| ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 18 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ ᠂ | ᠠᠵᠢᠯ ᠣᠯᠭᠤᠯᠲᠠ ᠪᠠ ᠠᠵᠤ ᠠᠬᠤᠢ ᠶᠢ ᠲᠣᠭᠲᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠰᠤᠳᠤᠯᠵᠤ ᠂ ︽ 3 · | 15 ︾ ᠦᠳᠡᠰᠢᠯᠡᠭᠡ ᠪᠠᠷ ᠢᠯᠡᠴᠢᠯᠡᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ︽ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠬᠠᠤᠯᠢ ︵ ᠡᠬᠡ ᠲᠥᠰᠥᠯ ︶ ︾ ᠶᠢ ᠶᠠᠷᠢᠯᠴᠠᠵᠤ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠷᠭᠤᠮᠠᠯ ᠤᠨ ᠰᠢᠨ᠎ᠡ ᠦᠷ᠎ᠡ ᠡᠭᠦᠯᠳᠡᠷ ᠢ ᠬᠠᠮᠠᠭᠠᠯᠠᠬᠤ ᠳᠦᠷᠢᠮ ︵ ᠵᠠᠰᠠᠪᠤᠷᠢ ᠣᠷᠣᠭᠤᠯᠤᠭᠰᠠᠨ ᠡᠬᠡ ᠲᠥᠰᠥᠯ ︶ ︾ ᠢ ᠬᠢᠨᠠᠨ ᠶᠠᠷᠢᠯᠴᠠᠵᠤ ᠪᠠᠲᠤᠯᠠᠪᠠ ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ ᠣᠷᠴᠢᠨ ᠳᠤ ᠬᠠᠨᠳᠤᠵᠤ ᠂ ᠲᠥᠪ ᠤᠨ ᠠᠵᠤ | ᠠᠬᠤᠢ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ ᠂ ︽ ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠳᠤ | ᠲᠣᠳᠣᠷᠬᠠᠶᠢᠯᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠦᠴᠦᠯᠡᠨ ᠨᠠᠶᠢᠳᠠᠪᠤᠷᠢᠵᠢᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ | ᠲᠣᠭᠲᠠᠭᠠᠨ ᠂ ᠰᠥᠷᠭᠡᠦ ᠦᠶᠡᠯᠡᠯ ᠤᠨ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ ᠂ ᠠᠵᠢᠯ ᠣᠯᠭᠤᠯᠲᠠ ᠪᠠ ᠭᠠᠳᠠᠭᠠᠳᠤ ᠠᠷᠠᠯᠵᠢᠶ᠎ᠠ ᠶᠢ | ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ ᠂ ᠬᠡᠷᠡᠭᠯᠡᠭᠡ ᠶᠢ ᠠᠬᠢᠭᠤᠯᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠷ ᠬᠦᠴᠦᠯᠡᠨ ᠴᠢᠷᠮᠠᠶᠢᠵᠤ ᠂ | ᠪᠦᠲᠦᠴᠡ ᠶᠢ ᠰᠢᠯᠢᠳᠡᠭᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ | ᠬᠦᠴᠦᠷᠬᠡᠭᠵᠢᠭᠦᠯᠦᠨ ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠠᠵᠢᠯ | ᠣᠯᠭᠤᠯᠲᠠ ᠶᠢ ᠢᠳᠡᠪᠬᠢᠲᠡᠢ ᠲᠣᠭᠲᠠᠪᠤᠷᠢᠵᠢᠭᠤᠯᠤᠨ ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ ᠂ ᠬᠥᠳᠡᠯᠮᠦᠷᠢ ᠪᠠᠷ | ᠲᠡᠳᠬᠦᠮᠵᠢ ᠶᠢ ᠣᠷᠣᠯᠠᠭᠤᠯᠬᠤ ᠵᠡᠷᠭᠡ ᠳᠡᠮᠵᠢᠯᠭᠡ ᠶᠢ ᠥᠷᠭᠡᠳᠬᠡᠵᠦ ᠂ ᠠᠵᠢᠯ ᠣᠯᠭᠤᠯᠲᠠ ᠳᠤ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ ᠃ | ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠬᠥᠭᠵᠢᠯᠲᠡ ᠶᠢ ᠲᠣᠭᠲᠠᠪᠤᠷᠢᠵᠢᠭᠤᠯᠵᠤ ᠂ ᠨᠢᠭᠡ ᠠᠵᠢᠯ ᠲᠦᠷᠦᠯ ᠳᠤ ᠨᠢᠭᠡ ᠠᠷᠭ᠎ᠠ ᠪᠣᠳᠣᠯᠭ᠎ᠠ ᠂ ᠨᠢᠭᠡ ᠠᠵᠤ | ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠯᠢ ᠶᠢᠨ | ᠳᠣᠲᠣᠭᠠᠳᠤ ᠳᠤ ᠳᠠᠬᠢᠨᠲᠠ ᠪᠡᠯᠡ ᠣᠷᠣᠭᠤᠯᠬᠤ ᠶᠢ ᠳᠡᠮᠵᠢᠬᠦ ᠬᠡᠷᠡᠭᠲᠡᠢ ᠃ ᠨᠠᠰᠤᠵᠢᠯ ᠤᠨ ᠠᠰᠠᠷᠠᠮᠵᠢ ᠂ ᠦᠷᠡᠵᠢᠯ ᠂ ᠰᠣᠶᠣᠯ ᠂ ᠵᠢᠭᠤᠯᠴᠢᠯᠠᠯ ᠵᠡᠷᠭᠡ ᠦᠢᠯᠡᠴᠢᠯᠡᠭᠡᠨ ᠤ | ᠬᠡᠷᠡᠭᠯᠡᠭᠡ ᠶᠢ ᠠᠬᠢᠭᠤᠯᠵᠤ ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠢᠳᠡᠪᠬᠢᠵᠢᠯ ᠢ | ᠶᠡᠭᠡ ᠪᠠᠷ ᠬᠥᠭᠵᠢᠭᠡᠬᠦ ᠬᠡᠷᠡᠭᠲᠡᠢ ᠃ ᠰᠲ᠋ᠣᠺ ᠤᠨ ᠵᠠᠬ᠎ᠠ ᠳᠡᠯᠭᠡᠭᠦᠷ ᠢ ᠦᠷᠭᠦᠯᠵᠢᠯᠡᠨ ᠲᠣᠭᠲᠠᠪᠤᠷᠢᠵᠢᠭᠤᠯᠵᠤ ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠲᠣᠭᠲᠠᠭᠤᠨ ᠡᠷᠡᠭᠦᠯ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠃ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠬᠡᠷᠡᠭᠵᠢᠭᠦᠯᠦᠮᠡᠭᠴᠡ ᠠᠵᠤ | ᠠᠬᠤᠶᠢᠯᠠᠯ ᠪᠠ ᠤᠯᠠᠨ ᠲᠦᠮᠡᠨ ᠳᠤ ᠰᠢᠭᠤᠳ ᠠᠰᠢᠭ ᠬᠦᠷᠲᠡᠭᠡᠬᠦ ᠪᠣᠯᠭᠠᠵᠤ ᠂ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠬᠡᠷᠡᠭᠵᠢᠭᠦᠯᠬᠦ | ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ︽ 3 · 15 ︾ ᠦᠳᠡᠰᠢᠯᠡᠭᠡ ᠪᠠᠷ ᠢᠯᠡᠴᠢᠯᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠨᠢᠭᠡᠨᠲᠡ | ᠱᠠᠲᠤᠴᠢ ᠴᠢᠨᠠᠷᠲᠠᠢ ᠠᠬᠢᠴᠠ ᠲᠠᠢ ᠪᠣᠯᠵᠠᠢ ᠂ ᠨᠢᠭᠡ ᠠᠴᠠ ᠨᠥᠭᠦᠭᠡ ᠶᠢ ᠵᠦᠢᠴᠢᠯᠡᠬᠦ ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ | ᠪᠠᠷᠢᠮᠲᠠᠯᠠᠨ ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠵᠤ ᠂ ᠠᠷᠠᠳ ᠤᠨ ᠠᠮᠢᠳᠤᠷᠠᠯ ᠤᠨ ᠬᠠᠯᠠᠮᠰᠢᠯ ᠳᠤ | ᠠᠩᠬᠠᠷᠤᠯ ᠢᠶᠠᠨ ᠲᠥᠪᠯᠡᠷᠡᠭᠦᠯᠦᠨ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠪᠦᠬᠦ ᠬᠡᠯᠬᠢᠶ᠎ᠡ ᠳᠠᠬᠢ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠤᠨ ᠠᠳᠬᠤᠵᠤ ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠵᠦ ᠂ ᠠᠮᠤᠷ ᠲᠦᠪᠰᠢᠨ ᠮᠥᠷᠲᠡᠭᠡᠨ ᠰᠠᠨᠠᠭ᠎ᠠ ᠠᠮᠤᠷ ᠬᠡᠷᠡᠭᠯᠡᠭᠡ ᠶᠢᠨ ᠣᠷᠴᠢᠨ ᠨᠥᠬᠦᠴᠡᠯ ᠢ ᠪᠤᠶ ᠪᠣᠯᠭᠠᠬᠤ ᠬᠡᠷᠡᠭᠲᠡᠢ ᠃ | ᠦᠨᠳᠦᠰᠦᠨ ᠱᠠᠲᠤᠨ ᠤ ᠬᠢᠨᠠᠨ ᠬᠠᠮᠢᠶᠠᠷᠬᠤ ᠴᠢᠳᠠᠪᠤᠷᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ | ᠬᠢᠨᠠᠨ ᠬᠠᠮᠢᠶᠠᠷᠬᠤ ᠬᠦᠴᠦᠨ ᠢᠶᠠᠨ ᠦᠨᠳᠦᠰᠦᠨ ᠱᠠᠲᠤ ᠲᠡᠶᠢᠰᠢ ᠪᠠᠭᠤᠯᠭᠠᠬᠤ ᠶᠢ ᠠᠬᠢᠭᠤᠯᠵᠤ ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ | ᠬᠡᠷᠡᠭᠯᠡᠬᠦ ᠶᠢ ᠴᠢᠬᠤᠯᠠᠴᠢᠯᠠᠵᠤ ᠂ ᠬᠢᠨᠠᠨ ᠬᠠᠮᠢᠶᠠᠷᠬᠤ ᠶᠢᠨ ᠤᠷᠢᠳᠴᠢᠯᠠᠨ ᠮᠡᠳᠡᠬᠦ ᠴᠢᠨᠠᠷ ᠂ ᠣᠨᠣᠴᠠᠲᠠᠢ ᠴᠢᠨᠠᠷ ᠪᠠ ᠬᠤᠭᠤᠴᠠᠭᠠᠲᠤ ᠴᠢᠨᠠᠷ ᠢ ᠦᠨᠡᠨ ᠬᠦ | ᠳᠡᠭᠡᠭᠰᠢᠯᠡᠭᠦᠯᠬᠦ ᠬᠡᠷᠡᠭᠲᠡᠢ ᠃ ᠨᠡᠪᠲᠡ ᠬᠡᠯᠪᠡᠷᠢ ᠪᠦᠬᠦᠢ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ ᠂ ᠪᠦᠬᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠡᠢ ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ ᠃ | | |