| 4 ᠳ᠋ᠦ᠋ᠭᠡᠷ ᠰᠠᠷ᠎ᠠ ᠶᠢᠨ 21 ᠤ ᠡᠳᠦᠷ ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ ᠂ ︽ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠢ ᠲᠦᠷᠭᠡᠳᠬᠡᠨ | ᠠᠬᠢᠭᠤᠯᠬᠤ ᠲᠥᠰᠥᠯ ︾ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ ᠃ | ᠨᠢᠭᠡ ᠳᠤ ᠂ ᠭᠤᠣᠯᠳᠠᠯᠭ᠎ᠠ ᠪᠣᠯᠬᠤ ᠠᠵᠢᠯ ᠤᠨ ᠬᠦᠷᠢᠶᠡᠨ ᠳᠠᠬᠢ ᠨᠡᠭᠡᠭᠡᠯᠲᠡ ᠶᠢ ᠠᠬᠢᠭᠤᠯᠤᠨ᠎ᠠ | ᠴᠠᠬᠢᠯᠭᠠᠨ ᠬᠤᠯᠪᠣᠭᠠᠨ ᠤ ᠬᠦᠷᠢᠶᠡᠨ ᠳᠤ ᠂ ᠬᠡᠷᠡᠭᠯᠡᠯᠲᠡ ᠶᠢᠨ ᠳᠡᠯᠭᠡᠭᠦᠷ ᠂ ᠢᠨᠲ᠋ᠧᠷ ᠰᠦᠯᠵᠢᠶᠡᠨ ᠳᠤ ᠵᠠᠯᠭᠠᠨ ᠣᠷᠣᠭᠤᠯᠬᠤ ᠵᠡᠷᠭᠡ ᠦᠢᠯᠡᠴᠢᠯᠡᠭᠡᠨ ᠤ | ᠲᠤᠬᠠᠶᠢᠯᠠᠭᠰᠠᠨ ᠠᠵᠢᠯ ᠳᠤ ᠬᠤᠯᠪᠣᠭᠳᠠᠬᠤ ᠭᠠᠳᠠᠭᠠᠳᠤ ᠪᠡᠯᠡ ᠶᠢᠨ ᠡᠵᠡᠯᠡᠬᠦ ᠰᠲ᠋ᠣᠺ ᠤᠨ ᠬᠠᠷᠢᠴᠠᠯ ᠤᠨ ᠬᠢᠵᠠᠭᠠᠷᠯᠠᠯ ᠢ ᠴᠤᠴᠠᠯᠬᠤ ᠵᠡᠷᠭᠡ ᠲᠤᠷᠰᠢᠯᠲᠠ ᠶᠢᠨ | ᠴᠡᠭ ᠤᠨ ᠡᠭᠦᠷᠭᠡ ᠶᠢ ᠳᠤᠷᠠᠳᠪᠠ ᠃ | ᠡᠮᠴᠢᠯᠡᠭᠡᠨ ᠤ ᠬᠦᠷᠢᠶᠡᠨ ᠳᠤ ᠂ ᠭᠠᠳᠠᠭᠠᠳᠤ ᠶᠢᠨ ᠬᠠᠷᠢᠶᠠᠲᠤ ᠡᠮᠴᠢ ᠨᠠᠷ ᠤᠨ ᠡᠮᠴᠢᠯᠡᠭᠡᠨ ᠤ ᠭᠠᠵᠠᠷ ᠪᠠᠶᠢᠭᠤᠯᠬᠤ ᠶᠢ ᠳᠡᠮᠵᠢᠬᠦ ︔ ᠬᠢᠯᠢ ᠶᠢᠨ ᠭᠠᠳᠠᠨᠠᠬᠢ | ᠡᠮᠴᠢᠯᠡᠭᠡᠨ ᠤ ᠲᠤᠰᠬᠠᠢ ᠮᠡᠷᠭᠡᠵᠢᠯᠲᠡᠨ ᠣᠬᠤᠷ ᠬᠤᠭᠤᠴᠠᠭ᠎ᠠ ᠪᠠᠷ ᠠᠵᠢᠯ ᠡᠷᠬᠢᠯᠡᠬᠦ ︔ ᠪᠡᠯᠡ ᠮᠥᠩᠭᠦ ᠬᠠᠨᠳᠢᠪᠯᠡᠬᠤ ᠠᠷᠭ᠎ᠠ ᠮᠠᠶ᠋ᠢᠭ ᠢᠶᠠᠷ ᠠᠰᠢᠭ ᠬᠤᠨᠵᠢᠪᠤᠷᠢ ᠶᠢᠨ | ᠪᠤᠰᠤ ᠡᠮᠴᠢᠯᠡᠭᠡᠨ ᠤ ᠪᠠᠶᠢᠭᠤᠯᠤᠮᠵᠢ ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠷᠭᠢᠯᠡᠬᠦ ᠶᠢ ᠵᠥᠪᠰᠢᠶᠡᠷᠡᠬᠦ ︔ ᠬᠤᠪᠣᠷ ᠲᠣᠬᠢᠶᠠᠯᠳᠤᠬᠤ ᠡᠪᠡᠳᠴᠢᠨ ᠤ | ᠡᠮ ᠤᠨ ᠵᠦᠢᠯ ᠢ ᠭᠠᠳᠠᠭᠠᠳᠤ ᠠᠴᠠ ᠣᠷᠣᠭᠤᠯᠬᠤ ᠶᠢ ᠰᠤᠭᠤᠴᠢᠨ ᠪᠠᠶᠢᠴᠠᠭᠠᠬᠤ ᠬᠡᠪ ᠵᠠᠭᠪᠤᠷ ᠢ ᠰᠦᠪᠡᠭᠴᠢᠯᠡᠨ ᠰᠢᠯᠢᠳᠡᠭᠵᠢᠭᠦᠯᠬᠦ ᠵᠡᠷᠭᠡ ᠶᠢ ᠳᠤᠷᠠᠳᠪᠠ ᠃ | ᠮᠥᠩᠭᠦᠨ ᠭᠦᠢᠯᠭᠡᠭᠡᠨ ᠤ ᠬᠦᠷᠢᠶᠡᠨ ᠳᠤ ᠂ ᠤᠯᠠᠨ ᠤᠯᠤᠰ ᠤᠨ ᠪᠠᠲᠤᠯᠠᠨ ᠬᠠᠮᠢᠶᠠᠷᠬᠤ ᠲᠤᠬᠠᠶᠢᠯᠠᠭᠰᠠᠨ ᠠᠵᠢᠯ ᠢ ᠰᠦᠪᠡᠭᠴᠢᠯᠡᠨ ᠬᠥᠭᠵᠢᠭᠦᠯᠬᠦ ᠶᠢ ᠳᠡᠮᠵᠢᠬᠦ ︔ | ᠢᠲᠡᠭᠡᠮᠵᠢ ᠶᠢᠨ ᠲᠠᠰ ᠲᠣᠭᠲᠠᠭᠠᠬᠤ ᠪᠠᠶᠢᠭᠤᠯᠤᠮᠵᠢ ᠨᠤᠭᠤᠳ ᠤᠨ ᠨᠣᠭᠤᠭᠠᠨ ᠵᠢᠭᠡᠯᠡᠯᠭᠡ ᠶᠢᠨ ᠲᠡᠮᠳᠡᠭᠲᠦ ᠶᠢᠨ ᠲᠠᠰ ᠲᠣᠭᠲᠠᠭᠠᠬᠤ ᠦᠢᠯᠡᠴᠢᠯᠡᠭᠡ ᠥᠷᠨᠢᠭᠦᠯᠬᠦ ᠶᠢ | ᠵᠣᠷᠢᠭᠵᠢᠭᠤᠯᠵᠤ ᠂ ᠨᠥᠬᠦᠴᠡᠯ ᠳᠤ ᠨᠡᠶᠢᠴᠡᠬᠦ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠤᠨ ᠺᠣᠮᠫᠠᠨᠢ ᠨᠤᠭᠤᠳ ᠤᠨ ᠨᠣᠭᠤᠭᠠᠨ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠶᠢ ᠳᠡᠮᠵᠢᠬᠦ ᠵᠡᠷᠭᠡ ᠶᠢ ᠳᠤᠷᠠᠳᠪᠠ ᠃ | ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠤᠨ ᠬᠦᠷᠢᠶᠡᠨ ᠳᠤ ᠂ ᠭᠠᠳᠠᠭᠠᠳᠤ ᠶᠢᠨ ᠬᠤᠳᠠᠯᠳᠤᠭᠠᠴᠢᠨ ᠵᠢᠭᠤᠯᠴᠢᠯᠠᠯ ᠤᠨ ᠺᠣᠮᠫᠠᠨᠢ ᠳᠤ ᠪᠡᠯᠡ ᠣᠷᠣᠭᠤᠯᠤᠨ | ᠬᠢᠯᠢ ᠠᠴᠠ ᠭᠠᠷᠴᠤ ᠵᠢᠭᠤᠯᠴᠢᠯᠠᠬᠤ ᠲᠤᠬᠠᠶᠢᠯᠠᠭᠰᠠᠨ ᠠᠵᠢᠯ ᠡᠵᠡᠩᠨᠡᠬᠦ ᠶᠢ ᠨᠢ ᠵᠥᠪᠰᠢᠶᠡᠷᠡᠨ᠎ᠡ ︔ ᠲᠢᠶᠠᠨᠵᠢᠨ ᠳᠤ ᠤᠯᠠᠮᠵᠢᠯᠠᠯᠲᠤ ᠰᠣᠩᠭᠤᠳᠠᠭ ᠮᠠᠰᠢᠨ ᠲᠡᠷᠭᠡᠨ ᠤ | ᠭᠠᠶᠢᠯᠢ ᠪᠠᠲᠤᠯᠠᠬᠤ ᠦᠵᠡᠭᠦᠯᠭᠡ ᠵᠢᠴᠢ ᠨᠠᠶᠢᠳᠠᠨ ᠬᠠᠮᠢᠶᠠᠷᠤᠭᠤᠯᠬᠤ ᠲᠤᠬᠠᠶᠢᠯᠠᠭᠰᠠᠨ ᠠᠵᠢᠯ ᠤᠨ ᠲᠤᠷᠰᠢᠯᠲᠠ ᠶᠢᠨ ᠴᠡᠭ ᠢ ᠳᠡᠮᠵᠢᠨ᠎ᠡ ︔ ᠬᠠᠶᠢᠨᠠᠨ ᠳᠤ ᠪᠥᠸᠧ ᠤᠤ | ᠯᠧ ᠴᠧᠩ ᠤᠯᠠᠨ ᠤᠯᠤᠰ ᠤᠨ ᠡᠮᠴᠢᠯᠡᠭᠡᠨ ᠤ ᠵᠢᠭᠤᠯᠴᠢᠯᠠᠯ ᠤᠨ ᠤᠷᠢᠳ ᠢᠶᠠᠷ ᠬᠡᠷᠡᠭᠵᠢᠭᠦᠯᠬᠦ ᠲᠣᠭᠤᠷᠢᠭ ᠲᠤ ᠣᠨᠴᠠᠭᠠᠢ ᠡᠮᠴᠢᠯᠡᠭᠡᠨ ᠤ ᠢᠳᠡᠭᠡᠨ ᠪᠠ | ᠡᠷᠡᠭᠦᠯᠵᠢᠯ ᠤᠨ ᠢᠳᠡᠭᠡᠨ ᠢ ᠭᠠᠳᠠᠭᠠᠳᠤ ᠠᠴᠠ ᠣᠷᠣᠭᠤᠯᠵᠤ ᠬᠡᠷᠡᠭᠯᠡᠬᠦ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠲᠡᠮᠵᠢᠨ᠎ᠠ ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠤ ᠂ ᠴᠢᠩᠭᠡᠯᠢᠭ ᠢ ᠲᠡᠯᠡᠶ ᠪᠠᠷ ᠠᠶᠠᠯᠠᠭᠤᠯᠬᠤ ᠂ ᠰᠣᠯᠢᠯᠴᠠᠬᠤ ᠂ ᠬᠠᠮᠲᠤ ᠡᠳ᠋ᠯᠡᠬᠦ ᠵᠡᠷᠭᠡ ᠬᠠᠮᠲᠤᠷᠠᠯᠴᠠᠭ᠎ᠠ | ᠥᠷᠨᠢᠭᠦᠯᠬᠦ ᠶᠢ ᠳᠡᠮᠵᠢᠵᠦ ᠂ ︽ ᠨᠢᠭᠡ ᠯᠡ ᠴᠢᠩᠭᠡᠯᠢᠭ ᠢᠶᠠᠷ ᠲᠡᠭᠡᠭᠡᠪᠦᠷᠢᠯᠡᠬᠦ ︾ ᠶᠢ ᠰᠦᠪᠡᠭᠴᠢᠯᠡᠨ᠎ᠡ ︔ ᠰᠢᠨ᠎ᠡ ᠡᠨᠧᠷᠭᠢ ᠶᠢᠨ ᠪᠦᠲᠦᠨ ᠲᠡᠷᠭᠡ ᠂ ᠬᠥᠳᠡᠯᠭᠡᠭᠴᠢ | ᠬᠦᠴᠦᠨ ᠤ ᠴᠡᠨᠡᠭ ᠢ ᠭᠠᠳᠠᠭᠠᠳᠤ ᠳᠤ ᠭᠠᠷᠭᠠᠬᠤ ᠶᠢ ᠳᠡᠮᠵᠢᠬᠦ ᠬᠤᠯᠪᠣᠭᠠᠯᠠᠨ ᠲᠡᠭᠡᠭᠡᠪᠦᠷᠢᠯᠡᠬᠦ ᠰᠢᠨ᠎ᠡ ᠬᠡᠪ ᠵᠠᠭᠪᠤᠷ ᠵᠡᠷᠭᠡ ᠶᠢ ᠰᠦᠪᠡᠭᠴᠢᠯᠡᠨ᠎ᠡ ᠃ | ᠡᠭᠦᠨ ᠠᠴᠠ ᠭᠠᠳᠠᠨ᠎ᠠ ᠂ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠰᠢᠨ᠎ᠡ ᠪᠠᠶᠢᠳᠠᠯ ᠤᠨ ᠬᠥᠭᠵᠢᠯᠲᠡ ᠶᠢ ᠡᠷᠴᠢᠮᠯᠡᠬᠦ ᠂ ᠴᠢᠯᠦᠭᠡᠵᠢᠯ ᠳᠥᠭᠦᠮᠴᠢᠯᠡᠯ ᠤᠨ | ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠪᠠᠰᠠ ᠣᠯᠠᠨ ᠵᠦᠢᠯ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠳᠤᠷᠠᠳᠪᠠ ᠃ | ᠬᠤᠶᠠᠷ ᠲᠤ ᠂ ᠬᠦᠴᠦᠨ ᠵᠦᠢᠯ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ ᠂ ᠬᠢᠯᠢ ᠪᠠᠷ ᠥᠩᠭᠡᠷᠡᠬᠦ ᠳᠤ ᠸᠢᠰᠠᠯᠠᠬᠤ ᠠᠴᠠ ᠬᠡᠯᠲᠦᠷᠢᠭᠦᠯᠬᠦ ᠂ ᠡᠭᠦᠷᠢᠳᠡ | ᠰᠠᠭᠤᠷᠢᠰᠢᠬᠤ ᠂ ᠲᠣᠭᠠᠴᠠᠭ᠎ᠠ ᠬᠢᠬᠦ ᠳᠤ ᠲᠥᠬᠦᠮ ᠦᠵᠡᠭᠦᠯᠬᠦ ᠂ ᠠᠵᠢᠯ ᠡᠷᠭᠢᠯᠡᠬᠦ ᠬᠢᠷᠢ ᠬᠡᠮ ᠢ ᠮᠡᠳᠡᠷᠡᠬᠦ ᠵᠡᠷᠭᠡ ᠲᠠᠯ᠎ᠠ ᠪᠠᠷ ᠲᠤᠷᠰᠢᠯᠲᠠ ᠶᠢᠨ ᠴᠡᠭ ᠤᠨ ᠡᠭᠦᠷᠭᠡ ᠶᠢ | ᠳᠤᠷᠠᠳᠪᠠ ︔ ᠭᠠᠳᠠᠭᠠᠳᠤ ᠳᠤ ᠬᠤᠯᠪᠣᠭᠳᠠᠬᠤ ᠬᠥᠨᠳᠡᠯᠡᠨ ᠤ ᠲᠠᠰᠤᠯᠤᠯᠳᠠ ᠂ ᠬᠠᠤᠯᠢᠴᠢ ᠶᠢᠨ ᠠᠵᠢᠯ ᠡᠷᠬᠢᠯᠡᠬᠦ ᠂ ᠤᠯᠠᠨ ᠤᠯᠤᠰ ᠤᠨ ᠬᠠᠤᠯᠢ ᠴᠠᠭᠠᠵᠠ ᠶᠢᠨ | ᠬᠠᠮᠲᠤᠷᠠᠯᠴᠠᠭ᠎ᠠ ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ ᠂ ᠴᠢᠳᠠᠪᠤᠷᠢᠲᠠᠨ ᠬᠥᠮᠥᠵᠢᠭᠦᠯᠦᠨ ᠪᠣᠯᠪᠠᠰᠤᠷᠠᠭᠤᠯᠬᠤ | ᠵᠡᠷᠭᠡ ᠶᠢᠨ ᠲᠣᠭᠤᠷᠢᠨ ᠳᠤ ᠂ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ ᠂ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠲᠤᠬᠠᠶᠢᠯᠠᠭᠰᠠᠨ ᠠᠵᠢᠯ ᠢ | ᠡᠮᠬᠢ ᠵᠢᠷᠤᠮ ᠲᠠᠢ ᠪᠠᠷ ᠥᠷᠨᠢᠭᠦᠯᠦᠨ᠎ᠡ ᠃ | ᠭᠤᠷᠪᠠ ᠳᠤ ᠂ ᠳᠦᠷᠢᠮ ᠪᠠ ᠵᠢᠷᠤᠮᠵᠢᠯ ᠢ ᠬᠠᠷᠢᠯᠴᠠᠨ ᠨᠡᠪᠲᠡᠷᠡᠯᠴᠡᠭᠦᠯᠵᠦ ᠬᠠᠷᠢᠯᠴᠠᠨ ᠪᠠᠭᠲᠠᠭᠠᠬᠤ ᠶᠢ ᠠᠬᠢᠭᠤᠯᠬᠤ ᠲᠠᠯ᠎ᠠ ᠪᠠᠷ ᠂ ᠳ᠋ᠠᠶᠢᠲ᠋ᠠ ᠶᠢ ᠬᠢᠯᠢ ᠠᠯᠤᠰᠯᠠᠨ | ᠰᠢᠯᠵᠢᠭᠦᠯᠬᠦ ᠂ ᠪᠠᠷᠢᠮᠵᠢᠶ᠎ᠠ ᠲᠣᠭᠲᠠᠭᠠᠬᠤ ᠂ ᠮᠡᠳᠡᠯᠭᠡ ᠥᠮᠴᠢᠯᠡᠬᠦ ᠡᠷᠬᠡ ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠺᠣᠳ᠋ ᠵᠡᠷᠭᠡ ᠴᠢᠬᠤᠯᠠ ᠲᠤᠬᠠᠶᠢᠯᠠᠭᠰᠠᠨ | ᠠᠵᠢᠯ ᠤᠨ ᠬᠦᠷᠢᠶᠡᠨ ᠳᠠᠬᠢ ᠦᠨᠳᠦᠰᠦᠨ ᠵᠢᠷᠤᠮᠵᠢᠯ ᠢ ᠳᠠᠰᠤᠷᠠᠯᠳᠠ ᠦᠭᠡᠢ ᠲᠡᠭᠦᠯᠳᠡᠷᠵᠢᠭᠦᠯᠦᠨ᠎ᠡ ︔ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠂ | ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠂ ᠬᠢᠯᠢ ᠠᠯᠤᠰᠯᠠᠭᠰᠠᠨ ᠡᠳ᠋ ᠪᠠᠷᠠᠭ᠎ᠠ ᠶᠢ ᠬᠤᠯᠪᠤᠭᠠᠯᠠᠨ ᠲᠡᠭᠡᠭᠡᠪᠦᠷᠢᠯᠡᠬᠦ ᠂ ᠪᠠᠶᠢᠴᠠᠭᠠᠨ ᠰᠢᠨᠵᠢᠬᠦ | ᠪᠠᠶᠢᠭᠤᠯᠤᠮᠵᠢ ᠶᠢᠨ ᠬᠢᠷᠢ ᠬᠡᠮ ᠂ ᠳ᠋ᠢᠭᠢᠲ ᠪᠡᠶ᠎ᠡ ᠬᠡᠮ ᠂ ᠡᠯᠧᠺᠳ᠋ᠷᠣᠨ ᠪᠠᠷᠢᠮᠲᠠ ᠵᠡᠷᠭᠡ ᠬᠦᠷᠢᠶᠡᠨ ᠳᠠᠬᠢ ᠬᠢᠯᠢ ᠶᠢᠨ ᠳᠣᠲᠣᠨ᠎ᠠ ᠭᠠᠳᠠᠨᠠᠬᠢ ᠬᠠᠮᠢᠶᠠᠷᠤᠯᠲᠠ ᠶᠢᠨ | ᠵᠢᠷᠤᠮᠵᠢᠯ ᠢ ᠬᠠᠷᠢᠯᠴᠠᠨ ᠨᠡᠪᠲᠡᠷᠡᠯᠴᠡᠭᠦᠯᠵᠦ ᠬᠠᠷᠢᠯᠴᠠᠨ ᠪᠠᠭᠲᠠᠭᠠᠬᠤ ᠶᠢ ᠠᠬᠢᠭᠤᠯᠬᠤ ᠵᠡᠷᠭᠡ ᠪᠣᠯᠣᠨ᠎ᠠ ᠃ | ᠳᠥᠷᠪᠡ ᠳᠤ ᠂ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠬᠠᠮᠵᠢᠯᠴᠠᠨ ᠬᠢᠨᠠᠨ ᠬᠠᠮᠢᠶᠠᠷᠬᠤ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠂ | ᠡᠪᠳᠡᠬᠦ ᠪᠠ ᠪᠠᠶᠢᠭᠤᠯᠬᠤ ᠶᠢ ᠵᠡᠷᠭᠡ ᠪᠠᠷ ᠠᠳᠬᠤᠬᠤ ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠬᠤ ᠂ ᠭᠤᠣᠯᠳᠠᠯᠭ᠎ᠠ ᠪᠣᠯᠬᠤ ᠠᠵᠤ | ᠦᠢᠯᠡᠰ ᠤᠨ ᠨᠡᠭᠡᠭᠡᠯᠲᠡ ᠶᠢᠨ ᠬᠡᠷᠡᠭᠵᠢᠭᠦᠯᠬᠦ ᠲᠥᠰᠥᠯ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ ᠂ ᠡᠮᠬᠢ ᠵᠢᠷᠤᠮ ᠲᠠᠢ ᠪᠠᠷ | ᠬᠡᠷᠡᠭᠵᠢᠭᠦᠯᠬᠦ ᠶᠢ ᠠᠬᠢᠭᠤᠯᠤᠨ᠎ᠠ ᠃ | | |