| | ᠬᠠᠪᠤᠷ ᠤᠨ ᠤᠷᠢᠨ ᠳᠤ ᠲᠦᠮᠡᠨ ᠪᠣᠳᠠᠰ ᠳᠦᠯᠵᠢᠨᠠ᠃ ᠬᠠᠪᠤᠷ ᠤᠨ ᠤᠯᠠᠷᠢᠯ ᠤᠨ ᠪᠠᠷᠢᠯᠭ᠎ᠠ ᠶᠢᠨ ︽ ᠰᠢᠵᠢᠷ ᠠᠯᠲᠠᠨ ᠬᠤᠭᠤᠴᠠᠭ᠎ᠠ ︾ ᠬᠦᠷᠴᠦ ᠢᠷᠡᠬᠦ ᠶᠢ | ᠳᠠᠭᠠᠯᠳᠤᠨ ᠂ ᠵᠡᠭᠦᠨᠭᠠᠷ ᠬᠤᠰᠢᠭᠤ ᠠᠵᠠ ᠲᠣᠬᠢᠶᠠᠯ ᠢ ᠡᠵᠡᠮᠳᠡᠨ ᠂ ᠡᠷᠴᠢᠨ ᠳᠡᠭᠡᠷ᠎ᠠ ᠪᠠᠨ ᠤᠷᠤᠭᠰᠢᠯᠠᠵᠤ ᠂ ᠪᠦᠯᠦᠭ ᠪᠦᠯᠦᠭ ᠴᠢᠬᠤᠯᠠ ᠶᠡᠭᠡ ᠪᠠᠷᠢᠯᠭ᠎ᠠ ᠂ | ᠭᠤᠣᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠦᠨ ᠠᠵᠢᠯ ᠰᠡᠷᠭᠦᠭᠡᠵᠦ ᠂ ᠪᠦᠲᠦᠭᠡᠨ ᠪᠠᠶᠢᠭᠤᠯᠤᠯᠲᠠ ᠶᠢᠨ ᠬᠠᠯᠠᠭᠤᠨ ᠥᠷᠨᠢᠯᠲᠡ ᠭᠠᠷᠤᠨ᠎ᠠ ᠃ | ᠰᠤᠪᠤᠷᠭᠠᠨ ᠳᠡᠭᠦᠵᠢᠩ ᠰᠡᠬᠦᠶᠢᠨ ᠰᠦᠨᠳᠡᠷᠯᠡᠵᠦ ᠂ ᠮᠠᠰᠢᠨ ᠮᠧᠬᠠᠨᠢᠭ ᠤᠨ ᠳᠠᠭᠤᠨ ᠬᠦᠷᠴᠢᠬᠢᠨᠡᠨ ᠂ ᠲᠡᠷᠭᠡᠮᠠᠰᠢᠨ ᠰᠦᠯᠵᠢᠯᠳᠦᠨ᠎ᠡ ᠁ ᠰᠢᠨ᠎ᠡ ᠡᠨᠧᠷᠭᠢ ᠶᠢᠨ | ᠠᠵᠤ ᠦᠢᠯᠡᠰ ᠤᠨ ᠰᠠᠭᠤᠷᠢᠨ ᠭᠠᠵᠠᠷ ᠠᠴᠠ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠬᠦᠷᠲᠡᠯ᠎ᠡ᠂ ᠵᠠᠮ ᠬᠠᠷᠢᠯᠴᠠᠭᠠᠨ ᠤ ᠬᠦᠢᠰᠤ ᠠᠴᠠ ᠠᠷᠠᠳ ᠤᠨ | ᠠᠮᠢᠳᠤᠷᠠᠯ ᠤᠨ ᠲᠥᠬᠦᠭᠡᠷᠦᠮᠵᠢ ᠬᠦᠷᠲᠡᠯ᠎ᠡ᠂ ᠵᠡᠭᠦᠨᠭᠠᠷ ᠬᠤᠰᠢᠭᠤ ᠶᠠᠭ ᠰᠠᠶᠢᠬᠠᠨ︽ᠡᠬᠢᠯᠡᠯᠲᠡ ᠶᠢᠨ ᠬᠤᠭᠤᠴᠠᠭᠠᠨ ᠳᠤ ᠰᠢᠪᠲᠤᠯᠤᠯᠲᠠ ᠬᠢᠬᠦ︾ ᠳᠦᠷᠬᠦ ᠪᠠᠶᠢᠳᠠᠯ ᠢᠶᠠᠷ ᠂ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠬᠦᠴᠦᠯᠡᠨ ᠴᠢᠷᠮᠠᠶᠢᠵᠤ ᠪᠠᠶᠢᠨ᠎ᠠ᠃ | | ᠴᠢᠬᠤᠯᠠ ᠶᠡᠭᠡ ᠲᠦᠷᠦᠯ ᠵᠦᠢᠯ ᠤᠨ ︽ᠲᠦᠷᠭᠡᠨ ᠤᠷᠤᠬᠰᠢᠯᠠᠯᠳᠠ︾ ᠨᠢ | ᠬᠥᠭᠵᠢᠯᠲᠡ ᠶᠢᠨ ᠰᠢᠨ᠎ᠡ ᠬᠥᠳᠡᠯᠭᠡᠭᠦᠷ ᠬᠦᠴᠤᠨ ᠢ ᠳᠦᠷᠭᠡᠳᠭᠡᠨ᠎ᠠ | 2025 ᠣᠨ ᠳᠤ ᠂ ᠵᠡᠭᠦᠨᠭᠠᠷ ᠬᠤᠰᠢᠭᠤ ︽ᠬᠡᠯᠪᠡᠷᠢ ᠪᠠᠨ ᠬᠤᠪᠢᠷᠠᠭᠤᠯᠬᠤ ᠪᠠᠷ ᠬᠥᠲᠥᠯᠥᠨ ᠳᠠᠭᠠᠭᠤᠯᠵᠤ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ | ᠬᠢᠬᠦ︾ ᠪᠠᠷ ᠲᠦᠷᠦᠯ ᠵᠦᠢᠯ ᠤᠨ ᠬᠡᠪᠴᠢᠶ᠎ᠡ᠂ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠣᠨᠣᠪᠴᠢᠲᠠᠢ ᠲᠣᠭᠲᠠᠭᠠᠵᠤ ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠦᠪᠵᠢᠭᠦᠯᠭᠡ ᠶᠢᠨ ᠲᠣᠭᠤᠷᠢᠨ ᠳᠤ ︽ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ︾ ᠶᠢ 2025 ᠣᠨ ᠤ ᠠᠵᠢᠯ ᠤᠨ︽ ᠴᠢᠬᠤᠯᠠ | ᠭᠤᠤᠯᠳᠠᠯᠭ᠎ᠠ︾ ᠪᠣᠯᠭᠠᠵᠤ ᠂ ︽ᠲᠦᠷᠦᠯ ᠵᠦᠢᠯ ᠤᠨ ᠲᠤᠭ᠎ᠠ ᠬᠡᠮᠵᠢᠶ᠎ᠡ ᠶᠢ ᠰᠢᠯᠢᠳᠡᠭᠵᠢᠭᠦᠯᠵᠦ ᠂ ᠲᠦᠷᠦᠯ ᠵᠦᠢᠯ ᠤᠨ ᠴᠢᠨᠠᠷᠵᠢᠯ ᠢ ᠳᠡᠭᠡᠭᠰᠢᠯᠡᠭᠦᠯᠬᠦ︾ ᠵᠠᠷᠴᠢᠮ ᠢᠶᠠᠷ | ᠲᠦᠷᠦᠯ ᠵᠦᠢᠯ ᠢ ᠲᠥᠯᠥᠪᠵᠢᠭᠦᠯᠬᠦ ᠠᠵᠢᠯ ᠢ ᠪᠦᠬᠦ ᠲᠠᠯ᠎ᠠ ᠪᠠᠷ ᠠᠬᠢᠭᠤᠯᠪᠠ᠃ ᠭᠤᠣᠯ ᠠᠵᠤ ᠦᠢᠯᠡᠰ ᠤᠨ ᠬᠡᠯᠬᠢᠶ᠎ᠡ ᠰᠢᠨ᠎ᠡ ᠶᠢ ᠡᠭᠦᠳᠬᠦ ᠭᠡᠯᠬᠢᠶ᠎ᠠ ᠶᠢᠨ | ᠳᠤᠭᠤᠷᠢᠨ ᠳᠤ ᠂ ᠪᠣᠬᠢᠷᠲᠤᠯ ᠦᠭᠡᠢ ᠨᠡᠭᠦᠷᠡᠰᠦ ᠬᠢᠮᠢ ᠶᠢᠨ ᠠᠵᠤ ᠤᠶᠢᠯᠡᠳᠪᠤᠷᠢ ᠂ ᠰᠢᠨ᠎ᠡ ᠮᠠᠲ᠋ᠧᠷᠢᠶᠠᠯ ᠂ ᠰᠢᠨ᠎ᠡ ᠡᠨᠧᠷᠭᠢ ᠂ ᠳᠤᠨᠤᠬᠯᠠᠯ ᠦᠢᠯᠡᠳᠬᠦ ᠵᠢᠴᠢ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠡᠷᠬᠢᠯᠳᠦᠬᠦᠯᠤᠨ ᠠᠰᠢᠭᠯᠠᠬᠤ ᠵᠡᠷᠭᠡ ᠬᠦᠴᠦᠷᠬᠡᠭ ᠶᠡᠭᠡ ᠨᠥᠯᠥᠭᠡᠯᠡᠬᠦ ᠬᠦᠴᠦᠨ ᠂ ᠳᠠᠶᠢᠴᠢᠯᠠᠬᠤ ᠬᠦᠴᠦᠨ ᠪᠦᠬᠦᠢ ᠴᠢᠬᠤᠯᠠ ᠶᠡᠭᠡ | ᠠᠵᠤ ᠦᠢᠯᠡᠰ ᠤᠨ ᠲᠥᠷᠥᠯ ᠵᠦᠢᠯ ᠢ ᠭᠤᠣᠯᠳᠠᠯᠭ᠎ᠠ ᠲᠠᠢ ᠲᠥᠯᠥᠪᠵᠢᠬᠦᠯᠵᠤ ᠂ ᠨᠡᠭᠦᠷᠡᠰᠦ ᠪᠠᠷ ᠰᠠᠭᠤᠷᠢ ᠪᠣᠯᠭᠠᠭᠰᠠᠨ ᠂ ᠬᠥᠩᠭᠡᠨᠴᠠᠭᠠᠨ ᠢᠶᠠᠷ ᠰᠠᠭᠤᠷᠢ ᠪᠣᠯᠭᠠᠭᠰᠠᠨ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠂ ᠡᠬᠢ ᠪᠠᠶᠠᠯᠢᠭ ᠤᠨ ᠡᠯᠪᠡᠭ ᠳᠡᠯᠪᠡᠭ ᠪᠠ ᠬᠦᠴᠤᠨ ᠵᠤᠶᠢᠯ ᠤᠨ ᠳᠠᠪᠠᠭᠤᠯᠢᠭ ᠢ ᠪᠥᠬᠦ ᠠᠵᠤ ᠦᠢᠯᠡᠰ ᠤᠨ | ᠬᠡᠯᠬᠢᠶ᠎ᠡ ᠳᠤ ᠬᠦᠷᠲᠡᠯ᠎ᠡ ᠥᠷᠭᠡᠳᠬᠡᠨ ᠂ ᠴᠢᠬᠤᠯᠠ ᠶᠡᠭᠡ ᠠᠵᠤ ᠦᠢᠯᠡᠰ ᠤᠨ ᠰᠦᠷᠦᠭᠵᠢᠯ ᠢ ᠪᠣᠶᠢᠵᠢᠭᠤᠯᠵᠤ ᠂ ᠨᠢᠭᠡ ᠶᠢ ᠲᠥᠯᠥᠪᠵᠢᠭᠦᠯᠵᠦ ᠂ ᠨᠢᠭᠡ ᠪᠦᠯᠦᠭ ᠢ | ᠣᠷᠣᠭᠤᠯᠤᠨ ᠠᠪᠴᠢᠷᠠᠵᠤ ᠂ ᠨᠢᠭᠡ ᠬᠡᠰᠡᠭ ᠢ ᠨᠥᠯᠥᠭᠡᠯᠡᠨ ᠂ ᠪᠥᠬᠦ ᠣᠷᠣᠨ ᠪᠦᠰᠡ ᠶᠢ ᠳᠠᠶᠢᠴᠢᠯᠠᠬᠤ ᠪᠠᠷ ᠬᠦᠴᠦᠯᠡᠨ ᠴᠢᠷᠮᠠᠶᠢᠵᠤ ᠂ ︽ ᠶᠡᠭᠡ ᠪᠠᠷ ᠪᠠᠭ᠎ᠠ ᠶᠢ | ᠳᠠᠶᠢᠴᠢᠯᠠᠬᠤ ︾ ᠦᠷ᠎ᠡ ᠪᠦᠲᠦᠮᠵᠢ ᠶᠢ ᠦᠨᠡᠨᠬᠦ ᠭᠠᠷᠭᠠᠵᠤ ᠂ ᠪᠥᠬᠦ ᠵᠢᠯ ᠤᠨ ᠠᠵᠤ ᠠᠬᠤᠢ ᠶᠢᠨ ︽ ᠰᠠᠶᠢᠨᠡᠬᠢᠯᠡᠯᠲᠡ ︾ ᠳᠤ ᠬᠦᠴᠦᠲᠡᠢ ᠬᠥᠳᠡᠯᠭᠡᠬᠦ ᠬᠦᠴᠦᠨ | ᠨᠡᠮᠡᠷᠢᠯᠡᠭᠰᠡᠨ ᠪᠠᠶᠢᠨ᠎ᠠ ᠃ | | ᠵᠢᠷᠤᠭ ᠄ ᠲᠦᠷᠦᠯ ᠵᠦᠢᠯ ᠢ ᠲᠥᠪᠯᠡᠷᠡᠭᠦᠯᠦᠨ ᠡᠬᠢᠯᠡᠭᠦᠯᠬᠦ ᠶᠣᠰᠣᠯᠠᠯ ᠃ | ᠣᠶᠢᠷ᠎ᠠ ᠳᠤ ᠂ ᠯᠠᠩ ᠹᠧᠩ ᠰᠢᠨ᠎ᠡ ᠮᠠᠲ᠋ᠧᠷᠢᠶᠠᠯ ᠤᠨ ᠨᠠᠨᠦᠮᠧᠲᠷ ᠤᠨ ᠲᠠᠯᠠᠰᠲᠤ ᠨᠤᠨᠳᠠᠭ ᠪᠣᠯᠣᠨ ᠨᠠᠨᠦᠮᠧᠲᠷ ᠤᠨ ᠲᠠᠯᠠᠰᠲᠤ ᠲᠣᠨᠣᠭᠯᠠᠭᠠᠰᠤ ᠶᠢᠨ ᠲᠥᠷᠥᠯ | ᠵᠦᠢᠯ ᠂ ᠵᠦᠨ ᠰᠢᠨ ᠬᠠᠭᠠᠰ ᠳᠠᠮᠵᠢᠭᠤᠯᠤᠭᠴᠢ ᠶᠢᠨ ᠲᠡᠷᠢᠭᠦᠨ ᠤ 6 ᠢᠨᠴ ᠤᠨ ᠴᠠᠬᠢᠭᠤᠷ ᠢᠶᠠᠷ ᠰᠠᠭᠤᠷᠢ ᠪᠤᠯᠭᠠᠬᠰᠠᠨ ᠠᠵᠤ ᠦᠢᠯᠡᠳᠪᠦᠷᠢ ᠶᠢᠨ ᠲᠠᠰ ᠤᠨ | ᠴᠢᠳᠠᠮᠵᠢ ᠪᠦᠬᠦᠢ ᠬᠠᠭᠠᠰ ᠳᠠᠮᠵᠢᠭᠤᠯᠤᠭᠴᠢ ᠶᠢᠨ ᠴᠢᠫ ᠤᠨ ᠲᠥᠷᠥᠯ ᠵᠦᠢᠯ ᠂ ᠳ᠋ᠠ ᠳ᠋ᠣᠣ ᠠᠭᠠᠷ ᠤᠨ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ︵ ᠥᠪᠥᠷ | ᠮᠣᠩᠭᠤᠯ ︶ ᠤᠨ ᠬᠢᠵᠠᠭᠠᠷᠲᠤ ᠺᠣᠮᠫᠠᠨᠢ ᠶᠢᠨ ᠵᠢᠯᠣᠭᠤᠴᠢ ᠦᠭᠡᠢ ᠨᠢᠰᠬᠡᠯ ᠤᠨ ᠰᠤᠳᠤᠯᠤᠨ ᠨᠡᠭᠡᠭᠡᠵᠦ ᠦᠢᠯᠡᠳᠬᠦ ᠲᠥᠷᠥᠯ ᠵᠦᠢᠯ ᠤᠨ ᠠᠵᠢᠯ ᠡᠬᠢᠯᠡᠭᠦᠯᠬᠦ ᠶᠣᠰᠣᠯᠠᠯ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠳ᠋ᠠ ᠯᠦ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠪᠠ ᠃ | ᠠᠵᠢᠯ ᠡᠬᠢᠯᠡᠬᠦ ᠶᠣᠰᠣᠯᠠᠯ ᠤᠨ ᠠᠬᠤᠢ ᠲᠠᠯᠠᠪᠠᠢ ᠳᠤ ᠂ ᠵᠡᠭᠦᠨᠭᠠᠷ ᠬᠤᠰᠢᠭᠤᠨ ᠤ ᠬᠢᠨ ᠪᠠᠰᠠ ᠵᠢᠶᠠᠩᠰᠤ ᠶᠢᠨ ᠷᠦᠢ ᠵᠢᠩ ᠨᠡᠷᠡᠨ ᠡᠨᠧᠷᠭᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠂ ᠱᠠᠨᠳᠦ᠋ᠩ ᠤᠨ ᠵᠢᠩ ᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠲᠠᠢ ᠳᠤᠰ ᠳᠤᠰ ᠵᠢᠯ ᠳᠤ 600 ᠳᠦᠮᠡᠨ | ᠭᠡᠰᠡᠭ ᠬᠠᠭᠠᠰ ᠳᠠᠮᠵᠢᠭᠤᠯᠤᠭᠴᠢ ᠶᠢᠨ ᠴᠠᠬᠢᠭᠤᠷ ᠤᠨ ᠲᠠᠯᠠᠰᠲᠤ ᠲᠣᠭᠤᠷᠢᠭ ᠴᠢᠫ ᠤᠶᠢᠯᠡᠳᠪᠤᠷᠢᠯᠡᠬᠦ ᠂ ᠵᠢᠯ ᠳᠤ 1000 ᠲᠣᠨ ᠤ ᠨᠠᠨᠦᠮᠧᠲᠷ ᠤᠨ ᠠᠽᠣᠲᠲᠤ | ᠪᠤᠷ ᠤᠨ ᠨᠤᠨᠳᠠᠭ ᠢ ᠶᠡᠷᠦᠩᠬᠡᠶᠢᠯᠡᠨ ᠪᠣᠯᠪᠠᠰᠤᠷᠠᠭᠤᠯᠬᠤ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠦᠪᠳᠡᠯᠴᠡᠭᠡᠷ ᠲᠣᠬᠢᠷᠠᠯᠴᠠᠵᠠᠢ᠃ | ᠳ᠋ᠠ ᠳ᠋ᠣᠣ ᠠᠭᠠᠷ ᠤᠨ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ ᠶᠢᠨ ᠵᠢᠯᠣᠭᠤᠴᠢ ᠦᠭᠡᠢ ᠨᠢᠰᠬᠡᠯ ᠤᠨ | ᠰᠤᠳᠤᠯᠤᠨ ᠨᠡᠭᠡᠭᠡᠵᠦ ᠦᠢᠯᠡᠳᠬᠦ ᠲᠦᠷᠦᠯ ᠵᠦᠢᠯ ᠨᠢ ᠂ 2025 ᠣᠨ ᠤ 1 ᠰᠠᠷ᠎ᠠ ᠳᠤ ᠵᠡᠭᠦᠨᠭᠠᠷ ᠬᠤᠰᠢᠭᠤ ᠲᠠᠢ ︽ ᠳᠣᠣᠷ᠎ᠠ ᠠᠭᠠᠷ ᠤᠨ ᠨᠢᠰᠦᠭᠦᠷ ᠤᠨ | ᠮᠠᠲ᠋ᠧᠷᠢᠶᠠᠯ ᠂ ᠪᠦᠲᠦᠴᠡ ᠪᠣᠯᠣᠨ ᠪᠦᠬᠦᠯᠢ ᠨᠢᠰᠬᠡᠯ ᠢ ᠰᠤᠳᠤᠯᠤᠨ ᠨᠡᠭᠡᠭᠡᠵᠦ ᠦᠢᠯᠡᠳᠬᠦ ᠂ ᠵᠠᠪᠰᠠᠷ ᠲᠤᠷᠰᠢᠯᠲᠠ ᠵᠢᠴᠢ ᠬᠡᠷᠡᠭᠯᠡᠭᠡᠨ ᠤ ᠪᠦᠬᠦ ᠠᠵᠤ ᠦᠢᠯᠡᠰ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠤᠨ ᠲᠤᠬᠠᠢ ᠬᠠᠮᠲᠤᠷᠠᠯᠴᠠᠭᠠᠨ ᠤ ᠵᠦᠪᠳᠡᠯᠴᠡᠭᠡᠷ ᠲᠣᠭᠲᠠᠭᠰᠠᠨ ᠪᠥᠭᠡᠳ ᠳ᠋ᠠ ᠳ᠋ᠣᠣ ᠠᠭᠠᠷ ᠤᠨ ᠳᠡᠭᠡᠳᠦ ᠰᠢᠨ᠎ᠡ ᠰᠢᠨᠵᠢᠯᠡᠬᠦ | ᠤᠬᠠᠭᠠᠨ ᠮᠡᠷᠭᠡᠵᠢᠯ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ ᠶᠢ ᠪᠠᠶᠢᠭᠤᠯᠪᠠ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠨᠡᠶᠢᠲᠡ 16 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ ᠂ ᠭᠤᠷᠪᠠᠨ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ ᠂ ᠨᠢᠭᠡᠳᠦᠭᠡᠷ ᠬᠤᠭᠤᠴᠠᠭᠠᠨ ᠳᠤ ᠳᠣᠣᠷ᠎ᠠ ᠠᠭᠠᠷ ᠤᠨ ᠠᠵᠤ | ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠨᠢᠰᠦᠯᠲᠡ ᠶᠢᠨ ᠭᠦᠶᠦᠯᠲᠡ ᠶᠢᠨ ᠵᠠᠮ ᠂ ᠨᠡᠶᠢᠯᠡᠮᠡᠯ ᠮᠠᠲ᠋ᠧᠷᠢᠶᠠᠯ ᠪᠠ ᠵᠢᠯᠣᠭᠤᠴᠢ ᠦᠭᠡᠢ ᠨᠢᠰᠬᠡᠯ ᠦᠢᠯᠡᠳᠭᠡᠯ ᠤᠨ | ᠶᠡᠷᠦᠩᠬᠡᠢ ᠤᠭᠰᠠᠷᠠᠬᠤ ᠲᠥᠪ ᠂ ᠵᠠᠪᠰᠠᠷ ᠲᠤᠷᠰᠢᠯᠲᠠ ᠶᠢᠨ ᠰᠠᠭᠤᠷᠢᠨ ᠭᠠᠵᠠᠷ ᠤᠨ ᠰᠠᠯᠬᠢᠨ ᠤ ᠬᠥᠨᠳᠡᠢ ᠵᠡᠷᠭᠡ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠪᠠᠷ | ᠲᠥᠯᠥᠪᠯᠡᠵᠦ ᠪᠣᠶ ︔ ᠬᠤᠶᠠᠳᠤᠭᠠᠷ ᠬᠤᠭᠤᠴᠠᠭᠠᠨ ᠳᠤ ᠬᠥᠳᠡᠯᠭᠡᠭᠦᠷ ᠮᠠᠰᠢᠨ ᠤ ᠥᠨᠳᠥᠷ ᠣᠭᠲᠠᠷᠭᠤᠢ ᠶᠢᠨ ᠲᠤᠷᠰᠢᠯᠲᠠ ᠶᠢᠨ ᠲᠠᠪᠴᠠᠩ ᠂ ᠳᠣᠣᠷ᠎ᠠ ᠠᠭᠠᠷ ᠤᠨ | ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠢ ᠪᠠᠶᠢᠭᠤᠯᠬᠤ ᠶᠢᠨ ᠬᠠᠮᠲᠤ ᠨᠡᠶᠢᠯᠡᠮᠡᠯ ᠮᠠᠲ᠋ᠧᠷᠢᠶᠠᠯ ᠪᠣᠯᠣᠨ ᠵᠢᠯᠣᠭᠤᠴᠢ ᠦᠭᠡᠢ ᠨᠢᠰᠬᠡᠯ ᠦᠢᠯᠡᠳᠭᠡᠯ ᠤᠨ ᠶᠡᠷᠦᠩᠬᠡᠢ | ᠤᠭᠰᠠᠷᠠᠯᠲᠠ ᠶᠢᠨ ᠳᠦᠬᠦᠭᠡᠷᠤᠮᠵᠢ ᠶᠢ ᠥᠷᠭᠡᠳᠬᠡᠵᠦ ᠂ ᠤᠯᠤᠰ ᠤᠨ ᠳᠣᠲᠣᠭᠠᠳᠤ ᠶᠢᠨ ᠳᠣᠣᠷᠠᠠᠭᠠᠷ ᠤᠨ ᠠᠵᠤ ᠦᠢᠯᠡᠰ ᠢ ᠬᠦᠷᠢᠶᠡᠯᠡᠩ ᠲᠣᠭᠤᠷᠢᠭ ᠲᠤ | ᠣᠷᠣᠭᠤᠯᠤᠨ᠎ᠠ ︔ ᠭᠤᠷᠪᠠᠳᠤᠭᠠᠷ ᠬᠤᠭᠤᠴᠠᠭᠠᠨ ᠳᠤ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠶᠢᠨ ᠰᠠᠭᠤᠷᠢᠨ ᠳᠡᠭᠡᠷ᠎ᠡ ᠂ ᠣᠶᠤᠨᠴᠢ ᠬᠥᠮᠥᠨ | ᠦᠭᠡᠢ ᠰᠢᠰᠲ᠋ᠧᠮ ᠤᠨ ᠦᠢᠯᠡᠳᠬᠦᠨ ᠢ ᠴᠢᠷᠮᠠᠶᠢᠨ ᠦᠢᠯᠡᠳᠪᠦᠷᠢᠯᠡᠨ᠎ᠡ ᠃ | ᠯᠠᠩ ᠹᠧᠩ ᠰᠢᠨ᠎ᠡ ᠮᠠᠲ᠋ᠧᠷᠢᠶᠠᠯ ᠤᠨ ᠨᠠᠨᠦᠮᠧᠲᠷ ᠤᠨ ᠲᠠᠯᠠᠰᠲᠤ ᠨᠤᠨᠳᠠᠭ ᠬᠢᠭᠡᠳ ᠨᠠᠨᠦᠮᠧᠲᠷ ᠤᠨ ᠲᠠᠯᠠᠰᠲᠤ ᠲᠣᠨᠣᠭᠯᠠᠭᠠᠰᠤ ᠶᠢᠨ ᠲᠥᠷᠥᠯ ᠵᠦᠢᠯ ᠪᠣᠯ | ᠤᠯᠤᠰ ᠤᠨ ᠳᠣᠲᠣᠭᠠᠳᠤ ᠶᠢᠨ ᠨᠠᠨᠦᠮᠧᠲᠷ ᠤᠨ ᠳᠠᠷᠤᠯᠲᠠᠲᠤ ᠪᠦᠰᠡ ᠦᠢᠯᠡᠳᠬᠦ ᠤᠷᠠᠯᠠᠯ ᠢ ᠡᠵᠡᠮᠰᠢᠭᠰᠡᠨ ᠠᠩᠬᠠᠨ ᠤ ᠪᠦᠯᠦᠭ ᠠᠵᠤ ᠠᠬᠤᠶᠢᠯᠠᠯ ᠪᠣᠯᠣᠨ᠎ᠠ ᠂ | 2024 ᠣᠨ ᠤ 12 ᠰᠠᠷ᠎ᠠ ᠳᠤ ᠯᠠᠩ ᠹᠧᠩ ᠰᠢᠨ᠎ᠡ ᠮᠠᠲ᠋ᠧᠷᠢᠶᠠᠯ ︵ ᠥᠪᠥᠷ ᠮᠣᠩᠭᠤᠯ ︶ ᠤᠨ ᠬᠢᠵᠠᠭᠠᠷᠲᠤ ᠺᠣᠮᠫᠠᠨᠢ ᠶᠢ ᠳᠠᠩᠰᠠᠯᠠᠭᠤᠯᠤᠨ ᠪᠠᠶᠢᠭᠤᠯᠵᠤ ᠂ | ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠪᠠᠶᠢᠵᠤ ᠂ 70 ᠮᠦ ᠭᠠᠵᠠᠷ ᠡᠵᠡᠯᠡᠨ ᠂ ᠬᠤᠶᠠᠷ | ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ ᠂ ᠨᠢᠭᠡᠳᠦᠭᠡᠷ ᠬᠤᠭᠤᠴᠠᠭᠠᠨ ᠳᠤ ᠵᠢᠯ ᠳᠤ 2 ᠲᠦᠮᠡᠨ ᠲᠣᠨ ᠨᠠᠨᠦᠮᠧᠲᠷ ᠤᠨ ᠲᠠᠯᠠᠰᠲᠤ ᠨᠤᠨᠳᠠᠭ | ᠤᠶᠢᠯᠡᠳᠪᠤᠷᠢᠯᠡᠬᠦ ᠂ ᠵᠢᠯ ᠳᠤ 1000 ᠲᠦᠮᠡᠨ ᠰᠠᠭᠤᠷᠢ ᠨᠠᠨᠦᠮᠧᠲᠷ ᠤᠨ ᠲᠠᠯᠠᠰᠲᠤ ᠲᠣᠨᠣᠭᠯᠠᠭᠠᠰᠤ ᠶᠢᠨ ᠰᠢᠨ᠎ᠡ ᠮᠠᠲ᠋ᠧᠷᠢᠶᠠᠯ ᠢ ᠤᠶᠢᠯᠡᠳᠪᠤᠷᠢᠯᠡᠨᠠ ︔ | ᠬᠤᠶᠠᠳᠤᠭᠠᠷ ᠬᠤᠭᠤᠴᠠᠭᠠᠨ ᠳᠤ ᠵᠢᠯ ᠳᠤ 50 ᠲᠦᠮᠡᠨ ᠰᠠᠭᠤᠷᠢ ᠨᠠᠨᠦᠮᠧᠲᠷ ᠤᠨ ᠲᠠᠯᠠᠰᠲᠤ ᠶᠢᠨ ᠴᠠᠬᠢᠯᠭᠠᠨ ᠮᠠᠰᠢᠨ ᠢ ᠤᠶᠢᠯᠡᠳᠪᠤᠷᠢᠯᠡᠨᠠ ᠃ ᠲᠥᠷᠥᠯ ᠵᠦᠢᠯ | ᠪᠠᠶᠢᠭᠤᠯᠤᠭᠳᠠᠭᠰᠠᠨ ᠤ ᠳᠠᠷᠠᠭ᠎ᠠ ᠪᠠᠷᠤᠭ 12 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ ᠂ 200 ᠬᠥᠮᠥᠨ ᠤ ᠠᠵᠢᠯ ᠣᠯᠭᠤᠯᠲᠠ ᠶᠢ | ᠳᠠᠶᠢᠴᠢᠯᠠᠨ᠎ᠠ ᠃ | ᠵᠦᠨ ᠰᠢᠨ ᠬᠠᠭᠠᠰ ᠳᠠᠮᠵᠢᠭᠤᠯᠤᠭᠴᠢ ᠶᠢᠨ ᠲᠡᠷᠢᠭᠦᠨ ᠤ 6 ᠢᠨᠴ ᠤᠨ ᠴᠠᠬᠢᠭᠤᠷ ᠢᠶᠠᠷ ᠰᠠᠭᠤᠷᠢ ᠪᠤᠯᠭᠠᠬᠰᠠᠨ ᠠᠵᠤ ᠦᠢᠯᠡᠳᠪᠦᠷᠢ ᠶᠢᠨ ᠳᠡᠰ ᠤᠨ ᠴᠢᠳᠠᠮᠵᠢ | ᠪᠦᠬᠦᠢ ᠬᠠᠭᠠᠰ ᠳᠠᠮᠵᠢᠭᠤᠯᠤᠭᠴᠢ ᠶᠢᠨ ᠴᠢᠫ ᠤᠨ ᠲᠦᠷᠦᠯ ᠵᠦᠢᠯ ᠨᠢ ᠭᠤᠣᠯᠳᠠᠭᠤ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠡᠯᠧᠺᠲᠷᠣᠨ ᠤ ᠠᠵᠤ | ᠦᠢᠯᠡᠳᠪᠦᠷᠢ ᠶᠢᠨ ᠳᠡᠰ ᠤᠨ ᠴᠢᠫ ᠦᠢᠯᠡᠳᠬᠦ ᠂ ᠲᠣᠨᠣᠭᠯᠠᠭᠠᠰᠤ ᠶᠢ ᠪᠢᠲᠡᠭᠦᠮᠵᠢᠯᠡᠨ ᠤᠭᠰᠠᠷᠠᠬᠤ ᠵᠢᠴᠢ ᠠᠵᠤ ᠦᠢᠯᠡᠰ ᠤᠨ ᠬᠡᠯᠬᠢᠶ᠎ᠡ ᠶᠢᠨ ᠢᠵᠢ ᠪᠦᠷᠢᠳᠦᠭᠦᠯᠬᠦ | ᠲᠣᠭᠤᠷᠢᠨ ᠳᠤ ᠂ ᠬᠤᠷᠠᠮᠠᠯ ᠡᠯᠧᠺᠲᠷᠣᠨ ᠤ ᠲᠠᠯᠠᠰᠲᠤ ᠲᠣᠭᠤᠷᠢᠭ ᠴᠢᠫ ᠂ ᠴᠢᠫ ᠢ ᠪᠢᠲᠡᠭᠦᠮᠵᠢᠯᠡᠨ ᠤᠭᠰᠠᠷᠠᠬᠤ ᠵᠢᠴᠢ ᠬᠡᠷᠡᠭᠯᠡᠬᠦ ᠶᠢ ᠨᠢᠭᠡ ᠴᠣᠭᠴᠠᠵᠢᠭᠤᠯᠤᠭᠰᠠᠨ | ᠪᠥᠬᠦ ᠬᠡᠯᠬᠢᠶ᠎ᠠ ᠶᠢᠨ ᠪᠠᠶᠢᠷᠢᠰᠢᠭᠤᠯᠤᠯᠲᠠ ᠶᠢ ᠪᠦᠲᠦᠭᠡᠨ ᠪᠠᠶᠢᠭᠤᠯᠵᠤ ᠂ ᠲᠥᠷᠥᠯ ᠵᠦᠢᠯ ᠪᠠᠶᠢᠭᠤᠯᠤᠭᠳᠠᠬᠰᠠᠨ ᠤ ᠳᠠᠷᠠᠭ᠎ᠠ ᠥᠪᠥᠷ ᠮᠣᠩᠭᠤᠯ ᠤᠨ ᠴᠠᠬᠢᠯᠭᠠᠨ | ᠬᠦᠴᠦᠨ ᠤ ᠡᠯᠧᠺᠲᠷᠣᠨ ᠬᠠᠭᠠᠰ ᠳᠠᠮᠵᠢᠭᠤᠯᠤᠭᠴᠢ ᠴᠢᠫ ᠤᠨ ᠠᠵᠤ ᠦᠢᠯᠡᠰ ᠤᠨ ᠬᠤᠭᠤᠰᠤᠨ ᠢ ᠨᠥᠬᠦᠪᠦᠷᠢᠯᠡᠵᠦ ᠂ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠡᠯᠧᠺᠲᠷᠣᠨ ᠬᠠᠭᠠᠰ ᠳᠠᠮᠵᠢᠭᠤᠯᠤᠭᠴᠢ ᠶᠢᠨ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠢ ᠬᠦᠴᠦᠯᠡᠨ ᠪᠠᠶᠢᠭᠤᠯᠤᠨ᠎ᠠ ᠃ | 2 ᠰᠠᠷ᠎ᠠ ᠶᠢᠨ 22 ᠤᠨ ᠡᠳᠦᠷ ᠂ ᠬᠥᠪᠴᠢ ᠶᠢᠨ ᠡᠯᠡᠰᠦᠨ ᠴᠥᠯ ᠤᠨ ᠰᠠᠭᠤᠷᠢᠨ ᠭᠠᠵᠠᠷ ᠤᠨ ᠣᠷᠳᠣᠰ ᠤᠨ ᠰᠢᠨ᠎ᠡ ᠡᠨᠧᠷᠭᠢ ᠶᠢᠨ ᠲᠥᠷᠥᠯ ᠵᠦᠢᠯ ᠤᠨ 120 | ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ︵ ᠬᠤᠶᠠᠳᠤᠭᠠᠷ ᠬᠤᠭᠤᠴᠠᠭᠠᠨ ᠤ ᠨᠤᠸᠠᠨ ᠱᠦᠢ ᠶᠢᠨ 60 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ︶ ᠠᠵᠢᠯ ᠢᠶᠠᠨ ᠰᠡᠷᠭᠦᠭᠡᠪᠡ ᠃ ︽ ᠣᠳᠣᠬᠠᠨ ᠪᠣᠯᠲᠠᠯ᠎ᠠ ᠂ ᠨᠤᠸᠠᠨ ᠱᠦᠢ ᠶᠢᠨ 60 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠴᠠᠬᠢᠯᠭᠠᠨ ᠱᠤᠭᠤᠮ ᠢ ᠰᠡᠯᠪᠢᠨ ᠵᠠᠰᠠᠬᠤ ᠠᠵᠢᠯ ᠤᠨ 87% ᠶᠢ ᠪᠡᠶᠡᠯᠡᠬᠦᠯᠵᠤ ᠂ ᠳᠡᠭᠦᠵᠢᠯᠡᠨ ᠤᠭᠰᠠᠷᠠᠬᠤ | ᠲᠠᠪᠴᠠᠩ ᠢ 74 ᠪᠠᠶᠢᠭᠤᠯᠵᠤ ᠂ ᠰᠠᠯᠬᠢᠨ ᠬᠦᠴᠦᠨ ᠤ ᠮᠠᠰᠢᠨ ᠤ ᠰᠠᠭᠤᠷᠢ ᠶᠢ 31 ᠪᠠᠶᠢᠭᠤᠯᠵᠤ ᠂ ᠮᠠᠰᠢᠨ ᠴᠠᠬᠢᠯᠭᠠᠨ ᠤ ᠱᠤᠭᠤᠮ ᠤᠨ ᠰᠠᠭᠤᠷᠢ ᠶᠢ 52 | ᠪᠠᠶᠢᠭᠤᠯᠵᠤ ᠂ ᠬᠦᠴᠤᠳᠡᠯ ᠦᠭᠡᠷᠡᠴᠢᠯᠡᠬᠦ ᠥᠷᠲᠡᠭᠡ ᠲᠠᠯᠠᠪᠤᠷ ᠢ ᠲᠡᠭᠰᠢᠯᠡᠬᠦ ᠠᠵᠢᠯ ᠢ ᠴᠤ ᠨᠢᠭᠡᠨᠲᠡ ᠪᠡᠶᠡᠯᠡᠭᠦᠯᠪᠡ ᠃ 2025 ᠣᠨ ᠤ ᠳᠡᠭᠡᠷ᠎ᠡ ᠬᠠᠭᠠᠰ ᠵᠢᠯ ᠳᠤ | ᠪᠥᠬᠦ ᠵᠠᠮ ᠵᠢᠴᠢ ᠳᠡᠭᠦᠵᠢᠯᠡᠨ ᠤᠭᠰᠠᠷᠠᠬᠤ ᠲᠠᠪᠴᠠᠩ ᠤᠨ ᠰᠠᠯᠬᠢᠨ ᠬᠦᠴᠤᠨ ᠤ ᠮᠠᠰᠢᠨ ᠤ ᠰᠠᠭᠤᠷᠢ ᠂ ᠮᠠᠰᠢᠨ ᠴᠠᠬᠢᠯᠭᠠᠨ ᠤ ᠱᠤᠭᠤᠮ ᠤᠨ ᠰᠠᠭᠤᠷᠢ ᠂ ᠭᠠᠳᠠᠭᠰᠢ | ᠬᠦᠷᠭᠡᠬᠦ ᠱᠤᠭᠤᠮ ᠤᠨ ᠰᠠᠭᠤᠷᠢ ᠂ ᠶᠡᠷᠦᠩᠬᠡᠶᠢᠯᠡᠭᠰᠡᠨ ᠠᠰᠠᠷ ᠤᠨ ᠰᠢᠷᠣᠢ ᠶᠢᠨ ᠪᠠᠷᠢᠯᠭ᠎ᠠ ᠶᠢᠨ ᠬᠡᠰᠡᠭ ᠢ ᠪᠡᠶᠡᠯᠡᠭᠦᠯᠬᠦ ᠪᠠᠷ ᠲᠥᠯᠥᠪᠯᠡᠵᠦ ᠂ ᠵᠢᠯ ᠤᠨ ᠡᠴᠦᠰ ᠲᠤ | ᠪᠥᠬᠦ ᠰᠠᠯᠬᠢᠨ ᠬᠦᠴᠤᠨ ᠤ ᠮᠠᠰᠢᠨ ᠤ ᠳᠡᠭᠦᠵᠢᠯᠡᠨ ᠤᠭᠰᠠᠷᠠᠬᠤ ᠠᠵᠢᠯ ᠤᠨ ᠡᠭᠦᠷᠭᠡ ᠶᠢ ᠪᠡᠶᠡᠯᠡᠭᠦᠯᠵᠦ ᠂ ᠪᠥᠬᠦ ᠪᠠᠭᠲᠠᠭᠠᠮᠵᠢ ᠶᠢ ᠲᠣᠣᠷ ᠲᠤ ᠨᠡᠶᠢᠯᠡᠭᠦᠯᠬᠦ ᠶᠢ | ᠪᠡᠶᠡᠯᠡᠭᠦᠯᠦᠨ᠎ᠡ ︾ ᠭᠡᠵᠤ ᠤᠮᠠᠷᠠᠲᠤ ᠶᠢᠨ ᠸᠧᠢ ᠵᠢᠶᠠ ᠮᠣᠣ ᠰᠢᠨ᠎ᠡ ᠡᠨᠧᠷᠭᠢ ᠶᠢᠨ ᠬᠠᠷᠢᠭᠤᠴᠠᠯᠭᠠᠲᠤ ᠺᠣᠮᠫᠠᠨᠢ ᠶᠢᠨ ᠨᠤᠸᠠᠨ ᠱᠦᠢ ᠶᠢᠨ 60 ᠲᠦᠮᠡᠨ ᠺᠢᠯᠣᠸᠠᠲ ᠤᠨ | ᠲᠥᠷᠥᠯ ᠵᠦᠢᠯ ᠤᠨ ᠬᠡᠯᠲᠡᠰ ᠤᠨ ᠠᠵᠢᠯᠲᠠᠨ ᠯᠢᠦ ᠳ᠋ᠦᠩ ᠴᠢ ᠶᠠᠷᠢᠨ᠎ᠠ ᠃ ᠤᠯᠤᠰ ᠤᠨ ᠬᠤᠶᠠᠳᠤᠭᠠᠷ ᠪᠦᠯᠦᠭ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠭᠰᠠᠨ ᠤ ᠬᠤᠪᠢ ᠳᠤ ᠂ ᠨᠤᠸᠠᠨ ᠱᠦᠢ ᠶᠢᠨ 60 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ | ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 16.56 ᠳ᠋ᠦᠩᠰᠢᠭᠤᠷ ᠭᠷᠡᠳᠦ᠋ᠰ ᠲᠤ ᠬᠦᠷᠴᠦ ᠂ | ᠲᠤᠬᠠᠢ ᠶᠢᠨ ᠭᠠᠵᠠᠷ ᠤᠨ ᠡᠨᠧᠷᠭᠢ ᠶᠢᠨ ᠪᠦᠲᠦᠴᠡ ᠶᠢ ᠰᠠᠶᠢᠵᠢᠷᠠᠭᠤᠯᠤᠨ ᠂ ᠴᠢᠯᠠᠭᠤᠵᠢᠮᠠᠯ ᠤᠨ ᠪᠤᠰᠤ ᠡᠨᠧᠷᠭᠢ ᠶᠢᠨ ᠬᠡᠷᠡᠭᠯᠡᠭᠡᠨ ᠤ ᠬᠠᠷᠢᠴᠠᠯ ᠢ ᠳᠡᠭᠡᠭᠰᠢᠯᠡᠭᠦᠯᠵᠦ ᠂ | ᠵᠢᠯ ᠪᠦᠷᠢ ᠪᠠᠷᠢᠮᠵᠢᠶᠠᠲᠤ ᠨᠡᠭᠦᠷᠡᠰᠦ ᠶᠢ ᠪᠠᠷᠤᠭ 50 ᠲᠦᠮᠡᠨ ᠲᠣᠨ ᠠᠷᠪᠢᠯᠠᠵᠤ ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠶᠢ | ᠪᠠᠷᠤᠭ 140 ᠲᠦᠮᠡᠨ ᠲᠣᠨ ᠪᠠᠭᠠᠰᠬᠠᠵᠤ ᠂ ᠭᠠᠵᠠᠷ ᠣᠷᠣᠨ ᠤ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠂ ᠠᠵᠤ ᠠᠬᠤᠢ ᠶᠢᠨ ᠦᠷ᠎ᠡ ᠠᠰᠢᠭ ᠪᠠ | ᠨᠡᠶᠢᠭᠡᠮ ᠤᠨ ᠦᠷ᠎ᠡ ᠠᠰᠢᠭ ᠢ ᠢᠯᠡᠳᠲᠡ ᠬᠠᠮᠠᠭᠠᠯᠠᠵᠤ ᠂ ︽ ᠬᠤᠣᠰ ᠨᠡᠭᠦᠷᠡᠰᠦᠲᠥ᠋ᠷᠥᠭᠴᠢ ︾ ᠶᠢᠨ ᠬᠠᠷᠠᠯᠲᠠ ᠳᠤ ᠬᠦᠴᠦᠲᠡᠢ ᠬᠥᠳᠡᠯᠭᠡᠭᠴᠢ ᠬᠦᠴᠤᠨ ᠨᠡᠮᠡᠷᠢᠯᠡᠬᠦ | ᠪᠣᠯᠣᠨ᠎ᠠ ᠃ | ᠣᠶᠢᠷ᠎ᠠ ᠳᠤ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠳ᠋ᠠ ᠯᠦ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ ᠪᠠᠶᠢᠭ᠎ᠠ ᠵᠦᠨ ᠳ᠋ᠠ | ᠴᠠᠬᠢᠯᠭᠠᠨ ᠦᠢᠯᠡᠳᠪᠦᠷᠢ ᠶᠢᠨ 2×100 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠤᠨ ᠥᠷᠭᠡᠳᠬᠡᠨ ᠪᠠᠶᠢᠭᠤᠯᠬᠤ ᠲᠥᠷᠥᠯ ᠵᠦᠢᠯ | ᠴᠦ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠪᠡ ᠃ ᠲᠣᠰ ᠲᠥᠷᠥᠯ ᠵᠦᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ | ᠵᠠᠰᠠᠭ ᠤᠨ ᠣᠷᠳᠣᠨ ᠤ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠭᠠᠵᠠᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠪᠠᠶᠢᠷᠢᠯᠠᠭᠤᠯᠤᠭᠰᠠᠨ | ᠭᠤᠣᠯᠳᠠᠯᠭ᠎ᠠ ᠲᠠᠢ ᠲᠥᠷᠥᠯ ᠵᠦᠢᠯ ᠪᠣᠯᠣᠨ᠎ᠠ ᠃ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 78.65 ᠳ᠋ᠦᠩᠰᠢᠭᠤᠷ ᠲᠥᠭᠦᠷᠢᠭ ᠪᠠᠶᠢᠵᠤ ᠂ | 2×1000MW ᠥᠨᠳᠥᠷ ᠪᠦᠲᠦᠮᠵᠢ ᠲᠠᠢ ᠭᠡᠳᠤᠶᠢᠳᠤᠮᠡᠯ ᠬᠡᠳᠤ ᠬᠢᠵᠠᠭᠠᠷ ᠤᠨ ᠂ ᠨᠢᠭᠡ ᠤᠳᠠᠭ᠎ᠠ ᠳᠤ ᠳᠠᠬᠢᠨ ᠬᠠᠯᠠᠭᠤᠯᠬᠤ ᠂ ᠳᠠᠮ ᠢᠶᠠᠷ ᠠᠭᠠᠷ ᠢᠶᠠᠷ | ᠬᠥᠷᠥᠭᠡᠬᠦ ᠠᠭᠤᠷ ᠤᠨ ᠴᠠᠷᠴᠠᠭᠠᠭᠤᠷ ᠮᠠᠶ᠋ᠢᠭ ᠤᠨ ᠠᠭᠤᠷ ᠤᠨ ᠲᠦᠷᠪᠢᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠲᠥᠯᠥᠪᠵᠢᠭᠦᠯᠦᠨ ᠪᠦᠲᠦᠭᠡᠨ | ᠪᠠᠶᠢᠭᠤᠯᠤᠨ᠎ᠠ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢ 100 ᠳ᠋ᠦᠩᠰᠢᠭᠤᠷ ᠺᠢᠯᠣᠸᠠᠲ | ᠴᠠᠭ ᠪᠠᠶᠢᠵᠤ ᠂ ᠠᠵᠤ ᠦᠢᠯᠡᠳᠪᠦᠷᠢ ᠠᠴᠠ 776 ᠲᠦᠮᠡᠨ ᠲᠣᠨ ᠠᠭᠤᠷ ᠬᠠᠩᠭᠠᠵᠤ ᠂ ᠵᠢᠯ ᠤᠨ ᠡᠵᠡᠩᠨᠡᠯᠲᠡ ᠶᠢᠨ ᠣᠷᠣᠯᠭ᠎ᠠ ᠶᠢ 41.9 ᠳ᠋ᠦᠩᠰᠢᠭᠤᠷ | ᠲᠥᠭᠦᠷᠢᠭ ᠂ ᠳᠡᠭᠡᠭᠰᠢ ᠲᠤᠰᠢᠶᠠᠬᠤ ᠭᠠᠶᠢᠯᠢ ᠰᠦᠢᠳᠬᠡᠯ ᠢ 2.5 ᠳ᠋ᠦᠩᠰᠢᠭᠤᠷ ᠲᠥᠭᠦᠷᠢᠭ ᠂ ᠠᠰᠢᠭ ᠣᠯᠵᠠᠪᠤᠷᠢ ᠶᠢ 10.3 ᠳ᠋ᠦᠩᠰᠢᠭᠤᠷ ᠲᠥᠭᠦᠷᠢᠭ | ᠪᠡᠶᠡᠯᠡᠭᠦᠯᠵᠦ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠠᠮᠤᠷ ᠲᠦᠪᠰᠢᠨ ᠤ ᠬᠠᠩᠭᠠᠯᠭ᠎ᠠ ᠶᠢ ᠪᠠᠳᠤᠯᠠᠬᠤ ᠂ ᠨᠡᠭᠦᠷᠡᠰᠦ | ᠴᠠᠬᠢᠯᠭᠠᠨ ᠤ ᠴᠢᠳᠠᠮᠵᠢ ᠶᠢᠨ ᠬᠡᠯᠪᠡᠷᠢ ᠪᠠᠶᠢᠳᠠᠯ ᠤᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠳᠤ ᠨᠠᠶᠢᠳᠠᠪᠤᠷᠢᠲᠠᠢ ᠡᠨᠧᠷᠭᠢ ᠶᠢᠨ ᠲᠤᠯᠭᠠᠭᠤᠷᠢᠯᠠᠯ ᠬᠠᠩᠭᠠᠬᠤ | ᠪᠤᠯᠤᠨ᠎ᠠ ᠃ | | ᠰᠢᠨ᠎ᠡ ᠲᠥᠷᠥᠯ ᠵᠦᠢᠯ ᠢ ᠭᠡᠷ᠎ᠡ ᠲᠣᠭᠲᠠᠨ ᠤᠷᠤᠨᠵᠢᠭᠤᠯᠵᠤ ᠂ | ᠠᠵᠤ ᠦᠢᠯᠡᠰ ᠤᠨ ᠬᠡᠯᠬᠢᠶ᠎ᠡ ᠶᠢ ᠳᠠᠬᠢᠨ ᠤᠷᠲᠤᠳᠬᠠᠨ᠎ᠠ | ᠠᠵᠢᠯ ᠡᠬᠢᠯᠡᠬᠦᠯᠵᠤ ᠰᠡᠷᠭᠦᠭᠡᠬᠦ ᠬᠠᠯᠠᠭᠤᠨ ᠥᠷᠨᠢᠯᠲᠡ ᠬᠠᠷᠠᠬᠠᠨ ᠳᠠᠭᠤᠰᠤᠭᠠᠳᠤᠢ ᠪᠠᠶᠢᠬᠤ ᠳᠤ ᠂ ᠰᠢᠨ᠎ᠡ ᠳᠦᠷᠤᠯ ᠵᠤᠶᠢᠯ ᠤᠨ ᠭᠡᠷ᠎ᠡ ᠳᠤᠬᠳᠠᠬᠤ ᠠᠵᠢᠯ | ᠬᠤᠶᠢᠨ᠎ᠠ ᠬᠤᠶᠢᠨ᠎ᠠ ᠠᠴᠠ ᠪᠠᠨ ᠵᠠᠯᠭᠠᠯᠳᠤᠭ᠎ᠠ ᠪᠠᠷ ᠶᠠᠪᠤᠬᠳᠠᠵᠤ ᠭᠠᠷ ᠤᠨ ᠦᠰᠦᠭ ᠵᠢᠷᠤᠪᠠ᠃ ᠣᠶᠢᠷ᠎ᠠ ᠳᠤ ᠂ ᠳᠤᠮᠳᠠᠳᠤ ᠤᠯᠤᠰ ᠤᠨ ᠬᠤᠳᠠᠯᠳᠤᠭᠠᠨ ᠤ | ᠬᠠᠮᠲᠤᠷᠠᠭᠰᠠᠨ ᠪᠦᠲᠦᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠂ ᠪᠡᠭᠡᠵᠢᠩ ᠤᠨ ᠱᠢ ᠯᠢ ᠶᠤᠸᠠᠨ ᠰᠢᠨᠵᠢᠯᠡᠬᠦ ᠤᠬᠠᠭᠠᠨ | ᠮᠡᠷᠭᠡᠵᠢᠯ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠨᠢ ᠵᠡᠭᠦᠨᠭᠠᠷ ᠬᠤᠰᠢᠭᠤᠨ ᠤ ᠬᠢᠨ ᠲᠠᠢ ᠨᠡᠶᠢᠯᠡᠮᠡᠯ ᠬᠤᠷᠠᠮᠠᠯ ᠤᠷᠤᠰᠤᠩᠬᠦᠢ ᠪᠡᠶᠡᠳᠤ ᠲᠡᠷᠢᠭᠦᠨ ᠤ | ᠲᠣᠨᠤᠭ ᠲᠥᠬᠦᠭᠡᠷᠦᠮᠵᠢ ᠦᠢᠯᠡᠳᠬᠦ ᠂ ᠰᠢᠨ᠎ᠡ ᠡᠨᠧᠷᠭᠢ ᠶᠢᠨ ᠳ᠋ᠢᠶᠠᠨ ᡂᠢ ᠶᠢᠨ ᠨᠡᠶᠢᠯᠡᠮᠡᠯ ᠬᠤᠷᠠᠮᠠᠯ ᠤᠷᠤᠰᠤᠩᠬᠦᠢ ᠪᠡᠶᠡᠳᠤ ᠦᠢᠯᠡᠳᠬᠦᠨ ᠤ ᠦᠢᠯᠡᠳᠪᠦᠷᠢᠯᠡᠯ ᠤᠨ | ᠲᠥᠷᠥᠯ ᠵᠦᠢᠯ ᠢ ᠬᠠᠮᠳᠤᠷᠠᠨ ᠪᠦᠳᠤᠭᠡᠨ ᠪᠠᠶᠢᠭᠤᠯᠬᠤ ᠨᠥᠬᠦᠪᠦᠷᠢ ᠵᠦᠪᠳᠡᠯᠴᠡᠭᠡᠷ ᠲᠣᠭᠲᠠᠵᠤ ᠂ ᠬᠤᠶᠠᠷ ᠲᠠᠯ᠎ᠠ ᠪᠠᠷ ᠢᠶᠠᠨ ᠲᠥᠷᠥᠯ ᠵᠦᠢᠯ ᠢ ᠪᠡᠯᠡᠳᠬᠡᠵᠤ | ᠪᠠᠶᠢᠭᠤᠯᠬᠤ ᠂ ᠠᠵᠤ ᠦᠢᠯᠡᠰ ᠤᠨ ᠭᠡᠯᠬᠢᠶ᠎ᠠ ᠶᠢ ᠤᠷᠲᠤᠳᠬᠠᠬᠤ ᠵᠡᠷᠭᠡ ᠲᠠᠯ᠎ᠠ ᠪᠠᠷ ᠰᠠᠨᠠᠯ ᠨᠢᠭᠡᠲᠡᠢ ᠪᠣᠯᠪᠠ ᠃ | ᠣᠶᠢᠯᠠᠭᠠᠭᠰᠠᠨ ᠢᠶᠠᠷ ᠂ ᠲᠣᠰ ᠤᠳᠠᠭᠠᠨ ᠤ ᠭᠡᠷ᠎ᠡ ᠲᠣᠭᠲᠠᠨ ᠤᠷᠤᠨᠵᠢᠭᠤᠯᠤᠬᠰᠠᠨ 2 ᠲᠥᠷᠥᠯ ᠵᠦᠢᠯ ᠳᠤ ᠳᠡᠯᠡᠬᠡᠢ ᠶᠢᠨ ᠲᠡᠷᠢᠭᠦᠨ ᠤ ᠨᠡᠶᠢᠯᠡᠮᠡᠯ ᠬᠤᠷᠠᠮᠠᠯ | ᠤᠷᠤᠰᠤᠩᠬᠦᠢ ᠪᠡᠶᠡᠳᠤ ᠲᠥᠬᠦᠭᠡᠷᠦᠮᠵᠢ ᠵᠢᠴᠢ ᠦᠢᠯᠡᠳᠬᠦᠨ ᠤ ᠦᠢᠯᠡᠳᠪᠦᠷᠢᠯᠡᠯ ᠤᠨ ᠮᠡᠷᠭᠡᠵᠢᠯ ᠲᠠᠢ ᠶᠤᠮ ᠃ ᠨᠡᠶᠢᠯᠡᠮᠡᠯ ᠬᠤᠷᠠᠮᠠᠯ ᠤᠷᠤᠰᠤᠩᠬᠦᠢ ᠪᠡᠶᠡᠳᠤ | ᠲᠡᠷᠢᠭᠦᠨ ᠤ ᠳᠤᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 40 ᠳ᠋ᠦᠩᠰᠢᠭᠤᠷ ᠲᠥᠭᠦᠷᠢᠭ ᠪᠠᠶᠢᠵᠤ ᠂ | ᠵᠢᠯ ᠳᠤ 100 ᠰᠠᠭᠤᠷᠢ ᠨᠡᠶᠢᠯᠡᠮᠡᠯ ᠬᠤᠷᠠᠮᠠᠯ ᠤᠷᠤᠰᠤᠩᠬᠦᠢ ᠪᠡᠶᠡᠳᠤ ᠲᠣᠮᠣ ᠬᠡᠯᠪᠡᠷᠢ ᠶᠢᠨ ᠠᠭᠤᠷᠰᠢᠭᠤᠯᠤᠨ ᠥᠩᠭᠡᠯᠡᠬᠦ ᠲᠥᠬᠦᠭᠡᠷᠦᠮᠵᠢ ᠶᠢ ᠲᠥᠯᠥᠪᠵᠢᠭᠦᠯᠦᠨ | ᠪᠦᠲᠦᠭᠡᠨ ᠪᠠᠶᠢᠭᠤᠯᠵᠤ ᠂ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ ᠂ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠳᠤ 40 ᠰᠠᠭᠤᠷᠢ | ᠦᠢᠯᠡᠳᠪᠦᠷᠢᠯᠡᠵᠦ ᠂ ᠦᠢᠯᠡᠳᠬᠦᠨ ᠤ ᠥᠷᠲᠡᠭ ᠨᠢ 20 ᠳ᠋ᠦᠩᠰᠢᠭᠤᠷ ᠲᠥᠭᠦᠷᠢᠭ ᠲᠤ ᠬᠦᠷᠴᠦ ᠂ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠳᠤ | 60 ᠰᠠᠭᠤᠷᠢ ᠦᠢᠯᠡᠳᠪᠦᠷᠢᠯᠡᠵᠦ ᠂ ᠦᠢᠯᠡᠳᠬᠦᠨ ᠤ ᠥᠷᠲᠡᠭ ᠨᠢ 30 ᠳ᠋ᠦᠩᠰᠢᠭᠤᠷ ᠲᠥᠭᠦᠷᠢᠭ ᠲᠤ ᠬᠦᠷᠤᠨ᠎ᠠ ︔ ᠨᠢᠭᠡᠳᠦᠭᠡᠷ ᠬᠤᠭᠤᠴᠠᠭᠠᠨ ᠤ ᠲᠦᠷᠦᠯ | ᠵᠦᠢᠯ ᠢ 2025 ᠣᠨ ᠤ 4 ᠰᠠᠷ᠎ᠠ ᠠᠴᠠ ᠡᠮᠦᠨ᠎ᠡ ᠡᠬᠢᠯᠡᠭᠦᠯᠵᠦ ᠂ 9 ᠰᠠᠷ᠎ᠠ ᠳᠤ ᠲᠤᠨᠤᠭ ᠲᠥᠬᠦᠭᠡᠷᠦᠮᠵᠢ ᠶᠢ ᠦᠢᠯᠡᠳᠪᠦᠷᠢᠯᠡᠨ ᠭᠠᠷᠭᠠᠬᠤ ᠪᠠᠷ ᠲᠥᠯᠥᠪᠯᠡᠵᠦ ᠪᠤᠢ᠃ | ᠰᠢᠨ᠎ᠡ ᠡᠨᠧᠷᠭᠢ ᠶᠢᠨ ᠳ᠋ᠢᠶᠠᠨ ᡂᠢ ᠶᠢᠨ ᠨᠡᠶᠢᠯᠡᠮᠡᠯ ᠬᠤᠷᠠᠮᠠᠯ ᠤᠷᠤᠰᠤᠩᠬᠦᠢ ᠪᠡᠶᠡᠳᠤ ᠦᠢᠯᠡᠳᠬᠦᠨ ᠤ ᠦᠢᠯᠡᠳᠪᠦᠷᠢᠯᠡᠯ ᠤᠨ ᠲᠥᠷᠥᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ ᠨᠢ ᠪᠠᠷᠤᠭ 60 ᠳ᠋ᠦᠩᠰᠢᠭᠤᠷ ᠲᠥᠭᠦᠷᠢᠭ ᠪᠠᠶᠢᠵᠤ ᠂ ᠵᠢᠯ ᠳᠤ 6 ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠨ ᠰᠢᠨ᠎ᠡ ᠡᠨᠧᠷᠭᠢ ᠶᠢᠨ ᠳ᠋ᠢᠶᠠᠨ | ᡂᠢ ᠶᠢᠨ ᠨᠡᠶᠢᠯᠡᠮᠡᠯ ᠬᠤᠷᠠᠮᠠᠯ ᠤᠷᠤᠰᠤᠩᠬᠦᠢ ᠪᠡᠶᠡᠲᠦ ᠤᠶᠢᠯᠡᠳᠬᠦᠨ ᠢ ᠬᠤᠶᠠᠷ ᠬᠤᠭᠤᠴᠠᠭ᠎ᠠ ᠬᠤᠪᠢᠶᠠᠨ ᠦᠢᠯᠡᠳᠪᠦᠷᠢᠯᠡᠵᠦ ᠂ ᠨᠢᠭᠡᠳᠦᠭᠡᠷ ᠬᠤᠭᠤᠴᠠᠭᠠᠨ ᠳᠤ 2.4 | ᠳ᠋ᠦᠩᠰᠢᠭᠤᠷ ᠲᠡᠭᠰᠢ ᠳᠥᠷᠪᠡᠯᠵᠢᠨ ᠮᠧᠲᠷ ᠦᠢᠯᠡᠳᠪᠦᠷᠢᠯᠡᠵᠦ ᠂ ᠬᠤᠶᠠᠳᠤᠭᠠᠷ ᠬᠤᠭᠤᠴᠠᠭᠠᠨ ᠳᠤ 3.6 ᠳ᠋ᠦᠩᠰᠢᠭᠤᠷ ᠲᠡᠭᠰᠢ ᠳᠥᠷᠪᠡᠯᠵᠢᠨ ᠮᠧᠲᠷ | ᠦᠢᠯᠡᠳᠪᠦᠷᠢᠯᠡᠵᠦ ᠂ ᠨᠢᠭᠡᠳᠦᠭᠡᠷ ᠬᠤᠭᠤᠴᠠᠭᠠᠨ ᠤ ᠬᠤᠷᠠᠮᠠᠯ ᠤᠷᠤᠰᠤᠩᠬᠦᠢ ᠪᠡᠶᠡᠲᠦ ᠶᠢᠨ ᠦᠢᠯᠡᠳᠪᠦᠷᠢᠯᠡᠯ ᠤᠨ ᠱᠤᠭᠤᠮ ᠢ 2025 ᠣᠨ ᠤ 10 ᠰᠠᠷ᠎ᠠ ᠳᠤ ᠪᠦᠬᠦ | ᠲᠠᠯ᠎ᠠ ᠪᠠᠷ ᠠᠵᠢᠯ ᠡᠬᠢᠯᠡᠭᠦᠯᠬᠦ ᠪᠠᠷ ᠲᠥᠯᠥᠪᠯᠡᠵᠦ ᠂ ᠵᠢᠱᠢᠯᠲᠡ ᠪᠠᠷ 2026 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠡᠨᠧᠷᠭᠢ ᠶᠢᠨ ᠳ᠋ᠢᠶᠠᠨ | ᡂᠢ ᠶᠢᠨ ᠨᠡᠶᠢᠯᠡᠮᠡᠯ ᠬᠤᠷᠠᠮᠠᠯ ᠤᠷᠤᠰᠤᠩᠬᠦᠢ ᠪᠡᠶᠡᠲᠦ ᠤᠶᠢᠯᠡᠳᠬᠦᠨ ᠢ ᠪᠠᠷᠤᠭ 6 ᠳ᠋ᠦᠩᠰᠢᠭᠤᠷ ᠲᠡᠭᠰᠢ ᠳᠥᠷᠪᠡᠯᠵᠢᠨ ᠮᠧᠲᠷ ᠦᠢᠯᠡᠳᠪᠦᠷᠢᠯᠡᠨ᠎ᠡ᠃ | 3 ᠰᠠᠷ᠎ᠠ ᠶᠢᠨ 18 ᠤ ᠡᠳᠦᠷ ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠂ | ᠰᠦᠵᠧᠦ ᠶᠢᠨ ᠪᠸᠢ ᠹᠧᠩᠤᠶᠤᠨᠴᠢ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠂ ᠣᠷᠳᠣᠰ ᠬᠤᠲᠠ ᠶᠢᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ | ᠪᠦᠯᠦᠭᠯᠡᠯ ᠂ ᠥᠪᠥᠷ ᠮᠣᠩᠭᠤᠯ ᠤᠨ ᠾᠧᠩ ᠳ᠋ᠦᠩ ᠡᠨᠧᠷᠭᠢ ᠶᠢᠨ ᠪᠦᠯᠦᠭᠯᠡᠯ ᠬᠠᠮᠲᠤᠪᠠᠷ 3D ᠳᠡᠭᠡᠳᠦ ᠲᠠᠰ ᠤᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠤᠨ | ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠤᠨ ᠪᠢᠴᠢᠭ ᠲᠤ ᠭᠠᠷ ᠤᠨ ᠥᠰᠥᠭ ᠵᠢᠷᠤᠪᠠ ᠃ | | ᠵ᠊  | | | ᠵᠷᠤᠭ ᠄ ᠨᠡᠭᠦᠷᠡᠰᠦᠨ ᠤ ᠠᠵᠤ ᠠᠬᠤᠶᠢᠯᠠᠯ ᠨᠢ ᠴᠠᠩ ᠴᠧᠩ ᠬᠦᠨᠳᠦ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠲᠠᠢ ᠰᠢᠨ᠎ᠡ ᠡᠨᠧᠷᠭᠢ ᠶᠢᠨ ᠠᠭᠤᠷᠬᠠᠢ ᠳᠤ | ᠭᠡᠷᠡᠭᠯᠡᠬᠦ ᠠᠴᠢᠶᠠᠨ ᠤ ᠮᠠᠰᠢᠨ ᠢ ᠵᠠᠬᠢᠶᠠᠯᠠᠬᠤ ᠵᠦᠪᠳᠡᠯᠴᠡᠭᠡᠷ ᠲᠣᠭᠲᠠᠵᠤ ᠪᠠᠶᠢᠭ᠎ᠠ ᠨᠢ ᠃ | 3 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠴᠠᠩ ᠴᠧᠩ ᠬᠦᠨᠳᠦ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ ᠲᠠᠢ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠵᠤ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ | ᠰᠢᠨ᠎ᠡ ᠡᠨᠧᠷᠭᠢ ᠶᠢᠨ ᠠᠭᠤᠷᠬᠠᠢ ᠳᠤ ᠭᠡᠷᠡᠭᠯᠡᠬᠦ ᠠᠴᠢᠶᠠᠨ ᠤ ᠮᠠᠰᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠵᠤ ᠂ ᠬᠤᠰᠢᠭᠤᠨ ᠤ ᠳᠣᠲᠣᠷᠠᠬᠢ 16 | ᠨᠡᠭᠦᠷᠡᠰᠦᠨ ᠤ ᠠᠵᠤ ᠠᠬᠤᠶᠢᠯᠠᠯ ᠪᠣᠯᠣᠨ ᠴᠠᠩ ᠴᠧᠩ ᠬᠦᠨᠳᠦ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠠᠬᠤᠢ ᠳᠠᠯᠠᠪᠠᠢ ᠳᠤ 1400 ᠰᠢᠨ᠎ᠡ | ᠡᠨᠧᠷᠭᠢ ᠵᠢᠨᠠᠭᠤᠷᠬᠠᠢ ᠳᠤ ᠭᠡᠷᠡᠭᠯᠡᠬᠦ ᠠᠴᠢᠶᠠᠨ ᠤ ᠮᠠᠰᠢᠨ ᠵᠠᠬᠢᠶᠠᠯᠠᠬᠤ ᠵᠦᠪᠳᠡᠯᠴᠡᠭᠡᠷ ᠲᠣᠭᠲᠠᠪᠠ ᠃ | ᠲᠦᠷᠦᠯ ᠵᠦᠢᠯ ᠨᠢᠭᠡᠪᠦᠷᠢ ᠶᠢ ᠭᠠᠷ ᠤᠨ ᠦᠰᠦᠭ ᠵᠢᠷᠤᠵᠤ ᠤᠷᠤᠨᠵᠢᠭᠤᠯᠤᠬᠰᠠᠨ ᠨᠢ ᠴᠥᠮ ᠵᠡᠭᠦᠨᠭᠠᠷ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠤᠨ ᠠᠵᠤ ᠦᠢᠯᠡᠰ ᠤᠨ ᠬᠦᠷᠢᠶᠡᠨ ᠳᠤ ᠳᠠᠬᠢᠨᠲᠠ ᠴᠢᠬᠤᠯᠠ ᠳᠦᠷᠤᠯ ᠵᠤᠶᠢᠯ ᠤᠳ ᠢ ᠨᠡᠶᠢᠯᠡᠭᠦᠯᠵᠦ ᠂ ᠵᠡᠭᠦᠨᠭᠠᠷ | ᠬᠤᠰᠢᠭᠤᠨ ᠤ ︽518︾ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠢ ᠬᠠᠷᠠᠭᠤᠯᠵᠤ | ᠪᠠᠶᠢᠨ᠎ᠠ᠃ | | ᠦᠢᠯᠡᠴᠢᠯᠡᠩᠡ ᠪᠠᠳᠤᠯᠠᠭ᠎ᠠ ᠶᠢᠨ ᠠᠵᠢᠯ ᠢ ︽ᠳᠠᠬᠢᠨ ᠴᠢᠩᠭᠠᠳᠬᠠᠵᠤ︾ ᠂ | ᠬᠠᠪᠤᠷ ᠤᠨ ᠤᠷᠢᠨ ᠳᠤ ᠰᠢᠨ᠎ᠡ ᠠᠶᠠᠨ ᠢ ᠡᠬᠢᠯᠡᠭᠦᠯᠦᠨ᠎ᠠ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠤᠷᠳᠤᠴᠠ︾ ᠨᠢ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ︽ᠬᠠᠲᠠᠭᠤ ᠲᠤᠯᠭᠠᠭᠤᠷᠢᠯᠠᠯ︾ ᠠᠴᠠ | ᠰᠠᠯᠵᠤ ᠴᠢᠳᠠᠬᠤ ᠦᠭᠡᠢ ᠶᠤᠮ᠃ ᠵᠡᠭᠦᠨᠭᠠᠷ ᠬᠤᠰᠢᠭᠤ ︽ 518 ︾ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠪᠠᠷ ᠭᠠᠷᠳᠠᠴᠠ | ᠪᠣᠯᠭᠠᠵᠤ ᠂ ︽ ᠬᠤᠣᠰ ᠴᠢᠭᠯᠡᠯ ᠢᠶᠠᠷ ᠴᠢᠷᠮᠠᠶᠢᠨ ᠠᠵᠢᠯᠯᠠᠬᠤ ︾ ᠪᠠᠷ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠪᠠᠶᠢᠷᠢᠰᠢᠭᠤᠯᠵᠤ ᠂ ︽ ᠪᠢᠳᠡ ᠰᠠᠶᠢᠲᠤᠷ | ᠦᠢᠯᠡᠴᠢᠯᠡᠵᠦ ᠂ ᠲᠠ ᠨᠠᠷ ᠰᠠᠶᠢᠲᠤᠷ ᠬᠥᠭᠵᠢᠭᠦᠯᠬᠦ ︾ ᠪᠠᠷ ᠣᠶᠢᠯᠠᠭᠠᠭᠳᠠᠬᠤᠨ ᠪᠣᠯᠭᠠᠵᠤ ᠂ ᠴᠢᠬᠤᠯᠠ ᠶᠡᠭᠡ ᠲᠥᠷᠥᠯ ᠵᠦᠢᠯ ᠤᠨ ᠲᠤᠰᠬᠠᠢ ᠠᠩᠭᠢ ᠶᠢ ᠪᠠᠶᠢᠭᠤᠯᠵᠤ ᠂ | ︽ ᠨᠢᠭᠡ ᠲᠥᠷᠥᠯ ᠵᠦᠢᠯ ᠨᠢᠭᠡ ᠨᠠᠷᠢᠨ ᠬᠠᠭᠤᠳᠠᠰᠤ ︾ ᠂ ︽ ᠭᠠᠵᠠᠷ ᠠᠪᠤᠪᠠᠯ ᠳᠠᠷᠤᠢ ᠠᠵᠢᠯ ᠡᠬᠢᠯᠡᠭᠦᠯᠬᠦ ︾ ᠲᠣᠭᠲᠠᠴᠠ ᠶᠢ ᠬᠡᠷᠡᠭᠵᠢᠭᠦᠯᠦᠨ ᠂ ᠭᠠᠵᠠᠷ ᠬᠡᠷᠡᠭᠯᠡᠬᠦ ᠂ | ᠡᠨᠧᠷᠭᠢ ᠬᠡᠷᠡᠭᠯᠡᠬᠦ ᠂ ᠬᠢᠨᠠᠨ ᠵᠥᠪᠰᠢᠶᠡᠷᠡᠬᠦ ᠵᠡᠷᠭᠡ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠤ ᠪᠤᠢ ᠃ | ᠤᠳᠤᠬᠠᠨ ᠪᠣᠯᠲᠠᠯ᠎ᠠ ᠂ ᠵᠡᠭᠦᠨᠭᠠᠷ ᠬᠤᠰᠢᠭᠤ 2025 ᠣᠨ ᠳᠤ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠱᠠᠲᠤᠨ ᠤ ᠲᠣᠬᠢᠷᠠᠭᠤᠯᠤᠯᠲᠠ ᠶᠢᠨ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ 67 ᠲᠥᠷᠥᠯ ᠵᠦᠢᠯ ᠢ ᠬᠡᠷᠡᠭᠵᠢᠭᠦᠯᠵᠦ ᠂ ᠶᠡᠷᠦᠩᠬᠡᠢ ᠪᠡᠯᠡ ᠣᠷᠣᠭᠤᠯᠤᠯᠲᠠ ᠨᠢ 1658.8 ᠳ᠋ᠦᠩᠰᠢᠭᠤᠷ ᠲᠥᠭᠦᠷᠢᠭ ᠪᠠᠶᠢᠵᠤ ᠂ | ᠵᠢᠯ ᠳᠤ 285 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠳᠦᠯᠦᠪᠯᠡᠵᠤ ᠪᠤᠢ ︔ ︽ ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠤᠭᠤᠴᠠᠭᠠᠨ ᠳᠤ 272 ᠳᠦᠷᠤᠯ ᠵᠤᠶᠢᠯ ᠢ ᠭᠤᠣᠯᠳᠠᠯᠭ᠎ᠠ ᠲᠠᠢ ᠬᠡᠷᠡᠭᠵᠢᠭᠦᠯᠬᠦ ᠪᠠᠷ ᠲᠥᠯᠥᠪᠯᠡᠵᠦ ᠂ ᠨᠡᠶᠢᠳᠡ ᠪᠡᠯᠡ ᠣᠷᠣᠭᠤᠯᠤᠯᠲᠠ ᠶᠢ | 2686 ᠳ᠋ᠦᠩᠰᠢᠭᠤᠷ ᠲᠥᠭᠦᠷᠢᠭ ᠲᠤ ᠬᠦᠷᠭᠡᠨ᠎ᠠ᠃ | ᠳᠦᠯᠵᠢᠬᠦ ᠬᠠᠪᠤᠷ ᠤᠨ ᠪᠦᠳᠤᠭᠡᠨ ᠪᠠᠶᠢᠭᠤᠯᠤᠯᠳᠠ ᠶᠢᠨ ᠬᠠᠯᠠᠭᠤᠨ ᠦᠷᠨᠢᠯᠳᠡ ᠳᠤᠮᠳᠠ ᠂ ᠵᠡᠭᠦᠨᠭᠠᠷ ᠬᠤᠰᠢᠭᠤ ᠴᠢᠬᠤᠯᠠ ᠶᠡᠭᠡ ᠲᠦᠷᠦᠯ ᠵᠦᠢᠯ ᠢᠶᠠᠷ ᠲᠤᠯᠬᠤ | ᠴᠡᠭ ᠪᠣᠯᠭᠠᠵᠤ ᠂ ᠠᠵᠤ ᠦᠢᠯᠡᠰ ᠤᠨ ᠳᠡᠰ ᠳᠡᠪᠰᠢᠯᠳᠠ ᠂ ᠠᠮᠢ ᠠᠬᠤᠢ ᠶᠢᠨ ᠰᠠᠶᠢᠵᠢᠷᠠᠯᠲᠠ ᠂ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ︽ᠬᠥᠰᠢᠭᠦᠷᠭᠡ ᠶᠢᠨ | ᠦᠢᠯᠡᠳᠦᠯ ︾ ᠢ ᠪᠠᠳᠠᠷᠠᠭᠤᠯᠵᠤ ᠪᠠᠶᠢᠨ᠎ᠠ᠃ ᠤᠯᠠᠮᠵᠢᠯᠠᠯᠲᠤ ᠡᠨᠧᠷᠭᠢ ᠶᠢᠨ ᠰᠠᠭᠤᠷᠢᠨ ᠭᠠᠵᠠᠷ ᠠᠴᠠ ᠣᠳᠣᠬᠢᠴᠢᠯᠠᠭᠰᠠᠨ ᠶᠡᠷᠦᠩᠬᠡᠶᠢᠯᠡᠭᠰᠡᠨ ᠡᠨᠧᠷᠭᠢ ᠶᠢᠨ ᠬᠤᠳᠠ | ᠳᠡᠶᠢᠰᠢ ᠬᠡᠯᠪᠡᠷᠢ ᠪᠠᠨ ᠬᠤᠪᠢᠷᠠᠭᠤᠯᠵᠤ ᠂ ᠡᠬᠢ ᠪᠠᠶᠠᠯᠢᠭ ᠢᠶᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠳᠡᠶᠢᠰᠢ | ᠳᠠᠪᠠᠯᠲᠠ ᠲᠠᠢ ᠪᠣᠯᠭᠠᠬᠤ ᠳᠤ ᠂ ᠡᠨᠡᠬᠦ ᠬᠠᠯᠠᠭᠤᠨ ᠬᠥᠷᠥᠰᠥᠨ ᠳᠤ ︽ ᠪᠤᠬᠢᠷᠳᠤᠯ ᠦᠭᠡᠢ ᠡᠨᠧᠷᠭᠢ ᠣᠷᠭᠢᠯᠵᠤ ᠂ ᠠᠵᠤ ᠦᠢᠯᠡᠰ ᠬᠥᠭᠵᠢᠨ ᠪᠠᠳᠠᠷᠠᠵᠤ ᠂ ᠬᠤᠳᠠ | ᠬᠥᠳᠡᠭᠡ ᠬᠠᠮᠲᠤᠪᠠᠷ ᠪᠠᠶᠠᠵᠢᠬᠤ︾ᠰᠢᠨ᠎ᠡ ᠵᠢᠷᠤᠭ ᠠᠭᠠᠵᠢᠮ ᠢᠶᠠᠷ ᠳᠡᠯᠭᠡᠭᠳᠡᠨ᠎ᠠ᠃ | | | | | |