| 4 ᠰᠠᠷ᠎ᠠ ᠶᠢᠨ 17 ᠤ ᠡᠳᠦᠷ ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠵᠣᠣ ᠱᠤᠸᠠᠨ | ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠳᠤᠪᠴᠢᠶᠠᠨ ᠳᠤ ᠬᠦᠷᠴᠦ ᠪᠥᠬᠦ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠬᠠᠤᠯᠢ ᠠᠴᠠ | ᠵᠥᠷᠢᠴᠡᠭᠰᠡᠨ ᠵᠢᠷᠤᠭ ᠳᠦᠷᠰᠤ ᠶᠢ ᠬᠠᠯᠠᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠴᠤ ᠂ ᠬᠠᠤᠯᠢ ᠠᠴᠠ ᠵᠥᠷᠢᠴᠡᠭᠰᠡᠨ | ᠵᠢᠷᠤᠭ ᠳᠦᠷᠰᠤ ᠶᠢ ᠬᠠᠯᠠᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠬᠠᠮᠲᠤ ᠬᠠᠯᠠᠨ | ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠦᠭᠡᠢ ᠵᠢᠷᠤᠭ ᠳᠦᠷᠰᠤ ᠶᠢ ᠵᠠᠳᠠᠯᠤᠨ ᠰᠤᠳᠤᠯᠵᠤ ᠮᠠᠭᠠᠳᠯᠠᠵᠤ ᠂ ᠠᠬᠢᠭᠤᠯᠬᠤ ᠠᠷᠭ᠎ᠠ ᠬᠡᠮᠵᠢᠶ᠎ᠡ ᠪᠠ ᠬᠠᠯᠠᠨ | ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ ᠂ ᠳᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠬᠠᠯᠠᠨ ᠰᠠᠶᠢᠵᠢᠷᠠᠭᠤᠯᠬᠤ ᠠᠵᠢᠯ ᠤᠨ | ᠳᠤᠮᠳᠠᠬᠢ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠬᠠᠯᠠᠨ ᠰᠠᠶᠢᠵᠢᠷᠠᠭᠤᠯᠬᠤ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ | ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃ | ᠳᠠᠷᠠᠭ᠎ᠠ ᠨᠢ᠂ ᠵᠤᠤ ᠱᠤᠸᠠᠨ ᠰᠢᠤᠸᠠᠢ ᠵᠢᠶᠠ ᠸᠠᠨ ᠪᠠᠯᠭᠠᠰᠤ ᠶᠢᠨ ᠶᠠᠩ ᠲᠠ ᠲᠣᠰᠬᠤᠨ᠂ ᠨᠥᠬᠦᠷᠯᠡᠯ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠲᠠᠩ | ᠬᠦᠩ ᠲᠠ ᠰᠢ ᠭᠧ ᠳ᠋ᠠᠨ ᠬᠤᠷᠰᠢᠶ᠎ᠠ ᠂ ᠵᠠᠩ ᠵᠢᠶᠠ ᠭᠧ ᠳ᠋ᠠᠨ ᠨᠡᠶᠢᠭᠡᠮ ᠲᠣᠭᠤᠷᠢᠭ ᠵᠡᠷᠭᠡ ᠬᠡᠰᠡᠭ ᠤᠢ ᠰᠢᠭᠤᠢ ᠨᠤᠳᠤᠭ ᠪᠡᠯᠴᠢᠭᠡᠷ ᠤᠨ ᠵᠢᠷᠤᠭ ᠳᠦᠷᠰᠤ ᠶᠢ | ᠬᠠᠯᠠᠨ ᠰᠠᠶᠢᠵᠢᠷᠠᠭᠤᠯᠬᠤ ᠲᠤᠬᠠᠢ ᠶᠢᠨ ᠲᠠᠯᠠᠪᠠᠢ ᠳᠤ ᠬᠦᠷᠴᠦ᠂ ᠤᠢ ᠰᠢᠭᠤᠢ ᠨᠤᠳᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠵᠢᠷᠤᠭ ᠳᠦᠷᠰᠤ ᠶᠢ ᠬᠠᠯᠠᠨ | ᠰᠠᠶᠢᠵᠢᠷᠠᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠪᠠ᠃ | |