᠭᠠᠭᠰᠠᠨ ᠠᠵᠢᠯᠯᠠᠭ᠎ᠠ ᠶᠢ ᠬᠢᠨᠠᠨ ᠵᠥᠪᠰᠢᠶᠡᠷᠡᠬᠦ ᠶᠢ | ᠴᠢᠩᠳᠠᠯᠠᠵᠤ ᠂ ᠦᠨᠡᠨᠬᠦ ᠴᠢᠬᠤᠯᠠ ᠲᠠᠢ ᠂ ᠵᠠᠶᠢᠯᠠᠬᠤ ᠶᠢᠨ ᠠᠷᠭ᠎ᠠ ᠦᠭᠡᠢ ᠂ ᠠᠶᠤᠯ ᠦᠭᠡᠢ ᠶᠢ ᠦᠨᠡᠨᠬᠦ ᠪᠠᠲᠤᠯᠠᠬᠤ ᠵᠠᠷᠴᠢᠮ ᠢ ᠵᠢᠷᠤᠮᠯᠠᠨ᠂ ᠭᠥᠯᠢᠶᠡᠨ ᠠᠪᠴᠤ | ᠰᠢᠢᠳᠪᠦᠷᠢᠯᠡᠬᠦ ᠂ ᠬᠢᠨᠠᠨ ᠪᠠᠶᠢᠴᠠᠭᠠᠬᠤ ᠂ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠤ ᠂ ᠵᠥᠪᠰᠢᠶᠡᠷᠡᠭᠰᠡᠨ ᠦᠭᠡᠢ ᠪᠠᠷ ᠤᠷᠢᠳᠠᠪᠠᠷ ᠪᠠᠶᠢᠭᠤᠯᠬᠤ ᠂ | ᠡᠷᠬᠡ ᠠᠴᠠ ᠪᠠᠨ ᠳᠠᠪᠠᠵᠤ ᠬᠢᠨᠠᠨ ᠵᠥᠪᠰᠢᠶᠡᠷᠡᠬᠦ ᠂ ᠪᠠᠶᠢᠭᠤᠯᠬᠤ ᠶᠢ ᠵᠥᠪᠰᠢᠶᠡᠷᠡᠭᠰᠡᠨ ᠨᠢ ᠨᠡᠶᠢᠴᠡᠬᠦ ᠦᠭᠡᠢ ᠪᠠᠶᠢᠬᠤ ᠶᠢ ᠴᠢᠩᠭ᠎ᠠ ᠴᠠᠭᠠᠵᠠᠯᠠᠵᠤ ᠂ ᠢᠯᠡᠷᠡᠭᠦᠯᠦᠭᠰᠡᠨ | ᠠᠰᠠᠭᠤᠳᠠᠯ ᠳᠤ ︽ ᠬᠡᠨ ᠰᠠᠭᠠᠳ ᠭᠠᠷᠭᠠᠭᠰᠠᠨ ᠪᠣᠯ ᠲᠡᠷᠡ ᠠᠷᠢᠯᠭᠠᠬᠤ︾ ᠵᠠᠷᠴᠢᠮ ᠶᠣᠰᠣᠭᠠᠷ ᠂ ᠴᠡᠪᠡᠷᠯᠡᠨ ᠴᠡᠭᠴᠡᠯᠡᠵᠦ ᠂ ᠤᠰᠤᠨ ᠣᠷᠣᠨ ᠤ ᠡᠷᠭᠢ ᠱᠤᠭᠤᠮ | ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ ᠃ | ᠡᠯ᠎ᠡ ᠵᠦᠢᠯ ᠤᠨ ᠨᠡᠷ᠎ᠡ ᠪᠠᠷ ᠭᠤᠣᠯ ᠤᠨ ᠵᠠᠮ ᠢ ᠬᠦᠷᠢᠶᠡᠯᠡᠨ ᠬᠠᠭᠠᠯᠪᠤᠷᠢᠯᠠᠬᠤ ᠂ ᠲᠣᠭᠲᠠᠭᠠᠯ ᠠᠴᠠ ᠵᠥᠷᠢᠴᠡᠨ ᠤᠰᠤ ᠳᠠᠳᠠᠵᠤ ᠠᠪᠬᠤ ᠶᠢ ᠴᠢᠩᠭ᠎ᠠ | ᠴᠠᠭᠠᠵᠠᠯᠠᠨ᠎ᠠ᠂ ᠦᠢᠯᠡᠳᠪᠦᠷᠢᠯᠡᠯ ᠤᠨ ᠬᠠᠰᠢᠯᠭ᠎ᠠ ᠶᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ ᠪᠣᠯᠬᠤ ᠦᠭᠡᠢ᠂ ᠵᠢᠭᠠᠰᠤᠨ ᠴᠥᠭᠦᠷᠥᠮ ᠮᠠᠯᠲᠠᠬᠤ ᠪᠠ | ᠬᠦᠯᠡᠮᠵᠢ ᠪᠠᠶᠢᠭᠤᠯᠬᠤ ᠂ ᠮᠠᠯ ᠠᠵᠤ ᠠᠬᠤᠢ ᠲᠡᠵᠢᠭᠡᠨ ᠦᠷᠡᠵᠢᠭᠦᠯᠬᠦ ᠵᠡᠷᠭᠡ ᠮᠠᠯ ᠲᠠᠷᠢᠶᠠᠯᠠᠩ ᠤᠨ ᠲᠥᠬᠦᠭᠡᠷᠦᠮᠵᠢ ᠶᠢ ᠪᠠᠶᠢᠭᠤᠯᠵᠤ ᠪᠣᠯᠬᠤ ᠦᠭᠡᠢ᠂ ᠭᠤᠣᠯ ᠤᠨ | ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠤᠳᠳᠤᠭ ᠮᠠᠯᠲᠠᠬᠤ ᠂ ᠵᠣᠭᠤᠷᠢ ᠮᠠᠯᠲᠠᠬᠤ ᠂ ᠤᠭᠤᠷᠬᠠᠶ ᠭᠠᠷᠭᠠᠬᠤ ᠂ ᠪᠤᠯᠠᠰᠢ ᠣᠷᠣᠰᠢᠭᠤᠯᠬᠤ ᠂ ᠰᠢᠷᠣᠢ ᠠᠪᠬᠤ ᠂ | ᠬᠠᠶᠢᠷᠠᠬᠠᠭ ᠡᠯᠡᠰᠦ ᠮᠠᠯᠲᠠᠬᠤ ᠂ ᠮᠠᠯ ᠬᠠᠷᠢᠭᠤᠯᠬᠤ ᠵᠡᠷᠭᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ | ᠭᠤᠣᠯ ᠨᠠᠭᠤᠷ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠲᠤᠷᠤᠭ ᠮᠣᠳᠣᠨ ᠤ ᠤᠢ ᠪᠠ ᠪᠤᠳᠠ ᠮᠣᠳᠣᠨ ᠤ ᠤᠢ | ᠰᠢᠨ᠎ᠡ ᠪᠠᠷ ᠨᠡᠮᠡᠵᠤ ᠳᠠᠷᠢᠬᠤ ᠶᠢ ᠴᠢᠩᠭ᠎ᠠ ᠴᠠᠭᠠᠵᠠᠯᠠᠨ᠎ᠠ᠃ | ᠵᠣᠷᠢᠭᠤᠳᠠ ᠰᠠᠭᠠᠳ ᠭᠠᠷᠭᠠᠬᠤ ᠠᠵᠢᠯᠯᠠᠭ᠎ᠠ ᠶᠢ ᠬᠢᠵᠦ ᠪᠣᠯᠬᠤ ᠦᠭᠡᠢ ᠂ ᠶᠠᠮᠠᠷᠪᠠ ᠲᠣᠭᠲᠠᠪᠤᠷᠢᠳᠠᠢ᠂ ᠰᠢᠯᠵᠢᠭᠦᠯᠵᠤ ᠪᠤᠯᠬᠤ ᠂ ᠲᠦᠷ ᠴᠠᠭ ᠤᠨ ᠪᠠᠷᠢᠯᠭ᠎ᠠ ᠪᠠ ᠭᠡᠷ | ᠪᠠᠶᠢᠰᠢᠩ ᠢ ᠰᠢᠨ᠎ᠡ ᠪᠠᠷ ᠪᠠᠶᠢᠭᠤᠯᠬᠤ ᠪᠠ ᠪᠠᠷᠢᠵᠤ ᠪᠣᠯᠬᠤ ᠦᠭᠡᠢ᠃ | ᠪᠠᠷᠢᠮᠵᠢᠶ᠎ᠠ ᠳᠤ ᠥᠯᠥ ᠬᠦᠷᠬᠦ ᠠᠮᠢᠳᠤᠷᠠᠯ ᠤᠨ ᠪᠣᠬᠢᠷ ᠤᠰᠤ ᠂ ᠲᠡᠵᠢᠭᠡᠪᠤᠷᠢ ᠶᠢᠨ ᠤᠶᠢᠯᠡᠰ ᠤᠨ ᠪᠣᠬᠢᠷ ᠤᠰᠤ ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ | ᠵᠡᠷᠭᠡ ᠶᠢ ᠭᠤᠣᠯ ᠤᠨ ᠵᠠᠮ ᠳᠤ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ ︔ ᠭᠤᠣᠯ ᠤᠨ ᠵᠠᠮ ᠳᠣᠲᠣᠷ᠎ᠠ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ | ᠨᠣᠪᠰᠢ ᠵᠡᠷᠭᠡ ᠶᠢ ᠬᠠᠶᠠᠬᠤ ᠶᠢ ᠴᠢᠩᠭ᠎ᠠ ᠴᠠᠭᠠᠵᠠᠯᠠᠨ᠎ᠠ᠃ | ᠭᠤᠷᠪᠠ ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠴᠢᠩᠭᠠᠳᠬᠠᠨ᠎ᠠ | ᠬᠠᠲᠤᠨ ᠭᠤᠣᠯ ᠳᠠᠭᠠᠤ ᠶᠢᠨ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠤᠳ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠪᠦᠬᠦ ᠲᠠᠯ᠎ᠠ ᠪᠠᠷ ᠴᠢᠩᠭᠠᠳᠬᠠᠵᠤ ᠂ ᠢᠯᠠᠩᠭᠤᠶ᠎ᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠬᠤᠭᠤᠴᠠᠭᠠᠨ ᠳᠤ ᠂ ᠪᠥᠬᠦ ᠶᠠᠪᠤᠴᠠ ᠶᠢᠨ ᠂ ᠪᠦᠬᠦᠨ ᠢ ᠬᠠᠮᠤᠷᠤᠬᠰᠠᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠵᠦ ᠂ ᠲᠣᠭᠲᠠᠭᠠᠯ ᠢ ᠵᠥᠷᠢᠴᠡᠨ | ᠥᠨᠳᠥᠷ ᠡᠰᠢᠲᠦ ᠲᠠᠷᠢᠮᠠᠯ ᠳᠠᠷᠢᠭᠰᠠᠨ ᠵᠢᠴᠢ ᠲᠠᠷᠢᠶᠠᠨ ᠡᠮ ᠬᠢᠮᠢ ᠶᠢᠨ ᠪᠣᠷᠳᠣᠭᠤᠷ ᠬᠡᠷᠡᠭᠯᠡᠭᠰᠡᠨ ᠦᠶᠯᠡ ᠠᠵᠢᠯᠯᠠᠭ᠎ᠠ ᠶᠢ ᠬᠠᠮᠤᠭ ᠤᠨ ᠲᠡᠷᠢᠭᠦᠨ ᠳᠤ ᠵᠢᠭᠰᠠᠭᠠᠨ | ᠪᠠᠶᠢᠴᠠᠭᠠᠵᠤ ᠵᠠᠯᠠᠷᠠᠭᠤᠯᠤᠨ ᠵᠠᠰᠠᠵᠤ ᠂ ᠲᠣᠰ ᠵᠠᠷᠯᠠᠯ ᠤᠨ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠵᠥᠷᠢᠴᠡᠭᠰᠡᠳ ᠲᠤ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠨ ᠂ ᠵᠣᠬᠢᠬᠤ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ ᠃ ᠬᠠᠮᠢᠶᠠᠷᠤᠯᠲᠠ ᠶᠢ ᠳᠠᠭᠠᠬᠤ ᠦᠭᠡᠢ᠂ ᠬᠠᠤᠯᠢ ᠬᠡᠷᠡᠭᠵᠢᠭᠦᠯᠬᠦ ᠶᠢ | ᠬᠠᠷᠰᠢᠯᠠᠭᠰᠠᠳ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠭᠡᠵᠤ ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ ᠲᠠᠷᠢᠬᠤ ᠶᠢ ᠴᠠᠭᠠᠵᠠᠯᠠᠬᠤ ᠱᠠᠭᠠᠷᠳᠠᠯᠭ᠎ᠠ ᠠᠴᠠ ᠵᠥᠷᠢᠴᠡᠭᠰᠡᠨ ᠵᠢᠴᠢ ᠲᠣᠭᠲᠠᠭᠠᠯ ᠠᠴᠠ ᠵᠥᠷᠢᠴᠡᠨ ᠭᠤᠣᠯ ᠳᠤ ᠬᠤᠯᠪᠣᠭᠳᠠᠬᠤ ᠪᠤᠰᠤᠳ ᠠᠵᠢᠯᠯᠠᠭ᠎ᠠ | ᠬᠢᠭᠰᠡᠨ ᠪᠥᠬᠦᠨ ᠢ ᠂ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠲᠠᠢ ᠬᠥᠮᠥᠨ ᠢᠶᠠᠷ ᠦᠵᠡᠵᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ | ᠡᠭᠦᠷᠭᠡᠯᠡᠬᠦᠯᠤᠨᠠ᠂ ᠪᠤᠢ ᠪᠤᠯᠭᠠᠬᠰᠠᠨ ᠠᠯᠢᠪᠠ ᠬᠤᠬᠢᠷᠠᠯ ᠢ ᠴᠥᠮ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠲᠠᠢ ᠬᠥᠮᠥᠨ ᠥᠪᠡᠷ ᠲᠡᠭᠡᠨ ᠡᠭᠦᠷᠭᠡᠯᠡᠨ᠎ᠡ᠃ | ᠳᠥᠷᠪᠡ ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠲᠠᠩ ᠭᠠᠵᠠᠷ ᠤᠨ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠤᠬᠠᠭᠤᠯᠭ᠎ᠠ ᠶᠢᠨ ᠬᠥᠲᠥᠯᠥᠨ | ᠵᠢᠯᠤᠭᠤᠳᠬᠤ ᠂ ᠮᠡᠷᠭᠡᠵᠢᠯ ᠤᠨ ᠵᠢᠯᠣᠭᠤᠳᠤᠯᠭ᠎ᠠ ᠪᠠ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠵᠤ ᠂ ᠲᠤᠬᠠᠢ ᠶᠢᠨ | ᠭᠠᠵᠠᠷ ᠲᠤᠨᠢ ᠤᠬᠠᠭᠤᠯᠬᠤ ᠂ ᠵᠢᠯᠣᠭᠤᠴᠢ ᠦᠭᠡᠢ ᠨᠢᠰᠬᠡᠯ ᠢᠶᠠᠷ ᠲᠣᠭᠤᠷᠢᠨ ᠪᠠᠶᠢᠴᠠᠭᠠᠬᠤ ᠵᠡᠷᠭᠡ ᠠᠷᠭ᠎ᠠ ᠪᠠᠷᠢᠯ ᠢ ᠭᠦᠢᠴᠡᠳ ᠠᠰᠢᠭᠯᠠᠨ ᠂ ᠬᠠᠪᠤᠷ ᠤᠨ | ᠲᠠᠷᠢᠶᠠᠯᠠᠭ᠎ᠠ ᠶᠢᠨ ᠬᠤᠭᠤᠴᠠᠭᠠᠨ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ ᠲᠣᠭᠲᠠᠭᠠᠯ ᠠᠴᠠ ᠵᠥᠷᠢᠴᠡᠨ ᠳᠠᠷᠢᠬᠤ ᠦᠶᠯᠡ ᠠᠵᠢᠯᠯᠠᠭ᠎ᠠ ᠶᠢ ᠴᠠᠭ | ᠲᠤᠬᠠᠢ ᠳᠤᠨᠢ ᠵᠠᠯᠠᠷᠠᠭᠤᠯᠤᠨ ᠵᠠᠰᠠᠨ᠎ᠠ ᠃ ᠬᠠᠲᠤᠨ ᠭᠤᠣᠯ ᠳᠠᠭᠠᠤ ᠶᠢᠨ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠂ ᠤᠬᠠᠭᠤᠯᠭ᠎ᠠ ᠶᠢᠨ | ᠰᠠᠯᠠᠭ᠎ᠠ ᠮᠥᠴᠢᠷ ᠤᠳ ᠭᠤᠣᠯ ᠨᠠᠭᠤᠷ ᠤᠨ ︽ ᠳᠥᠷᠪᠡᠨ ᠳᠤᠷᠠᠪᠠᠷ ᠢ ᠴᠡᠪᠡᠷᠯᠡᠬᠦ ︾ ᠂ ᠭᠤᠣᠯ ᠤᠨ ᠵᠠᠮ ᠠᠴᠠ ᠬᠠᠶᠢᠷᠬᠠᠭ ᠡᠯᠡᠰᠦ ᠮᠠᠯᠲᠠᠬᠤ ᠂ ᠥᠨᠳᠥᠷ ᠡᠰᠢᠲᠦ | ᠲᠠᠷᠢᠮᠠᠯ ᠳᠠᠷᠢᠬᠤ ᠶᠢ ᠴᠠᠭᠠᠵᠠᠯᠠᠬᠤ ᠵᠡᠷᠭᠡ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ | ᠨᠠᠩ ᠠᠷᠪᠢᠨ ᠣᠯᠠᠨ ᠲᠦᠮᠡᠨ ᠳᠤ ᠬᠠᠤᠯᠢ ᠴᠠᠭᠠᠵᠠ ᠂ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ ᠂ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ | ᠠᠵᠢᠯ ᠳᠤ ᠢᠳᠡᠪᠬᠢᠲᠡᠢ ᠣᠷᠣᠯᠴᠠᠭᠤᠯᠤᠨ᠎ᠠ ᠃ ᠲᠠᠷᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠨᠠᠷᠢᠨ ᠬᠢᠨᠠᠮᠠᠭᠠᠢ | ᠰᠠᠶᠢᠲᠤᠷ ᠬᠢᠵᠦ ᠂ ᠣᠯᠠᠨ ᠲᠦᠮᠡᠨ ᠤ ᠠᠵᠢᠯ ᠢ ᠭᠦᠨᠵᠡᠭᠡᠢ ᠪᠥᠭᠡᠳ ᠨᠠᠷᠢᠨ ᠨᠢᠮᠪᠠᠢ ᠰᠠᠶᠢᠲᠤᠷ ᠬᠢᠵᠦ ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠬᠤ ᠶᠢ | ᠴᠠᠭᠠᠵᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ ᠃ ᠤᠰᠤᠨ ᠠᠰᠢᠭᠯᠠᠯᠲᠠ ᠶᠢᠨ ᠲᠣᠪᠴᠢᠶ᠎ᠠ ᠨᠢ ᠥᠨᠳᠥᠷ ᠡᠰᠢᠲᠦ ᠲᠠᠷᠢᠮᠠᠯ ᠤᠨ | ᠳᠠᠷᠢᠬᠤ ᠶᠢ ᠴᠠᠭᠠᠵᠠᠯᠠᠬᠤ ᠱᠤᠭᠤᠮ ᠤᠨ ᠵᠠᠭᠠᠭ ᠱᠣᠩ ᠭᠠᠷᠭᠠᠬᠤ ᠠᠵᠢᠯ ᠢ ᠰᠠᠶᠢᠲᠤᠷ ᠬᠢᠨ᠎ᠠ ︵ ᠨᠥᠬᠦᠪᠦᠷᠢ ᠲᠣᠳᠣᠷᠬᠠᠶᠢᠯᠠᠯᠲᠠ ︶ ᠃ | ᠲᠠᠪᠤ ᠂ ᠢᠳᠡᠪᠬᠢᠲᠡᠢ ᠪᠠᠷ ᠬᠢᠨᠠᠯᠳᠠ ᠳᠠᠯᠪᠢᠵᠤ ᠢᠯᠡᠴᠢᠯᠡᠨ ᠮᠡᠳᠡᠭᠦᠯᠤᠨ᠎ᠠ | ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠲᠠᠷᠢᠬᠤ ᠶᠢ ᠴᠠᠭᠠᠵᠠᠯᠠᠬᠤ ᠬᠡᠪᠴᠢᠶᠡᠨ ᠳᠤ ᠵᠠᠷᠯᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠬᠤ ᠶᠢ | ᠣᠯᠵᠤ ᠮᠡᠳᠡᠪᠡᠯ ᠂ ᠴᠥᠮ ᠢᠳᠬᠠᠨ ᠬᠤᠷᠢᠭᠯᠠᠬᠤ ᠡᠷᠬᠡ ᠲᠠᠢ ᠪᠥᠭᠡᠳ ᠪᠠᠶᠢᠭ᠎ᠠ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ | ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠤᠨ᠎ᠠ᠃ | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ | | ᠡᠭᠦᠨ ᠤ ᠲᠤᠯᠠ ᠣᠨᠴᠠᠭᠠᠶᠢᠯᠠᠨ ᠵᠠᠷᠯᠠᠪᠠ ᠃ | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2025 ᠣᠨ ᠤ 2 ᠰᠠᠷ᠎ᠠ ᠶᠢᠨ 26 ᠤᠡᠳᠤᠷ | |