| ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠺᠠᠳ᠋ᠷᠴᠤᠳ ᠤᠨ ᠬᠤᠷᠠᠯ ᠬᠤᠷᠠᠯᠳᠤᠭᠤᠯᠵᠤ ᠂ 2024 ᠣᠨ ᠤ ᠠᠵᠢᠯ | ᠢᠶᠠᠨ ᠳ᠋ᠦᠩᠨᠡᠵᠦ ᠂ 2025 ᠣᠨ ᠤ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠠᠵᠢᠯ ᠢ ᠪᠠᠶᠢᠷᠢᠯᠠᠭᠤᠯᠪᠠ ᠃ | ᠬᠤᠷᠠᠯ ᠠᠴᠠ ᠂ 2024 ᠣᠨ ᠳᠤ ᠪᠦᠭᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠤᠷᠢᠳ ᠢᠶᠠᠷ ᠬᠡᠷᠡᠭᠵᠢᠭᠦᠯᠬᠦ ᠣᠷᠣᠨ ᠢ ᠪᠠᠶᠢᠭᠤᠯᠬᠤ ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ | ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠴᠢᠩᠭᠠᠳᠬᠠᠬᠤ ᠂ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠂ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ | ᠰᠣᠯᠢᠯᠴᠠᠭ᠎ᠠ ᠶᠢ ᠭᠦᠨᠵᠡᠭᠡᠶᠢᠷᠡᠭᠦᠯᠬᠦ ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠲᠠᠯ᠎ᠠ ᠪᠠᠷ ᠰᠢᠨ᠎ᠡ | ᠠᠬᠢᠴᠠ ᠰᠢᠨ᠎ᠡ ᠦᠷ᠎ᠡ ᠪᠦᠲᠦᠮᠵᠢ ᠣᠯᠵᠤ ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠯᠠᠪᠳᠠᠭᠤᠨ ᠪᠠᠲᠤᠲᠠᠢ ᠠᠬᠢᠪᠠ ᠭᠡᠵᠦ | ᠵᠢᠭᠠᠵᠤ ᠭᠠᠷᠭᠠᠵᠠᠢ ᠃ 2025 ᠣᠨ ᠪᠣᠯ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠬᠤ ᠲᠥᠯᠦᠪᠵᠢᠭᠦᠯᠭᠡ ᠶᠢᠨ ᠬᠥᠲᠥᠯᠪᠦᠷᠢ ᠶᠢ | ᠨᠠᠶᠢᠳᠠᠪᠤᠷᠢᠵᠢᠭᠤᠯᠬᠤ ᠪᠠ ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢ ᠲᠦᠷᠭᠡᠳᠬᠡᠬᠦ ︽ ᠰᠠᠨᠠᠯ ︾ ᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ | ᠪᠣᠯᠣᠨ᠎ᠠ ᠃ | ᠬᠤᠷᠠᠯ ᠠᠴᠠ ᠂ ᠠᠵᠢᠯ ᠤᠨ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ ᠂ ᠦᠵᠡᠯ ᠰᠠᠨᠠᠭᠠᠨ ᠤ ᠲᠠᠯ᠎ᠠ ᠪᠠᠷ ᠨᠢᠭᠡᠳᠦᠯᠲᠡᠢ ᠂ ᠦᠭᠡ ᠶᠠᠷᠢᠶ᠎ᠠ ᠦᠢᠯᠡ | ᠠᠵᠢᠯᠯᠠᠭ᠎ᠠ ᠶᠢᠨ ᠲᠠᠯ᠎ᠠ ᠪᠠᠷ ᠨᠢᠭᠡᠳᠦᠯᠲᠡᠢ ᠪᠠᠶᠢᠵᠤ ᠂ ᠠᠵᠢᠯ ᠤᠨ ᠲᠠᠯ᠎ᠠ ᠪᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠲᠣᠭᠲᠠᠴᠠ ᠶᠢ ᠲᠡᠭᠦᠯᠳᠡᠷᠵᠢᠭᠦᠯᠵᠦ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠰᠤᠷᠭᠠᠭᠤᠯᠢ ᠡᠷᠭᠢᠯᠡᠵᠤ ᠰᠤᠷᠭᠠᠭᠤᠯᠢ ᠶᠢ ᠵᠠᠰᠠᠬᠤ ᠂ | ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠪᠦᠭᠦ ᠶᠠᠪᠤᠴᠠ ᠳᠤ ᠠᠭᠤᠰᠤᠯᠴᠠᠭᠤᠯᠬᠤ ᠬᠡᠷᠡᠭᠲᠡᠢ ᠃ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠲᠦᠷᠭᠡᠳᠬᠡᠬᠦ ︽ ᠰᠠᠨᠠᠯ ︾ ᠢ ᠨᠠᠶᠢᠳᠠᠪᠤᠷᠢᠵᠢᠭᠤᠯᠬᠤ ᠪᠠᠷ ᠶᠡᠷᠦᠩᠬᠡᠢ | ᠭᠠᠷᠳᠠᠴᠠ ᠪᠤᠯᠭᠠᠵᠤ ᠂ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ ᠶᠢᠨ ᠬᠠᠮᠲᠤᠷᠠᠨ ᠠᠵᠢᠯᠯᠠᠬᠤ ᠲᠣᠭᠲᠠᠴᠠ ᠵᠡᠷᠭᠡ ᠴᠢᠬᠤᠯᠠ ᠲᠣᠭᠲᠠᠴᠠ ᠶᠢᠨ ᠲᠤᠰᠠᠯᠠᠬᠤ | ᠦᠢᠯᠡᠳᠦᠯ ᠢ ᠰᠠᠶᠢᠲᠤᠷ ᠠᠰᠢᠭᠯᠠᠨ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠲᠤᠯᠠᠬᠤ ᠬᠡᠷᠡᠭᠲᠡᠢ ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠳᠤ | ᠠᠩᠬᠠᠷᠤᠯ ᠢᠶᠠᠨ ᠲᠥᠪᠯᠡᠷᠡᠭᠦᠯᠵᠦ ᠂ ᠳᠤᠲᠠᠭᠤᠳᠠᠯ ᠪᠠᠭᠤᠷᠠᠢ ᠵᠦᠢᠯ ᠳᠤ ᠵᠥᠪ ᠢᠶᠠᠷ ᠬᠠᠨᠳᠤᠵᠤ ᠂ ᠳᠣᠲᠣᠭᠠᠳᠤ ᠵᠢᠮ᠎ᠡ ᠶᠣᠰᠣ ᠶᠢ ᠵᠠᠳᠠᠯᠵᠤ ᠂ ᠠᠰᠠᠭᠤᠳᠠᠯ ᠢ | ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠵᠤ ᠂ ᠠᠰᠠᠭᠤᠳᠠᠯ ᠢ ᠢᠯᠡᠷᠡᠭᠦᠯᠬᠦ ᠂ ᠠᠰᠠᠭᠤᠳᠠᠯ ᠢ ᠰᠤᠳᠤᠯᠬᠤ ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠵᠦ ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠬᠦ ᠶᠢ ᠠᠬᠢᠭᠤᠯᠬᠤ ᠬᠡᠷᠡᠭᠲᠡᠢ ᠃ ᠨᠠᠷᠠᠲᠤ ᠲᠥᠷᠥᠯ ᠲᠡᠮᠳᠡᠭ ᠤᠨ ᠴᠢᠨᠠᠷ | ᠴᠢᠨᠰᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ ᠂ ︽ ᠤᠮᠠᠷᠠᠲᠤ | ᠬᠢᠯᠢ ᠶᠢᠨ ᠰᠤᠷᠭᠠᠨ ᠬᠥᠮᠦᠵᠢᠯ ︾ ᠤᠨ ᠨᠠᠷᠠᠲᠤ ᠲᠥᠷᠥᠯ ᠲᠡᠮᠳᠡᠭ ᠢ ᠴᠢᠷᠮᠠᠶᠢᠨ ᠡᠭᠦᠳᠴᠦ ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠣᠷᠣᠬᠤ ᠳᠤ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ ᠃ | | |