| 4 ᠰᠠᠷ᠎ᠠ ᠶᠢᠨ 18 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ | ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ | ᠰᠤᠷᠤᠯᠴᠠᠯᠭ᠎ᠠ ᠳᠡᠭᠡᠷ᠎ᠡ ᠂ ᠲᠥᠪ ᠤᠨ ᠨᠠᠮ ᠤᠨ ᠲᠡᠦᠬᠡ ᠰᠤᠳᠤᠯᠬᠤ ᠲᠠᠰᠤᠭ ᠤᠨ ᠤᠤᠯ ᠤᠨ ᠳᠡᠳ᠋ ᠡᠷᠭᠢᠯᠡᠭᠴᠢ ᠹᠧᠩ ᠵᠢᠶᠦ᠋ᠨ ᠤᠷᠢᠯᠭ᠎ᠠ ᠪᠠᠷ ᠲᠤᠰᠬᠠᠢ | ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ ᠃ ᠸᠠᠩ ᠯᠢ ᠰᠢᠶᠠ ᠂ ᠯᠢᠦ ᠱᠤᠸᠠᠩ ᠂ ᠪᠦᠦ ᠭᠠᠩ ᠂ ᠯᠢ ᠢᠦᠢ ᠭᠠᠩ ᠂ ᠬᠦᠦᠳᠠᠭᠤᠯᠠ ᠂ ᠪᠦᠦ ᠰᠢᠶᠠᠨ ᠬᠤᠸᠠ | ᠦᠭᠡ ᠬᠡᠯᠡᠪᠡ ᠃ | ᠰᠦᠨ ᠱᠤᠤ ᠴᠧᠩ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ | ᠠᠭᠤᠯᠤᠭᠳᠠᠬᠤᠨ ᠡᠯᠪᠡᠭ ᠪᠠᠶᠠᠯᠢᠭ ᠂ ᠦᠵᠡᠯ ᠰᠠᠨᠠᠭ᠎ᠠ ᠭᠦᠨ ᠭᠦᠨᠵᠡᠭᠡᠢ ᠶᠤᠮ ᠂ ᠪᠢᠳᠡ ᠨᠡᠪᠲᠡᠷᠬᠡᠢ ᠤᠩᠰᠢᠵᠤ ᠨᠠᠷᠢᠯᠢᠭ ᠤᠩᠰᠢᠵᠤ ᠰᠤᠳᠤᠯᠤᠨ ᠤᠩᠰᠢᠵᠤ ᠂ | ᠪᠠᠶᠢᠩᠭᠤ ᠰᠤᠷᠤᠯᠴᠠᠵᠤ ᠪᠠᠶᠢᠩᠭᠤ ᠰᠡᠳᠬᠢᠵᠦ ᠪᠠᠶᠢᠩᠭᠤ ᠣᠶᠢᠯᠠᠭᠠᠵᠤ ᠂ ᠲᠡᠭᠦᠨ ᠤ ᠳᠣᠲᠣᠷᠠᠬᠢ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠪᠣᠯᠣᠨ ᠡᠷᠡᠰ ᠪᠠᠲᠤ | ᠵᠣᠷᠢᠭ ᠢ ᠭᠦᠨᠵᠡᠭᠡᠢ ᠣᠶᠢᠯᠠᠭᠠᠵᠤ ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠪᠣᠳᠠᠲᠤ ᠠᠵᠢᠯᠯᠠᠭ᠎ᠠ ᠪᠠᠷ ᠢᠶᠠᠨ ︽ ᠬᠤᠶᠠᠷ ᠢ ᠲᠣᠭᠲᠠᠭᠠᠭᠰᠠᠨ ︾ ᠢ | ᠡᠷᠡᠰ ᠬᠦᠷᠢᠶᠡᠯᠡᠵᠦ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠬᠡᠷᠡᠭᠲᠡᠢ ᠃ ᠣᠶᠢᠷ᠎ᠠ ᠶᠢᠨ ᠬᠡᠳᠦᠨ ᠵᠢᠯ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠰᠤᠷᠲᠠᠯ ᠤᠨ ᠪᠠᠶᠢᠭᠤᠯᠤᠯᠲᠠ ᠶᠢᠨ ᠬᠠᠮ ᠠᠷᠭ᠎ᠠ ᠬᠡᠮᠵᠢᠶ᠎ᠡ ᠶᠢ ᠠᠪᠴᠤ ᠂ ᠪᠦᠭᠦ ᠣᠷᠣᠨ ᠤ ᠨᠠᠮ ᠤᠨ | ᠭᠡᠰᠢᠭᠦᠨ ᠺᠠᠳ᠋ᠷᠴᠤᠳ ᠤᠨ ᠰᠤᠷᠲᠠᠯ ᠢᠯᠡᠳᠲᠡ ᠰᠠᠶᠢᠵᠢᠷᠠᠵᠤ ᠂ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠢᠯᠡᠷᠬᠡᠢ ᠳᠡᠭᠡᠭᠰᠢᠯᠡᠭᠰᠡᠨ ᠪᠤᠯᠪᠠᠴᠤ ︽ ᠳᠥᠷᠪᠡᠨ | ᠰᠤᠷᠲᠠᠯ ︾ ᠤᠨ ᠠᠰᠠᠭᠤᠳᠠᠯ ᠲᠠᠯᠳᠠ ᠪᠠᠷ ᠣᠨᠳᠣᠣᠰᠢᠵᠤ ᠂ ᠶᠠᠩᠵᠤ ᠭᠡᠯᠪᠡᠷᠢ ᠨᠢ ᠰᠢᠨᠡᠳᠴᠦ ᠂ ᠳᠠᠭᠢᠨ ᠰᠡᠷᠭᠦᠬᠦ ᠳᠠᠯᠳᠠ ᠭᠡᠮ ᠮᠥᠨ ᠬᠦ ᠪᠠᠭ᠎ᠠ ᠪᠤᠰᠤ ᠣᠷᠣᠰᠢᠵᠤ ᠂ | ᠰᠤᠷᠲᠠᠯ ᠢ ᠬᠤᠪᠢᠷᠠᠭᠤᠯᠬᠤ ᠂ ᠰᠢᠨ᠎ᠡ ᠰᠤᠷᠲᠠᠯ ᠢ ᠪᠤᠶ ᠪᠤᠯᠭᠠᠬᠤ ᠡᠭᠦᠷᠭᠡ ᠪᠠᠰᠠ ᠮᠠᠰᠢ ᠬᠠᠲᠠᠭᠤ ᠪᠡᠷᠬᠡ ᠪᠠᠶᠢᠨ᠎ᠠ ᠃ ᠰᠤᠷᠲᠠᠯ ᠤᠨ ᠪᠠᠶᠢᠭᠤᠯᠤᠯᠲᠠ ᠡᠭᠦᠷᠢᠳᠡ | ᠵᠣᠭᠰᠣᠰᠢ ᠦᠭᠡᠢ ᠭᠡᠬᠦ ᠰᠡᠷᠭᠡᠭ ᠲᠠᠨᠢᠯᠲᠠ ᠶᠢ ᠢᠮᠠᠭᠲᠠ ᠪᠠᠲᠤᠯᠠᠵᠤ ᠂ ᠰᠤᠷᠲᠠᠯ ᠤᠨ ᠠᠷᠬᠠᠭ ᠭᠡᠮ ᠳᠤ ᠴᠥᠬᠦᠷᠡᠰᠢ ᠦᠭᠡᠢ ᠮᠡᠰᠡ ᠵᠠᠰᠠᠯ ᠬᠢᠬᠦ ᠬᠡᠷᠡᠭᠲᠡᠢ ᠃ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠬᠤ ᠶᠢ ᠲᠣᠭᠤᠷᠢᠨ ᠪᠠᠶᠢᠴᠠᠭᠠᠯᠲᠠ ᠶᠢᠨ | ᠬᠢᠨᠠᠯᠲᠠ ᠶᠢ ᠬᠦᠯᠢᠶᠡᠬᠦ ᠲᠠᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠵᠤ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠳᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠮᠥᠷᠲᠡᠭᠡᠨ ᠲᠥᠪ ᠤᠨ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠴᠠᠭ ᠲᠤᠬᠠᠢ ᠳᠤᠨᠢ ᠣᠨᠣᠪᠴᠢᠲᠠᠢ ᠨᠠᠶᠢᠳᠠᠪᠤᠷᠢᠵᠢᠭᠤᠯᠵᠤ ᠂ ︽ 1 + 1 ﹀ 2 ︾ | ᠶᠢᠨ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠃ ᠳᠦᠷᠢᠮ ᠲᠣᠭᠲᠠᠭᠠᠯ ᠲᠣᠭᠲᠠᠭᠠᠵᠤ ᠰᠠᠬᠢᠯᠭ᠎ᠠ ᠪᠠᠲᠤ ᠬᠡᠷᠡᠭᠵᠢᠭᠦᠯᠬᠦ ᠪᠠ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠠᠭ᠎ᠠ ᠭᠠᠷᠭᠠᠬᠤ ᠶᠢ ᠵᠣᠷᠢᠭᠵᠢᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ᠳᠦᠷᠢᠮ ᠲᠣᠭᠲᠠᠭᠠᠯ ᠲᠣᠭᠲᠠᠭᠠᠬᠤ ᠳᠠᠭᠠᠨ | ᠪᠣᠳᠠᠲᠠᠢ ᠠᠰᠠᠭᠤᠳᠠᠯ ᠢ ᠪᠣᠳᠠᠲᠠᠢ ᠵᠠᠳᠠᠯᠵᠤ ᠂ ︽ ᠨᠢᠭᠡ ᠲᠦᠯᠬᠢᠭᠦᠷ ᠢᠶᠠᠷ ᠨᠢᠭᠡ ᠣᠨᠢᠰᠤ ᠶᠢ ᠨᠡᠭᠡᠭᠡᠬᠦ ︾ ᠶᠢ ᠴᠢᠷᠮᠠᠶᠢᠨ ᠪᠡᠶᠡᠯᠡᠭᠦᠯᠵᠦ ᠂ ᠬᠠᠷᠢᠭᠤᠴᠠᠯᠭ᠎ᠠ | ᠡᠭᠦᠷᠭᠡᠯᠡᠬᠦ ᠶᠢ ᠵᠣᠷᠢᠭᠵᠢᠭᠤᠯᠬᠤ ᠳᠤ ᠦᠷᠳᠡᠭ ᠤᠨ ᠤᠳᠤᠷᠢᠳᠤᠮᠵᠢ ᠶᠢ ᠵᠠᠯᠠᠷᠠᠭᠤᠯᠬᠤ ᠂ ᠶᠠᠪᠤᠴᠠ ᠶᠢᠨ ᠭᠠᠷ ᠳᠦᠷᠦᠯᠲᠡ ᠶᠢ ᠪᠠᠭᠠᠰᠬᠠᠬᠤ ᠂ ᠠᠯᠳᠠᠭ᠎ᠠ ᠪᠤᠷᠤᠭᠤ ᠶᠢ | ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ | ᠬᠡᠷᠡᠭᠵᠢᠭᠦᠯᠵᠦ ᠂ ᠲᠠᠯᠳᠠ ᠢᠳᠡᠪᠬᠢᠵᠢᠯ ᠢ ᠲᠠᠶᠢᠴᠢᠯᠠᠵᠤ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠵᠣᠷᠢᠭᠲᠠᠢ ᠪᠠᠷ ᠂ ᠦᠨᠡᠨ | ᠪᠣᠳᠠᠲᠠᠢ ᠪᠠᠷ ᠠᠵᠢᠯᠯᠠᠬᠤ ᠪᠤᠯᠭᠠᠵᠤ ᠂ ᠰᠤᠷᠲᠠᠯ ᠢ ᠠᠳᠬᠤᠨ ᠠᠵᠢᠯ ᠢ ᠠᠬᠢᠭᠤᠯᠬᠤ ᠂ ᠠᠵᠢᠯ ᠢ ᠠᠳᠬᠤᠨ ᠰᠤᠷᠲᠠᠯ ᠢ ᠴᠢᠩᠭᠠᠳᠬᠠᠬᠤ ᠰᠠᠶᠢᠨ ᠣᠷᠴᠢᠯ ᠢ ᠤᠯᠠᠮ | ᠨᠢᠭᠡ ᠠᠯᠬᠤᠮ ᠪᠦᠷᠢᠯᠳᠦᠭᠦᠯᠬᠦ ᠬᠡᠷᠡᠭᠲᠡᠢ ᠭᠡᠵᠦ ᠬᠡᠯᠡᠪᠡ ᠃ | | |