| ᠣᠶᠢᠷ᠎ᠠ ᠶᠢᠨ ᠡᠳᠦᠷ ᠂ ᠣᠷᠳᠣᠰ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ 6.0 ᠬᠡᠪᠯᠡᠯ ᠤᠨ ᠠᠵᠢᠯᠯᠠᠭᠠᠨ ᠤ ᠲᠥᠰᠥᠯ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠣᠷᠳᠣᠰ ᠬᠤᠲᠠ ᠶᠢᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠶᠠᠪᠤᠭᠳᠠᠪᠠ ᠃ | ᠣᠶᠢᠯᠠᠭᠠᠭᠰᠠᠨ ᠢᠶᠠᠷ ᠂ ︽ ᠣᠷᠳᠣᠰ ᠬᠤᠲᠠ ᠶᠢᠨ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠦᠷᠭᠦᠯᠵᠢᠯᠡᠨ ᠡᠭᠦᠳᠬᠦ ᠠᠵᠢᠯᠯᠠᠭᠠᠨ ᠤ ᠲᠥᠰᠥᠯ ︵ | 6.0 ᠬᠡᠪᠯᠡᠯ ︶ ︾ ︵ ᠳᠣᠷᠣᠭᠰᠢ 6.0 ᠬᠡᠪᠯᠡᠯ ᠤᠨ ᠠᠵᠢᠯᠯᠠᠭᠠᠨ ᠤ ᠲᠥᠰᠥᠯ ᠭᠡᠵᠦ ᠲᠣᠪᠴᠢᠯᠠᠨ᠎ᠠ ︶ ᠳᠤ ᠭᠤᠣᠯᠳᠠᠭᠤ 4 ᠲᠠᠯ᠎ᠠ ᠶᠢᠨ 70 ᠵᠦᠢᠯ ᠤᠨ | ᠳᠡᠭᠡᠭᠰᠢᠯᠡᠭᠦᠯᠬᠦ ᠠᠵᠢᠯ ᠤᠨ ᠠᠷᠭ᠎ᠠ ᠬᠡᠮᠵᠢᠶ᠎ᠡ ᠪᠠᠭᠲᠠᠨ᠎ᠠ ᠃ ᠡᠭᠦᠨ ᠳᠤ ᠂ ᠱᠠᠩᠬᠠᠢ ᠬᠤᠲᠠ ᠶᠢᠨ ᠨᠡᠶᠢᠲᠡᠯᠢᠭ ᠠᠷᠭ᠎ᠠ ᠲᠤᠷᠰᠢᠯᠭ᠎ᠠ ᠪᠠᠷ ᠪᠠᠷᠢᠮᠵᠢᠶᠠᠯᠠᠭᠰᠠᠨ ᠠᠵᠢᠯ ᠤᠨ | ᠠᠷᠭ᠎ᠠ ᠬᠡᠮᠵᠢᠶ᠎ᠡ 12 ᠵᠦᠢᠯ ᠪᠣᠶ ︔ ᠬᠠᠩᠵᠧᠦ ᠬᠤᠲᠠ ᠶᠢᠨ ᠨᠡᠶᠢᠲᠡᠯᠢᠭ ᠠᠷᠭ᠎ᠠ ᠲᠤᠷᠰᠢᠯᠭ᠎ᠠ ᠪᠠᠷ ᠪᠠᠷᠢᠮᠵᠢᠶᠠᠯᠠᠭᠰᠠᠨ ᠠᠵᠢᠯ ᠤᠨ ᠠᠷᠭ᠎ᠠ ᠬᠡᠮᠵᠢᠶ᠎ᠡ 7 ᠵᠦᠢᠯ ᠪᠤᠢ ︔ | ᠪᠡᠭᠡᠵᠢᠩ ᠂ ᠴᠦᠩᠴᠢᠩ ᠂ ᠭᠤᠸᠠᠩᠵᠸᠤ ᠂ ᠱᠧᠨᠵᠧᠨ ᠵᠡᠷᠭᠡ ᠬᠤᠳᠠᠯᠳᠤᠭ᠎ᠠ ᠡᠬᠢᠯᠡᠬᠦ ᠣᠷᠴᠢᠨ ᠠᠬᠤᠢ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠤᠨ | ᠬᠤᠲᠠ ᠶᠢᠨ ᠨᠡᠶᠢᠲᠡᠯᠢᠭ ᠠᠷᠭ᠎ᠠ ᠲᠤᠷᠰᠢᠯᠭ᠎ᠠ ᠪᠠᠷ ᠪᠠᠷᠢᠮᠵᠢᠶᠠᠯᠠᠭᠰᠠᠨ ᠠᠵᠢᠯ ᠤᠨ ᠠᠷᠭ᠎ᠠ ᠬᠡᠮᠵᠢᠶ᠎ᠡ 10 ᠵᠦᠢᠯ ᠪᠤᠢ ︔ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ 41 ᠵᠦᠢᠯ ᠤᠨ ᠰᠢᠨ᠎ᠡ ᠶᠢ ᠡᠭᠦᠳᠬᠦ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ ᠃ | ᠨᠢᠭᠡ ᠳᠤ ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠲᠡᠷᠢᠭᠦᠨ ᠤ ᠪᠠᠷᠢᠮᠵᠢᠶ᠎ᠠ ᠪᠠᠷ ᠪᠠᠷᠢᠮᠵᠢᠶᠠᠯᠠᠨ ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠳᠡᠯᠡᠬᠡᠢ ᠶᠢᠨ ᠪᠠᠩᠬᠢ ᠶᠢᠨ ᠦᠨᠡᠯᠡᠨ ᠵᠢᠱᠢᠬᠦ ᠳᠤ ᠬᠤᠯᠪᠣᠭᠳᠠᠭᠰᠠᠨ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠂ ᠡᠵᠡᠩᠨᠡᠯᠲᠡ ᠶᠢᠨ ᠲᠠᠯᠠᠪᠤᠷ ᠭᠠᠵᠠᠷ ᠣᠯᠬᠤ ᠂ ᠣᠯᠠᠨ ᠨᠡᠶᠢᠲᠡ ᠶᠢᠨ ᠰᠠᠭᠤᠷᠢ ᠦᠢᠯᠡᠴᠢᠯᠡᠭᠡ ᠂ ᠬᠥᠳᠡᠯᠮᠦᠷᠢ ᠠᠵᠢᠯ ᠣᠯᠭᠤᠯᠲᠠ ᠂ ᠮᠥᠩᠭᠦᠨ | ᠭᠦᠢᠯᠭᠡᠭᠡᠨ ᠤ ᠦᠢᠯᠡᠴᠢᠯᠡᠭᠡ ᠂ ᠣᠯᠠᠨ ᠤᠯᠤᠰ ᠤᠨ ᠠᠷᠠᠯᠵᠢᠶ᠎ᠠ ᠂ ᠭᠠᠶᠢᠯᠢ ᠲᠤᠰᠢᠶᠠᠬᠤ ᠂ ᠬᠤᠳᠠᠯᠳᠤᠭᠠᠨ ᠤ ᠵᠠᠭᠤᠷᠠᠯᠳᠤᠭᠠᠨ ᠢ ᠰᠢᠢᠳᠪᠦᠷᠢᠯᠡᠬᠦ ᠂ ᠵᠠᠬ᠎ᠠ | ᠳᠡᠯᠭᠡᠭᠦᠷ ᠤᠨ ᠥᠷᠢᠰᠦᠯᠳᠦᠭᠡᠨ ᠢ ᠠᠬᠢᠭᠤᠯᠬᠤ ᠂ ᠠᠵᠤ ᠠᠬᠤᠶᠢᠯᠠᠯ ᠤᠨ ᠳᠠᠮᠫᠤᠷᠠᠯ ᠢ ᠠᠬᠢᠭᠤᠯᠬᠤ ᠵᠡᠷᠭᠡ 10 ᠭᠤᠣᠯᠳᠠᠯᠭ᠎ᠠ ᠲᠠᠢ ᠳᠡᠭᠡᠭᠰᠢᠯᠡᠭᠦᠯᠬᠦ ᠠᠵᠢᠯ ᠤᠨ | ᠠᠷᠭ᠎ᠠ ᠬᠡᠮᠵᠢᠶ᠎ᠡ ᠶᠢ ᠪᠠᠭᠲᠠᠭᠠᠭᠰᠠᠨ ᠨᠡᠶᠢᠲᠡ 43 ᠵᠦᠢᠯ ᠤᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠪᠠᠭᠲᠠᠭᠠᠨ᠎ᠠ ᠃ | ᠬᠤᠶᠠᠷ ᠲᠤ ᠤᠴᠢᠷ ᠶᠠᠪᠤᠳᠠᠯ ᠰᠢᠢᠳᠪᠦᠷᠢᠯᠡᠬᠦ ᠳᠤ ᠲᠥᠬᠦᠮ ᠦᠵᠡᠭᠦᠯᠬᠦ ᠠᠵᠤ ᠠᠬᠤᠶᠢᠯᠠᠯ ᠳᠤ ᠬᠤᠯᠪᠣᠭᠳᠠᠬᠤ ᠶᠡᠷᠦᠩᠬᠡᠶᠢᠯᠡᠭᠰᠡᠨ ᠦᠢᠯᠡᠴᠢᠯᠡᠭᠡ ᠶᠢ | ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠂ ᠣᠷᠣᠰᠢᠨ ᠠᠮᠢᠳᠤᠷᠠᠬᠤ ᠳᠤ ᠲᠠᠭᠠᠯᠠᠮᠵᠢᠲᠠᠢ ᠦᠢᠯᠡᠴᠢᠯᠡᠭᠡ ᠂ | ᠰᠢᠨ᠎ᠡ ᠶᠢ ᠡᠭᠦᠳᠬᠦ ᠳᠡᠮᠵᠢᠯᠭᠡ ᠂ ᠢᠲᠡᠭᠡᠮᠵᠢ ᠶᠢᠨ ᠳᠡᠮᠵᠢᠯᠭᠡ ᠵᠡᠷᠭᠡ 4 ᠭᠦᠢᠴᠡᠳᠬᠡᠯ ᠲᠤᠭ᠎ᠠ ᠶᠢ ᠪᠠᠭᠲᠠᠭᠠᠭᠰᠠᠨ ᠨᠡᠶᠢᠲᠡ 15 ᠵᠦᠢᠯ ᠤᠨ ᠪᠣᠳᠠᠲᠠᠢ ᠠᠵᠢᠯ ᠤᠨ | ᠠᠷᠭ᠎ᠠ ᠬᠡᠮᠵᠢᠶ᠎ᠡ ᠶᠢ ᠪᠠᠭᠲᠠᠭᠠᠨ᠎ᠠ ᠃ | ᠭᠤᠷᠪᠠ ᠳᠤ ᠂ ᠡᠵᠡᠩᠨᠡᠯᠲᠡ ᠶᠢᠨ ᠭᠤᠣᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠤ | ᠠᠬᠤᠶᠢᠯᠠᠯ ᠤᠨ ᠬᠢᠨᠠᠯᠲᠠ ᠬᠠᠮᠢᠶᠠᠷᠤᠯᠲᠠ ᠳᠤ ᠬᠤᠯᠪᠣᠭᠳᠠᠭᠰᠠᠨ ᠴᠢᠨᠠᠷᠵᠢᠯ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠂ ᠵᠠᠰᠠᠭ ᠠᠵᠤ ᠠᠬᠤᠶᠢᠯᠠᠯ ᠤᠨ | ᠦᠢᠯᠡᠴᠢᠯᠡᠭᠡ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠪᠠᠷ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠬᠤ 2 ᠲᠠᠯ᠎ᠠ ᠶᠢᠨ 9 ᠵᠦᠢᠯ ᠤᠨ ᠪᠣᠳᠠᠲᠠᠢ | ᠠᠵᠢᠯ ᠤᠨ ᠠᠷᠭ᠎ᠠ ᠬᠡᠮᠵᠢᠶ᠎ᠡ ᠶᠢ ᠪᠠᠭᠲᠠᠭᠠᠨ᠎ᠠ ᠃ | ᠳᠥᠷᠪᠡ ᠳᠤ ᠂ ᠣᠷᠣᠨ ᠪᠦᠰᠡ ᠶᠢᠨ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠠᠭᠤᠷ ᠠᠮᠢᠰᠬᠤᠯ ᠢ ᠪᠤᠢ | ᠪᠣᠯᠭᠠᠵᠤ ᠂ ᠡᠯ᠎ᠡ ᠬᠤᠰᠢᠭᠤ ᠲᠣᠭᠤᠷᠢᠭ ᠂ ᠠᠵᠤ ᠠᠬᠤᠢ ᠶᠢᠨ ᠨᠡᠭᠡᠭᠡᠯᠲᠡ ᠶᠢᠨ ᠣᠷᠣᠨ ︵ ᠬᠦᠷᠢᠶᠡᠯᠡᠩ ᠲᠣᠭᠤᠷᠢᠭ ︶ ᠬᠤᠳᠠᠯᠳᠤᠭ᠎ᠠ ᠡᠷᠬᠢᠯᠡᠬᠦ ᠣᠷᠴᠢᠨ | ᠠᠬᠤᠢ ᠶᠢᠨ ︽ ᠨᠢᠭᠡ ᠣᠷᠣᠨ ᠪᠦᠰᠡ ᠨᠢᠭᠡ ᠣᠨᠴᠠᠯᠢᠭ ︾ ᠤᠨ ᠪᠠᠶᠢᠭᠤᠯᠤᠯᠲᠠ ᠶᠢ ᠠᠬᠢᠭᠤᠯᠵᠤ ᠂ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠦᠢᠯᠡᠴᠢᠯᠡᠭᠡᠨ ᠤ | ᠲᠣᠭᠲᠠᠴᠠ ᠶᠢ ᠲᠡᠭᠦᠯᠳᠡᠷᠵᠢᠭᠦᠯᠵᠦ ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ 3 ᠵᠦᠢᠯ ᠤᠨ ᠪᠣᠳᠠᠲᠠᠢ | ᠠᠵᠢᠯ ᠤᠨ ᠠᠷᠭ᠎ᠠ ᠬᠡᠮᠵᠢᠶ᠎ᠡ ᠶᠢ ᠪᠠᠭᠲᠠᠭᠠᠨ᠎ᠠ ᠃ ᠣᠳᠣᠬᠠᠨ ᠪᠣᠯᠲᠠᠯ᠎ᠠ ᠂ ᠣᠷᠳᠣᠰ ᠬᠤᠲᠠ ᠨᠢᠭᠡᠨᠲᠡ ᠨᠡᠶᠢᠲᠡ 1200 ᠭᠠᠷᠤᠢ ᠵᠦᠢᠯ ᠤᠨ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠳᠤ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠡᠭᠦᠳᠦᠨ | ᠥᠭᠴᠦ ᠂ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ ᠃ | | | |