| ᠬᠥᠳᠡᠭᠡ ᠲᠣᠰᠬᠤᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ ᠂ ᠬᠥᠳᠡᠭᠡ ᠲᠣᠰᠬᠤᠨ ᠤ ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠᠨ ᠤ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ | ᠰᠤᠷᠭᠠᠨ ᠬᠥᠮᠦᠵᠢᠯ ᠤᠨ ᠲᠠᠯ᠎ᠠ ᠪᠠᠷ ᠂ ᠭᠤᠣᠯᠳᠠᠯᠭ᠎ᠠ ᠨᠢ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠠ ᠴᠢᠬᠤᠯᠠ ᠪᠥᠬᠦᠶ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠬᠢᠯᠡᠨ᠎ᠡ ᠃ ᠪᠢᠴᠢᠭ | ᠮᠠᠲ᠋ᠧᠷᠢᠶᠠᠯ ᠳᠤ ᠣᠨᠴᠠᠭᠠᠶᠢᠯᠠᠨ ᠴᠢᠬᠤᠯᠠᠴᠢᠯᠠᠬᠤ ᠳᠤ ᠪᠠᠨ ᠂ ᠬᠥᠳᠡᠭᠡ ᠲᠣᠰᠬᠤᠨ ᠤ ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠᠨ ᠤ ᠬᠠᠮᠢᠶᠠᠷᠤᠯᠲᠠ ᠶᠢ ᠪᠥᠬᠦ | ᠲᠠᠯ᠎ᠠ ᠪᠠᠷ ᠴᠢᠩᠭᠠᠳᠬᠠᠵᠤ ᠂ ᠢᠳᠡᠭᠡᠨ ᠤ ᠠᠮᠤᠷ ᠲᠦᠪᠰᠢᠨ ᠪᠠ ᠪᠠᠯᠠ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠃ ᠡᠮᠴᠢᠯᠡᠭᠡᠨ ᠤ | ᠲᠠᠯ᠎ᠠ ᠪᠠᠷ ᠂ ᠭᠤᠣᠯᠳᠠᠯᠭ᠎ᠠ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠳᠠᠨ ᠪᠠ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠠᠬᠢᠭᠤᠯᠵᠤ ᠂ ᠭᠤᠣᠯ ᠪᠣᠯᠬᠤ | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠠᠶᠢᠲᠤᠷ ᠡᠷᠬᠢᠯᠡᠵᠤ ᠂ ᠲᠠᠷᠢᠶᠠᠴᠢᠳ ᠤᠨ ᠡᠪᠡᠳᠴᠢᠨ ᠦᠵᠡᠭᠦᠯᠵᠦ ᠡᠮᠨᠡᠭᠦᠯᠬᠦ ᠳᠤ ᠨᠢ ᠨᠡᠩ ᠲᠦᠬᠦᠮ | ᠪᠣᠯᠭᠠᠨ᠎ᠠ ᠃ ᠵᠠᠯᠭᠠᠭ᠎ᠠ ᠪᠠᠷ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠ ᠲᠤᠬᠠᠶ ᠶᠢᠨ ᠵᠢᠯ ᠳᠤ ᠲᠠᠩᠰᠠ ᠲᠠᠶᠢᠯᠤᠭᠰᠠᠨ ᠥᠬᠡᠶ ᠬᠥᠳᠡᠭᠡ | ᠲᠣᠰᠬᠤᠨ ᠤ ᠰᠠᠭᠤᠭᠠᠯᠢ ᠠᠷᠠᠳ ᠲᠤ ᠳᠠᠷᠠᠭ᠎ᠠ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ | ᠳᠡᠭᠡᠭᠰᠢᠯᠡᠭᠦᠯᠬᠦ ᠪᠠᠷ ᠳᠠᠮᠵᠢᠭᠤᠯᠤᠨ ᠵᠣᠬᠢᠬᠤ ᠬᠡᠮᠵᠢᠶᠡᠨ ᠤ ᠵᠣᠷᠢᠭᠵᠢᠭᠤᠯᠤᠯ ᠥᠭᠴᠦ ᠂ ᠳᠠᠭᠠᠳᠬᠠᠯ ᠳᠤ ᠣᠷᠣᠯᠴᠠᠭᠰᠠᠨ ᠲᠠᠷᠢᠶᠠᠴᠢᠳ ᠲᠤ ᠪᠣᠳᠠᠲᠠᠶ ᠠᠰᠢᠭ | ᠬᠦᠷᠲᠡᠭᠡᠨ᠎ᠡ ᠃ ᠨᠠᠰᠤᠵᠢᠯ ᠤᠨ ᠠᠰᠠᠷᠠᠮᠵᠢ ᠶᠢᠨ ᠲᠠᠯ᠎ᠠ ᠪᠠᠷ ᠂ ᠭᠤᠣᠯᠳᠠᠯᠭ᠎ᠠ ᠨᠢ ᠬᠥᠳᠡᠭᠡ ᠲᠣᠰᠬᠤᠨ ᠤ ᠨᠠᠰᠤᠵᠢᠭᠰᠠᠨ ᠬᠥᠮᠥᠨ ᠣᠯᠠᠳᠠᠵᠤ ᠪᠠᠶᠢᠭ᠎ᠠ ᠬᠠᠨᠳᠤᠰᠢ ᠳᠤ | ᠴᠢᠭᠯᠡᠭᠦᠯᠦᠨ ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠡᠪᠡᠷᠰᠢᠶᠡᠯ ᠳᠤ ᠠᠩᠬᠠᠷᠤᠯ ᠢᠶᠠᠨ ᠲᠥᠪᠯᠡᠷᠡᠭᠦᠯᠵᠦ ᠂ ᠬᠥᠳᠡᠭᠡ ᠲᠣᠰᠬᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ ᠂ ᠲᠠᠷᠢᠶᠠᠴᠢᠳ ᠤᠨ ᠨᠠᠰᠤᠵᠢᠯ ᠤᠨ | ᠠᠰᠠᠷᠠᠮᠵᠢ ᠶᠢᠨ ᠲᠠᠯ᠎ᠠ ᠶᠢᠨ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠨ᠎ᠡ ᠃ | ᠮᠠᠨ ᠤ ᠤᠯᠤᠰ ᠤᠨ ᠠᠮᠤ ᠪᠤᠳᠠᠭᠠᠨ ᠤ ᠬᠠᠩᠭᠠᠯᠭ᠎ᠠ ᠶᠡᠷᠦᠩᠬᠡᠶ ᠳᠤ ᠪᠠᠨ ᠬᠡᠷᠡᠭᠴᠡᠭᠡᠨ ᠠᠴᠠ ᠪᠠᠨ ᠶᠡᠭᠡ ᠪᠢᠰᠢ ᠂ ᠬᠠᠷᠢᠨ ᠮᠥᠨ ᠯᠡ ᠬᠠᠩᠭᠠᠯᠭ᠎ᠠ | ᠬᠡᠷᠡᠭᠴᠡᠭᠡ ᠶᠢᠨ ᠲᠡᠩᠴᠡᠭᠦᠷᠢᠲᠡᠶ ᠪᠠᠶᠢᠳᠠᠯ ᠳᠤ ᠪᠠᠨ ᠣᠷᠣᠰᠢᠵᠤ ᠪᠠᠶᠢᠨ᠎ᠠ | ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠢ ᠬᠡᠷᠬᠢᠨ ᠠᠳᠬᠤᠬᠤ ᠲᠤᠬᠠᠢ ᠡᠶᠢᠮᠦ ᠨᠢᠭᠡᠨ ᠴᠢᠮᠡᠭᠡ ᠳᠤᠭᠤᠯᠳᠠᠵᠤ ᠪᠣᠢ ᠂ ᠠᠮᠤ ᠪᠤᠳᠠᠭᠠᠨ ᠤ ᠤᠨᠠᠯᠲᠠ | ᠨᠡᠮᠡᠭᠳᠡᠪᠡ ᠂ ᠳᠡᠭᠡᠷ᠎ᠡ ᠨᠢ ᠠᠮᠤ ᠪᠤᠳᠠᠭᠠᠨ ᠤ ᠵᠠᠬ᠎ᠠ ᠳᠡᠯᠭᠡᠭᠦᠷ ᠴᠦ ᠨᠡᠯᠢᠶᠡᠳ ᠮᠠᠭᠤᠵᠢᠷᠠᠵᠤ ᠂ ᠵᠠᠷᠢᠮ ᠡᠭᠦᠯᠳᠡᠷ ᠤᠨ ᠦᠨ᠎ᠡ ᠬᠠᠩᠰᠢ ᠪᠠᠭᠤᠷᠠᠭᠰᠠᠨ ᠪᠣᠯᠬᠤᠷ ᠡᠨᠡ | ᠵᠢᠯ ᠤᠨ ᠠᠮᠤ ᠪᠤᠳᠠᠭᠠᠨ ᠤ ᠠᠵᠢᠯ ᠤᠨ ᠡᠷᠴᠢᠮ ᠢ ᠰᠤᠯᠠᠷᠠᠭᠤᠯᠪᠠᠯ ᠶᠠᠮᠠᠷ ᠵᠡᠷᠭᠡ ᠪᠣᠢ ︖ ᠡᠭᠦᠨ ᠤ ᠲᠤᠬᠠᠶ ᠲᠥᠪ ᠬᠤᠷᠢᠶᠠᠨ ᠤ ᠲᠦᠷᠦ ᠶᠢᠨ ᠪᠤᠳᠤᠯᠭ᠎ᠠ ᠪᠣᠯ | ᠲᠣᠳᠣᠷᠬᠠᠶ ᠶᠤᠮ ᠂ ᠠᠮᠤ ᠪᠤᠳᠠᠭᠠᠨ ᠤ ᠦᠢᠯᠡᠳᠪᠦᠷᠢᠯᠡᠯ ᠢ ᠴᠢᠩᠭᠠᠳᠬᠠᠬᠤ ᠠᠴᠠ ᠪᠢᠰᠢ ᠰᠤᠯᠠᠷᠠᠭᠤᠯᠵᠤ ᠪᠣᠯᠬᠤ ᠦᠭᠡᠢ ᠃ ᠠᠮᠤ ᠪᠤᠳᠠᠭᠠᠨ ᠤ ᠦᠨ᠎ᠡ ᠬᠠᠩᠰᠢ | ᠬᠡᠰᠡᠭ ᠬᠤᠭᠤᠴᠠᠭᠠᠨ ᠳᠤ ᠪᠣᠯᠣᠭᠰᠠᠨ ᠠᠴᠠ ᠪᠣᠯᠣᠭᠠᠳ ᠠᠮᠤ ᠪᠤᠳᠠᠭᠠᠨ ᠤ ᠦᠢᠯᠡᠳᠪᠦᠷᠢᠯᠡᠯ ᠨᠢᠭᠡᠨᠲᠡ ᠵᠣᠪᠠᠭ᠋ᠤ ᠤᠴᠢᠷ ᠦᠭᠡᠢ ᠪᠣᠯᠴᠢᠬᠠᠯ᠎ᠠ ᠭᠡᠵᠦ ᠬᠦᠡᠭᠭᠡᠨ | ᠬᠠᠭᠤᠳᠠᠮ ᠢᠶᠠᠷ ᠬᠡᠯᠡᠵᠦ ᠶᠠᠭᠠᠬᠢᠭᠰᠠᠨ ᠴᠤ ᠪᠣᠯᠬᠤ ᠦᠭᠡᠢ ᠃ ᠨᠢᠭᠡ ᠲᠠᠯ᠎ᠠ ᠪᠠᠷ ᠂ ᠠᠮᠤ ᠪᠤᠳᠠᠭᠠᠨ ᠤ ᠦᠢᠯᠡᠳᠪᠦᠷᠢᠯᠡᠯ ᠨᠢ ᠵᠣᠬᠢᠬᠤ ᠬᠡᠮᠵᠢᠶᠡᠨ ᠳᠤ ᠮᠥᠨ ᠯᠡ | ᠲᠩᠷᠢ ᠶᠢᠨ ᠴᠢᠷᠠᠶ ᠶᠢ ᠬᠠᠷᠠᠨ ᠠᠮᠢᠳᠤᠷᠠᠵᠤ ᠂ ︽ ᠬᠥᠮᠦᠨ ᠴᠢᠷᠮᠠᠶᠢᠬᠤ ︾ ᠲᠡᠳᠦᠢ ᠪᠢᠰᠢ ᠪᠠᠰᠠ ︽ ᠲᠩᠷᠢ ᠶᠢᠨ ᠴᠢᠷᠠᠢ ᠶᠢ ᠬᠠᠷᠠᠬᠤ ᠴᠢᠬᠤᠯᠠᠲᠠᠢ ᠪᠠᠶᠢᠳᠠᠭ ︾ ᠃ | ᠤᠢᠢᠷ᠎ᠠ ᠶᠢᠨ ᠵᠢᠯ ᠤᠳ ᠲᠤ ᠬᠡᠴᠡᠭᠦᠦ ᠴᠠᠭ ᠠᠭᠤᠷ ᠵᠡᠷᠭᠡ ᠪᠠᠶᠢᠭᠠᠯᠢ ᠶᠢᠨ ᠭᠠᠮᠰᠢᠭ ᠤᠯᠠᠨ ᠡᠭᠦᠰᠴᠦ ᠲᠠᠬᠢᠨ ᠡᠭᠦᠰᠴᠦ ᠪᠠᠶᠢᠭ᠎ᠠ ᠪᠣᠯᠬᠤᠷ ᠲᠣᠭᠲᠠᠭᠤᠨ ᠪᠤᠰᠤ | ᠬᠦᠴᠦᠨ ᠵᠦᠢᠯ ᠮᠠᠰᠢ ᠤᠯᠠᠨ ᠪᠠᠶᠢᠨ᠎ᠠ ᠂ ᠡᠶᠢᠮᠦ ᠠᠴᠠ ᠡᠷᠬᠡᠪᠰᠢ ᠭᠠᠮᠰᠢᠭ ᠢ ᠡᠰᠡᠷᠭᠦᠴᠡᠨ ᠡᠯᠪᠡᠭ ᠬᠤᠷᠢᠶᠠᠯᠲᠠ ᠶᠢ ᠲᠡᠮᠡᠴᠡᠨ ᠤᠯᠬᠤ ᠳᠤ ᠰᠠᠭᠤᠷᠢᠯᠠᠵᠤ ᠂ ᠬᠦᠴᠢᠷ | ᠪᠡᠷᠬᠡᠰᠢᠶᠡᠯ ᠢ ᠲᠡᠷᠢᠭᠦᠨ ᠳᠤ ᠲᠠᠯᠪᠢᠵᠤ ᠂ ᠠᠮᠤᠷ ᠲᠦᠪᠰᠢᠨ ᠢᠶᠠᠷ ᠬᠤᠷᠢᠶᠠᠯᠲᠠ ᠣᠯᠬᠤ ᠢᠯᠡᠳᠬᠡᠮᠵᠢ ᠶᠢ ᠨᠡᠩ ᠥᠨᠳᠥᠷ ᠪᠣᠯᠭᠠᠬᠤ ᠬᠡᠷᠡᠭᠲᠡᠶ ᠃ ᠨᠥᠭᠦᠭᠡ ᠲᠠᠯ᠎ᠠ ᠪᠠᠷ ᠂ | ᠮᠠᠨ ᠤ ᠤᠯᠤᠰ ᠤᠨ ᠠᠮᠤ ᠪᠤᠳᠠᠭᠠᠨ ᠤ ᠬᠡᠷᠡᠭᠴᠡᠭᠡ ᠪᠠᠰᠠ ᠲᠠᠰᠤᠷᠠᠯᠲᠠ ᠦᠭᠡᠶ ᠥᠷᠭᠡᠳᠴᠦ ᠂ 14 ᠳ᠋ᠦᠩᠰᠢᠭᠤᠷ ᠭᠠᠷᠤᠶ ᠬᠥᠮᠦᠨ ᠤ ᠢᠳᠡᠬᠦ ᠬᠤᠭᠤᠯᠠ | ᠪᠠᠶᠢᠬᠤ ᠶᠢ ᠪᠠᠲᠤᠯᠠᠬᠤ ᠬᠡᠷᠡᠭᠲᠡᠢ ᠮᠥᠷᠲᠡᠭᠡᠨ ᠰᠠᠶᠢᠨ ᠬᠤᠭᠤᠯᠠ ᠢᠳᠡᠬᠦ ᠶᠢ ᠬᠦᠰᠡᠵᠦ ᠪᠠᠶᠢᠨ᠎ᠠ ᠃ ᠤᠳᠤ ᠬᠡᠳᠦᠢ ᠪᠠᠷ ᠬᠥᠮᠥᠰ ᠤᠨ ᠬᠦᠨᠡᠰᠦᠨ ᠠᠮᠤ ᠢᠳᠡᠬᠦ ᠨᠢ | ᠪᠠᠭ᠎ᠠ ᠪᠣᠯᠣᠭᠰᠠᠨ ᠴᠤ ᠮᠢᠬ᠎ᠠ ᠂ ᠥᠨᠳᠡᠭᠡ ᠂ ᠰᠦ ᠢᠳᠡᠬᠦ ᠨᠢ ᠶᠡᠭᠡ ᠪᠣᠯᠪᠠ ᠂ ᠡᠳᠡᠭᠡᠷ ᠢ ᠴᠥᠮ ᠤᠯᠠᠮ ᠠᠴᠠ ᠤᠯᠠᠮ ᠠᠷᠪᠢᠨ ᠲᠡᠵᠢᠭᠡᠯ ᠪᠣᠷᠳᠣᠭᠠᠨ ᠤ ᠠᠮᠤ ᠠᠴᠠ | ᠤᠯᠠᠷᠢᠭᠤᠯᠵᠤ ᠰᠢᠢᠳᠪᠦᠷᠢᠯᠡᠬᠦ ᠴᠢᠬᠤᠯᠠ ᠲᠠᠢ ᠃ ᠮᠠᠨ ᠤ ᠤᠯᠤᠰ ᠤᠨ ᠠᠮᠤ ᠪᠤᠳᠠᠭᠠᠨ ᠤ ᠬᠠᠩᠭᠠᠯᠭ᠎ᠠ ᠶᠡᠷᠦᠩᠬᠡᠶ ᠳᠤ ᠪᠠᠨ ᠬᠡᠷᠡᠭᠴᠡᠭᠡᠨ ᠠᠴᠠ ᠪᠠᠨ ᠶᠡᠭᠡ ᠪᠢᠰᠢ ᠂ | ᠬᠠᠷᠢᠨ ᠮᠥᠨ ᠯᠡ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢᠲᠡᠶ ᠪᠠᠶᠢᠳᠠᠯ ᠳᠤ ᠪᠠᠨ ᠣᠷᠣᠰᠢᠵᠤ ᠪᠠᠶᠢᠨ᠎ᠠ ᠃ ᠲᠡᠦᠬᠡᠨ ᠲᠤᠷᠰᠢᠯᠭ᠎ᠠ ᠬᠠᠷᠠᠭᠤᠯᠤᠭᠰᠠᠨ ᠨᠢ ᠂ ᠮᠠᠨ ᠤ | ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠢ ᠳᠡᠭᠡᠭᠰᠢᠯᠡᠭᠦᠯᠬᠦ ᠳᠤ ᠶᠡᠷᠦ ᠨᠢ ᠮᠠᠰᠢ ᠬᠦᠴᠢᠷ ᠂ ᠪᠠᠭᠤᠷᠠᠭᠤᠯᠬᠤ ᠳᠤ ᠬᠠᠷᠢᠨ ᠬᠠᠷᠢᠴᠠᠩᠭᠤᠢ ᠪᠠᠷ ᠠᠮᠠᠷᠬᠠᠨ | ᠪᠠᠶᠢᠳᠠᠭ ᠂ ᠠᠵᠢᠯ ᠤᠨ ᠡᠷᠴᠢᠮ ᠢᠶᠠᠨ ᠰᠤᠯᠠᠷᠠᠭᠤᠯᠤᠭᠰᠠᠨ ᠠᠴᠠ ᠪᠣᠯᠣᠭᠠᠳ ᠦᠢᠯᠡᠳᠪᠦᠷᠢᠯᠡᠯ ᠢ ᠶᠡᠭᠡ ᠪᠠᠷ ᠳᠡᠭᠡᠭᠰᠢᠯᠡᠭᠦᠯᠵᠦ ᠶᠡᠭᠡ ᠪᠠᠷ ᠪᠠᠭᠤᠷᠠᠭᠤᠯᠵᠤ ᠶᠠᠭᠠᠬᠢᠭᠰᠠᠨ | ᠴᠤ ᠪᠣᠯᠬᠤ ᠦᠭᠡᠢ ᠃ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ | ᠪᠠᠲᠤᠯᠠᠬᠤ ᠶᠢ ᠦᠷᠭᠦᠯᠵᠢᠯᠡᠨ ᠲᠡᠷᠢᠭᠦᠨ ᠪᠠᠶᠢᠷᠢᠨ ᠳᠤ ᠲᠠᠯᠪᠢᠵᠤ ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ ᠂ ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ ᠂ ᠥᠪᠡᠷ ᠤᠨ ᠪᠤᠳᠠᠭᠠᠨ | ᠠᠶᠠᠭ᠎ᠠ ᠪᠠᠨ ᠭᠠᠷ ᠲᠤ ᠪᠠᠨ ᠨᠡᠩ ᠯᠠᠪᠳᠠᠭᠤᠨ ᠪᠠᠲᠤ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃ | ᠵᠠᠰᠠᠭ ᠵᠠᠬᠢᠷᠭᠠᠨ ᠤ ᠠᠷᠭ᠎ᠠ ᠪᠠᠷᠢᠯ ᠳᠤ ᠲᠦᠰᠢᠭᠯᠡᠨ ᠭᠠᠵᠠᠷ ᠰᠢᠷᠣᠶ ᠶᠢ ᠠᠯᠪᠠ ᠪᠠᠷ ᠰᠢᠯᠵᠢᠭᠦᠯᠵᠦ ᠡᠷᠭᠢᠯᠳᠦᠭᠦᠯᠬᠦ ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ | ᠡᠷᠦᠭᠡ ᠳᠤ ᠳᠠᠭᠠᠭᠠᠴᠢᠯᠠᠭᠤᠯᠤᠨ ᠡᠵᠡᠩᠨᠡᠭᠦᠯᠦᠭᠰᠡᠨ ᠰᠠᠭᠤᠷᠢᠨ ᠳᠡᠭᠡᠷ᠎ᠡ ᠂ ᠳᠠᠭᠠᠭᠠᠴᠢᠯᠠᠭᠰᠠᠨ ᠭᠠᠵᠠᠷ ᠤᠨ ︽ ᠭᠤᠷᠪᠠᠨ ᠡᠷᠬᠡ ᠶᠢ ᠰᠠᠯᠭᠠᠬᠤ ︾ ᠪᠠᠷ | ᠳᠠᠮᠵᠢᠭᠤᠯᠤᠨ ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ ᠰᠢᠯᠵᠢᠭᠦᠯᠦᠨ ᠡᠷᠭᠢᠯᠳᠦᠭᠦᠯᠬᠦ ᠶᠢ ᠬᠥᠲᠥᠯᠥᠨ ᠵᠢᠯᠣᠭᠤᠳᠴᠤ ᠂ | ᠲᠠᠷᠢᠶᠠᠯᠠᠩ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠪᠣᠯ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠶᠢᠨ ᠵᠠᠶᠢᠯᠠᠰᠢ ᠦᠭᠡᠢ ᠶᠠᠪᠤᠬᠤ ᠵᠠᠮ | ᠮᠥᠨ ᠂ ᠪᠠᠰᠠ ᠴᠤ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠪᠠᠬᠢᠵᠢᠭᠦᠯᠦᠨ ᠲᠡᠭᠦᠯᠳᠡᠷᠵᠢᠭᠦᠯᠬᠦ ᠶᠢᠨ ᠴᠢᠬᠤᠯᠠ ᠲᠠᠯ᠎ᠠ ᠮᠥᠨ ᠃ | ᠣᠶᠢᠷ᠎ᠠ ᠶᠢᠨ ᠵᠢᠯ ᠤᠳ ᠲᠤ ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠲᠣᠭᠲᠠᠭᠤᠨ ᠪᠠᠶᠢᠵᠤ ᠂ ᠳᠠᠭᠠᠭᠠᠴᠢᠯᠠᠯᠲᠠ ᠶᠢᠨ | ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠵᠦ ᠪᠠᠶᠢᠬᠤ ᠨᠢ ᠶᠡᠷᠦᠩᠬᠡᠶ ᠳᠤ ᠪᠠᠨ ᠵᠢᠷᠤᠮᠵᠢᠭᠤᠨ ᠪᠥᠭᠡᠳ ᠡᠮᠬᠢ ᠳᠢᠭᠯᠢᠮ ᠲᠠᠢ ᠪᠠᠶᠢᠨ᠎ᠠ ᠂ | ᠭᠡᠪᠡᠴᠦ ᠵᠠᠷᠢᠮ ᠭᠠᠵᠠᠷ ᠣᠷᠣᠨ ᠳᠤ ᠪᠠᠰᠠ ᠲᠦᠷᠢᠮ ᠠᠴᠠ ᠵᠥᠷᠢᠴᠡᠨ ᠠᠵᠢᠯᠯᠠᠭᠤᠯᠤᠭᠰᠠᠨ ᠠᠰᠠᠭᠤᠳᠠᠯ ᠤᠳ ᠭᠠᠷᠴᠠᠶ ᠂ ᠪᠢᠴᠢᠭ ᠮᠠᠲ᠋ᠧᠷᠢᠶᠠᠯ ᠳᠤ ᠡᠭᠦᠨ ᠤ ᠲᠤᠬᠠᠶ | ᠴᠢᠬᠤᠯᠠᠴᠢᠯᠠᠭᠰᠠᠨ ᠪᠠᠶᠢᠨ᠎ᠠ ᠃ | ᠨᠢᠭᠡ ᠳᠤ ᠂ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠴᠠᠲᠠᠢ ᠠᠳᠬᠤᠨ᠎ᠠ ᠃ ᠲᠥᠪ ᠬᠤᠷᠢᠶᠠᠨ ᠤ | ᠱᠠᠭᠠᠷᠳᠠᠯᠭ᠎ᠠ ᠮᠠᠰᠢ ᠲᠣᠳᠣᠷᠬᠠᠶ ᠪᠠᠶᠢᠨ᠎ᠠ ᠂ ᠳᠠᠭᠠᠭᠠᠴᠢᠯᠠᠭᠰᠠᠨ ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠳᠤ ᠬᠠᠤᠯᠢ ᠶᠣᠰᠣᠭᠠᠷ ᠂ | ᠰᠠᠨᠠᠭᠠᠴᠢᠯᠠᠭ᠎ᠠ ᠶᠢᠨ ᠂ ᠲᠥᠯᠥᠪᠦᠷᠢ ᠲᠠᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠶ ᠂ ᠳᠠᠭᠠᠭᠠᠴᠢᠯᠠᠭᠰᠠᠨ ᠲᠠᠷᠢᠶᠠᠴᠢᠨ ᠡᠷᠤᠭᠡ ᠶᠢᠨ ᠰᠠᠨᠠᠭ᠎ᠠ ᠠᠴᠠ ᠵᠥᠷᠢᠴᠡᠵᠦ | ᠪᠣᠯᠬᠤ ᠦᠭᠡᠢ ᠂ ᠲᠠᠷᠢᠶᠠᠴᠢᠳ ᠤᠨ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ ᠂ ᠭᠠᠵᠠᠷ ᠰᠢᠷᠣᠶ ᠶᠢᠨ ᠬᠡᠷᠡᠭᠯᠡᠯᠲᠡ ᠶᠢ ᠬᠤᠪᠢᠷᠠᠭᠤᠯᠵᠤ ᠪᠣᠯᠬᠤ ᠦᠭᠡᠢ ᠂ | ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠠ ᠲᠠᠷᠢᠶᠠᠯᠠᠩ ᠤᠨ ᠠᠮᠢ ᠠᠬᠤᠶ ᠣᠷᠴᠢᠨ ᠠᠬᠤᠶ ᠶᠢ ᠡᠪᠳᠡᠵᠦ ᠪᠣᠯᠬᠤ ᠦᠭᠡᠢ ᠃ ᠭᠠᠵᠠᠷ | ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠂ ᠲᠥᠪᠯᠡᠷᠡᠭᠦᠯᠬᠦ ᠂ ᠬᠡᠪᠴᠢᠶᠡᠵᠢᠭᠦᠯᠦᠨ ᠡᠵᠡᠩᠨᠡᠬᠦ ᠬᠡᠮᠵᠢᠶ᠎ᠡ ᠶᠢ ᠰᠠᠶᠢᠲᠤᠷ ᠡᠵᠡᠮᠳᠡᠵᠦ ᠂ | ᠬᠤᠳᠠ ᠪᠠᠯᠭᠠᠰᠤᠵᠢᠯᠳᠠ ᠶᠢᠨ ᠠᠬᠢᠴᠠ ᠪᠠ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠰᠢᠯᠵᠢᠯᠲᠡ ᠶᠢᠨ ᠬᠡᠪᠴᠢᠶ᠎ᠡ ᠯᠦᠭᠡ ᠵᠣᠬᠢᠴᠠᠭᠤᠯᠵᠤ ᠂ ᠲᠠᠷᠢᠶᠠᠯᠠᠩ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠪᠠ ᠦᠢᠯᠡᠳᠪᠦᠷᠢᠯᠡᠯ ᠤᠨ ᠠᠷᠭ᠎ᠠ ᠪᠠᠷᠢᠯ ᠤᠨ ᠰᠠᠶᠢᠵᠢᠷᠠᠯᠲᠠ ᠶᠢᠨ ᠬᠡᠮᠵᠢᠶ᠎ᠡ ᠯᠦᠭᠡ ᠵᠣᠬᠢᠴᠠᠭᠤᠯᠵᠤ ᠂ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠯᠦᠭᠡ ᠵᠣᠬᠢᠴᠠᠭᠤᠯᠬᠤ ᠬᠡᠷᠡᠭᠲᠡᠶ ᠃ | ᠬᠤᠶᠠᠷ ᠲᠤ ᠂ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠶᠢᠨ ᠬᠠᠮᠢᠶᠠᠷᠤᠯᠲᠠ ᠦᠢᠯᠡᠴᠢᠯᠡᠭᠡᠨ ᠤ ᠲᠦᠷᠢᠮ ᠢ ᠲᠡᠭᠦᠯᠳᠡᠷᠵᠢᠭᠦᠯᠦᠨ᠎ᠡ ᠃ ᠭᠤᠣᠯᠳᠠᠯᠭ᠎ᠠ ᠨᠢ | ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠢ ᠵᠢᠷᠤᠮᠵᠢᠭᠤᠯᠤᠨ ᠳᠦᠷᠢᠮᠵᠢᠭᠦᠯᠬᠦ ᠶᠢ ᠠᠬᠢᠭᠤᠯᠵᠤ ᠂ ᠰᠢᠯᠵᠢᠭᠦᠯᠦᠨ ᠡᠷᠭᠢᠯᠳᠦᠭᠦᠯᠬᠦ ᠬᠤᠶᠠᠷ ᠲᠠᠯ᠎ᠠ ᠶᠢᠨ ᠬᠠᠤᠯᠢ | ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠨ᠎ᠠ ᠃ ᠡᠯ᠎ᠡ ᠭᠠᠵᠠᠷ ᠤᠨ ᠬᠢᠨ ᠤ ᠰᠢᠯᠵᠢᠭᠦᠯᠦᠨ ᠡᠷᠭᠢᠯᠳᠦᠭᠦᠯᠬᠦ ᠦᠨ᠎ᠡ ᠶᠢᠨ ᠵᠢᠭᠠᠯᠲᠠ ᠲᠤᠭ᠎ᠠ ᠶᠢ | ᠨᠡᠶᠢᠲᠡᠯᠡᠬᠦ ᠂ ᠪᠣᠳᠠᠲᠤ ᠶᠠᠭᠤᠮ᠎ᠠ ᠪᠠᠷ ᠲᠦᠷᠢᠶᠡᠰᠦ ᠪᠤᠳᠤᠬᠤ ᠵᠡᠷᠭᠡ ᠠᠷᠭ᠎ᠠ ᠮᠠᠶ᠋ᠢᠭ ᠢᠶᠠᠷ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠢ ᠵᠦᠢ ᠵᠣᠬᠢᠰᠲᠠᠶ ᠬᠢᠷᠢ | ᠲᠦᠪᠰᠢᠨ ᠳᠤ ᠲᠣᠭᠲᠠᠪᠤᠷᠢᠵᠢᠭᠤᠯᠬᠤ ᠶᠢ ᠠᠬᠢᠭᠤᠯᠬᠤ ᠶᠢ ᠵᠣᠷᠢᠭᠵᠢᠭᠤᠯᠤᠨ᠎ᠠ ᠂ ᠢᠩᠭᠢᠪᠡᠯ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠬᠡᠳᠦ ᠳᠣᠣᠷ᠎ᠠ ᠪᠣᠯᠣᠭᠰᠠᠨ ᠠᠴᠠ | ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠠᠴᠠ ᠵᠠᠶᠢᠯᠠᠰᠬᠢᠵᠦ ᠪᠣᠯᠬᠤ ᠮᠥᠷᠲᠡᠭᠡᠨ ᠪᠠᠰᠠ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠬᠡᠳᠦ ᠥᠨᠳᠥᠷ | ᠪᠣᠯᠣᠭᠰᠠᠨ ᠠᠴᠠ ᠲᠠᠷᠢᠶᠠᠯᠠᠩ ᠤᠨ ᠥᠷᠢᠰᠥᠯᠳᠦᠬᠦ ᠬᠦᠴᠦᠨ ᠢ ᠨᠥᠯᠥᠭᠡᠯᠡᠬᠦ ᠠᠴᠠ ᠰᠡᠷᠭᠡᠶᠢᠯᠡᠵᠦ ᠴᠢᠳᠠᠨ᠎ᠠ ᠃ | ᠭᠤᠷᠪᠠ ᠳᠤ ᠂ ᠵᠠᠰᠠᠭ ᠵᠠᠬᠢᠷᠭᠠᠨ ᠤ ᠠᠷᠭ᠎ᠠ ᠪᠠᠷᠢᠯ ᠳᠤ ᠲᠦᠰᠢᠭᠯᠡᠨ ᠭᠠᠵᠠᠷ ᠰᠢᠷᠣᠶ ᠶᠢ ᠠᠯᠪᠠᠳᠠᠯᠭ᠎ᠠ ᠪᠠᠷ ᠰᠢᠯᠵᠢᠭᠦᠯᠦᠨ ᠡᠷᠭᠢᠯᠳᠦᠭᠦᠯᠬᠦ ᠠᠵᠢᠯᠯᠠᠭ᠎ᠠ ᠶᠢ ᠡᠷᠡᠰ | ᠵᠠᠯᠠᠷᠠᠭᠤᠯᠤᠨ᠎ᠠ ᠃ ᠳᠠᠭᠠᠭᠠᠴᠢᠯᠠᠯᠲᠠ ᠶᠢᠨ ᠭᠠᠵᠠᠷ ᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠡᠰᠡᠬᠦ ᠂ ᠦᠨ᠎ᠡ ᠬᠠᠩᠰᠢ ᠶᠢ ᠬᠡᠷᠬᠢᠨ ᠲᠣᠭᠲᠠᠭᠠᠬᠤ ᠂ | ᠬᠡᠯᠪᠡᠷᠢ ᠶᠢ ᠬᠡᠷᠬᠢᠨ ᠰᠣᠩᠭᠤᠬᠤ ᠶᠢ ᠲᠣᠭᠲᠠᠭᠠᠬᠤ ᠡᠷᠬᠡ ᠨᠢ ᠴᠥᠮ ᠲᠠᠷᠢᠶᠠᠴᠢᠨ ᠡᠷᠦᠬᠡ ᠂ ᠲᠠᠷᠢᠶᠠᠴᠢᠳ ᠤᠨ ᠬᠡᠯᠡᠭᠰᠡᠨ ᠢᠶᠠᠷ ᠪᠣᠯᠭᠠᠨ᠎ᠠ ᠂ ᠭᠦᠢᠴᠡᠳᠬᠡᠯ ᠲᠤᠭ᠎ᠠ | ᠪᠠᠭᠤᠯᠭᠠᠬᠤ ᠂ ᠡᠭᠦᠷᠭᠡ ᠲᠣᠭᠲᠠᠭᠠᠬᠤ ᠴᠢᠨᠠᠭᠰᠢᠯᠠᠪᠠᠯ ᠠᠯᠪᠠᠳᠠᠨ ᠵᠠᠷᠯᠢᠭᠳᠠᠵᠤ ᠂ ᠲᠠᠷᠢᠶᠠᠴᠢᠳ ᠢ ᠳᠠᠭᠠᠭᠠᠴᠢᠯᠠᠭᠰᠠᠨ ᠭᠠᠵᠠᠷ ᠰᠢᠷᠣᠶ ᠠᠴᠠ ᠨᠢ ᠠᠯᠪᠠᠳᠠᠯᠭ᠎ᠠ ᠪᠠᠷ | ᠰᠢᠬᠠᠨ ᠭᠠᠷᠭᠠᠵᠤ ᠪᠣᠯᠬᠤ ᠦᠭᠡᠢ ᠃ ᠵᠠᠷᠢᠮ ᠭᠠᠵᠠᠷ ᠣᠷᠣᠨ ᠤ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠪᠠᠷ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠨᠥᠬᠦᠴᠡᠯ ᠪᠣᠯᠭᠠᠵᠤ ᠂ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠲᠠᠯᠠᠪᠠᠶ ᠂ ᠰᠢᠯᠵᠢᠭᠦᠯᠦᠨ | ᠡᠷᠭᠢᠯᠳᠦᠭᠦᠯᠬᠦ ᠬᠠᠷᠢᠴᠠᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠡᠰᠡᠬᠦᠯ᠎ᠡ ᠲᠥᠷᠥ ᠶᠢᠨ ᠪᠣᠳᠣᠯᠭ᠎ᠠ ᠶᠢᠨ ᠱᠠᠩᠨᠠᠯ ᠳᠤ ᠣᠷᠣᠭᠤᠯᠵᠤ ᠂ ᠭᠠᠵᠠᠷ | ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠨᠣᠷᠮ᠎ᠠ ᠶᠢ ᠲᠥᠯᠥᠪᠵᠢᠭᠦᠯᠭᠡ ᠶᠢᠨ ᠭᠦᠢᠴᠡᠳᠬᠡᠯ ᠲᠤᠭ᠎ᠠ ᠪᠤᠶᠤ ᠲᠥᠷᠥᠯ ᠵᠦᠢᠯ ᠢ ᠮᠡᠳᠡᠭᠦᠯᠬᠦ | ᠨᠥᠬᠦᠴᠡᠯ ᠪᠣᠯᠭᠠᠬᠤ ᠵᠡᠷᠭᠡ ᠵᠣᠬᠢᠰ ᠥᠬᠡᠶ ᠪᠠ ᠪᠤᠷᠤᠭᠤ ᠠᠷᠭ᠎ᠠ ᠬᠢᠳᠡᠯ ᠢ ᠴᠠᠭ ᠲᠤᠬᠠᠶ ᠳᠤ ᠨᠢ ᠵᠠᠯᠠᠷᠠᠭᠤᠯᠬᠤ ᠬᠡᠷᠡᠭᠲᠡᠶ ᠃ | | |