ᠥᠪᠥᠷ ᠮᠣᠩᠭᠤᠯ ᠤᠨ ᠵᠢᠦ ᠲᠠᠢ ᠰᠢᠨ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ/ᠨᠡᠶᠢᠯᠡᠯᠭᠡ ᠬᠡᠢ ᠪᠠᠷ ᠦᠨᠦᠷᠲᠦ ᠨᠡᠭᠦᠷᠦᠭᠴᠢ  ᠤᠶᠢᠯᠡᠳᠪᠤᠷᠢᠯᠡᠬᠦ ᠠᠵᠤ ᠦᠢᠯᠡᠳᠪᠦᠷᠢ ᠶᠢᠨ ᠲᠤᠷᠰᠢᠯᠲᠠ ᠶᠢᠨ ᠲᠦᠷᠦᠯ ᠵᠦᠢᠯ ᠰᠢᠨ᠎ᠡ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2025/4/16
    ᠥᠪᠥᠷ ᠮᠣᠩᠭᠤᠯ ᠤᠨ ᠵᠢᠦ ᠲᠠᠢ ᠰᠢᠨ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ  ᠂ ᠨᠡᠶᠢᠯᠡᠯᠭᠡ ᠬᠡᠢ ᠪᠠᠷ ᠦᠨᠦᠷᠲᠦ ᠨᠡᠭᠦᠷᠦᠭᠴᠢ ᠤᠶᠢᠯᠡᠳᠪᠤᠷᠢᠯᠡᠬᠦ ᠠᠵᠤ ᠦᠢᠯᠡᠳᠪᠦᠷᠢ ᠶᠢᠨ ᠲᠤᠷᠰᠢᠯᠲᠠ ᠶᠢᠨ ᠲᠦᠷᠦᠯ ᠵᠦᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠲᠦᠷᠦᠯ ᠵᠦᠢᠯ ᠪᠤᠯᠤᠨ᠎ᠠ ᠳᠡᠷᠡ  ᠨᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ  ᠤ ᠳ᠋ᠠ ᠯᠦ ᠠᠵᠤ ᠦᠢᠯᠡᠰ ᠤᠨ ᠬᠦᠷᠢᠶᠡᠯᠡᠩ ᠤᠨ ᠵᠡᠭᠦᠨ ᠲᠠᠯ᠎ᠠ ᠳᠤ ᠪᠠᠶᠢᠷᠢᠯᠠᠵᠤ ᠪᠤᠢ     ᠥᠨᠥᠳᠥᠷ ᠤᠯᠠᠨ ᠢ ᠳᠠᠭᠠᠭᠤᠯᠤᠨ ᠲᠤᠰ ᠲᠦᠷᠦᠯ ᠵᠦᠢᠯ ᠤᠨ ᠬᠠᠮᠤᠭ ᠤᠨ ᠰᠢᠨ᠎ᠡ ᠠᠬᠢᠴᠠ ᠶᠢ ᠦᠵᠡᠶ᠎ᠡ    ᠥᠪᠥᠷ ᠮᠣᠩᠭᠤᠯ ᠤᠨ ᠵᠢᠦ ᠲᠠᠢ ᠰᠢᠨ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ  ᠂ ᠨᠡᠶᠢᠯᠡᠯᠭᠡ ᠬᠡᠢ ᠪᠠᠷ ᠦᠨᠦᠷᠲᠦ ᠨᠡᠭᠦᠷᠦᠭᠴᠢ ᠤᠶᠢᠯᠡᠳᠪᠤᠷᠢᠯᠡᠬᠦ ᠠᠵᠤ ᠦᠢᠯᠡᠳᠪᠦᠷᠢ ᠶᠢᠨ ᠲᠤᠷᠰᠢᠯᠲᠠ ᠶᠢᠨ ᠲᠥᠷᠥᠯ ᠵᠦᠢᠯ ᠢ 2022 ᠣᠨ ᠤ 6 ᠰᠠᠷ᠎ᠠ ᠳᠤ ᠡᠬᠢᠯᠡᠨ ᠪᠦᠳᠤᠭᠡᠨ ᠪᠠᠶᠢᠭᠤᠯᠵᠤ ᠂ ᠶᠡᠷᠦᠩᠬᠡᠢ ᠪᠡᠯᠡ ᠣᠷᠣᠭᠤᠯᠤᠯᠲᠠ  ᠨᠢ 2.75 ᠳ᠋ᠦᠩᠰᠢᠭᠤᠷ ᠲᠥᠭᠦᠷᠢᠭ ᠲᠤ ᠬᠦᠷᠴᠦ ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠪᠦᠷᠢ 1 ᠳ᠋ᠦᠩᠰᠢᠭᠤᠷ ᠲᠥᠭᠦᠷᠢᠭ ᠤᠨ ᠪᠣᠷᠣᠯᠠᠭᠤᠯᠤᠯᠲᠠ ᠶᠢᠨ ᠣᠷᠣᠯᠭ᠎ᠠ ᠶᠢ ᠪᠡᠶᠡᠯᠡᠭᠦᠯᠬᠦ ᠪᠣᠯᠣᠨ᠎ᠠ ᠃ 
 概况1(1).bmp
 概况1(2).bmp
概况1(3).bmp
    ᠣᠳᠣᠬᠠᠨ ᠳᠤ ᠂ ᠲᠥᠷᠥᠯ ᠵᠦᠢᠯ ᠤᠨ ᠪᠠᠷᠢᠯᠭ᠎ᠠ ᠶᠢᠨ ᠭᠤᠣᠯ ᠴᠣᠭᠴᠠ ᠶᠢᠨ ᠠᠵᠢᠯ ᠪᠠ ᠭᠠᠵᠠᠷ ᠳᠣᠣᠷᠠᠬᠢ ᠬᠤᠭᠤᠯᠠᠢ ᠲᠣᠣᠷ ᠢ ᠳᠡᠪᠢᠰᠴᠤ ᠪᠠᠶᠢᠭᠤᠯᠬᠤ ᠠᠵᠢᠯ ᠢ ᠨᠢᠭᠡᠨᠲᠡ ᠪᠡᠶᠡᠯᠡᠭᠦᠯᠵᠦ ᠂ ᠬᠤᠭᠤᠯᠠᠢ ᠬᠤᠩᠭᠢᠯ ᠤᠨ ᠦᠢᠯᠡᠳᠪᠦᠷᠢ ᠶᠢᠨ ᠭᠡᠷ ᠪᠠᠶᠢᠰᠢᠩ ᠵᠡᠷᠭᠡ ᠪᠣᠯᠣᠳ ᠪᠦᠳᠤᠴᠡᠳᠤ ᠭᠤᠣᠯ ᠴᠣᠭᠴᠠ ᠶᠢᠨ ᠠᠵᠢᠯ ᠢ ᠪᠦᠬᠦᠨ ᠢ ᠪᠡᠶᠡᠯᠡᠭᠦᠯᠪᠡ ᠃    ᠲᠠᠨᠢᠯᠴᠠᠭᠤᠯᠤᠭᠰᠠᠨ ᠢᠶᠠᠷ ᠂ ᠪᠣᠯᠣᠳ ᠪᠦᠲᠦᠴᠡ ᠶᠢ ᠪᠠᠬᠢᠯᠡᠨ ᠤᠭᠰᠠᠷᠠᠬᠤ ᠪᠠ ᠲᠥᠬᠦᠭᠡᠷᠦᠮᠵᠢ ᠪᠡᠯᠡᠳᠬᠡᠬᠦ ᠠᠵᠢᠯ ᠤᠨ ᠲᠥᠷᠥᠯ ᠵᠦᠢᠯ ᠳᠤ ᠴᠢᠩᠬᠤᠸᠠ ᠶᠡᠭᠡ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠂ ᠨᠡᠶᠢᠯᠡᠯᠭᠡ ᠬᠡᠢ ᠶᠢᠨ ᠨᠢᠭᠡ ᠠᠯᠬᠤᠮ ᠤᠨ ᠦᠨᠦᠷᠲᠦ ᠨᠡᠭᠦᠷᠦᠭᠴᠢ  ᠤᠶᠢᠯᠡᠳᠪᠤᠷᠢᠯᠡᠬᠦ ᠤᠷᠠᠯᠠᠯ ᠤᠨ ᠮᠡᠷᠭᠡᠵᠢᠯ ᠢ ᠬᠡᠷᠡᠭᠯᠡᠵᠦ ᠂ ᠨᠢᠭᠡᠨᠲᠡ ᠪᠠᠶᠢᠭ᠎ᠠ ᠮᠧᠲ᠋ᠢᠯ ᠠᠯᠺᠣᠣᠯ ᠢᠶᠠᠷ ᠦᠨᠦᠷᠲᠦ ᠨᠡᠭᠦᠷᠦᠭᠴᠢ ᠤᠶᠢᠯᠡᠳᠪᠤᠷᠢᠯᠡᠬᠦ ᠤᠷᠠᠯᠠᠯ ᠤᠨ ᠳᠤᠮᠳᠠᠬᠢ ᠮᠧᠲ᠋ᠢᠯ ᠠᠯᠺᠣᠣᠯ ᠤᠨ ᠦᠢᠯᠡᠳᠪᠦᠷᠢᠯᠡᠯ ᠤᠨ ᠠᠵᠢᠯ ᠤᠨ ᠳᠠᠷᠠᠭᠠᠯᠠᠯ ᠢ ᠬᠠᠰᠤᠵᠤ ᠂ ᠤᠷᠠᠯᠠᠯ ᠤᠨ ᠶᠠᠪᠤᠴᠠ ᠶᠢ ᠨᠠᠩ ᠲᠣᠪᠴᠢ ᠠᠪᠰᠠᠷᠬᠠᠨ ᠪᠣᠯᠭᠠᠵᠤ ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠨᠠᠩ ᠳᠣᠣᠷ᠎ᠠ ᠪᠣᠯᠭᠠᠵᠤ ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠨᠠᠩ ᠪᠠᠭ᠎ᠠ ᠪᠣᠯᠭᠠᠵᠠᠢ ᠃  
 概况1(4).bmp
概况1(5).bmp
    ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠂ ᠮᠠᠨ ᠤ ᠤᠯᠤᠰ ᠤᠨ ᠭᠠᠳᠠᠭᠠᠳᠤ  ᠠᠴᠠ ᠣᠷᠣᠭᠤᠯᠤᠭᠰᠠᠨ ᠦᠨᠦᠷᠲᠦ ᠨᠡᠭᠦᠷᠦᠭᠴᠢ ᠶᠢᠨ ᠬᠤᠪᠢ ᠶᠢᠨ ᠲᠤᠭ᠎ᠠ ᠶᠢ ᠢᠯᠡᠳᠲᠡ ᠬᠤᠪᠢᠷᠠᠭᠤᠯᠵᠤ ᠂ ᠠᠵᠤ ᠦᠢᠯᠡᠰ ᠤᠨ ᠲᠠᠰ ᠳᠡᠪᠰᠢᠬᠦ ᠪᠠ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠳᠤ ᠰᠠᠭᠤᠷᠢ ᠲᠠᠯᠪᠢᠬᠤ ᠪᠣᠯᠣᠨ᠎ᠠ ᠃ ᠡᠭᠦᠨ ᠤ ᠬᠠᠮᠲᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠴᠢᠨᠠᠭᠰᠢᠳᠠ ᠤᠷᠲᠤᠳᠬᠠᠵᠤ ᠂ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠳᠡᠭᠡᠳᠦ ᠲᠡᠰ ᠤᠨ᠂ ᠤᠯᠠᠨ ᠡᠰᠢᠵᠢᠯᠲᠡ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠡᠶᠢᠰᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠪᠡᠶᠡᠯᠡᠭᠦᠯᠦᠨ᠎ᠡ᠃     
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ