| ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ 4 ᠰᠠᠷ᠎ᠠ ᠶᠢᠨ 17 ᠤ ᠣᠷᠣᠢ ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠺᠠᠮᠪᠤᠵᠠ ᠶᠢᠨ ᠲᠡᠷᠢᠭᠦᠨ ᠰᠠᠶᠢᠳ ᠬᠤᠩᠮᠠᠨᠠᠢ ᠲᠠᠢ ᠫᠨᠤᠮ ᠪᠧᠩ ᠤᠨ ᠡᠩᠬᠡ ᠲᠠᠶᠢᠪᠤᠩ ᠲᠣᠮᠣ ᠠᠰᠠᠷ ᠲᠤ ᠬᠡᠯᠡᠯᠴᠡᠭᠡ ᠬᠢᠪᠡ ᠃ ᠬᠤᠶᠠᠷ ᠤᠯᠤᠰ ᠤᠨ | ᠤᠳᠤᠷᠢᠳᠬᠤ ᠬᠥᠮᠥᠨ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ | ᠪᠠᠶᠢᠭᠤᠯᠬᠤ ᠪᠠᠷ ᠰᠠᠨᠠᠯ ᠨᠢᠭᠡᠲᠡᠢ ᠵᠥᠪᠰᠢᠶᠡᠷᠡᠵᠦ ᠂ 2025 ᠣᠨ ᠪᠣᠯ ︽ ᠳᠤᠮᠳᠠᠳᠤ ᠺᠠᠮᠪᠤᠵᠠ ᠶᠢᠨ ᠵᠢᠭᠤᠯᠴᠢᠯᠠᠯ ᠤᠨ ᠣᠨ ︾ ᠪᠣᠯᠣᠨ᠎ᠠ ᠭᠡᠵᠦ ᠨᠡᠶᠢᠲᠡᠯᠡᠪᠡ ᠃ | | 4 ᠰᠠᠷ᠎ᠠ ᠶᠢᠨ 17 ᠤ ᠣᠷᠣᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠮᠪᠤᠵᠠ ᠶᠢᠨ ᠲᠡᠷᠢᠭᠦᠨ ᠰᠠᠶᠢᠳ ᠬᠤᠩᠮᠠᠨᠠᠢ ᠲᠠᠢ ᠫᠨᠤᠮ ᠪᠧᠩ ᠤᠨ ᠡᠩᠬᠡ | ᠲᠠᠶᠢᠪᠤᠩ ᠲᠣᠮᠣ ᠠᠰᠠᠷ ᠲᠤ ᠬᠡᠯᠡᠯᠴᠡᠭᠡ ᠬᠢᠪᠡ ᠃ ︵ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠳ᠋ᠦᠩ ᠰᠡᠭᠦᠳᠡᠷᠯᠡᠪᠡ ︶ | ᠰᠢ ᠶᠢᠨ ᠫᠢᠩ ᠂ ᠳᠤᠮᠳᠠᠳᠤ ᠺᠠᠮᠪᠤᠵᠠ ᠶᠢᠨ ᠬᠠᠳᠠᠨ ᠪᠠᠲᠤ ᠨᠥᠬᠦᠷᠯᠡᠯ ᠥᠨᠢ ᠤᠳᠠᠭᠠᠨ ᠲᠡᠦᠬᠡ ᠲᠠᠢ ᠂ ᠪᠠᠲᠤ ᠪᠠᠬᠢ ᠤᠯᠤᠰ ᠲᠦᠷᠤ ᠶᠢᠨ ᠰᠠᠭᠤᠷᠢ ᠲᠠᠢ ᠂ | ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠲᠠᠢ ᠶᠤᠮ ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠬᠤᠶᠠᠷ ᠤᠯᠤᠰ ᠢᠮᠠᠭᠲᠠ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠡᠮᠦᠨ᠎ᠡ ᠡᠩᠨᠡᠭᠡᠨ ᠳᠤ ᠶᠠᠪᠤᠬᠤ ᠪᠣᠯᠣᠨ᠎ᠠ ᠃ ᠣᠳᠣᠬᠠᠨ ᠳᠤ ᠳᠡᠯᠡᠬᠡᠢ ᠳ᠋ᠠᠬᠢᠨ ᠤ | ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠪᠦᠷᠢᠮᠦᠰᠦᠨ ᠨᠡᠶᠢᠴᠡᠨ᠎ᠡ ᠃ ᠳᠤᠮᠳᠠᠳᠤ | ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠺᠠᠮᠪᠤᠵᠠ ᠶᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠥ ᠂ | ᠺᠠᠮᠪᠤᠵᠠ ᠶᠢᠨ ᠵᠠᠰᠠᠭ ᠤᠨ ᠣᠷᠳᠣᠨ ᠤ ᠤᠷᠤᠭᠰᠢᠲᠠᠢ ᠪᠠᠷ ᠵᠠᠰᠠᠭ ᠶᠠᠪᠤᠭᠤᠯᠬᠤ ᠶᠢ ᠲᠡᠮᠵᠢᠵᠥ ᠂ ᠺᠠᠮᠪᠤᠵᠠ ᠶᠢᠨ ᠬᠢᠨ ᠤ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ | ᠶᠠᠪᠤᠳᠠᠯ ᠳᠤ ᠨᠡᠩ ᠴᠢᠬᠤᠯᠠ ᠦᠢᠯᠡᠳᠦᠯ ᠦᠵᠡᠭᠦᠯᠭᠦ ᠶᠢ ᠲᠡᠮᠵᠢᠨ᠎ᠡ ᠃ ᠬᠤᠶᠠᠷ ᠲᠠᠯ᠎ᠠ ᠪᠠᠷ ᠢᠶᠠᠨ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ ᠺᠠᠮᠪᠤᠵᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠰᠢᠨ᠎ᠡ ᠭᠠᠷᠤᠭ᠎ᠠ ᠪᠤᠯᠭᠠᠵᠤ ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ ᠂ ᠰᠢᠨ᠎ᠡ | ᠬᠡᠪᠯᠡᠯ ᠤᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠰᠠᠶᠢᠲᠤᠷ | ᠨᠠᠶᠢᠳᠠᠪᠤᠷᠢᠵᠢᠭᠤᠯᠵᠤ ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ | ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ ᠂ ᠨᠡᠩ ᠥᠨᠳᠥᠷ ᠲᠦᠪᠰᠢᠨ | ᠪᠦᠬᠦᠢ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ ᠂ ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ ᠂ ᠨᠡᠩ | ᠥᠨᠳᠥᠷ ᠳᠠᠪᠬᠤᠷᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠪᠠᠬᠢᠵᠢᠭᠦᠯᠵᠦ ᠂ ᠨᠡᠩ ᠥᠨᠳᠥᠷ ᠳᠠᠪᠲᠠᠮᠵᠢᠲᠤ ᠰᠣᠶᠣᠯ ᠢᠷᠭᠡᠨᠰᠢᠯ ᠤᠨ ᠰᠣᠯᠢᠯᠴᠠᠭ᠎ᠠ ᠶᠢ | ᠥᠷᠨᠢᠭᠦᠯᠵᠦ ᠂ ᠨᠡᠩ ᠥᠨᠳᠥᠷ ᠪᠠᠷᠢᠮᠵᠢᠶ᠎ᠠ ᠪᠦᠬᠦᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ ᠂ ᠬᠤᠶᠠᠷ ᠤᠯᠤᠰ ᠤᠨ ᠠᠷᠠᠳ ᠲᠦᠮᠡᠨ ᠳᠤ | ᠨᠡᠩ ᠰᠠᠶᠢᠲᠤᠷ ᠪᠤᠶᠠᠨ ᠦᠢᠯᠡᠳᠦᠶ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠺᠠᠮᠪᠤᠵᠠ ᠶᠢᠨ ᠵᠠᠰᠠᠭ ᠤᠨ ᠣᠷᠳᠣᠨ ᠤ ᠬᠤᠭᠤᠷᠣᠨᠳᠣᠭᠢ ᠵᠣᠬᠢᠴᠠᠭᠤᠯᠬᠤ ᠵᠥᠪᠯᠡᠯ ᠤᠨ ᠲᠣᠭᠲᠠᠴᠠ ᠶᠢ ᠰᠠᠶᠢᠲᠤᠷ ᠠᠰᠢᠭᠯᠠᠵᠤ ᠂ | ᠬᠤᠶᠠᠷ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠂ ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠤᠨ ︽ 2+2 ︾ ᠪᠠᠶᠢᠯᠳᠤᠬᠤ | ᠪᠣᠳᠣᠯᠭ᠎ᠠ ᠶᠢᠨ ᠶᠠᠷᠢᠯᠴᠠᠭ᠎ᠠ ᠶᠢ ᠰᠠᠶᠢᠲᠤᠷ ᠬᠢᠵᠦ ᠂ ᠨᠠᠮ ᠤᠨ ᠬᠤᠭᠤᠷᠣᠨᠳᠣᠭᠢ ᠂ ᠬᠠᠤᠯᠢ ᠲᠣᠭᠲᠠᠭᠠᠬᠤ ᠪᠠᠶᠢᠭᠤᠯᠤᠮᠵᠢ ᠵᠡᠷᠭᠡ ᠠᠷᠭ᠎ᠠ ᠵᠠᠮ ᠤᠨ ᠶᠠᠪᠤᠯᠴᠠᠭ᠎ᠠ ᠪᠠᠨ | ᠴᠢᠩᠭᠠᠳᠬᠠᠵᠤ ᠂ ᠠᠶᠤᠯ ᠲᠦᠭᠰᠢᠭᠦᠷᠢ ᠪᠠ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ ᠂ ᠬᠤᠶᠠᠷ ᠲᠠᠯ᠎ᠠ ᠶᠢᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ ᠃ | ᠳᠤᠮᠳᠠᠳᠤ ᠤᠯᠤᠰ ᠳᠤᠷᠠᠲᠠᠶ᠎ᠠ ᠺᠠᠮᠪᠤᠵᠠ ᠯᠤᠭ᠎ᠠ ᠠᠵᠠ ᠲᠣᠭᠢᠶᠠᠯ ᠢ ᠬᠠᠮᠲᠤ ᠪᠠᠷ ᠡᠳ᠋ᠯᠡᠵᠦ ᠂ ᠬᠥᠭᠵᠢᠯᠲᠡ ᠶᠢ ᠬᠠᠮᠲᠤ ᠪᠠᠷ ᠡᠷᠢᠯᠬᠢᠯᠡᠨ᠎ᠡ ᠃ ᠬᠤᠶᠠᠷ ᠲᠠᠯ᠎ᠠ ᠪᠠᠷ ᠢᠶᠠᠨ | ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠶᠡᠭᠡ ᠪᠠᠷ ᠠᠬᠢᠭᠤᠯᠵᠤ ᠂ ︽ ᠠᠯᠮᠠᠰ ᠵᠢᠷᠭᠤᠭᠠᠨ ᠲᠠᠯ᠎ᠠ ︾ | ᠶᠢᠨ ᠬᠠᠮᠲᠤᠷᠠᠯᠴᠠᠭᠠᠨ ᠤ ᠪᠦᠲᠦᠴᠡ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠶ᠎ᠡ ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠠᠮᠪᠤᠵᠠ ᠳᠤ ᠬᠦᠷᠴᠦ ᠪᠡᠯᠡ | ᠣᠷᠣᠭᠤᠯᠬᠤ ᠶᠢ ᠵᠣᠷᠢᠭᠵᠢᠭᠤᠯᠵᠤ ᠂ ᠺᠠᠮᠪᠤᠵᠠ ᠳᠤ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠢ ᠨᠡᠭᠡᠭᠡᠵᠦ ᠂ ᠺᠠᠮᠪᠤᠵᠠ ᠶᠢᠨ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠬᠦᠨ ᠢ ᠨᠡᠩ ᠤᠯᠠᠨ ᠣᠷᠣᠭᠤᠯᠤᠨ᠎ᠠ ᠃ ᠬᠤᠶᠠᠷ ᠤᠯᠤᠰ ᠤᠨ ᠠᠷᠠᠳ ᠲᠦᠮᠡᠨ ᠣᠶᠢᠯᠠᠭᠠᠯᠴᠠᠭ᠎ᠠ ᠪᠣᠯᠣᠨ ᠨᠥᠭᠦᠷᠰᠡᠭ ᠬᠠᠶᠢᠷ᠎ᠠ ᠰᠡᠳᠬᠢᠯᠭᠡ ᠪᠠᠨ | ᠵᠤᠵᠠᠭᠠᠳᠬᠠᠵᠤ ᠂ ᠳᠤᠮᠳᠠᠳᠤ ᠺᠠᠮᠪᠤᠵᠠ ᠶᠢᠨ ᠪᠣᠯᠪᠠᠰᠤᠨ ᠤ ᠰᠣᠯᠢᠯᠴᠠᠭ᠎ᠠ ᠪᠠᠨ ᠬᠠᠷᠢᠯᠴᠠᠨ ᠲᠣᠯᠢ ᠪᠤᠯᠭᠠᠬᠤ ᠶᠢ ᠠᠬᠢᠭᠤᠯᠤᠶ᠎ᠠ ᠃ ᠳᠤᠮᠳᠠᠳᠤ ᠤᠯᠤᠰ ᠦᠷᠭᠦᠯᠵᠢᠯᠡᠨ | ᠺᠠᠮᠪᠤᠵᠠ ᠳᠤ ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠬᠠᠩᠭᠠᠵᠤ ᠂ ᠳᠤᠮᠳᠠᠳᠤ ᠺᠠᠮᠪᠤᠵᠠ ᠶᠢᠨ ᠵᠠᠯᠠᠭᠤᠴᠤᠳ ᠤᠨ ᠶᠠᠷᠢᠯᠴᠠᠭ᠎ᠠ | ᠰᠣᠯᠢᠯᠴᠠᠭᠠᠨ ᠤ ᠲᠣᠭᠲᠠᠴᠠ ᠶᠢ ᠪᠠᠶᠢᠭᠤᠯᠬᠤ ᠶᠢ ᠳᠡᠮᠵᠢᠵᠦ ᠂ ᠣᠷᠣᠨ ᠨᠤᠲᠤᠭ ᠂ ᠵᠠᠭᠤᠴᠢᠯᠠᠭᠤᠷ ᠂ ᠤᠶᠤᠨ ᠤ ᠬᠥᠮᠥᠷᠭᠡ ᠶᠢᠨ ᠲᠠᠯ᠎ᠠ ᠪᠠᠷ ᠨᠡᠩ ᠤᠯᠠᠨ | ᠰᠣᠯᠢᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠢ ᠶᠠᠪᠤᠬᠤ ᠳᠤᠳᠤᠮ ᠣᠶᠢᠷᠠᠲᠤᠭᠤᠯᠵᠤ ᠂ ᠶᠠᠪᠤᠬᠤ ᠳᠤᠳᠤᠮ ᠳᠣᠲᠣᠨᠣ | ᠪᠣᠯᠭᠠᠨ᠎ᠠ ᠃ ᠬᠤᠶᠠᠷ ᠲᠠᠯ᠎ᠠ ᠪᠠᠷ ᠢᠶᠠᠨ ᠨᠡᠩ ᠬᠦᠴᠦᠲᠡᠢ ᠂ ᠨᠡᠩ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠰᠦᠯᠵᠢᠶᠡᠨ ᠳᠡᠭᠡᠷ᠎ᠡ ᠵᠣᠭᠤᠰ ᠮᠥᠷᠦ᠋ᠢᠴᠡᠬᠦ ᠴᠠᠭᠢᠯᠭᠠᠨ | ᠴᠢᠮᠡᠭᠡ ᠬᠤᠯᠪᠣᠭᠠᠨ ᠤ ᠮᠡᠬᠡᠯᠡᠯ ᠳᠤ ᠡᠷᠡᠰ ᠴᠣᠬᠢᠯᠲᠠ ᠥᠭᠴᠦ ᠂ ᠨᠡᠶᠢᠭᠡᠮ ᠤᠨ ᠠᠮᠤᠷ ᠲᠣᠭᠲᠠᠭᠤᠨ ᠪᠣᠯᠣᠨ ᠭᠠᠵᠠᠷ ᠣᠷᠣᠨ ᠤ ᠤᠯᠤᠰ ᠤᠳ ᠤᠨ ᠬᠡᠪ ᠤᠨ | ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠶ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠳᠤᠮᠳᠠᠳᠤ ᠺᠠᠮᠪᠤᠵᠠ ᠬᠤᠶᠠᠷ ᠤᠯᠤᠰ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠴᠢᠬᠤᠯᠠ ᠬᠦᠴᠦᠨ ᠪᠣᠯᠤᠭᠰᠠᠨ ᠤ | ᠬᠤᠪᠢ ᠳᠤ ᠡᠩᠬᠡ ᠲᠠᠶᠢᠪᠤᠩ ᠂ ᠪᠦᠯᠬᠦᠮᠳᠡᠯ ᠂ ᠬᠠᠮᠲᠤᠷᠠᠯᠴᠠᠭ᠎ᠠ ᠶᠢᠨ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢᠶᠠᠨ ᠪᠠᠲᠤ ᠰᠠᠬᠢᠵᠤ ᠂ ᠭᠠᠭᠴᠠ ᠲᠠᠯ᠎ᠠ ᠶᠢᠨ | ᠡᠵᠡᠷᠬᠡᠭ ᠠᠵᠢᠯᠯᠠᠭ᠎ᠠ ᠶᠢ ᠡᠰᠡᠷᠭᠦᠴᠡᠵᠦ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠦᠶ᠎ᠡ ᠃ ᠪᠦᠯᠦᠭᠯᠡᠯ ᠤᠨ ᠡᠰᠡᠷᠭᠦᠴᠡᠯᠳᠦᠯ ᠪᠠ ᠯᠡᠭᠧᠷ ᠤᠨ | ᠡᠰᠡᠷᠭᠦᠴᠡᠯᠳᠦᠯ ᠢ ᠡᠷᠡᠰ ᠡᠰᠡᠷᠭᠦᠴᠡᠵᠦ ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠂ ᠯᠠᠨᠼᠠᠩᠵᠢᠶᠠᠩ ᠮᠥᠷᠡᠨ ᠮᠦᠢᠭᠤᠩ ᠮᠥᠷᠡᠨ ᠤ | ᠬᠠᠮᠲᠤᠷᠠᠯᠴᠠᠭ᠎ᠠ ᠵᠡᠷᠭᠡ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠲᠤᠬᠠᠢ ᠶᠢᠨ ᠭᠠᠵᠠᠷ ᠣᠷᠣᠨ ᠤ ᠭᠢᠯᠪᠡᠷ | ᠪᠤᠰᠤ ᠪᠠᠷ ᠢᠷᠡᠭᠰᠡᠨ ᠡᠩᠬᠡ ᠲᠠᠶᠢᠪᠤᠩ ᠬᠥᠭᠵᠢᠯᠲᠡ ᠶᠢᠨ ᠪᠠᠶᠢᠳᠠᠯ ᠢ ᠬᠠᠮᠲᠤ ᠪᠠᠷ ᠬᠠᠮᠠᠭᠠᠯᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠶ᠎ᠡ ᠭᠡᠵᠦ ᠵᠢᠭᠠᠵᠤ ᠭᠠᠷᠭᠠᠪᠠ ᠃ | ᠬᠤᠩᠮᠠᠨᠠᠢ ᠂ ᠺᠠᠮᠪᠤᠵᠠ ᠪᠣᠯᠣᠨ ᠳᠤᠮᠳᠠᠳᠤ ᠤᠯᠤᠰ ᠤᠷᠳᠤ ᠬᠤᠭᠤᠴᠠᠭᠠᠨ ᠤ ᠲᠤᠷᠰᠢ ᠬᠠᠷᠢᠯᠴᠠᠨ ᠭᠦᠨᠳᠦᠳᠭᠡᠵᠦ ᠂ ᠡᠷᠬᠡ ᠲᠡᠭᠰᠢ ᠬᠠᠨᠳᠤᠭᠰᠠᠭᠠᠷ ᠢᠷᠡᠵᠠᠢ ᠂ | ᠳᠤᠮᠳᠠᠳᠤ ᠤᠯᠤᠰ ᠪᠣᠯ ᠺᠠᠮᠪᠤᠵᠠ ᠶᠢᠨ ᠬᠠᠮᠤᠭ ᠤᠨ ᠨᠠᠶᠢᠳᠠᠪᠤᠷᠢᠲᠠᠢ ᠂ ᠬᠠᠮᠤᠭ ᠤᠨ ᠢᠲᠡᠭᠡᠯ ᠲᠠᠢ ᠨᠠᠶᠢᠵᠠ ᠮᠥᠨ ᠃ ᠲᠡᠷᠢᠭᠦᠯᠡᠭᠴᠢ ᠰᠢ ᠶᠢᠨ ᠫᠢᠩ ᠤᠨ ᠡᠨᠡ | ᠤᠳᠠᠭ᠎ᠠ ᠶᠢᠨ ᠠᠶᠢᠯᠴᠢᠯᠠᠯᠲᠠ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠶᠢ ᠭᠦᠨᠵᠡᠭᠡᠶᠢᠷᠡᠭᠦᠯᠵᠦ ᠂ | ᠺᠠᠮᠪᠤᠵᠠ ᠲᠤᠮᠳᠠᠳᠤ ᠶᠢᠨ ᠰᠢᠨ᠎ᠡ ᠴᠠᠭ ᠦᠶ᠎ᠡ ᠶᠢᠨ ᠥᠨᠢᠳᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠦᠴᠦᠲᠡᠢ ᠠᠬᠢᠭᠤᠯᠬᠤ | ᠪᠣᠯᠣᠨ᠎ᠠ ᠃ ᠺᠠᠮᠪᠤᠵᠠ ᠶᠢᠨ ᠬᠢᠨ ᠳᠤᠮᠳᠠᠳᠤ ᠤᠯᠤᠰ ᠤᠨ ᠣᠯᠣᠭᠰᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠳᠤ ᠪᠠᠶᠠᠷ ᠬᠦᠷᠭᠡᠵᠦ | ᠪᠠᠶᠢᠨ᠎ᠠ ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦ ᠶᠢ ᠪᠠᠲᠤ ᠢᠲᠡᠭᠡᠵᠦ ᠪᠠᠶᠢᠨ᠎ᠠ ᠃ ᠳᠤᠮᠳᠠᠳᠤ ᠶᠢᠨ ᠲᠠᠯ᠎ᠠ ᠶᠢᠨ ᠬᠢᠨ ᠤ ᠺᠠᠮᠪᠤᠵᠠ ᠶᠢᠨ ᠠᠵᠤ | ᠠᠬᠤᠢ ᠶᠢᠨ ᠬᠥᠭᠵᠢᠯᠲᠡ ᠪᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠬᠠᠮᠠᠭᠠᠯᠠᠬᠤ ᠶᠢ ᠶᠡᠭᠡ ᠪᠠᠷ ᠳᠡᠮᠵᠢᠵᠦ ᠪᠠᠶᠢᠬᠤ ᠳᠤ ᠲᠠᠯᠠᠷᠬᠠᠵᠤ ᠪᠠᠶᠢᠨ᠎ᠠ ᠃ | ᠺᠠᠮᠪᠤᠵᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠵᠢᠷᠤᠮᠯᠠᠵᠤ ᠂ ᠳᠤᠮᠳᠠᠳᠤ ᠤᠯᠤᠰ ᠤᠨ ᠡᠷᠬᠡ ᠮᠡᠳᠡᠯ ᠪᠣᠯᠣᠨ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠶᠢ ᠲᠡᠮᠵᠢᠨ᠎ᠠ ᠃ ᠺᠠᠮᠪᠤᠵᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠨᠥᠬᠦᠷᠯᠡᠯ ᠢᠶᠠᠨ ᠪᠠᠲᠤᠳᠬᠠᠵᠤ ᠂ | ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ ᠂ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠤ | ᠬᠠᠮᠲᠤᠷᠠᠯᠴᠠᠭ᠎ᠠ ᠪᠠᠨ ᠴᠢᠩᠭᠠᠳᠬᠠᠵᠤ ᠂ ᠪᠣᠯᠣᠳ ᠮᠡᠲᠦ ᠪᠠᠲᠤ ᠨᠥᠬᠦᠷᠯᠡᠯ ᠢᠶᠠᠨ ᠭᠦᠨᠵᠡᠭᠡᠶᠢᠷᠡᠭᠦᠯᠦᠨ᠎ᠡ ᠃ ᠳᠤᠮᠳᠠᠳᠤ ᠤᠯᠤᠰ ᠪᠣᠯ ᠺᠠᠮᠪᠤᠵᠠ ᠶᠢᠨ ᠬᠠᠮᠤᠭ ᠤᠨ | ᠲᠣᠮᠣ ᠠᠷᠠᠯᠵᠢᠶᠠᠨ ᠤ ᠬᠠᠨᠢᠲᠠᠨ ᠪᠠ ᠬᠠᠮᠤᠭ ᠤᠨ ᠲᠣᠮᠣ ᠪᠡᠯᠡ ᠣᠷᠣᠭᠤᠯᠤᠯᠲᠠ ᠶᠢᠨ ᠢᠷᠡᠯᠲᠡ ᠤᠯᠤᠰ ᠪᠣᠯᠣᠨ᠎ᠠ ᠂ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠠᠵᠤ ᠠᠬᠤᠢ ᠠᠷᠠᠯᠵᠢᠶ᠎ᠠ ᠂ ᠪᠡᠯᠡ ᠣᠷᠣᠭᠤᠯᠤᠯᠲᠠ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠂ ᠬᠥᠳᠡᠭᠡ ᠠᠵᠤ ᠠᠬᠤᠢ ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ ᠂ ᠰᠦᠯᠵᠢᠶᠡᠨ ᠳᠡᠭᠡᠷ᠎ᠡ ᠵᠣᠭᠤᠰ ᠮᠥᠷᠦ᠋ᠢᠴᠡᠬᠦ | ᠴᠠᠭᠢᠯᠭᠠᠨ ᠴᠢᠮᠡᠭᠡ ᠬᠤᠯᠪᠤᠭ᠎ᠠ ᠰᠦᠯᠵᠢᠶᠡᠨ ᠮᠡᠬᠡᠯᠡᠯ ᠳᠤ ᠬᠠᠮᠲᠤ ᠪᠠᠷ ᠴᠣᠬᠢᠯᠲᠠ ᠥᠭᠭᠦᠨ᠎ᠡ ︔ ᠰᠤᠷᠭᠠᠨ ᠬᠥᠮᠦᠵᠢᠯ ᠂ ᠰᠣᠶᠣᠯ ᠵᠡᠷᠭᠡ ᠰᠣᠶᠣᠯ ᠢᠷᠭᠡᠨᠰᠢᠯ ᠤᠨ | ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠵᠤ ᠂ ︽ ᠺᠠᠮᠪᠤᠵᠠ ᠳᠤᠮᠳᠠᠳᠤ ᠶᠢᠨ ᠵᠢᠭᠤᠯᠴᠢᠯᠠᠯ ᠤᠨ ᠣᠨ ︾ ᠢ ᠰᠠᠶᠢᠲᠤᠷ ᠡᠷᠭᠢᠯᠡᠨ᠎ᠡ ᠃ ᠺᠠᠮᠪᠤᠵᠠ ᠶᠢᠨ ᠬᠢᠨ | ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ ᠦᠵᠡᠭᠦᠯᠦᠭᠰᠡᠨ ᠢᠳᠡᠪᠬᠢᠲᠡᠢ ᠦᠢᠯᠡᠳᠦᠯ ᠢ ᠳᠡᠭᠡᠳᠦ ᠬᠡᠮᠵᠢᠶ᠎ᠡ ᠪᠠᠷ ᠮᠠᠭᠲᠠᠨ | ᠰᠠᠶᠢᠰᠢᠶᠠᠵᠤ ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠣᠶᠢᠯᠠᠭᠠᠭᠳᠠᠬᠤᠨ ᠂ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠪᠣᠯᠣᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ | ᠬᠠᠮᠲᠤᠷᠠᠯᠴᠠᠭ᠎ᠠ ᠶᠢ ᠲᠡᠮᠵᠢᠨ᠎ᠠ ᠃ ᠭᠠᠭᠴᠠ ᠲᠠᠯᠠᠲᠤ ᠦᠵᠡᠯ ᠳᠡᠯᠡᠬᠡᠢ ᠶᠢᠨ ᠪᠠᠶᠢᠳᠠᠯ ᠢ ᠲᠣᠭᠲᠠᠭᠤᠨ ᠪᠤᠰᠤ ᠪᠤᠯᠭᠠᠵᠤ ᠂ ᠤᠯᠠᠨ ᠲᠠᠯᠠᠲᠤ ᠠᠷᠠᠯᠵᠢᠶᠠᠨ ᠤ ᠰᠢᠰᠲ᠋ᠧᠮ | ᠴᠣᠬᠢᠯᠲᠠ ᠳᠤ ᠤᠴᠠᠷᠠᠭᠰᠠᠨ ᠪᠠᠶᠢᠳᠠᠯ ᠤᠨ ᠳᠣᠣᠷ᠎ᠠ ᠂ ᠳᠤᠮᠳᠠᠳᠤ ᠤᠯᠤᠰ ᠤᠳᠤᠷᠢᠳᠬᠤ ᠦᠢᠯᠡᠳᠦᠯ ᠢᠶᠠᠨ ᠪᠠᠳᠠᠷᠠᠭᠤᠯᠵᠤ ᠂ ᠳᠡᠯᠡᠬᠡᠢ ᠳ᠋ᠠᠬᠢᠨ ᠳᠤ ᠡᠷᠬᠢᠮ ᠨᠠᠨᠳᠢᠨ | ᠲᠣᠬᠲᠠᠭᠠᠯᠳᠤ ᠴᠢᠨᠠᠷ ᠢ ᠬᠠᠩᠭᠠᠵᠠᠢ ᠃ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ ᠂ | ᠬᠤᠶᠠᠷ ᠲᠠᠯ᠎ᠠ ᠶᠢᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ ᠺᠠᠮᠪᠤᠵᠠ ᠬᠤᠶᠠᠷ ᠲᠠᠯ᠎ᠠ ᠪᠠᠷ ᠢᠶᠠᠨ 30 ᠭᠠᠷᠤᠢ ᠬᠤᠪᠢ | ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ ᠂ ᠦᠢᠯᠡᠳᠪᠦᠷᠢᠯᠡᠯ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠂ | ᠵᠣᠬᠢᠶᠠᠮᠠᠯ ᠤᠶᠤᠨ ᠴᠢᠳᠠᠪᠤᠷᠢ ᠂ ᠬᠥᠭᠵᠢᠯᠲᠡ ᠳᠤ ᠲᠤᠰᠠᠯᠠᠮᠵᠢ ᠦᠵᠡᠭᠦᠯᠭᠦ ᠂ ᠪᠣᠭᠤᠮᠲᠠ ᠶᠢᠨ ᠰᠢᠯᠭᠠᠨ ᠪᠠᠶᠢᠴᠠᠭᠠᠯᠲᠠ ᠬᠢᠵᠢᠭ ᠤᠨ ᠪᠠᠶᠢᠴᠠᠭᠠᠯᠲᠠ ᠂ ᠡᠷᠡᠭᠦᠯ | ᠬᠠᠮᠠᠭᠠᠯᠠᠯ ᠂ ᠰᠣᠨᠢᠨ ᠮᠡᠳᠡᠭᠡ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ ᠃ | ᠬᠤᠶᠠᠷ ᠲᠠᠯ᠎ᠠ ᠪᠠᠷ ᠢᠶᠠᠨ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠺᠠᠮᠪᠤᠵᠠ ᠸᠠᠩᠲᠤ ᠤᠯᠤᠰ ᠤᠨ ᠰᠢᠨ᠎ᠡ ᠴᠠᠭ ᠦᠶ᠎ᠡ ᠶᠢᠨ | ᠥᠨᠢᠳᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠂ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ ᠃ | ᠼᠠᠢ ᠴᠢ ᠂ ᠸᠠᠩ ᠢ ᠂ ᠸᠠᠩ ᠰᠢᠶᠣᠣ ᠬᠤᠩ ᠨᠠᠷ ᠣᠷᠣᠯᠴᠠᠵᠠᠢ ᠃ | | |