| 4 ᠰᠠᠷ᠎ᠠ ᠶᠢᠨ 15 ᠤ ᠡᠳᠦᠷ ᠂ ᠵᠡᠭᠦᠨᠭᠠᠷ ᠬᠤᠰᠢᠭᠤᠨ ᠤ ᠮᠠᠩᠬᠠᠨ ᠠᠶᠠᠯᠭᠤ ᠶᠢᠨ ᠤᠷᠠᠨ ᠰᠠᠶᠢᠬᠠᠨ ᠤ ᠲᠣᠭᠯᠠᠯᠲᠠ ᠶᠢᠨ ᠬᠢᠵᠠᠭᠠᠷᠲᠤ ᠺᠣᠮᠫᠠᠨᠢ ᠶᠢᠨ ᠫᠠᠶᠢᠰᠠ | ᠡᠯᠭᠦᠨ ᠪᠠᠶᠢᠭᠤᠯᠤᠭᠳᠠᠭᠰᠠᠨ ᠤ ᠳᠠᠷᠠᠭᠠᠬᠢ ᠠᠩᠬᠠᠨ ᠤ ᠲᠣᠭᠯᠠᠯᠲᠠ ᠯᠢ ᠯᠢᠶᠠᠩ ᠨᠡᠭᠦᠷᠡᠰᠦᠨ ᠤ ᠦᠢᠯᠡᠰ ᠤᠨ ᠠᠭᠤᠷᠬᠠᠢ ᠶᠢᠨ ᠣᠷᠣᠨ ᠳᠤ ᠡᠬᠢᠯᠡᠯ᠎ᠠ᠃ ᠲᠡᠦᠬᠡ ᠶᠢᠨ | ᠤᠯᠠᠮᠵᠢᠯᠠᠯ ᠪᠠ ᠰᠢᠨ᠎ᠡ ᠶᠢ ᠡᠭᠦᠳᠬᠦ ᠡᠭᠦᠷᠭᠡ ᠶᠢ ᠠᠴᠢᠶᠠᠯᠠᠭᠰᠠᠨ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠨᠢ ︽ᠬᠦᠷᠢᠶᠡᠯᠡᠩ ᠪᠦᠯᠬᠦᠮ | + ᠺᠣᠮᠫᠠᠨᠢ︾ ᠶᠢᠨ ᠰᠢᠨ᠎ᠡ ᠵᠠᠭᠪᠤᠷ ᠢᠶᠠᠷ ᠠᠩᠬᠠᠨ ᠤ ᠳᠠᠯᠠᠪᠠᠢ ᠬᠤᠳᠠᠯᠳᠤᠭᠠᠴᠢᠯᠠᠬᠰᠠᠨ ᠲᠣᠭᠯᠠᠯᠲᠠ ᠪᠠ ᠲᠣᠬᠤᠨᠢᠭᠤᠯᠬᠤ ᠲᠣᠭᠯᠠᠯᠲᠠ ᠶᠢ ᠡᠬᠢᠯᠡᠭᠦᠯᠵᠦ ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠴᠢᠯᠡᠭᠡ ᠪᠠ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠵᠡᠷᠭᠡᠪᠡᠷ ᠶᠠᠪᠤᠭᠳᠠᠭᠤᠯᠬᠤ ᠰᠢᠨ᠎ᠡ ᠠᠶᠠᠨ ᠳᠤ ᠵᠢᠩᠬᠢᠨᠢ ᠪᠠᠷ | ᠮᠣᠷᠳᠠᠪᠠ᠃ ᠲᠠᠶᠢᠰᠠᠨ ᠳᠡᠭᠡᠷ᠎ᠡ᠂ ᠤᠯᠠᠭᠠᠨᠮᠥ᠋ᠴᠢᠷ ᠤᠨ ᠲᠣᠭᠯᠠᠭᠴᠢ ᠶᠢᠨ ᠤᠯᠠᠭᠠᠨ ᠥᠩᠭᠡ ᠶᠢᠨ ᠪᠥᠵᠢᠭ ᠤᠨ ᠬᠤᠪᠴᠠᠰᠤ ᠪᠣᠯᠣᠨ ᠲᠠᠶᠢᠰᠠᠨ ᠳᠣᠣᠷᠠᠬᠢ | ᠠᠭᠤᠷᠬᠠᠢ ᠶᠢᠨ ᠠᠵᠢᠯᠴᠢᠨ ᠤ ᠬᠤᠪᠴᠠᠰᠤ ᠰᠣᠯᠪᠢᠴᠠᠨ ᠬᠡᠷᠡᠯᠳᠦᠵᠦ ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠠᠷᠠᠳ ᠲᠦᠮᠡᠨ ᠤ ᠲᠥᠯᠥᠭᠡ | ᠦᠢᠯᠡᠴᠢᠯᠡᠬᠦ ᠠᠮᠢᠳᠤᠯᠢᠭ ᠵᠢᠷᠤᠭ ᠳᠦᠷᠰᠦ ᠶᠢ ᠪᠦᠷᠢᠯᠳᠦᠭᠦᠯᠵᠡᠢ᠃ | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠤᠯᠤᠰ ᠤᠨ ᠥᠮᠴᠢᠯᠡᠯᠳᠤ ᠤᠷᠠᠨ ᠰᠠᠶᠢᠬᠠᠨ ᠤ ᠬᠦᠷᠢᠶᠡᠯᠡᠩ ᠪᠦᠯᠬᠦᠮ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠨᠢᠭᠡᠴᠢ ᠪᠣᠯᠤᠭᠰᠠᠨ ᠤ ᠬᠤᠪᠢ ᠳᠤ ᠂ ᠵᠡᠭᠦᠨᠭᠠᠷ ᠬᠤᠰᠢᠭᠤᠨ ᠤ ᠤᠯᠠᠭᠠᠨᠮᠥ᠋ᠴᠢᠷ ᠤᠨ ᠬᠢᠨ ᠤᠯᠤᠰ ᠤᠨ ᠥᠮᠴᠢᠯᠡᠯᠳᠤ ᠤᠷᠠᠨ | ᠰᠠᠶᠢᠬᠠᠨ ᠤ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠤ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ ᠂ ᠤᠮᠠᠷᠠᠲᠤ ᠶᠢᠨ ᠰᠣᠶᠣᠯ ᠤᠨ ᠲᠦᠷᠦᠯ | ᠲᠡᠮᠳᠡᠭᠳᠦ ᠶᠢᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠲᠠᠢ ᠨᠢᠭᠲᠠ ᠤᠶᠠᠯᠳᠤᠭᠤᠯᠵᠤ ᠂ ᠪᠦᠬᠦ ᠣᠷᠣᠨ ᠳᠤ ᠤᠷᠠᠨ ᠰᠠᠶᠢᠬᠠᠨ ᠤ ᠲᠣᠭᠯᠠᠯᠲᠠ ᠶᠢᠨ ᠺᠣᠮᠫᠠᠨᠢ ᠶᠢ | ᠤᠷᠢᠳᠠᠪᠠᠷ ᠪᠠᠶᠢᠭᠤᠯᠪᠠ᠃ ᠲᠣᠰ ᠤᠳᠠᠭᠠᠨ ᠤ ᠲᠣᠭᠯᠠᠯᠲᠠ ᠨᠢ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠮᠠᠩᠬᠠᠨ ᠠᠶᠠᠯᠭᠤ ᠶᠢᠨ | ᠤᠷᠠᠯᠢᠭ ᠤᠨ ᠷᠢᠳᠢ ᠰᠢᠳᠢ ᠶᠢ ᠢᠯᠡᠷᠡᠭᠦᠯᠦᠭᠰᠡᠨ ᠢᠶᠠᠷ ᠦᠯᠤ ᠪᠠᠷᠠᠨ ᠂ ᠨᠠᠩ ᠴᠤ ︽ ᠠᠪᠤ ᠶᠢᠨ ᠢᠪᠡᠭᠡᠯ ᠲᠠᠢ ᠰᠢᠷ᠎ᠠ ᠬᠦᠷᠤᠰᠤᠳᠤ ᠦᠨᠳᠦᠷᠯᠢᠭ ᠡᠵᠢ ᠶᠢᠨ | ᠬᠠᠶᠢᠷᠠᠳᠠᠢ ᠬᠠᠲᠤᠨ ᠭᠤᠣᠯ ︾ ᠵᠡᠷᠭᠡ ᠪᠦᠲᠦᠭᠡᠯ ᠢᠶᠠᠷ ᠳᠠᠮᠵᠢᠭᠤᠯᠤᠨ ᠂ ᠤᠮᠠᠷᠠᠲᠤ ᠬᠢᠯᠢ ᠶᠢᠨ ᠰᠣᠶᠣᠯ ᠤᠨ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠴᠠᠭ | ᠦᠶ᠎ᠡ ᠶᠢᠨ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠭᠰᠠᠨ ᠪᠠᠶᠢᠨ᠎ᠠ ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠦᠢᠯᠡᠳᠦᠯᠭᠡ ᠪᠣᠯᠤᠭᠰᠠᠨ ᠤ ᠬᠤᠪᠢ ᠳᠤ ᠂ ᠵᠡᠭᠦᠨᠭᠠᠷ ᠬᠤᠰᠢᠭᠤᠨ ᠤ ᠤᠯᠠᠭᠠᠨᠮᠥ᠋ᠴᠢᠷ ᠤᠨ ᠬᠢᠨ | ᠥᠭᠡᠷᠡᠴᠢᠯᠡᠯᠲᠡ ᠶᠢᠨ ᠶᠠᠪᠤᠴᠠ ᠳᠤ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠦᠨᠳᠦᠰᠦᠨ ᠰᠢᠨᠵᠢ ᠴᠢᠨᠠᠷ ᠢ ᠢᠮᠠᠭᠲᠠ ᠪᠠᠲᠤ ᠰᠠᠬᠢᠵᠤ ᠂ ᠦᠨᠳᠦᠰᠦᠨ | ᠱᠠᠲᠤᠨ ᠤ ᠤᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠪᠠᠷ ᠣᠷᠣᠰᠢᠨ ᠲᠣᠭᠲᠠᠨᠢᠬᠤ ᠶᠢᠨ ᠦᠨᠳᠦᠰᠦ ᠪᠣᠯᠭᠠᠨ ᠂ ᠡᠨᠡᠬᠦ ᠰᠠᠭᠤᠷᠢᠨ ᠳᠡᠭᠡᠷ᠎ᠡ ᠵᠠᠬ᠎ᠠ | ᠳᠡᠯᠭᠡᠭᠦᠷᠴᠢᠯᠡᠬᠦ ᠠᠷᠭ᠎ᠠ ᠵᠠᠮ ᠢ ᠰᠦᠪᠡᠭᠴᠢᠯᠡᠵᠦ ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ | ᠪᠤᠯᠤᠨ᠎ᠠ᠃ | | | | ᠦᠳᠡ ᠶᠢᠨ ᠬᠤᠶᠢᠨᠠᠬᠢ 3 ᠴᠠᠭ 30 ᠮᠢᠨᠦ᠋ᠲ ᠲᠤ ᠂ ᠯᠢ ᠯᠢᠶᠠᠩ ᠨᠡᠭᠦᠷᠡᠰᠦᠨ ᠤ ᠦᠢᠯᠡᠰ ᠤᠨ ᠠᠭᠤᠷᠬᠠᠢ ᠶᠢᠨ ᠣᠷᠣᠨ ᠤ ᠠᠭᠤᠳᠠᠮ ᠲᠠᠯᠠᠪᠠᠢ ᠳᠤ ᠬᠥᠮᠥᠨ ᠤ | ᠤᠷᠤᠰᠬᠠᠯ ᠪᠤᠯᠵᠤ ᠪᠠᠶᠢᠯ᠎ᠠ᠃ ᠲᠣᠭᠯᠠᠯᠲᠠ ᠨᠢ︽ ᠰᠠᠶᠢᠯᠤᠤᠷ ᠪᠠᠶᠢᠳᠤᠨ ᠰᠠᠶᠢᠨ︾ ᠭᠡᠬᠦ ᠪᠥᠵᠢᠭ ᠤᠨ ᠬᠥᠷ ᠬᠥᠭᠵᠢᠶᠡᠨ ᠲᠠᠢ ᠠᠭᠤᠷ ᠠᠮᠢᠰᠬᠤᠯ ᠤᠨ ᠳᠤᠮᠳᠠ | ᠬᠥᠰᠢᠭᠡ ᠪᠠᠨ ᠰᠡᠬᠦᠵᠦ ᠂ ᠳᠠᠷᠠᠭ᠎ᠠ ᠨᠢ ᠠᠯᠢ ᠣᠯᠠᠨ ᠰᠢᠨ᠎ᠡ ᠡᠭᠦᠳᠦᠯᠲᠡ ᠪᠠ ᠰᠣᠩᠭᠤᠳᠠᠭ ᠪᠦᠲᠦᠭᠡᠯ ᠵᠡᠷᠭᠡᠪᠡᠷ ᠬᠤᠤᠰᠯᠠᠬᠰᠠᠨ ᠲᠣᠭᠯᠠᠯᠲᠠ ᠶᠢ ᠵᠠᠯᠭᠠᠭ᠎ᠠ ᠪᠠᠷ | ᠲᠣᠭᠯᠠᠬᠰᠠᠨ ᠪᠠᠶᠢᠨ᠎ᠠ ᠃ ᠰᠢᠨ ᠮᠢᠨ ᠯᠧ ᠬᠠᠮᠲᠤᠯᠢᠭ ᠤᠨ ᠳᠤᠬᠯᠠᠬᠰᠠᠨ ︽ ᠳᠤᠮᠳᠠᠳᠤ ᠶᠢᠨ ᠤᠯᠠᠮᠵᠢᠯᠠᠬᠴᠢ ︾ ᠨᠢ ᠤᠯᠠᠮᠵᠢᠯᠠᠯ ᠪᠠ ᠣᠲᠣ ᠦᠶ᠎ᠡ ᠶᠢ ᠤᠷᠠᠨ ᠢᠶᠠᠷ | ᠠᠭᠤᠰᠬᠠᠭᠰᠠᠨ ᠪᠠᠶᠢᠯ᠎ᠠ ᠂ ᠮᠠᠩᠬᠠᠨ ᠠᠶᠠᠯᠭᠤ ᠶᠢᠨ ᠬᠠᠮᠲᠤᠯᠢᠭ ︽ ᠵᠢᠭᠠᠰᠤ ᠠᠩᠨᠠᠬᠤ ᠳᠦᠯᠦᠪᠯᠡᠭᠡ ︾ ᠪᠠ ᠮᠠᠩᠬᠠᠨ ᠠᠶᠠᠯᠭᠤ ᠶᠢᠨ ᠬᠤᠯᠪᠤᠭ᠎ᠠ ᠳᠠᠭᠤᠯᠠᠯ ︽ | ᠱᠤᠸᠠᠩ ᠱᠠᠨ ᠯᠢᠶᠠᠩ︾ ᠨᠢ ᠲᠠᠯ᠎ᠠ ᠨᠤᠲᠤᠭ ᠤᠨ ᠰᠣᠶᠣᠯ ᠤᠨ ᠥᠪᠡᠷᠮᠢᠴᠡ ᠬᠥᠭ ᠠᠶᠠᠰ ᠢ ᠭᠦᠨ ᠰᠡᠳᠬᠢᠯᠭᠡ ᠲᠠᠢ ᠪᠠᠷ ᠢᠯᠡᠷᠡᠭᠦᠯᠵᠡᠢ ᠃ ᠡᠯ ᠷᠧᠨ ᠲᠠᠢ︽ᠲᠠᠪᠤᠨ | ᠰᠠᠷ᠎ᠠ ᠶᠢᠨ ᠬᠤᠸᠠᠷ ᠴᠡᠴᠡᠭ︾ ᠂ ᠪᠥᠵᠢᠭ ︽ ᠮᠠᠩᠬᠠᠨ ᠠᠶᠠᠯᠭᠤ ᠪᠠᠷ ᠨᠠᠮ ᠢᠶᠠᠨ ᠮᠠᠬᠳᠠᠨ ᠳᠠᠭᠤᠯᠠᠨ᠎ᠠ︾ ᠵᠢᠴᠢ ᠳᠠᠭᠤᠤ ︽ᠠᠪᠤ ᠶᠢᠨ ᠢᠪᠡᠭᠡᠯ ᠲᠠᠢ ᠰᠢᠷ᠎ᠠ | ᠬᠦᠷᠤᠰᠤᠳᠤ ᠦᠨᠳᠦᠷᠯᠢᠭ ᠡᠵᠢ ᠶᠢᠨ ᠬᠠᠶᠢᠷᠠᠳᠠᠢ ᠬᠠᠲᠤᠨ ᠭᠤᠣᠯ ︾ᠵᠡᠷᠭᠡ ᠲᠣᠭᠯᠠᠯᠲᠠ ᠨᠢ ᠤᠯᠠᠭᠠᠨᠮᠥ᠋ᠴᠢᠷ ᠤᠨ ᠭᠦᠨ ᠵᠤᠵᠠᠭᠠᠨ ᠤᠷᠠᠯᠢᠭ ᠤᠨ ᠰᠠᠭᠤᠷᠢ ᠶᠢ | ᠢᠯᠡᠷᠡᠭᠦᠯᠦᠭᠰᠡᠨ ᠢᠶᠠᠷ ᠦᠯᠤ ᠪᠠᠷᠠᠨ᠂ ᠨᠡᠩ ᠴᠤ ᠡᠨᠡᠬᠦ ᠨᠤᠲᠤᠭ ᠳᠡᠪᠢᠰᠬᠡᠷ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠳᠠᠮᠵᠢᠭᠤᠯᠵᠠᠢ ᠃ ᠠᠬᠤᠢ | ᠲᠠᠯᠠᠪᠠᠢ ᠳᠤ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠵᠦ ᠂ ᠠᠭᠤᠷᠬᠠᠢ ᠶᠢᠨ ᠠᠵᠢᠯᠴᠢᠳ ᠤᠨ ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠨ᠎ᠠ᠃ | | | | ︽ᠤᠷᠢ ᠵᠠᠯᠠᠭᠤ ᠨᠠᠰᠤᠨ ᠤ ᠳᠡᠭᠦᠯᠢᠯᠲᠡ︾ ᠭᠡᠬᠦ ᠪᠥᠵᠢᠭ ᠨᠢ ᠠᠭᠤᠷᠬᠠᠢ ᠶᠢᠨ ᠠᠵᠢᠯᠴᠢᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠ ᠬᠠᠷᠠᠮ ᠦᠭᠡᠢ | ᠴᠢᠷᠮᠠᠶᠢᠯᠭ᠎ᠠ ᠶᠢ ᠭᠦᠨ ᠰᠡᠳᠬᠢᠯᠭᠡ ᠲᠠᠢ ᠪᠠᠷ ᠮᠠᠭᠲᠠᠨ ᠰᠠᠶᠢᠰᠢᠶᠠᠬᠰᠠᠨ ᠪᠠᠶᠢᠯ᠎ᠠ᠃ ᠲᠣᠭᠯᠠᠭᠴᠢᠳ ᠠᠭᠤᠷᠬᠠᠢ ᠶᠢᠨ ᠠᠵᠢᠯᠴᠢᠳ ᠤᠨ ᠬᠤᠪᠴᠠᠰᠤ ᠡᠮᠦᠰᠦᠨ ᠂ | ᠠᠮᠢᠳᠤᠯᠢᠭ ᠰᠠᠶᠢᠬᠠᠨ ᠲᠣᠭᠯᠠᠯᠲᠠ ᠪᠠᠷ ᠨᠢᠭᠡᠳᠦᠭᠡᠷ ᠹᠷᠣᠨᠲ ᠤᠨ ᠠᠭᠤᠷᠬᠠᠢ ᠶᠢᠨ ᠠᠵᠢᠯᠴᠢᠳ ᠤᠨ ᠠᠵᠢᠯ ᠠᠮᠢᠳᠤᠷᠠᠯ ᠤᠨ ᠪᠠᠶᠢᠳᠠᠯ ᠢ ᠳᠡᠯᠭᠡᠨ ᠦᠵᠡᠭᠦᠯᠵᠦ ᠂ | ᠢᠳᠡᠪᠬᠢᠲᠡᠢ ᠴᠤᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠨᠢ ᠦᠵᠡᠭᠴᠢᠳ ᠤᠨ ᠰᠡᠳᠬᠢᠯ ᠢ ᠭᠦᠨ᠎ᠡ ᠨᠥᠯᠥᠭᠡᠯᠡᠵᠡᠢ ᠃ ᠤᠯᠠᠭᠠᠨᠮᠥ᠋ᠴᠢᠷ ᠤᠨ | ᠲᠣᠭᠯᠠᠭᠴᠢ ᠴᠧᠩ ᠫᠧᠩ ᠨᠡᠩ ᠴᠤ ᠭᠦᠨ ᠰᠡᠳᠬᠢᠯᠭᠡ ᠲᠠᠢ ᠪᠠᠷ︽ᠬᠠᠨᠴᠤᠢ ᠰᠢᠮᠠᠯᠠᠨ ᠴᠢᠷᠮᠠᠶᠢᠨ ᠠᠵᠢᠯᠯᠠᠶ᠎ᠠ︾ᠭᠡᠬᠦ ᠳᠠᠭᠤᠤ ᠶᠢ ᠳᠠᠭᠤᠯᠠᠵᠤ ᠂ ᠪᠦᠬᠦ᠋ᠢᠯᠡ | ᠳᠤᠬᠯᠠᠯᠳᠠ ᠶᠢ ᠤᠷᠬᠢᠯ ᠳᠤᠨᠢ ᠬᠦᠷᠭᠡᠵᠦ ᠂ ᠠᠭᠤᠷᠬᠠᠢ ᠶᠢᠨ ᠠᠵᠢᠯᠴᠢᠳ ᠤᠨ ᠠᠵᠢᠯ ᠤᠨ ᠬᠠᠯᠠᠭᠤᠨ ᠰᠡᠳᠬᠢᠯᠭᠡ ᠪᠣᠯᠣᠨ ᠲᠡᠮᠡᠴᠡᠯ ᠤᠨ ᠵᠣᠷᠢᠭ ᠰᠠᠨᠠᠭ᠎ᠠ ᠶᠢ | ᠬᠥᠭᠵᠢᠭᠡᠪᠠ᠃ ᠯᠢ ᠯᠢᠶᠠᠩ ᠨᠡᠭᠦᠷᠡᠰᠦᠨ ᠤ ᠦᠢᠯᠡᠰ ᠤᠨ ᠶᠡᠷᠦᠩᠬᠡᠶᠢᠯᠡᠭᠰᠡᠨ ᠮᠠᠯᠲᠠᠯᠲᠠ ᠶᠢᠨ ᠠᠩᠭᠢ ᠶᠢᠨ ᠭᠡᠰᠢᠭᠦᠨ ᠬᠦᠩ ᠱᠠᠩ ᠬᠤᠤ ᠰᠢᠤᠸᠠᠢ | ᠄︽ᠤᠯᠠᠭᠠᠨᠮᠥ᠋ᠴᠢᠷ ᠤᠨ ᠡᠶᠢᠮᠤᠷᠬᠦ ᠭᠤᠶᠢᠳᠠ ᠰᠠᠶᠢᠬᠠᠨ ᠲᠣᠭᠯᠠᠯᠲᠠ ᠳᠤ ᠲᠠᠯᠠᠷᠬᠠᠵᠤ ᠪᠠᠶᠢᠨ᠎ᠠ᠂ ᠣᠨᠴᠠᠭᠠᠶᠢᠯᠠᠨ ᠮᠠᠨ ᠤ ᠠᠭᠤᠷᠬᠠᠢ ᠶᠢᠨ ᠠᠵᠢᠯᠴᠢᠳ ᠤᠨ ᠠᠮᠢᠳᠤᠷᠠᠯ ᠢ | ᠲᠤᠰᠬᠠᠭᠰᠠᠨ ᠲᠣᠭᠯᠠᠯᠲᠠ ᠨᠢ ᠮᠠᠰᠢ ᠭᠤᠶᠢᠳᠠ ᠰᠠᠶᠢᠬᠠᠨ ᠪᠠᠶᠢᠵᠤ ᠂ ᠮᠠᠨ ᠤ ᠠᠵᠢᠯ ᠤᠨ ᠴᠢᠯᠦᠭᠡᠨ ᠤ ᠠᠮᠢᠳᠤᠷᠠᠯ ᠢ ᠶᠡᠬᠡᠪᠡᠷ ᠪᠠᠶᠠᠯᠢᠭᠵᠢᠭᠤᠯᠤᠯᠠ᠂ ᠬᠤᠶᠢᠰᠢᠳᠠ | ᠪᠢᠳᠡ ᠠᠵᠢᠯ ᠤᠨ ᠳᠤᠮᠳᠠ ᠪᠠᠨ ᠬᠠᠨᠴᠤᠢ ᠰᠢᠮᠠᠯᠠᠨ ᠴᠢᠷᠮᠠᠶᠢᠨ ᠠᠵᠢᠯᠯᠠᠨ᠎ᠠ︕︾ ᠭᠡᠵᠦ ᠰᠡᠳᠬᠢᠯ ᠳᠣᠭᠳᠣᠯᠤᠨ ᠶᠠᠷᠢᠨ᠎ᠠ᠃ ᠶᠡᠷᠦᠩᠬᠡᠶᠢᠯᠡᠭᠰᠡᠨ ᠮᠠᠯᠲᠠᠯᠲᠠ ᠶᠢᠨ ᠠᠩᠬᠢ | ᠶᠢᠨ ᠸᠠᠩ ᠵᠣᠣ ᠪᠠᠰᠠ ᠲᠣᠭᠯᠠᠯᠲᠠ ᠶᠢ ᠪᠠᠭ᠋ᠠᠷᠬᠠᠵᠤ ᠳᠠᠬᠢᠨᠳᠠ ᠰᠤᠨᠢᠷᠬᠠᠬᠤ ᠬᠦᠰᠡᠯ ᠢᠶᠠᠨ ᠢᠯᠡᠳᠬᠡᠨ᠎ᠠ ᠄ ︽ ᠡᠨᠡ ᠤᠳᠠᠭᠠᠨ ᠤ ᠲᠣᠭᠯᠠᠯᠲᠠ ᠮᠠᠰᠢ ᠪᠠᠶᠠᠯᠢᠭ | ᠰᠠᠶᠢᠬᠠᠨ ᠪᠤᠯᠵᠤ ᠂ ᠲᠣᠭᠯᠠᠯᠲᠠ ᠨᠢᠭᠡᠪᠦᠷᠢ ᠨᠢ ᠴᠥᠮ ᠳᠤᠩ ᠰᠠᠨᠠᠭᠠᠨ ᠳᠤ ᠬᠦᠷᠤᠯ᠎ᠠ ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠤᠨ ᠠᠵᠢᠯᠲᠠᠨ ᠪᠣᠯᠤᠭᠰᠠᠨ ᠤ | ᠬᠤᠪᠢ ᠳᠤ ᠂ ᠺᠣᠮᠫᠠᠨᠢ ᠶᠢᠨ ᠡᠶᠢᠮᠦ ᠠᠵᠢᠯᠯᠠᠭ᠎ᠠ ᠡᠷᠭᠢᠯᠡᠬᠦ ᠶᠢ ᠮᠠᠰᠢ ᠪᠠᠶᠠᠷᠯᠠᠨ ᠤᠭᠲᠤᠨ᠎ᠠ ︾ ᠭᠡᠬᠦ ᠶᠤᠮ᠃ | | | | | ᠡᠨᠡ ᠤᠳᠠᠭᠠᠨ ᠤ ᠬᠤᠶᠠᠷ ᠴᠠᠭ ᠦᠷᠭᠦᠯᠵᠢᠯᠡᠭᠰᠡᠨ ᠲᠣᠭᠯᠠᠯᠲᠠ ᠨᠢ ᠵᠠᠬ᠎ᠠ ᠳᠡᠯᠭᠡᠭᠦᠷᠴᠢᠯᠡᠭᠰᠡᠨ ᠲᠤᠷᠰᠢᠯᠲᠠ ᠶᠢᠨ ᠠᠮᠵᠢᠯᠲᠠ ᠪᠦᠲᠦᠮᠵᠢ ᠪᠣᠯᠬᠤ ᠪᠥᠭᠡᠳ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠪᠠᠶᠢᠩᠭᠤ ᠶᠢᠨ ᠦᠢᠯᠡᠳᠦᠯᠭᠡ ᠪᠣᠯᠬᠤ ᠶᠤᠮ ᠃ ︽ ᠥᠭᠡᠷᠡᠴᠢᠯᠡᠯᠲᠡ ᠬᠢᠬᠦ ᠨᠢ ᠵᠦᠪᠭᠡᠨ ᠳᠥᠭᠦᠮᠬᠡᠨ ᠪᠡᠶ᠎ᠡ ᠶᠢᠨ | ᠭᠠᠷᠤᠯ ᠤᠨ ᠳᠠᠪᠬᠤᠴᠠᠯ ᠳᠡᠳᠤᠢ ᠪᠢᠰᠢ ᠂ ᠬᠠᠷᠢᠨ ᠲᠣᠭᠯᠠᠯᠲᠠ ᠶᠢᠨ ᠥᠪᠡᠷ ᠢ ᠪᠠᠨ ᠪᠦᠲᠦᠭᠡᠬᠦ ᠴᠢᠳᠠᠪᠤᠷᠢ ᠶᠢ ᠪᠤᠶ ᠪᠣᠯᠭᠠᠬᠤ ᠳᠤ ᠪᠤᠢ ︾ ᠃ ᠵᠡᠭᠦᠨᠭᠠᠷ | ᠬᠤᠰᠢᠭᠤᠨ ᠤ ᠤᠯᠠᠭᠠᠨᠮᠥ᠋ᠴᠢᠷ ᠤᠨ ᠳᠡᠳ᠋ ᠳᠠᠷᠤᠭ᠎ᠠ ᠯᠠᠨ ᠸᠧᠢ ᠢᠯᠡᠷᠭᠡᠶᠢᠯᠡᠬᠦ ᠳᠡᠭᠡᠨ᠂ ᠪᠢᠳᠡ ᠨᠡᠶᠢᠲᠡ ᠶᠢᠨ ᠠᠰᠠᠷᠠᠮᠵᠢ ᠪᠣᠯ ᠰᠠᠭᠤᠷᠢ ᠂ ᠥᠭᠡᠷᠡᠴᠢᠯᠡᠯᠲᠡ ᠪᠣᠯ ᠵᠠᠮ | ᠱᠤᠭᠤᠮ ᠮᠦᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠲᠤ ᠴᠡᠭᠡᠵᠢᠯᠡᠵᠦ ᠂ ᠲᠤᠰ ᠤᠳᠠᠭ᠎ᠠ ᠶᠢᠨ ᠲᠣᠭᠯᠠᠯᠲᠠ ᠪᠣᠯ ᠺᠣᠮᠫᠠᠨᠢ | ᠪᠠᠶᠢᠭᠤᠯᠤᠭᠳᠠᠭᠰᠠᠨ ᠠᠴᠠ ᠨᠠᠭᠠᠰᠢᠬᠢ ᠰᠠᠶᠢᠨ ᠡᠬᠢᠯᠡᠯᠲᠡ ᠪᠣᠯᠣᠨ᠎ᠠ᠂ ᠠᠭᠤᠷᠬᠠᠢ ᠶᠢᠨ ᠠᠵᠢᠯᠴᠢᠳ ᠤᠨ ᠲᠤᠰᠬᠠᠯ ᠠᠴᠠ ᠦᠵᠡᠪᠡᠯ ᠂ ᠲᠣᠭᠯᠠᠯᠲᠠ ᠶᠢᠨ ᠢᠷᠡᠭᠡᠳᠦᠢ | ᠮᠠᠰᠢ ᠰᠠᠶᠢᠨ ᠪᠠᠶᠢᠨ᠎ᠠ ᠃ ᠳᠠᠷᠠᠭᠠᠴᠢ ᠶᠢᠨ ᠠᠯᠬᠤᠮ ᠳᠤ ᠂ ᠤᠯᠠᠭᠠᠨᠮᠥ᠋ᠴᠢᠷ ᠤᠨ ᠬᠢᠨ ᠥᠭᠡᠷᠡᠴᠢᠯᠡᠯᠲᠡ ᠶᠢᠨ ᠠᠬᠢᠴᠠ ᠶᠢ ᠦᠷᠭᠦᠯᠵᠢᠯᠡᠨ ᠭᠦᠨᠵᠡᠭᠡᠢ | ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠦᠢᠯᠡᠳᠪᠦᠷᠢ ᠠᠭᠤᠷᠬᠠᠢ ᠂ ᠠᠵᠤ ᠠᠬᠤᠶᠢᠯᠠᠯ ᠳᠤ ᠲᠣᠬᠢᠷᠠᠬᠤ ᠨᠡᠩ ᠤᠯᠠᠨ ᠤᠳᠬ᠎ᠠ ᠤᠷᠠᠯᠢᠭ ᠤᠨ ᠪᠦᠲᠦᠭᠡᠯ ᠢ ᠵᠠᠬ᠎ᠠ | ᠳᠡᠯᠭᠡᠭᠦᠷ ᠲᠤ ᠭᠠᠷᠭᠠᠵᠤ ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠨ᠎ᠠ ᠭᠡᠬᠦ ᠶᠤᠮ᠃ | | | | 59 ᠵᠢᠯ ᠤᠨ ᠡᠮᠦᠨ᠎ᠡ᠂ ᠵᠡᠭᠦᠨᠭᠠᠷ ᠬᠤᠰᠢᠭᠤᠨ ᠤ ᠤᠯᠠᠭᠠᠨᠮᠥ᠋ᠴᠢᠷ ᠤᠨ ᠬᠢᠨ ᠱᠠᠬᠳᠠᠷ ᠪᠠᠯᠭᠠᠰᠤ ᠶᠢᠨ ᠨᠢᠭᠡᠨ ᠶᠡᠭᠡ ᠬᠦᠷᠢᠶᠡᠨ ᠳᠤ ᠪᠠᠶᠢᠭᠤᠯᠤᠬᠳᠠᠬᠰᠠᠨ ᠶᠤᠮ︔ | ᠥᠨᠥᠳᠥᠷ ᠂ ᠡᠨᠡᠬᠦ ᠡᠩᠨᠡᠭᠡ ᠨᠢ ᠥᠭᠡᠷᠡᠴᠢᠯᠡᠯᠲᠡ ᠪᠠᠷ ᠰᠢᠨ᠎ᠡ ᠴᠠᠭ ᠦᠶ᠎ᠡ ᠶᠢᠨ ᠲᠠᠶᠢᠯᠪᠤᠷᠢ ᠶᠢ ᠪᠢᠴᠢᠭᠯᠡᠵᠡᠢ ᠃ ᠮᠠᠩᠬᠠᠨ ᠠᠶᠠᠯᠭᠤ ᠶᠢ ᠤᠳᠤ ᠦᠶ᠎ᠡ ᠶᠢᠨ | ᠬᠠᠮᠢᠶᠠᠷᠤᠯᠲᠠ ᠳᠤ ᠣᠷᠣᠭᠤᠯᠵᠤ ᠂ ᠬᠤᠪᠢᠰᠬᠠᠯ ᠤᠨ ᠭᠧᠨ ᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠲᠠᠢ ᠪᠣᠯᠭᠠᠬᠤ ᠦᠶ᠎ᠡ ᠳᠤ ᠂ ᠲᠠᠯ᠎ᠠ ᠨᠤᠲᠤᠭ ᠤᠨ | ᠭᠦᠨ ᠠᠴᠠ ᠪᠤᠢ ᠪᠤᠯᠤᠬᠰᠠᠨ ᠡᠨᠡᠬᠦ ᠰᠣᠶᠣᠯ ᠤᠨ ᠬᠤᠪᠢᠰᠤᠯᠲᠠ ᠳᠤ ᠤᠯᠤᠰ ᠤᠨ ᠥᠮᠴᠢᠯᠡᠯᠳᠤ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠬᠡᠯᠪᠡᠷᠢ ᠪᠠᠨ | ᠬᠤᠪᠢᠷᠠᠭᠤᠯᠬᠤ ᠠᠮᠢᠳᠤᠯᠢᠭ ᠦᠯᠢᠭᠡᠷ ᠳᠠᠭᠤᠷᠢᠶᠠᠯ ᠢ ᠰᠡᠮᠬᠡᠨ ᠪᠢᠴᠢᠭᠯᠡᠵᠦ ᠪᠤᠢ᠃ ᠢᠷᠡᠭᠡᠳᠦᠢ ᠳᠤ ᠂ ᠵᠡᠭᠦᠨᠭᠠᠷ ᠬᠤᠰᠢᠭᠤᠨ ᠤ ᠮᠠᠩᠬᠠᠨ ᠠᠶᠠᠯᠭᠤ ᠶᠢᠨ ᠤᠷᠠᠨ | ᠰᠠᠶᠢᠬᠠᠨ ᠤ ᠲᠣᠭᠯᠠᠯᠲᠠ ᠶᠢᠨ ᠬᠢᠵᠠᠭᠠᠷᠲᠤ ᠺᠣᠮᠫᠠᠨᠢ ᠥᠭᠡᠷᠡᠴᠢᠯᠡᠯᠲᠡ ᠶᠢᠨ ᠵᠠᠮ ᠢᠶᠠᠷ ᠦᠷᠭᠦᠯᠵᠢᠯᠡᠨ ᠭᠤᠶᠢᠪᠢᠰᠢ ᠦᠭᠡᠢ ᠤᠷᠤᠭᠰᠢᠯᠠᠵᠤ ᠂ ︽ ᠨᠡᠶᠢᠲᠡ ᠶᠢᠨ | ᠠᠰᠠᠷᠠᠮᠵᠢ ᠶᠢᠨ ᠰᠠᠭᠤᠷᠢ ᠶᠢ ᠴᠣᠭᠴᠠᠯᠠᠵᠤ ᠂ ᠵᠠᠬ᠎ᠠ ᠳᠡᠯᠭᠡᠭᠦᠷ ᠠᠴᠠ ᠬᠦᠴᠤᠨ ᠣᠯᠭᠤᠬᠤ ︾ ᠬᠤᠣᠰ ᠬᠦᠷᠳᠦ ᠪᠠᠷ ᠬᠥᠳᠡᠯᠭᠡᠬᠦ ᠵᠠᠭᠪᠤᠷ ᠢᠶᠠᠷ ᠳᠠᠮᠵᠢᠭᠤᠯᠤᠨ ᠂ | ᠠᠷᠠᠳ ᠣᠯᠠᠨ ᠳᠤ ᠨᠠᠩ ᠣᠯᠠᠨ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠠᠪᠴᠢᠷᠠᠵᠤ ᠥᠭᠬᠦ ᠪᠣᠯᠣᠨ᠎ᠠ ᠃ | | |