| | | ᠪᠤᠯᠤᠩ ᠨᠡᠭᠡᠭᠡᠬᠦ ᠦᠭᠡ | | ᠵᠡᠭᠦᠨᠭᠠᠷ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠤᠷᠤᠰᠬᠠᠯ ᠳᠤᠮᠳᠠ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠢᠮᠠᠭᠲᠠ ᠤᠷᠤᠰᠬᠠᠯ ᠤᠨ | ᠡᠮᠦᠨᠡᠨᠢ ᠵᠣᠭᠰᠣᠵᠤ ᠂ ᠰᠢᠨ᠎ᠡ ᠶᠢ ᠡᠭᠦᠳᠬᠦ ᠶᠢ ᠠᠬᠢᠭᠤᠯᠬᠤ ᠂ ᠠᠵᠢᠯ ᠣᠯᠭᠤᠯᠲᠠ ᠶᠢ ᠠᠬᠢᠭᠤᠯᠬᠤ ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ | ᠵᠠᠩᠭᠢᠯᠠᠭ᠎ᠠ ᠶᠢᠨ ᠬᠦᠴᠦᠨ ᠪᠣᠯᠵᠤ ᠪᠠᠶᠢᠨ᠎ᠠ ᠃ ᠣᠶᠢᠷ᠎ᠠ ᠶᠢᠨ ᠵᠢᠯ ᠤᠳ ᠲᠤ ᠂ ᠵᠡᠭᠦᠨᠭᠠᠷ ᠬᠤᠰᠢᠭᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠠᠯᠢ ᠣᠯᠠᠨ ᠠᠰᠢᠭᠲᠠᠢ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠵᠦ ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠵᠦ ᠂ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ | ᠬᠦᠴᠦᠷᠬᠡᠭ ᠶᠡᠭᠡ ᠬᠥᠳᠡᠯᠭᠡᠭᠦᠷ ᠪᠠ ᠴᠢᠬᠤᠯᠠ ᠲᠤᠯᠭᠠᠭᠤᠷᠢ ᠪᠣᠯᠭᠠᠭᠰᠠᠨ ᠪᠠᠶᠢᠨ᠎ᠠ ᠃ ᠵᠡᠭᠦᠨᠭᠠᠷ ᠬᠤᠰᠢᠭᠤ ︽ᠠᠷᠠᠳ ᠤᠨ ᠡᠵᠡᠩᠨᠡᠯᠲᠡ ᠶᠢᠨ ᠠᠵᠤ ᠠᠬᠤᠢ | ᠳᠠᠷᠪᠠᠭᠤᠯ ᠭᠡᠶᠢᠰᠭᠡᠨ ᠤᠷᠤᠬᠰᠢᠯᠠᠨ᠎ᠠ︾ ᠭᠡᠬᠦ ᠪᠤᠯᠤᠩ ᠢ ᠤᠨᠴᠠᠭᠠᠶᠢᠯᠠᠨ ᠨᠡᠭᠡᠭᠡᠵᠤ ᠂ ᠵᠡᠬᠦᠠᠭᠠᠷ ᠬᠤᠰᠢᠭᠤ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ | ᠬᠥᠭᠵᠢᠯᠲᠡ ᠶᠢᠨ ᠶᠠᠪᠤᠴᠠ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠡᠷᠬᠢᠨ ᠬᠥᠭᠵᠢᠭᠡᠬᠦ ᠶᠢ ᠪᠦᠬᠦ ᠲᠠᠯ᠎ᠠ ᠪᠠᠷ ᠳᠡᠯᠭᠡᠨ | ᠦᠵᠡᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠡᠮᠡᠴᠡᠯ ᠤᠨ ᠥᠩᠭᠡᠷᠡᠯᠲᠡ ᠶᠢ ᠶᠠᠷᠢᠭᠤᠯᠤᠨ ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠳᠠᠰᠤᠷᠠᠯᠳᠠ ᠦᠭᠡᠢ ᠰᠢᠪᠲᠤᠯᠤᠯᠲᠠ ᠬᠢᠬᠦ ᠳᠤ ᠬᠦᠴᠦᠨ ᠨᠡᠮᠡᠷᠢᠯᠡᠵᠦ ᠂ ᠨᠡᠩ ᠥᠷᠭᠡᠨ ᠠᠭᠤᠳᠠᠮ ᠢᠷᠡᠭᠡᠳᠦᠢ ᠳᠡᠶᠢᠰᠢ ᠯᠠᠪᠳᠠᠭᠤᠨ ᠢᠶᠠᠷ ᠤᠷᠤᠭᠰᠢᠯᠠᠨ᠎ᠠ᠃ | ᠥᠨᠥᠳᠥᠷ ︽ ᠰᠢᠷ᠎ᠠ ᠰᠢᠷᠣᠢ ᠠᠴᠠ ᠰᠢᠯ ᠤᠨ ᠸᠠᠩᠲᠤ ᠤᠯᠤᠰ ᠬᠦᠷᠲᠡᠯᠡᠬᠢ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠪᠠᠨ ᠬᠤᠪᠢᠷᠠᠭᠤᠯᠤᠨ | ᠪᠦᠰᠡᠯᠡᠯᠲᠡ ᠰᠢᠪᠲᠤᠯᠤᠬᠰᠠᠨ ᠵᠠᠮ︾ ᠭᠡᠬᠦ ᠵᠤᠬᠢᠶᠠᠯ ᠢ ᠨᠡᠶᠢᠳᠡᠯᠡᠶ᠎ᠠ᠃ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠂ 4000 ᠭᠠᠷᠤᠢ ᠮᠦ ᠭᠠᠵᠠᠷ ᠢ ᠡᠵᠡᠯᠡᠭᠰᠡᠨ ᠣᠳᠣᠬᠢᠴᠢᠯᠠᠭᠰᠠᠨ ᠭᠡᠷᠡᠯ ᠴᠡᠨᠡᠭᠤᠨ ᠰᠢᠯ ᠤᠨ ᠠᠵᠤ | ᠦᠢᠯᠡᠰ ᠤᠨ ᠬᠦᠷᠢᠶᠡᠯᠡᠩ ᠶᠠᠭ ᠰᠠᠶᠢᠬᠠᠨ ᠦᠰᠤᠨ ᠪᠣᠶᠢᠵᠢᠵᠤ ᠪᠤᠢ ︱ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ︵ᠳᠣᠷᠣᠭᠰᠢ︽ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠺᠤᠮᠫᠠᠨᠢ︾ᠭᠡᠵᠦ ᠳᠥᠭᠦᠮᠴᠢᠯᠡᠨ᠎ᠡ︶ ᠶᠢᠨ ᠰᠢᠯ ᠬᠠᠶᠢᠯᠤᠭᠤᠯᠬᠤ ᠵᠤᠭᠤᠷᠢ ᠡᠳᠦᠷ ᠰᠥᠨᠢ ᠦᠭᠡᠢ | ᠠᠵᠢᠯᠯᠠᠵᠤ ᠂ ᠬᠤᠶᠠᠷ ᠵᠤᠷᠪᠤᠰ ᠪᠦᠷᠢᠨ ᠠᠦ᠋ᠲ᠋ᠣ᠋ ᠬᠥᠪᠥᠮᠡᠯ ᠰᠢᠯ ᠤᠨ ᠦᠢᠯᠡᠳᠪᠦᠷᠢᠯᠡᠯ ᠤᠨ ᠱᠤᠭᠤᠮ ᠨᠢ ᠡᠳᠦᠷ ᠪᠦᠷᠢ 2000 ᠲᠣᠨ ᠴᠢᠨᠠᠷ ᠰᠠᠶᠢᠲᠠᠢ ᠥᠭᠡᠬᠦᠨ | ᠴᠢᠯᠠᠭᠤᠯᠢᠭ ᠡᠯᠡᠰᠦ ᠵᠡᠷᠭᠡ ᠲᠦᠭᠦᠬᠡᠢ ᠮᠠᠲ᠋ᠧᠷᠢᠶᠠᠯ ᠢ 1.6 ᠮᠢᠯᠢᠮᠧᠲᠷ ᠠᠴᠠ 12 ᠮᠢᠯᠢᠮᠧᠲᠷ ᠤᠨ ᠬᠡᠳᠦ ᠨᠢᠮᠭᠡᠨ᠂ ᠬᠡᠳᠦ ᠵᠤᠵᠠᠭᠠᠨ ᠡᠯ᠎ᠡ ᠵᠦᠢᠯ ᠤᠨ ᠬᠡᠪ | ᠪᠠᠷᠢᠮᠵᠢᠶ᠎ᠠ ᠲᠠᠢ ᠣᠨᠴᠠ ᠲᠦᠷᠦᠯ ᠤᠨ ᠰᠢᠯ ᠪᠣᠯᠭᠠᠨ ᠬᠤᠪᠢᠷᠠᠭᠤᠯᠳᠠᠭ ᠃ ᠮᠧᠬᠠᠨᠢᠭ ᠭᠠᠷ ᠪᠣᠯᠣᠷ ᠰᠢᠭ᠋ ᠳᠤᠩᠭᠠᠯᠠᠭ ᠭᠡᠷᠡᠯ ᠴᠡᠨᠡᠭ ᠤᠨ ᠬᠠᠪᠲᠠᠰᠤᠲᠤ ᠰᠢᠯ ᠢ | ᠨᠠᠷᠢᠯᠢᠭ ᠣᠨᠣᠴᠠᠲᠠᠢ ᠪᠠᠷ ᠠᠳᠬᠤᠵᠤ ᠂ ᠲᠡᠭᠡᠭᠡᠪᠦᠷᠢ ᠶᠢᠨ ᠲᠡᠷᠭᠡ ᠤᠨᠤᠭ᠎ᠠ ᠲᠠᠰᠤᠷᠠᠯᠳᠡ ᠦᠭᠡᠢ ᠴᠤᠪᠤᠷᠠᠯᠳᠤᠨ᠎ᠠ᠃ ᠡᡁᠧᠪᠸᠢ ᠶᠢᠨ ᠶᠢᠩ ᠰᠢᠨ ᠪᠦᠯᠦᠭᠯᠡᠯ ᠤᠨ | ᠤᠮᠠᠷᠠᠲᠤ ᠳᠤ ᠪᠠᠶᠢᠷᠢᠰᠢᠭᠤᠯᠤᠭᠰᠠᠨ ᠴᠢᠬᠤᠯᠠ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠪᠣᠯᠤᠭᠰᠠᠨ ᠤ ᠬᠤᠪᠢ ᠳᠤ ᠂ ᠳᠥᠷᠪᠡᠬᠡᠨ ᠵᠢᠯ ᠤᠨ ᠬᠤᠭᠤᠴᠠᠭᠠᠨ ᠳᠤ ︽ | ᠰᠢᠷ᠎ᠠ ᠰᠢᠷᠤᠢ ᠬᠡᠶᠢᠰᠴᠤ︾ ᠪᠠᠶᠢᠬᠰᠠᠨᠡᠴᠡ ︽ ᠰᠢᠯ ᠤᠨ ᠰᠠᠭᠤᠷᠢ ᠬᠥᠯᠭᠡ ᠣᠩᠭᠤᠴᠠ︾ ᠪᠣᠯᠬᠤ ᠳᠠᠪᠠᠯᠲᠠ ᠶᠢ ᠪᠡᠶᠡᠯᠡᠭᠦᠯᠵᠦ ᠂ ᠥᠪᠥᠷ ᠮᠣᠩᠭᠤᠯ ᠤᠨ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢᠨ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ | | ᠵᠢᠷᠤᠭ ᠄ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠯᠪᠠᠨ ᠠᠰᠠᠷ ᠪᠤᠯᠤᠨ᠎ᠠ᠃ | ᠶᠢᠩ ᠰᠢᠨ ᠪᠦᠯᠦᠭᠯᠡᠯ ᠤᠨ︽ᠤᠮᠠᠷᠠᠰᠢ ᠮᠣᠷᠳᠠᠬᠤ ᠪᠠᠶᠢᠯᠳᠤᠬᠤ ᠪᠣᠳᠣᠯᠭ᠎ᠠ︾ ᠶᠢᠨ ᠵᠠᠩᠭᠢᠯᠠᠭ᠎ᠠ ᠶᠢᠨ ᠭᠤᠬᠴᠤᠭᠠᠪᠣᠯᠤᠭᠰᠠᠨ ᠤ ᠬᠤᠪᠢ ᠳᠤ ᠂ ᠢᠦᠢ ᠵᠢᠩ | ᠰᠢᠨᠵᠢᠯᠡᠬᠦ ᠤᠬᠠᠭᠠᠨ ᠮᠡᠷᠭᠡᠵᠢᠯ ᠤᠨ ᠺᠤᠮᠫᠠᠨᠢ 2019 ᠣᠨ ᠳᠤ ᠵᠡᠭᠦᠨᠭᠠᠷ ᠬᠤᠰᠢᠭᠤᠨ ᠳᠤ ᠨᠤᠲᠤᠭᠰᠢᠬᠤ ᠦᠶᠡᠰ ᠂ ᠠᠳᠡ ᠵᠦᠪᠭᠡᠨᠬᠠᠭᠠᠯᠪᠤᠷᠢᠯᠠᠬᠤ ᠴᠢᠬᠤᠯᠠᠲᠠᠢ | ᠠᠵᠤ ᠦᠢᠯᠡᠳᠪᠦᠷᠢ ᠶᠢᠨ ᠠᠲᠠᠷ ᠭᠠᠵᠠᠷ ᠳᠡᠳᠤᠢ ᠯᠠ ᠪᠠᠶᠢᠵᠠᠢ ᠃ ᠡᠳᠦᠭᠡ ᠬᠠᠷᠢᠨ ᠨᠢᠭᠡᠳᠦᠭᠡᠷ ᠬᠤᠭᠤᠴᠠᠭᠠᠨ ᠤ 2 ᠵᠤᠷᠪᠤᠰ 1000t/d ᠬᠡᠷᠡᠯ ᠴᠡᠨᠡᠭ ᠤᠨ | ᠠᠷᠤ ᠬᠠᠪᠲᠠᠰᠤ ᠶᠢᠨ ᠰᠢᠯ ᠤᠨ ᠦᠢᠯᠡᠳᠪᠦᠷᠢᠯᠡᠯ ᠤᠨ ᠱᠤᠭᠤᠮ ᠶᠠᠭᠠᠷᠠᠯᠳᠠᠢ ᠠᠵᠢᠯᠯᠠᠵᠤ ᠂ ᠨᠠᠷᠢᠯᠢᠭ ᠡᠳ᠋ᠰᠢᠭᠦᠯᠦᠭᠰᠡᠨ LOW-E ᠡᠨᠧᠷᠭᠢ ᠠᠷᠪᠢᠯᠠᠬᠤ ᠰᠢᠯ ᠤᠨ | ᠦᠢᠯᠡᠳᠪᠦᠷᠢᠯᠡᠯ ᠤᠨ ᠱᠤᠭᠤᠮ ᠵᠡᠷᠭᠡᠪᠡᠷ ᠠᠰᠢᠭᠯᠠᠯᠲᠠ ᠳᠤ ᠣᠷᠣᠵᠤ ᠂ ᠬᠤᠶᠠᠳᠤᠭᠠᠷ ᠬᠤᠭᠤᠴᠠᠭᠠᠨ ᠤ 2×1200t/d ᠬᠡᠲᠦ ᠴᠠᠭᠠᠨ ᠳᠠᠷᠤᠰᠢᠮᠠᠯ ᠰᠤᠨᠤᠮᠠᠳᠠᠭᠠᠢ | ᠬᠡᠷᠡᠯ ᠴᠡᠨᠡᠭ ᠤᠨ ᠰᠢᠯ ᠤᠨ ᠲᠥᠷᠥᠯ ᠵᠦᠢᠯ ᠶᠠᠭ ᠢᠳᠡ ᠬᠥᠭ ᠲᠠᠢ ᠪᠦᠳᠤᠭᠡᠨ ᠪᠠᠶᠢᠭᠤᠯᠤᠬᠳᠠᠵᠤ ᠪᠠᠶᠢᠨ᠎ᠠ ᠃ ᠲᠦᠷᠦᠯ ᠵᠦᠢᠯ ᠳᠤ ᠭᠠᠷ ᠤᠨ ᠦᠰᠦᠭ | ᠵᠢᠷᠤᠭᠰᠠᠨ ᠠᠴᠠ ᠠᠩᠬᠠᠨ ᠤ ᠰᠢᠯ ᠢ ᠤᠶᠢᠯᠡᠳᠪᠤᠷᠢᠯᠡᠵᠤ ᠭᠠᠷᠭᠠᠬᠤ ᠪᠣᠯᠲᠠᠯ᠎ᠠ 38 ᠰᠠᠷ᠎ᠠ ᠯᠠ ᠬᠡᠷᠡᠭᠰᠡᠵᠦ ᠂ ᠤᠯᠤᠰ ᠤᠨ ᠳᠣᠲᠣᠭᠠᠳᠤ ᠶᠢᠨ ᠠᠳᠠᠯᠢ ᠬᠡᠪᠴᠢᠶᠡᠨ ᠤ | ᠰᠢᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠡᠮᠳᠡᠭᠯᠡᠯ ᠢ ᠰᠢᠨᠡᠳᠬᠡᠵᠡᠢ᠃ | ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠦᠨᠺᠤᠮᠫᠠᠨᠢ ᠶᠢᠨ ᠦᠵᠡᠭᠦᠯᠭᠡ ᠶᠢᠨ ᠲᠢᠩᠬᠢᠮ ᠳᠤ ᠂ ᠨᠢᠭᠡ ᠪᠦᠯᠦᠭ ᠲᠤᠭ᠎ᠠ ᠪᠠᠷᠢᠮᠲᠠ ᠬᠥᠮᠥᠰ ᠤᠨ ᠠᠩᠬᠠᠷᠤᠯ ᠢ | ᠲᠠᠲᠠᠵᠤ ᠂ ᠲᠦᠷᠦᠯ ᠵᠦᠢᠯ ᠪᠦᠬᠦᠨ ᠢᠶᠠᠷ ᠢᠶᠠᠨ ᠠᠰᠢᠭᠯᠠᠯᠲᠠ ᠳᠤ ᠣᠷᠣᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠦᠷᠳᠡᠭ ᠨᠢ 230 ᠳ᠋ᠦᠩᠰᠢᠭᠤᠷ | ᠲᠥᠭᠦᠷᠢᠭ ᠲᠤ ᠬᠦᠷᠬᠦ ᠪᠣᠯᠣᠨ᠎ᠠ᠃ ᠡᠭᠦᠨ ᠤ ᠠᠷᠤ ᠳᠤ ᠂ ᠲᠤᠬᠠᠢ ᠶᠢᠨ ᠭᠠᠵᠠᠷ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ︽ ᠬᠠᠯᠠᠭᠤᠨ ᠪᠦᠰᠡ ᠶᠢᠨ | ᠪᠣᠷᠣᠭᠠᠨᠲᠤ ᠣᠶ ︾ ᠶᠢ ᠴᠣᠭᠴᠠᠯᠠᠨ ᠪᠠᠶᠢᠭᠤᠯᠬᠤ ᠶᠢᠨ ᠦᠷᠭᠦᠯᠵᠢᠯᠡᠭᠰᠡᠨ ᠴᠢᠷᠮᠠᠶᠢᠯᠭ᠎ᠠ ᠪᠣᠶ ᠃ ᠪᠠᠷᠢᠯᠭ᠎ᠠ ᠶᠢᠨ ᠰᠢᠯ ᠠᠴᠠ ᠬᠡᠷᠡᠯ ᠴᠡᠨᠡᠭ ᠤᠨ ᠲᠣᠨᠣᠭᠯᠠᠯ ᠤᠨ | ᠪᠢᠲᠡᠭᠦᠮᠵᠢᠯᠡᠭᠰᠡᠨ ᠮᠠᠲ᠋ᠧᠷᠢᠶᠠᠯ ᠬᠦᠷᠲᠡᠯ᠎ᠡ᠂ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠺᠤᠮᠫᠠᠨᠢ ᠰᠢᠨ᠎ᠡ ᠶᠢ ᠡᠭᠦᠳᠬᠦ ᠪᠠᠷ ᠳᠠᠮᠵᠢᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ ᠶᠢ ᠪᠡᠶᠡᠯᠡᠭᠦᠯᠪᠡ᠃ ᠳᠡᠭᠡᠳᠦ ᠭᠡᠯᠬᠢᠶᠠᠨ ᠤ ᠥᠭᠡᠬᠦᠨ ᠴᠢᠯᠠᠭᠤᠯᠢᠭ ᠡᠯᠡᠰᠦᠨ ᠤ ᠲᠥᠷᠥᠯ ᠵᠦᠢᠯ ᠤᠨ ᠲᠦᠭᠦᠬᠡᠢ ᠮᠠᠲ᠋ᠧᠷᠢᠶᠠᠯ ᠤᠨ | ᠬᠠᠩᠭᠠᠯᠭ᠎ᠠ ᠶᠢ ᠪᠠᠲᠤᠯᠠᠵᠤ ᠂ ᠳᠤᠮᠳᠠᠳᠤ ᠭᠡᠯᠬᠢᠶᠠᠨ ᠤ ᠣᠨᠴᠠ ᠲᠥᠷᠥᠯ ᠤᠨ ᠰᠢᠯ ᠤᠨ ᠦᠢᠯᠡᠳᠪᠦᠷᠢᠯᠡᠯ ᠤᠨ ᠱᠤᠭᠤᠮ ᠤᠨ ︽ ᠨᠢᠭᠡ ᠵᠤᠭᠤᠷᠢ ᠬᠤᠶᠠᠷ ᠱᠤᠭᠤᠮ ︾ | ᠤᠨ ᠥᠨᠳᠥᠷ ᠪᠦᠲᠦᠮᠵᠢᠲᠡᠶ ᠦᠢᠯᠡᠳᠪᠦᠷᠢᠯᠡᠯ ᠢ ᠪᠡᠶᠡᠯᠡᠭᠦᠯᠵᠦ ᠂ ᠳᠣᠣᠷᠠᠳᠤ ᠭᠡᠯᠬᠢᠶᠠᠨ ᠤ LOW-E ᠡᠨᠧᠷᠭᠢ ᠠᠷᠪᠢᠯᠠᠬᠤ ᠰᠢᠯ ᠢ ᠨᠠᠷᠢᠯᠢᠭ ᠡᠳ᠋ᠰᠢᠭᠦᠯᠬᠦ ᠲᠥᠷᠥᠯ | ᠵᠦᠢᠯ ᠤᠨ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠪᠡ ᠃ ᠡᠶᠢᠮᠦᠷᠬᠦ ︽ ᠪᠥᠬᠦ ᠬᠡᠯᠬᠢᠶ᠎ᠡ ᠪᠠᠷ ᠬᠠᠮᠵᠢᠯᠴᠠᠬᠤ ︾ ᠵᠠᠭᠪᠤᠷ ᠨᠢ ᠥᠪᠡᠷ ᠤᠨ ᠥᠷᠲᠡᠭ ᠢ | ᠪᠠᠭᠤᠷᠠᠭᠤᠯᠤᠭᠰᠠᠨ ᠢᠶᠠᠷ ᠦᠯᠤ ᠪᠠᠷᠠᠨ ᠂ ᠨᠠᠩ ᠴᠤ ᠠᠵᠤ ᠠᠬᠤᠶᠢᠯᠠᠯ ᠤᠨ ᠤᠯᠠᠮᠵᠢᠯᠠᠯᠲᠤ ᠦᠢᠯᠡᠳᠬᠦ ᠦᠢᠯᠡᠰ ᠠᠴᠠ ᠰᠢᠨ᠎ᠡ ᠡᠨᠧᠷᠭᠢ ᠶᠢᠨ ᠮᠠᠲ᠋ᠧᠷᠢᠶᠠᠯ ᠤᠨ | ᠬᠦᠷᠢᠶ᠎ᠡ ᠳᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠭᠰᠠᠨ ᠪᠠᠶᠢᠨ᠎ᠠ ᠃ | ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠺᠤᠮᠫᠠᠨᠢ ᠶᠢᠨ ᠲᠦᠷᠭᠡᠨ ᠬᠥᠭᠵᠢᠯᠲᠡ ᠨᠢ ᠵᠡᠭᠦᠨᠭᠠᠷ ᠬᠤᠰᠢᠭᠤᠨ ᠤ︽ᠠᠰᠠᠷᠠᠭᠴᠢ ᠮᠠᠶ᠋ᠢᠭ︾ ᠤᠨ | ᠦᠢᠯᠡᠴᠢᠯᠡᠭᠡᠨ ᠤ ᠬᠦᠴᠦᠲᠡᠢ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ 2022 ᠣᠨ ᠳᠤ ᠲᠦᠷᠦᠯ ᠵᠦᠢᠯ ᠢ ᠨᠤᠳᠤᠬᠰᠢᠭᠤᠯᠬᠤ ᠦᠶ᠎ᠡ ᠳᠤ ᠂ | ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠲᠤᠰᠬᠠᠢ ᠠᠩᠭᠢ ᠪᠠᠶᠢᠭᠤᠯᠵᠤ ᠂ ᠨᠢᠭᠡ ᠯᠡ ᠵᠢᠯ ᠤᠨ ᠬᠤᠭᠤᠴᠠᠭᠠᠨ ᠳᠤ ᠭᠠᠵᠠᠷ ᠰᠢᠷᠣᠢ ᠶᠢᠨ ᠬᠢᠨᠠᠨ ᠵᠥᠪᠰᠢᠶᠡᠷᠡᠯ | ᠤᠯᠬᠤ ᠂ ᠭᠠᠷ ᠭᠦᠢᠴᠡᠳᠬᠡᠯ ᠢ ᠬᠦᠢᠴᠡᠳᠭᠡᠬᠦ ᠠᠴᠠ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠪᠦᠬᠦ ᠶᠠᠪᠤᠴᠠ ᠶᠢ ᠪᠡᠶᠡᠯᠡᠭᠦᠯᠵᠦ ᠂ ᠬᠤᠶᠠᠳᠤᠭᠠᠷ | ᠬᠤᠭᠤᠴᠠᠭᠠᠨ ᠤ ᠢᠨᠵᠧᠨᠧᠷᠢᠩ ᠤᠨ︽ᠭᠠᠵᠠᠷ ᠠᠪᠤᠮᠠᠬᠴᠠ ᠳᠠᠷᠤᠢ ᠠᠵᠢᠯ ᠡᠬᠢᠯᠡᠭᠦᠯᠬᠦ︾ ᠶᠢ ᠪᠡᠶᠡᠯᠡᠭᠦᠯᠵᠡᠢ᠃ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ | ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠨᠢᠦ ᠺᠧ ᠄︽ᠵᠡᠭᠦᠨᠭᠠᠷ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠤ | ᠠᠬᠤᠶᠢᠯᠠᠯ ᠤᠨ ᠬᠡᠷᠡᠭᠴᠡᠭᠡ ᠶᠢ ᠵᠣᠯᠭᠠᠭᠤᠯᠵᠤ ᠂ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠂ ᠪᠡᠯᠡ ᠮᠥᠩᠭᠦ ᠴᠤᠭᠯᠠᠭᠤᠯᠬᠤ ᠳᠡᠮᠵᠢᠯᠭᠡ ᠦᠵᠡᠭᠦᠯᠬᠦ ᠵᠡᠷᠭᠡ | ᠤᠨᠢᠨ ᠳᠡᠭᠡᠷ᠎ᠡ ᠨᠢ ᠦᠢᠯᠡᠴᠢᠯᠡᠭᠡ ᠬᠠᠩᠭᠠᠭᠰᠠᠨ ᠳᠤ ᠪᠢᠳᠡ ᠶᠡᠬᠡᠳᠡ ᠰᠡᠳᠬᠢᠯ ᠬᠥᠳᠡᠯᠵᠡᠢ︾ ᠭᠡᠵᠦ ᠶᠠᠷᠢᠨ᠎ᠠ᠃ ᠡᠭᠦᠨ ᠠᠴᠠ ᠭᠠᠳᠠᠨ᠎ᠠ ᠂ ᠵᠡᠭᠦᠨᠭᠠᠷ ᠬᠤᠰᠢᠭᠤ | ᠰᠢᠨ᠎ᠡ ᠶᠢ ᠡᠭᠦᠳᠦᠨ ︽ ᠳᠥᠷᠪᠡᠨ ᠦᠨᠡᠮᠯᠡᠯ ᠢ ᠬᠠᠮᠲᠤᠷᠠᠨ ᠭᠦᠢᠴᠡᠳᠬᠡᠬᠦ ︾ ᠶᠢ ᠬᠡᠷᠡᠭᠵᠢᠭᠦᠯᠵᠦ ᠂ ᠭᠠᠵᠠᠷ ᠬᠡᠷᠡᠭᠯᠡᠬᠦ ᠲᠥᠯᠦᠪᠵᠢᠭᠦᠯᠭᠡ ᠂ ᠪᠠᠷᠢᠯᠭ᠎ᠠ ᠶᠢᠨ | ᠲᠥᠯᠦᠪᠵᠢᠭᠦᠯᠭᠡ ᠂ ᠪᠠᠷᠢᠯᠭ᠎ᠠ ᠪᠠᠷᠢᠬᠤ ᠵᠥᠪᠰᠢᠶᠡᠷᠡᠯ ᠵᠡᠷᠭᠡ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 60% ᠪᠠᠷ ᠪᠠᠭᠠᠰᠬᠠᠪᠠ ︔ ᠬᠤᠶᠠᠳᠤᠭᠠᠷ | ᠬᠤᠭᠤᠴᠠᠭᠠᠨ ᠤ ᠲᠥᠷᠥᠯ ᠵᠦᠢᠯ ᠢ ᠠᠬᠢᠭᠤᠯᠬᠤ ᠶᠠᠪᠤᠴᠠ ᠳᠤ ᠂ ᠣᠷᠴᠢᠨ ᠳᠤᠭᠤᠷᠢᠨ ᠤ ᠬᠠᠮᠠᠭᠠᠯᠠᠯᠲᠠ ᠂ ᠡᠨᠧᠷᠭᠢ ᠶᠢᠨ ᠰᠤᠷᠪᠤᠯᠵᠢ ᠶᠢᠨ ᠰᠠᠯᠠᠭ᠎ᠠ ᠮᠥᠴᠢᠷ | ᠤᠷᠢᠳᠴᠢᠯᠠᠨ ᠣᠷᠣᠯᠴᠠᠨ ᠵᠢᠯᠤᠭᠤᠳᠴᠤ ᠂ ᠣᠷᠴᠢᠨ ᠳᠤᠭᠤᠷᠢᠨ ᠤ ᠨᠥᠯᠥᠭᠡᠯᠡᠯ ᠤᠨ ᠦᠨᠡᠯᠡᠯᠲᠡ ᠡᠨᠧᠷᠭᠢ ᠶᠢᠨ ᠦᠨᠡᠯᠡᠯᠲᠡ ᠶᠢᠨ ︽ ᠤᠷᠢᠳᠴᠢᠯᠠᠨ ᠬᠢᠨᠠᠬᠤ + | ᠳᠤᠳᠠᠭᠤᠳᠠᠯ ᠢ ᠪᠠᠭᠲᠠᠭᠠᠬᠤ ︾ ᠶᠢ ᠪᠡᠶᠡᠯᠡᠭᠦᠯᠵᠦ ᠂ ᠭᠡᠪ ᠤᠨ ᠶᠠᠪᠤᠴᠠ ᠲᠠᠢ ᠬᠠᠷᠢᠴᠠᠭᠤᠯᠪᠠᠯ 4 ᠰᠠᠷ᠎ᠠ ᠪᠣᠭᠤᠨᠢᠰᠬᠠᠭᠰᠠᠨ ᠪᠠᠶᠢᠨ᠎ᠠ ᠃ ᠨᠡᠩ ᠴᠤ ᠠᠵᠤ | ᠠᠬᠤᠶᠢᠯᠠᠯ ᠤᠨ ᠰᠡᠳᠬᠢᠯ ᠢ ᠳᠤᠯᠠᠭᠠᠴᠠᠭᠤᠯᠤᠭᠰᠠᠨ ᠶᠠᠪᠤᠳᠠᠯ ᠪᠤᠯ ᠂ ᠨᠡᠭᠡᠭᠡᠯᠲᠡ ᠶᠢᠨ ᠤᠷᠤᠨ 1.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠦᠲᠦᠭᠡᠨ | ᠪᠠᠶᠢᠭᠤᠯᠤᠭᠰᠠᠨ ᠥᠭᠡᠬᠦᠨ ᠴᠢᠯᠠᠭᠤᠯᠢᠭ ᠡᠯᠡᠰᠦᠨ ᠤ ᠲᠤᠰᠬᠠᠢ ᠲᠡᠭᠡᠭᠡᠪᠦᠷᠢ ᠶᠢᠨ ᠵᠠᠮ ᠨᠢ ᠵᠢᠯ ᠪᠦᠷᠢ ᠠᠵᠤ ᠠᠬᠤᠶᠢᠯᠠᠯ ᠳᠤ ᠪᠠᠷᠠᠭᠠᠨ ᠤ ᠭᠦᠢᠯᠭᠡᠭᠡᠨ ᠤ ᠥᠪᠡᠷ ᠤᠨ | ᠥᠷᠲᠡᠭ ᠢ 3000 ᠲᠦᠮᠡᠨ ᠲᠥᠭᠦᠷᠢᠭ ᠠᠴᠠ ᠳᠡᠭᠡᠭᠰᠢ ᠪᠠᠭᠤᠷᠠᠭᠤᠯᠵᠠᠢ ᠃ | ᠵᠡᠭᠦᠨᠭᠠᠷ ᠬᠤᠰᠢᠭᠤᠨ ᠤ ᠬᠡᠷᠡᠭᠵᠢᠭᠦᠯᠦᠭᠰᠡᠨ ︽ ᠰᠢᠨ᠎ᠡ 100 ᠵᠤᠷᠪᠤᠰ ︾ ᠤᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠲᠥᠷᠥ ᠶᠢᠨ ᠪᠣᠳᠣᠯᠭ᠎ᠠ ᠂ ︽ | ᠠᠵᠤ ᠠᠬᠤᠶᠢᠯᠠᠯ ᠳᠤ ᠦᠢᠯᠡᠴᠢᠯᠡᠬᠦ ᠬᠠᠮᠢᠶᠠᠷᠤᠯᠲᠠ ᠶᠢᠨ ᠲᠠᠪᠴᠠᠩ ︾ ᠵᠡᠷᠭᠡ ᠰᠢᠨ᠎ᠡ ᠶᠢ ᠡᠭᠦᠳᠬᠦ ᠲᠣᠭᠲᠠᠴᠠ ᠨᠢ ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ ᠳᠤ | ᠤᠳᠠᠭᠠᠨ ᠂ ᠪᠡᠯᠡ ᠴᠤᠬᠯᠠᠭᠤᠯᠬᠤ ᠳᠤ ᠬᠦᠴᠢᠷᠲᠡᠢ ᠵᠡᠷᠭᠡ ᠬᠦᠴᠢᠷᠳᠡᠯ ᠢ ᠰᠢᠢᠳᠪᠦᠷᠢᠯᠡᠵᠦ ᠥᠭᠭᠦᠭᠰᠡᠨ ᠪᠠᠶᠢᠨ᠎ᠠ ᠃ 2023 ᠣᠨ ᠳᠤ ᠂ ᠬᠤᠰᠢᠭᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠣᠯᠠᠨ ᠤᠳᠠᠭ᠎ᠠ ᠪᠦᠯᠬᠦᠮ ᠳᠠᠭᠠᠭᠤᠯᠤᠨ ᠪᠠᠶᠢᠴᠠᠭᠠᠨ ᠰᠤᠳᠤᠯᠤᠯᠲᠠ ᠬᠢᠵᠦ ᠂ ᠠᠵᠢᠯᠴᠢᠨ ᠬᠡᠷᠡᠭᠯᠡᠬᠦ ᠂ | ᠪᠠᠷᠠᠭᠠᠨ ᠤ ᠭᠦᠢᠯᠭᠡᠭᠡ ᠵᠡᠷᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ | ᠲᠦᠷᠭᠡᠳᠬᠡᠬᠦ ᠶᠢ ᠠᠬᠢᠭᠤᠯᠪᠠ ᠃ ᠶᠠᠭ ᠯᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠤ ᠬᠡᠯᠡᠭᠰᠡᠨᠴᠢᠯᠡᠨ ᠄ ︽ ᠵᠠᠰᠠᠭ ᠪᠤᠯᠤᠨ ᠠᠵᠤ | ᠠᠬᠤᠶᠢᠯᠠᠯ ᠬᠤᠣᠰ ᠴᠢᠭᠯᠡᠯ ᠢᠶᠠᠷ ᠤᠷᠤᠭᠰᠢᠯᠠᠪᠠᠯ ᠰᠠᠶ᠋ᠢ ᠬᠥᠭᠵᠢᠵᠦ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ ᠴᠢᠳᠠᠨ᠎ᠠ ︾ ᠃ | ᠵᠡᠭᠦᠨᠭᠠᠷ ᠬᠤᠰᠢᠭᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠳᠠᠭᠠᠭᠤᠯᠤᠭᠴᠢ ᠠᠵᠤ ᠠᠬᠤᠶᠢᠯᠠᠯ ᠤᠨ ᠨᠢᠭᠡ ᠭᠡᠰᠢᠭᠦᠨ ᠪᠣᠯᠤᠭᠰᠠᠨ ᠤ ᠬᠤᠪᠢ ᠳᠤ ᠂ | ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠦᠨᠺᠤᠮᠫᠠᠨᠢ ᠶᠢᠨ ᠬᠥᠭᠵᠢᠯᠲᠡ ᠨᠢ ᠲᠤᠬᠠᠢ ᠶᠢᠨ ᠭᠠᠵᠠᠷ ᠲᠤ ᠢᠯᠡᠳᠲᠡ ᠦᠷ᠎ᠡ ᠠᠰᠢᠭ ᠣᠯᠭᠤᠵᠤ ᠂ 1000 | ᠠᠵᠢᠯ ᠤᠨ ᠪᠠᠶᠢᠷᠢ ᠶᠢ ᠰᠢᠭᠤᠳ ᠬᠠᠩᠭᠠᠵᠤ ᠂ ᠳᠡᠭᠡᠳᠦ ᠳᠣᠣᠷᠠᠳᠤ ᠭᠡᠯᠬᠢᠶᠠᠨ ᠤ 30 ᠭᠠᠷᠤᠢ ᠢᠵᠢ ᠪᠦᠷᠢᠳᠦᠭᠰᠡᠨ ᠠᠵᠤ ᠠᠬᠤᠶᠢᠯᠠᠯ ᠢ ᠳᠠᠶᠢᠴᠢᠯᠠᠨ | ᠨᠤᠳᠤᠬᠰᠢᠭᠤᠯᠵᠤ ᠂ ᠵᠢᠱᠢᠯᠲᠡ ᠪᠠᠷ ᠪᠦᠬᠦᠨ ᠢᠶᠠᠷ ᠢᠶᠠᠨ ᠠᠰᠢᠭᠯᠠᠯᠲᠠ ᠳᠤ ᠣᠷᠣᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠥᠷᠲᠡᠭ ᠨᠢ ᠪᠥᠬᠦ ᠬᠤᠰᠢᠭᠤᠨ ᠤ | ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ 10% ᠠᠴᠠ ᠳᠡᠭᠡᠭᠰᠢᠬᠢ ᠶᠢ ᠡᠵᠡᠯᠡᠬᠦ ᠪᠣᠯᠣᠨ᠎ᠠ ᠃ ᠲᠡᠭᠦᠨ ᠤ ᠠᠮᠵᠢᠯᠲᠠ ᠲᠠᠢ ᠲᠤᠷᠰᠢᠯᠭ᠎ᠠ ᠨᠢ | ᠵᠡᠭᠦᠨᠭᠠᠷ ᠬᠤᠰᠢᠭᠤᠨ ᠤ ︽ᠲᠦᠷᠦᠯ ᠵᠦᠢᠯ ᠢᠶᠠᠷ ᠠᠵᠤ ᠦᠢᠯᠡᠰ ᠢ ᠲᠥᠪᠯᠡᠷᠡᠭᠦᠯᠵᠦ ᠂ ᠦᠢᠯᠡᠴᠢᠯᠡᠭᠡ ᠪᠠᠷ ᠢᠲᠡᠭᠡᠯ ᠢᠶᠠᠨ ᠪᠠᠲᠤᠳᠬᠠᠬᠤ︾ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠬᠤᠷᠢᠶᠠᠩᠭᠤᠢ ᠳᠦᠷᠰᠦ ᠪᠣᠯᠣᠨ᠎ᠠ᠃ | ᠥᠨᠥᠳᠥᠷ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠨᠢᠭᠡᠨᠲᠡ ᠵᠠᠭᠤ ᠭᠠᠷᠤᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠥᠪᠯᠡᠷᠡᠵᠦ ᠂ | ᠣᠷᠭᠠᠨᠢᠭ ᠪᠤᠰᠤ ᠲᠡᠮᠦᠷᠯᠢᠭ ᠪᠤᠰᠤ ᠮᠠᠲ᠋ᠧᠷᠢᠶᠠᠯ ᠂ ᠰᠢᠨ᠎ᠡ ᠡᠨᠧᠷᠭᠢ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠰᠦᠷᠦᠭᠵᠢᠯ ᠢ ᠪᠦᠷᠢᠯᠳᠦᠭᠦᠯᠵᠦ ᠂ | ᠨᠡᠶᠢᠳᠡ 2 ᠲᠦᠮᠡ ᠶᠢ ᠳᠠᠪᠠᠭᠰᠠᠨ ᠠᠵᠢᠯ ᠤᠨ ᠪᠠᠶᠢᠷᠢ ᠬᠠᠩᠭᠠᠵᠠᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠷᠨᠢᠩᠭᠦᠢ ᠬᠥᠭᠵᠢᠯᠲᠡ ᠨᠢ | ᠲᠤᠬᠠᠢ ᠶᠢᠨ ᠭᠠᠵᠠᠷ ᠤᠨ ᠠᠵᠤ ᠠᠬᠤᠢ ᠳᠤ ᠠᠮᠢᠵᠢᠷᠠᠯ ᠤᠨ ᠬᠦᠴᠦᠨ ᠨᠡᠮᠡᠷᠢᠯᠡᠭᠰᠡᠨ ᠢᠶᠠᠷ ᠦᠯᠤ ᠪᠠᠷᠠᠨ᠂ ᠨᠡᠩ ᠴᠤ ᠡᠨᠧᠷᠭᠢ ᠶᠢᠨ ᠬᠡᠯᠪᠡᠷᠢ ᠶᠢ ᠬᠤᠪᠢᠷᠠᠭᠤᠯᠬᠤ ᠶᠢ | ᠠᠬᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠬᠦᠴᠦᠨ ᠪᠣᠯᠤᠭᠰᠠᠨ ᠪᠠᠶᠢᠨ᠎ᠠ᠃ | | ᠵᠢᠷᠤᠭ ᠄ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠪᠤᠯᠤᠨ᠎ᠠ᠃ | ᠰᠢᠨ᠎ᠡ ᠭᠠᠷᠤᠭ᠎ᠠ ᠳᠡᠭᠡᠷ᠎ᠡ ᠵᠣᠭᠰᠣᠵᠤ ᠂ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠺᠤᠮᠫᠠᠨᠢ ᠭᠡᠷᠡᠯ ᠴᠡᠨᠡᠭ ᠤᠨ ᠬᠠᠪᠲᠠᠰᠤᠲᠤ ᠰᠢᠯ ᠤᠨ ᠲᠦᠷᠦᠯ | ᠵᠦᠢᠯ ᠢ ᠲᠦᠷᠭᠡᠨ ᠪᠠᠶᠢᠷᠢᠰᠢᠭᠤᠯᠵᠤ ᠂ 2025 ᠣᠨ ᠳᠤ ᠦᠢᠯᠡᠳᠬᠦᠨ ᠤ ᠦᠷᠳᠡᠭ 35 ᠳ᠋ᠦᠩᠰᠢᠭᠤᠷ ᠲᠥᠭᠦᠷᠢᠭ ᠢ ᠳᠠᠪᠠᠭ᠋ᠤ ᠪᠠᠷ ᠲᠥᠯᠥᠪᠯᠡᠵᠦ ᠪᠤᠢ ᠃ | 2026 ᠣᠨ ᠤ ᠭᠤᠷᠪᠠᠳᠤᠭᠠᠷ ᠬᠤᠭᠤᠴᠠᠭᠠᠨ ᠤ ᠲᠥᠯᠦᠪᠵᠢᠭᠦᠯᠭᠡ ᠶᠢ ᠪᠡᠶᠡᠯᠡᠭᠦᠯᠦᠭᠰᠡᠨ ᠤ ᠳᠠᠷᠠᠭ᠎ᠠ ᠂ ᠦᠢᠯᠡᠳᠬᠦᠨ ᠤ ᠥᠷᠲᠡᠭ ᠢ 60 ᠳ᠋ᠦᠩᠰᠢᠭᠤᠷ | ᠲᠥᠭᠦᠷᠢᠭ ᠲᠤ ᠬᠦᠷᠭᠡᠵᠦ ᠂ ᠤᠮᠠᠷᠠᠲᠤ ᠶᠢᠨ ᠰᠢᠯ ᠤᠨ ᠠᠵᠤ ᠦᠢᠯᠡᠰ ᠤᠨ ᠴᠢᠬᠤᠯᠠ ᠰᠠᠭᠤᠷᠢᠨ ᠭᠠᠵᠠᠷ ᠪᠣᠯᠭᠠᠬᠤ ᠪᠠᠷ ᠴᠢᠷᠮᠠᠶᠢᠨ᠎ᠠ ᠃ ᠨᠢᠦ ᠺᠧ | ᠢᠯᠡᠷᠬᠡᠶᠢᠯᠡᠬᠦ ᠳᠡᠭᠡᠨ ᠄ ︽ ᠶᠡᠷᠦᠩᠬᠡᠢ ᠭᠡᠯᠳᠡᠰ ᠠᠴᠠ ᠪᠠᠰᠠ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠺᠤᠮᠫᠠᠨᠢ ᠶᠢ ᠬᠠᠮᠤᠭ ᠤᠨ ᠲᠣᠮᠣ ᠬᠤᠪᠢᠶᠠᠷᠢ ᠺᠣᠮᠫᠠᠨᠢ | ᠪᠣᠯᠭᠠᠬᠤ ᠪᠠᠷ ᠲᠣᠭᠲᠠᠪᠠ ᠂ ᠪᠢᠳᠡ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ ᠂ ᠬᠡᠷᠡᠯ ᠴᠡᠨᠡᠭ ᠂ ᠡᠯᠧᠺᠲᠷᠣᠨ ᠰᠢᠯ ᠵᠡᠷᠭᠡ ᠳᠡᠭᠡᠳᠦ | ᠲᠠᠰ ᠤᠨ ᠬᠦᠷᠢᠶ᠎ᠡ ᠴᠠᠷᠠᠭ᠎ᠠ ᠶᠢ ᠥᠷᠭᠡᠳᠬᠡᠨ ᠂ ᠵᠡᠭᠦᠨᠭᠠᠷ ᠬᠤᠰᠢᠭᠤᠨ ᠤ ᠠᠵᠤ ᠦᠢᠯᠡᠰ ᠤᠨ ᠲᠠᠰ ᠳᠡᠪᠰᠢᠬᠦ ᠳᠤ ᠬᠦᠴᠦᠨ ᠴᠢᠳᠠᠯ ᠢᠶᠠᠨ ᠡᠷᠭᠦᠨ᠎ᠡ ︾ ᠭᠡᠬᠦ ᠶᠤᠮ ᠃ | ᠰᠢᠷᠠᠬᠦ᠋ᠷᠤᠰᠤᠳᠤ ᠭᠠᠵᠠᠷ ᠪᠠᠶᠢᠬᠰᠠᠨ ᠠᠴᠠ ᠣᠳᠣᠬᠢᠴᠢᠯᠠᠭᠰᠠᠨ ᠦᠢᠯᠡᠳᠪᠦᠷᠢ ᠶᠢᠨ ᠲᠣᠭᠤᠷᠢᠭ ᠪᠤᠯᠬᠤ ᠬᠦᠷᠲᠡᠯ᠎ᠡ᠂ ᠤᠯᠠᠮᠵᠢᠯᠠᠯᠲᠤ ᠦᠢᠯᠡᠳᠬᠡᠯ ᠠᠴᠠ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠲᠡᠯ᠎ᠡ᠂ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠦᠨᠺᠤᠮᠫᠠᠨᠢ ᠶᠢᠨ ᠦᠯᠢᠭᠡᠷ ᠪᠣᠯ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠰᠢᠨ᠎ᠡ ᠴᠠᠭ ᠦᠶ᠎ᠡ ᠳᠤ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠤᠭᠰᠠᠨ ᠤ ᠠᠮᠢᠳᠤᠯᠢᠭ ᠵᠢᠷᠤᠭᠯᠠᠯ ᠪᠣᠯᠣᠨ᠎ᠠ᠃ ᠵᠠᠰᠠᠭ ᠪᠤᠯᠤᠨᠠᠵᠤ | ᠠᠬᠤᠶᠢᠯᠠᠯ ᠬᠠᠮᠵᠢᠯᠴᠠᠭᠰᠠᠨ ᠰᠠᠶᠢᠨ ᠰᠠᠶᠢᠬᠠᠨ ᠠᠮᠢ ᠠᠬᠤᠢ ᠶᠢᠨ ᠨᠦᠬᠦᠴᠡᠯ ᠳᠤ ᠂ ᠵᠡᠭᠦᠨᠭᠠᠷ ᠬᠤᠰᠢᠭᠤ ᠨᠡᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠠᠬᠤᠢ | ᠪᠠᠷ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨᠺᠤᠮᠫᠠᠨᠢ ᠮᠡᠲᠦ ᠶᠢᠨ ︽ᠲᠡᠭᠷᠢ ᠲᠤᠯᠤᠮ᠎ᠠ ᠲᠣᠮᠣ ᠮᠣᠳᠣ︾ ᠶᠢ ᠨᠡᠩ ᠤᠯᠠᠨ ᠪᠣᠶᠢᠵᠢᠭᠤᠯᠵᠤ ᠂ ᠰᠢᠶᠠᠨ ᠤ | ᠭᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ᠃ | ︽ ᠰᠤᠷᠪᠤᠯᠵᠢᠯᠠᠭᠴᠢ ᠵᠢᠨᠡᠪᠤᠷ ᠲᠡᠮᠳᠡᠭᠯᠡᠯ︾ | ᠶᠠᠨ ᠵᠤᠤ ᠤᠯᠤᠰ ᠤᠨ ᠡᠬᠡ ᠭᠠᠵᠠᠷ ᠡᠴᠠᠤᠮᠠᠷᠠᠳᠤ ᠶᠢᠨ ᠥᠨᠳᠦᠷᠯᠢᠭ ᠬᠦᠷᠲᠡᠯ᠎ᠡ᠂ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠦᠨᠺᠤᠮᠫᠠᠨᠢ ᠶᠢᠨ | ᠪᠤᠶᠢᠵᠢᠯᠲᠠ ᠶᠢᠨ ᠵᠠᠮ ᠮᠥᠷ ᠨᠢ ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠤᠶᠠᠨ ᠬᠠᠳᠠᠨ ᠴᠢᠨᠠᠷ ᠢ ᠭᠡᠷᠡᠴᠢᠯᠡᠵᠦ ᠪᠤᠢ ᠃ | ᠵᠠᠰᠠᠭ ᠤᠨ ᠣᠷᠳᠣᠨ ᠤ ︽ᠢᠯᠡ ᠭᠠᠷ︾ᠪᠣᠯᠣᠨ ᠵᠠᠬ᠎ᠠ ᠳᠡᠯᠭᠡᠭᠦᠷ ᠤᠨ︽ ᠳᠠᠯᠳᠠ ᠭᠠᠷ︾ ᠤᠨ ᠬᠠᠮᠲᠤ ᠶᠢᠨ ᠳᠠᠪᠲᠠᠮᠵᠢ ᠳᠣᠣᠷ᠎ᠠ᠂ ᠡᠨᠡᠬᠦ ᠠᠵᠤ ᠠᠬᠤᠶᠢᠯᠠᠯ ᠨᠢ︽ᠰᠢᠯ︾ | ᠢᠶᠠᠷ ᠡᠨᠧᠷᠭᠢ ᠶᠢᠨ ᠬᠤᠪᠢᠰᠬᠠᠯ ᠢ ᠬᠥᠳᠡᠯᠭᠡᠵᠦ ᠂ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ︽ᠭᠡᠷᠡᠯ ᠰᠠᠴᠤᠷᠠᠩᠭᠤᠢ | ᠬᠠᠷᠢᠭᠤᠯᠲᠠ ᠶᠢᠨ ᠬᠠᠭᠤᠳᠠᠰᠤ︾ ᠶᠢ ᠪᠢᠴᠢᠭᠯᠡᠵᠦ ᠪᠠᠶᠢᠨ᠎ᠠ᠃ | |