| 2 ᠳ᠋ᠤᠭᠠᠷ ᠰᠠᠷ᠎ᠠ ᠶᠢᠨ 23 ᠤ ᠡᠳᠦᠷ ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠣᠯᠬᠤ ︽ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︾ ᠢ ᠨᠡᠶᠢᠲᠡᠯᠡᠪᠡ ᠃ ᠲᠥᠷᠥ ᠶᠢᠨ ᠶᠠᠪᠤᠳᠠᠯ ᠤᠨ | ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 2 ᠳ᠋ᠤᠭᠠᠷ ᠰᠠᠷ᠎ᠠ ᠶᠢᠨ 24 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠂ ᠲᠥᠪ ᠤᠨ | ᠡᠳ᠋ ᠤᠨ ᠵᠠᠰᠠᠭ ᠤᠨ ᠵᠦᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠤᠪᠢᠳᠠᠨ ᠬᠠᠮᠢᠶᠠᠷᠬᠤ ᠳᠡᠳ᠋ ᠡᠷᠬᠢᠯᠡᠭᠴᠢ ᠂ ᠲᠥᠪ ᠤᠨ ᠬᠥᠳᠡᠭᠡ ᠲᠤᠰᠬᠤᠨ ᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠬᠠᠨ ᠸᠧᠨ ᠰᠢᠤ ᠂ ᠲᠥᠪ ᠤᠨ ᠡᠳ᠋ ᠤᠨ ᠵᠠᠰᠠᠭ ᠤᠨ ᠵᠥᠪᠯᠡᠯ ᠤᠨ ᠠᠯᠪᠠᠨ ᠭᠡᠷ ᠤᠨ | ᠳᠡᠳ᠋ ᠡᠷᠬᠢᠯᠡᠭᠴᠢ ᠂ ᠲᠥᠪ ᠤᠨ ᠬᠥᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ ᠵᠦ ᠸᠧᠢ ᠳ᠋ᠦᠩ ᠰᠣᠨᠢᠨ | ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠨ ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠬᠥᠳᠡᠭᠡ ᠲᠣᠰᠬᠤᠨ ᠢ | ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ ᠃ | ᠠᠩᠬᠠᠷᠤᠭᠤᠰᠢᠲᠠᠢ ᠴᠢᠬᠤᠯᠠ ᠵᠦᠢᠯ ᠤᠳ — | ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠣᠭᠵᠣᠮ ᠵᠣᠭᠰᠤᠭᠠᠬᠤ ᠦᠭᠡᠢ | ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ 5 ᠵᠢᠯ ᠤᠨ ᠰᠢᠯᠵᠢᠯᠲᠡ ᠶᠢᠨ ᠬᠤᠭᠤᠴᠠᠭᠠᠨ ᠤ ᠬᠠᠮᠤᠭ ᠰᠡᠭᠦᠯᠴᠢ ᠶᠢᠨ ᠨᠢᠭᠡ ᠵᠢᠯ ᠪᠣᠯᠣᠨ᠎ᠠ ᠃ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠰᠤᠳᠤᠯᠤᠨ ᠲᠣᠭᠲᠠᠭᠠᠬᠤ ᠠᠵᠢᠯ ᠢ ᠪᠠᠶᠢᠷᠢᠯᠠᠭᠤᠯᠪᠠ ᠃ ᠬᠡᠪᠴᠢᠶᠡᠵᠢᠯ ᠤᠨ ᠴᠢᠨᠠᠷᠲᠠᠢ ᠪᠠᠷ ᠲᠠᠬᠢᠨ ᠶᠠᠳᠠᠭᠤᠷᠠᠬᠤ ᠪᠠ ᠶᠠᠳᠠᠭᠤᠷᠠᠬᠤ ᠦᠭᠡᠢ | ᠪᠠᠶᠢᠯᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠨᠢ ᠵᠥᠪᠬᠡᠨ ᠡᠨᠡ ᠵᠢᠯ ᠤᠨ ᠣᠨ ᠤ ᠴᠢᠨᠠᠷᠲᠠᠢ ᠡᠭᠦᠷᠭᠡ ᠲᠡᠳᠦᠢ ᠪᠢᠰᠢ ᠂ ᠰᠢᠯᠵᠢᠯᠲᠡ ᠶᠢᠨ ᠬᠤᠭᠤᠴᠠᠭ᠎ᠠ | ᠥᠩᠭᠡᠷᠡᠭᠰᠡᠨ ᠤ ᠳᠠᠷᠠᠭ᠎ᠠ ᠴᠤ ᠡᠷᠬᠡᠪᠰᠢ ᠤᠷᠳᠤ ᠬᠤᠭᠤᠴᠠᠭ᠎ᠠ ᠪᠠᠷ ᠂ ᠥᠨᠢ ᠡᠭᠦᠷᠢᠳᠡ ᠪᠠᠲᠤ ᠰᠠᠬᠢᠬᠤ ᠬᠡᠷᠡᠭᠲᠡᠢ ᠃ ᠰᠢᠯᠵᠢᠯᠲᠡ ᠶᠢᠨ ᠬᠤᠭᠤᠴᠠᠭ᠎ᠠ | ᠳᠠᠭᠤᠰᠤᠭᠰᠠᠨ ᠤ ᠳᠠᠷᠠᠭ᠎ᠠ ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠣᠭᠵᠣᠮ ᠵᠣᠭᠰᠤᠭᠠᠬᠤ ᠦᠭᠡᠢ ᠮᠦᠷᠲᠡᠭᠡᠨ ᠲᠥᠷᠥᠯ ᠬᠤᠪᠢᠶᠠᠨ | ᠲᠡᠭᠦᠯᠳᠡᠷᠵᠢᠭᠦᠯᠵᠦ ᠂ ᠪᠠᠶᠢᠩᠭᠤᠰᠢᠭᠰᠠᠨ ᠬᠠᠪᠰᠤᠷᠤᠨ ᠲᠡᠳᠬᠦᠬᠦ ᠳᠦᠷᠢᠮ ᠲᠣᠭᠲᠠᠴᠠ ᠶᠢ ᠪᠠᠶᠢᠭᠤᠯᠵᠤ ᠪᠦᠷᠢᠨᠰᠢᠭᠦᠯᠦᠨ᠎ᠡ ᠃ | ᠪᠡᠯᠡ ᠮᠥᠩᠭᠦᠨ ᠤ ᠣᠷᠣᠭᠤᠯᠤᠯᠲᠠ ᠪᠠᠨ ᠶᠡᠭᠡ ᠪᠠᠷ ᠨᠡᠮᠡᠭᠳᠡᠭᠦᠯᠵᠦ ᠪᠠᠶᠢᠭᠠᠳ ᠠᠮᠤ ᠪᠤᠳᠠᠭᠠᠨ ᠤ ᠭᠤᠣᠯ ᠤᠨᠠᠯᠲᠠ ᠶᠢᠨ ᠣᠷᠣᠨ ᠪᠠ ᠠᠮᠤ ᠪᠤᠳᠠᠭᠠᠨ ᠤ | ᠤᠨᠠᠯᠲᠠ ᠶᠢᠨ ᠲᠣᠮᠣ ᠰᠢᠶᠠᠨ ᠢ ᠳᠡᠮᠵᠢᠬᠦ ᠠᠵᠢᠯ ᠢᠶᠠᠨ ᠴᠢᠩᠭᠠᠷᠠᠭᠤᠯᠤᠨ᠎ᠠ | ᠦᠨ᠎ᠡ ᠬᠠᠩᠰᠢ ᠶᠢᠨ ᠲᠠᠯ᠎ᠠ ᠪᠠᠷ ᠂ ᠲᠤᠲᠤᠷᠭ᠎ᠠ ᠂ ᠪᠤᠭᠤᠳᠠᠢ ᠬᠤᠳᠠᠯᠳᠤᠨ ᠠᠪᠬᠤ ᠬᠠᠮᠤᠭ ᠳᠣᠣᠷ᠎ᠠ ᠦᠨ᠎ᠡ ᠶᠢᠨ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ ᠂ ᠾᠧᠨᠠᠨ ᠂ ᠵᠢᠶᠠᠩᠰᠤ ᠂ ᠬᠠᠷᠠᠮᠥ᠋ᠷᠡᠨ ᠂ ᠠᠨᠾᠦ᠋ᠢ ᠲᠦᠷᠪᠡᠨ ᠮᠤᠵᠢ ᠳᠤ ᠲᠤᠲᠤᠷᠭ᠎ᠠ ᠶᠢ ᠤᠯᠤᠰ ᠤᠨ ᠨᠥᠭᠡᠴᠡ ᠳᠤ ᠲᠦᠰᠢᠭᠯᠡᠨ ᠬᠠᠮᠤᠭ | ᠳᠣᠣᠷ᠎ᠠ ᠦᠨ᠎ᠡ ᠶᠢ ᠳᠣᠪᠤᠶᠢᠯᠭᠠᠵᠤ ᠬᠤᠳᠠᠯᠳᠤᠨ ᠠᠪᠬᠤ ᠠᠵᠢᠯ ᠢ ᠡᠬᠢᠯᠡᠭᠦᠯᠦᠨ ᠂ ᠪᠤᠭᠤᠳᠠᠢ ᠂ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠡᠷᠴᠢᠮ ᠢᠶᠠᠨ | ᠴᠢᠩᠭᠠᠷᠠᠭᠤᠯᠵᠤ ᠂ ᠰᠢᠷ᠎ᠠ ᠪᠤᠷᠴᠠᠭ ᠤᠨ ᠪᠣᠷᠤᠯᠠᠭᠤᠯᠭ᠎ᠠ ᠪᠠ ᠡᠳ᠋ᠰᠢᠭᠦᠯᠦᠨ ᠪᠣᠯᠪᠠᠰᠤᠷᠠᠭᠤᠯᠵᠤ ᠤᠯᠠᠷᠢᠭᠤᠯᠬᠤ ᠶᠢ ᠠᠬᠢᠭᠤᠯᠵᠤ ᠂ ᠵᠠᠬ᠎ᠠ ᠳᠡᠯᠭᠡᠭᠦᠷ ᠤᠨ ᠦᠨ᠎ᠡ | ᠬᠠᠩᠰᠢ ᠶᠢ ᠲᠣᠭᠲᠠᠪᠤᠷᠢᠵᠢᠭᠤᠯᠤᠨ ᠂ ᠠᠮᠤ ᠪᠤᠳᠠᠭ᠎ᠠ ᠬᠤᠳᠠᠯᠳᠤᠬᠤ ᠳᠤ ᠬᠦᠴᠢᠷ ᠪᠠᠶᠢᠳᠠᠯ ᠭᠠᠷᠬᠤ ᠠᠴᠠ ᠰᠡᠷᠭᠡᠶᠢᠯᠡᠨ᠎ᠡ ᠃ ᠨᠥᠬᠦᠪᠦᠷᠢ ᠶᠢᠨ ᠲᠠᠯ᠎ᠠ ᠪᠠᠷ ᠂ | ᠲᠠᠷᠢᠶᠠᠯᠠᠬᠤ ᠭᠠᠵᠠᠷ ᠤᠨ ᠬᠦᠷᠦᠰᠦ ᠰᠢᠷᠤᠢ ᠶᠢᠨ ᠰᠢᠮ᠎ᠡ ᠴᠢᠨᠠᠷ ᠢ ᠬᠠᠮᠠᠭᠠᠯᠠᠬᠤ ᠳᠤ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠲᠣᠭᠲᠠᠪᠤᠷᠢᠵᠢᠭᠤᠯᠵᠤ ᠂ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠦᠬᠦᠪᠦᠷᠢ ᠣᠯᠭᠤᠬᠤ ᠂ ᠲᠤᠲᠤᠷᠭ᠎ᠠ ᠶᠢᠨ ᠨᠥᠬᠦᠪᠦᠷᠢ ᠣᠯᠭᠤᠬᠤ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ ᠂ ᠣᠷᠣᠨ ᠨᠤᠲᠤᠭ ᠤᠨ ᠬᠢᠨ ᠤ ᠠᠮᠤ ᠲᠣᠰᠣᠨ ᠤ ᠲᠠᠷᠢᠮᠠᠯ ᠤᠨ ᠲᠤᠰᠬᠠᠢ ᠵᠦᠢᠯ ᠤᠨ ᠵᠢᠭᠡᠯᠡᠯᠭᠡ ᠶᠢᠨ ᠳᠠᠮ ᠬᠦᠦ ᠥᠭᠬᠦ | ᠲᠤᠷᠰᠢᠯᠲᠠ ᠶᠢᠨ ᠴᠡᠭ ᠥᠷᠨᠢᠭᠦᠯᠬᠦ ᠶᠢ ᠨᠢ ᠵᠣᠷᠢᠭᠵᠢᠭᠤᠯᠤᠨ᠎ᠠ ᠃ ᠡᠳᠡᠭᠡᠷ ᠲᠦᠷᠦ ᠶᠢᠨ ᠪᠣᠳᠣᠯᠭ᠎ᠠ ᠪᠠᠷ ᠳᠠᠮᠵᠢᠭᠤᠯᠤᠨ ᠲᠠᠷᠢᠶᠠᠴᠢᠳ ᠲᠤ ᠦᠨᠡᠨ ᠬᠦ ᠳᠡᠮᠵᠢᠯᠭᠡ | ᠦᠵᠡᠭᠦᠯᠬᠦ ᠬᠡᠷᠡᠭᠲᠡᠢ ᠃ ᠳᠠᠭᠠᠳᠬᠠᠯ ᠤᠨ ᠲᠠᠯ᠎ᠠ ᠪᠠᠷ ᠂ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠤ ᠲᠠᠷᠢᠶᠠᠯᠠᠩ ᠤᠨ ᠳᠠᠭᠠᠳᠬᠠᠯ ᠳᠤ ᠰᠢᠶᠠᠨ ᠤ ᠱᠠᠲᠤᠨ ᠤ | ᠳᠠᠭᠠᠳᠬᠠᠯ ᠤᠨ ᠰᠦᠢᠳᠬᠡᠯ ᠤᠨ ᠨᠥᠬᠦᠪᠦᠷᠢ ᠶᠢ ᠡᠭᠦᠷᠭᠡᠯᠡᠬᠦ ᠬᠠᠷᠢᠴᠠᠯ ᠢ ᠨᠢ ᠪᠠᠭᠤᠷᠠᠭᠤᠯᠵᠤ ᠂ ᠲᠤᠲᠤᠷᠭ᠎ᠠ ᠂ ᠪᠤᠭᠤᠳᠠᠢ ᠂ ᠡᠷᠳᠡᠨᠢ ᠰᠢᠰᠢ ᠂ ᠰᠢᠷ᠎ᠠ ᠪᠤᠷᠴᠠᠭ ᠤᠨ | ᠪᠦᠷᠢᠨ ᠥᠪᠡᠷ ᠤᠨ ᠦᠷᠳᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠠᠨ ᠠᠬᠢᠭᠤᠯᠵᠤ ᠂ | ᠪᠠᠶᠢᠭᠠᠯᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠠᠴᠠ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠲᠡᠶᠢᠰᠢ ᠥᠷᠭᠡᠳᠬᠡᠬᠦ ᠶᠢ ᠨᠢ ᠲᠦᠷᠭᠡᠳᠬᠡᠨ᠎ᠡ ᠃ | ᠡᠭᠦᠨ ᠤ ᠬᠠᠮᠲᠤ ᠂ ᠣᠷᠣᠨ ᠨᠤᠲᠤᠭ ᠤᠨ ᠵᠠᠰᠠᠭ ᠤᠨ ᠣᠷᠳᠣᠨ ᠤ ᠠᠮᠤ ᠪᠤᠳᠠᠭᠠᠨ ᠤ ᠠᠵᠢᠯ ᠢ ᠠᠳᠬᠤᠬᠤ ᠢᠳᠡᠪᠬᠢᠵᠢᠯ ᠢ ᠨᠢ ᠳᠠᠶᠢᠴᠢᠯᠠᠬᠤ ᠶᠢᠨ ᠲᠣᠭᠤᠷᠢᠨ ᠳᠤ ᠂ | ᠡᠨᠡ ᠵᠢᠯ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠬᠡᠷᠡᠭᠵᠢᠭᠦᠯᠬᠦ | ᠬᠡᠪᠴᠢᠶ᠎ᠡ ᠶᠢ ᠨᠢ ᠥᠷᠭᠡᠳᠬᠡᠵᠦ ᠂ ᠲᠥᠪ ᠠᠴᠠ ᠨᠢᠭᠡᠳᠦᠯᠲᠡᠢ ᠲᠥᠯᠥᠪᠯᠡᠭᠰᠡᠨ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ | ᠬᠤᠭᠤᠷᠣᠨᠳᠣᠬᠢ ᠬᠥᠨᠳᠡᠯᠡᠨ ᠴᠢᠭᠯᠡᠯ ᠢᠶᠠᠷ ᠠᠰᠢᠭ ᠲᠤᠰᠠ ᠶᠢ ᠨᠢ ᠨᠦᠬᠦᠪᠦᠷᠢᠯᠡᠬᠦ ᠲᠣᠭᠲᠠᠴᠠ ᠶᠢ ᠡᠬᠢᠯᠡᠨ ᠬᠡᠷᠡᠭᠵᠢᠭᠦᠯᠵᠦ ᠂ ︽ ᠠᠰᠢᠭ ᠬᠦᠷᠲᠡᠭᠰᠡᠨ ︾ ᠮᠤᠵᠢ ᠪᠡᠯᠡ | ᠭᠠᠷᠭᠠᠬᠤ ᠂ ︽ ᠬᠤᠪᠢ ᠨᠡᠮᠡᠷᠢ ᠦᠵᠡᠭᠦᠯᠦᠭᠰᠡᠨ ︾ ᠮᠤᠵᠢ ᠨᠢ ᠨᠥᠬᠦᠪᠦᠷᠢ ᠣᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠪᠡᠯᠡ ᠮᠥᠩᠭᠦᠨ ᠤ ᠣᠷᠣᠭᠤᠯᠤᠯᠲᠠ ᠪᠠᠨ | ᠶᠡᠭᠡ ᠪᠠᠷ ᠨᠡᠮᠡᠭᠳᠡᠭᠦᠯᠵᠦ ᠪᠠᠶᠢᠭᠠᠳ ᠠᠮᠤ ᠪᠤᠳᠠᠭᠠᠨ ᠤ ᠭᠤᠣᠯ ᠤᠨᠠᠯᠲᠠ ᠶᠢᠨ ᠣᠷᠣᠨ ᠪᠠ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠢ ᠳᠡᠮᠵᠢᠬᠦ ᠠᠵᠢᠯ ᠢᠶᠠᠨ | ᠴᠢᠩᠭᠠᠷᠠᠭᠤᠯᠤᠨ᠎ᠠ ᠃ | ᠣᠳᠣᠬᠠᠨ ᠳᠤ ᠪᠥᠬᠦ ᠤᠯᠤᠰ ᠲᠠᠬᠢ ᠨᠤᠲᠤᠭ ᠲᠤ ᠪᠠᠨ ᠪᠤᠴᠠᠭᠰᠠᠨ ᠡᠯ᠎ᠡ ᠲᠥᠷᠥᠯ ᠤᠨ ᠦᠢᠯᠡᠰ ᠪᠤᠰᠬᠠᠭᠰᠠᠳ 1200 ᠲᠦᠮᠡ ᠶᠢ ᠳᠠᠪᠠᠪᠠ | ᠣᠲᠣ ᠣᠯᠠᠨ ᠠᠷᠪᠢᠨ ᠵᠠᠯᠠᠭᠤ ᠣᠶᠤᠲᠠᠳ ᠂ ᠬᠤᠲᠠ ᠶᠢᠨ ᠴᠠᠭᠠᠨ ᠵᠠᠭᠠᠮᠠᠲᠠᠳ ᠵᠡᠷᠭᠡ ᠬᠦᠮᠦᠰ ᠨᠤᠲᠤᠭ ᠲᠤ ᠪᠠᠨ ᠪᠤᠴᠠᠵᠤ ᠦᠢᠯᠡᠰ ᠪᠤᠰᠬᠠᠨ ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠂ ᠰᠢᠨ᠎ᠡ ᠬᠡᠪ ᠵᠠᠭᠪᠤᠷ ᠂ ᠰᠢᠨ᠎ᠡ ᠠᠬᠤᠢ ᠪᠠᠶᠢᠳᠠᠯ ᠢ ᠲᠠᠰᠤᠷᠠᠯᠲᠠ ᠦᠭᠡᠢ ᠳᠠᠶᠢᠴᠢᠯᠠᠨ ᠴᠣᠯᠭᠤᠷᠠᠭᠤᠯᠵᠤ ᠪᠠᠶᠢᠨ᠎ᠠ ᠃ | ᠪᠦᠷᠢᠳᠬᠡᠯ ᠢ ᠦᠨᠳᠦᠰᠦᠯᠡᠪᠡᠯ ᠂ ᠣᠳᠣᠬᠠᠨ ᠳᠤ ᠪᠥᠬᠦ ᠤᠯᠤᠰ ᠲᠠᠬᠢ ᠨᠤᠲᠤᠭ ᠲᠤ ᠪᠠᠨ ᠪᠤᠴᠠᠭᠰᠠᠨ ᠡᠯ᠎ᠡ ᠲᠥᠷᠥᠯ ᠤᠨ ᠦᠢᠯᠡᠰ ᠪᠤᠰᠬᠠᠭᠰᠠᠳ 1200 | ᠲᠦᠮᠡ ᠶᠢ ᠳᠠᠪᠠᠵᠠᠢ ᠃ ᠡᠳᠡᠭᠡᠷ ︽ ᠰᠢᠨ᠎ᠡ ᠲᠠᠷᠢᠶᠠᠴᠢᠨ ︾ ᠂ ︽ ᠬᠥᠳᠡᠭᠡ ᠲᠣᠰᠬᠤᠨ ᠤ ᠰᠢᠨ᠎ᠡ ᠶᠢ ᠡᠭᠦᠳᠦᠭᠴᠢ ︾ ᠨᠠᠷ ᠮᠡᠷᠭᠡᠵᠢᠯ ᠪᠠ ᠰᠢᠨ᠎ᠡ ᠡᠭᠦᠳᠦᠯᠲᠡ ᠂ | ᠬᠦᠰᠡᠯ ᠵᠡᠭᠦᠳᠦ ᠪᠠ ᠬᠠᠶᠢᠷ᠎ᠠ ᠰᠡᠳᠬᠢᠯᠭᠡ ᠡᠪᠦᠷᠯᠡᠨ ᠢᠷᠡᠵᠦ ᠂ ᠬᠥᠳᠡᠭᠡ ᠲᠣᠰᠬᠤᠨ ᠤ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠷ ᠬᠥᠭᠵᠢᠶᠡᠨ | ᠨᠡᠮᠡᠷᠢᠯᠡᠵᠡᠢ ᠃ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠪᠠᠶᠢᠷᠢᠯᠠᠭᠤᠯᠤᠭᠰᠠᠨ ᠢᠶᠠᠷ ᠄ ᠨᠢᠭᠡ ᠲᠠᠯ᠎ᠠ ᠪᠠᠷ ᠂ ᠲᠣᠰ ᠨᠤᠲᠤᠭ ᠤᠨ ᠴᠢᠳᠠᠪᠤᠷᠢᠲᠠᠨ ᠢᠶᠠᠨ | ᠬᠥᠮᠥᠵᠢᠭᠦᠯᠬᠦ ᠶᠢ ᠴᠢᠬᠤᠯᠠᠴᠢᠯᠠᠨ ᠴᠢᠩᠭᠠᠳᠬᠠᠵᠤ ᠂ ᠲᠠᠷᠢᠶᠠᠴᠢᠳ ᠤᠨ ᠮᠡᠷᠭᠡᠵᠢᠯ ᠤᠷ᠎ᠠ ᠮᠡᠷᠭᠡᠰᠢᠯ ᠤᠨ ᠪᠣᠯᠪᠠᠰᠤᠷᠠᠯ ᠢ ᠴᠢᠩᠭᠠᠳᠬᠠᠬᠤ ᠂ ᠬᠥᠳᠡᠭᠡ ᠲᠣᠰᠬᠤᠨ ᠤ | ᠤᠷᠠᠨ ᠳᠠᠷᠬᠠᠨ ᠢ ᠬᠥᠮᠥᠵᠢᠭᠦᠯᠬᠦ ᠢᠨᠵᠧᠨᠧᠷᠢᠩ ᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ ᠬᠥᠳᠡᠭᠡ ᠲᠣᠰᠬᠤᠨ ᠤ ᠡᠯ᠎ᠡ ᠲᠥᠷᠥᠯ ᠤᠨ ᠲᠤᠰᠬᠠᠢ | ᠮᠡᠷᠭᠡᠵᠢᠯ ᠤᠨ ᠴᠢᠳᠠᠪᠤᠷᠢᠲᠠᠳ ᠪᠠ ᠬᠡᠷᠡᠭᠯᠡᠭᠡᠨ ᠤ ᠴᠢᠳᠠᠪᠤᠷᠢᠲᠠᠳ ᠤᠨ ᠡᠩᠨᠡᠭᠡ ᠶᠢ ᠪᠤᠵᠠᠭᠠᠶᠢᠷᠠᠭᠤᠯᠤᠨ᠎ᠠ ᠃ ᠨᠥᠭᠦᠭᠡ ᠲᠠᠯ᠎ᠠ ᠪᠠᠷ ᠂ ᠭᠠᠳᠠᠨᠠᠬᠢ ᠴᠢᠳᠠᠪᠤᠷᠢᠲᠠᠳ ᠢ | ᠣᠷᠣᠭᠤᠯᠤᠨ ᠠᠪᠴᠢᠷᠠᠬᠤ ᠪᠠᠨ ᠠᠩᠬᠠᠷᠤᠨ ᠴᠢᠬᠤᠯᠠᠴᠢᠯᠠᠵᠤ ᠂ ᠦᠢᠯᠡᠰ ᠪᠤᠰᠬᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠂ ᠨᠢᠭᠡ ᠪᠦᠯᠦᠭ | ᠦᠨᠳᠦᠰᠦᠨ ᠱᠠᠲᠤᠨ ᠤ ᠦᠢᠯᠡᠴᠢᠯᠡᠭᠡᠨ ᠤ ᠵᠦᠢᠯᠡᠰ ᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ ᠬᠥᠳᠡᠭᠡ ᠲᠣᠰᠬᠤᠨ ᠤ ᠬᠥᠭᠵᠢᠯᠲᠡ ᠳᠤ ᠨᠢᠭᠡ | ᠪᠦᠯᠦᠭ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠳ ᠢ ᠣᠷᠣᠭᠤᠯᠤᠨ ᠠᠪᠴᠢᠷᠠᠨ᠎ᠠ ᠃ | | |