ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠠ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠴᠢ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠤ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/23
    ᠣᠶᠢᠷ᠎ᠠ ᠶᠢᠨ ᠡᠳᠦᠷ ᠂ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠴᠢ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠤ᠋ ᠬᠤᠷᠠᠯ ᠬᠤᠷᠠᠯᠳᠤᠪᠠ ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠬᠤᠲᠠ  ᠶᠢᠨ ᠳᠡᠳ᠋ ᠳᠠᠷᠤᠭ᠎ᠠ ᠯᠢᠦ ᠹᠧᠩ ᠶᠦᠨ ᠬᠤᠷᠠᠯ ᠢ ᠡᠷᠭᠢᠯᠡᠵᠦ ᠂ ᠬᠤᠲᠠ ᠶᠢᠨ ᠳᠡᠳ᠋ ᠳᠠᠷᠤᠭ᠎ᠠ ᠨᠠᠷ ᠬᠤᠷᠠᠯ ᠳᠤ ᠣᠷᠣᠯᠴᠠᠪᠠ ᠃ ᠬᠤᠷᠠᠯ ᠠᠴᠠ ᠪᠦᠬᠦ ᠣᠷᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠶᠢᠨ ᠴᠣᠬᠤᠯᠠᠪᠤᠷᠢ ᠵᠢᠴᠢ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠤ ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠂ ᠴᠠᠭ ᠠᠭᠤᠷ ᠂ ᠤᠰᠤᠨ ᠠᠰᠢᠭᠯᠠᠯᠲᠠ ᠂ ᠵᠠᠮ ᠬᠠᠷᠢᠯᠴᠠᠭ᠎ᠠ ᠂ ᠲᠠᠷᠢᠶᠠᠯᠠᠩ ᠮᠠᠯ ᠠᠵᠤ ᠠᠬᠤᠢ ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠨ ᠬᠢᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠤ ᠬᠠᠮᠲᠤ ︽ ᠠᠰᠠᠭᠤᠳᠠᠯ ᠤᠨ ᠳᠠᠯᠳᠠ ᠭᠡᠮ ᠨᠢ ᠬᠠᠮᠢᠭ᠎ᠠ ᠪᠠᠶᠢᠬᠤ ︾ ᠂ ︽ ᠬᠡᠷᠬᠢᠨ ᠰᠢᠢᠳᠪᠦᠷᠢᠯᠡᠬᠦ ︾ ᠵᠡᠷᠭᠡ ᠶᠢᠨ ᠲᠣᠭᠤᠷᠢᠨ ᠳᠤ ᠠᠵᠢᠯ ᠤᠨ ᠰᠠᠨᠠᠭᠤᠯᠭ᠎ᠠ ᠳᠤᠷᠠᠳᠴᠠᠢ ᠃ ᠡᠨᠡ ᠵᠢᠯ ᠠᠴᠠ ᠨᠠᠭᠠᠰᠢ ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ ᠂ ᠢᠦᠢ ᠬᠠᠢ ᠢᠦᠢ ᠤᠯᠠᠨ ᠤ ᠴᠢᠷᠮᠠᠶᠢᠯᠭ᠎ᠠ ᠪᠣᠯᠣᠨ ᠠᠮᠵᠢᠯᠲᠠ ᠶᠢ ᠨᠤᠲᠠᠯᠠᠵᠤ ᠪᠠᠶᠢᠬᠤ ᠪᠠᠨ ᠢᠯᠡᠳᠬᠡᠪᠡ ᠃ ᠲᠡᠷᠡ ᠂ ᠠᠮᠵᠢᠯᠲᠠ ᠪᠣᠯ ᠥᠩᠭᠡᠷᠡᠭᠰᠡᠨ ᠤ ᠬᠢ ᠶᠤᠮ ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠡᠷᠬᠡᠪᠰᠢ ᠥᠴᠥᠬᠡᠨ ᠴᠦ ᠰᠤᠯᠠᠷᠠᠭᠤᠯᠵᠤ ᠪᠣᠯᠬᠤ ᠦᠭᠡᠢ ᠂ ᠥᠴᠥᠬᠡᠨ ᠴᠦ ᠴᠠᠯᠠᠭᠠᠶᠢᠷᠠᠵᠤ ᠪᠣᠯᠬᠤ ᠦᠭᠡᠢ ᠂ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠵᠤ ᠂ ᠠᠵᠢᠯ ᠤᠨ ᠳᠤᠲᠠᠭᠤᠳᠠᠯ ᠢ ᠡᠷᠢᠵᠦ ᠨᠥᠬᠦᠪᠦᠷᠢᠯᠡᠵᠦ ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠃ ᠡᠯ᠎ᠡ ᠱᠠᠲᠤᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠪᠠ ᠥᠪᠡᠷ ᠤᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠭᠡᠮ ᠢ ᠴᠢᠩᠭ᠎ᠠ ᠮᠥᠷᠲᠡᠭᠡᠨ ᠲᠦᠷᠭᠡᠨ ᠴᠡᠭᠴᠡᠯᠡᠨ ᠵᠠᠰᠠᠵᠤ ᠂ ᠠᠭᠤᠷᠬᠠᠢ ᠂ ᠠᠶᠤᠯᠲᠠᠢ ᠬᠢᠮᠢ ᠶᠢᠨ ᠠᠵᠤ ᠦᠢᠯᠡᠳᠪᠦᠷᠢ ᠂ ᠭᠠᠯ ᠰᠡᠷᠭᠡᠶᠢᠯᠡᠵᠦ ᠤᠨᠲᠠᠷᠠᠭᠠᠬᠤ ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠵᠠᠮ ᠬᠠᠷᠢᠯᠴᠠᠭ᠎ᠠ ᠂ ᠰᠣᠶᠣᠯ ᠵᠤᠭᠠᠴᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢ ᠰᠠᠶᠢᠲᠤᠷ ᠠᠳᠬᠤᠵᠤ ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠦᠷ᠎ᠡ ᠪᠦᠲᠦᠮᠵᠢ ᠶᠢ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠪᠡ ᠃ ᠢᠦᠢ ᠬᠠᠢ ᠢᠦᠢ ᠂ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠲᠠᠢ ᠨᠢᠭᠲᠠ ᠤᠶᠠᠯᠳᠤᠭᠤᠯᠵᠤ ᠂ ᠪᠡᠯᠡᠳᠬᠡᠯ ᠢᠶᠠᠨ ᠴᠢᠩᠭᠠᠳᠬᠠᠵᠤ ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠃ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ ᠂ ᠤᠬᠠᠭᠤᠯᠭ᠎ᠠ ᠬᠥᠮᠦᠵᠢᠯ ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠴᠢᠩᠭᠠᠳᠬᠠᠵᠤ ᠂ ᠬᠥᠮᠥᠨ ᠬᠠᠷ᠎ᠠ ᠦᠬᠦᠵᠦ ᠰᠢᠷᠬᠠᠲᠤᠬᠤ ᠶᠢ ᠡᠷᠡᠰ ᠬᠤᠷᠢᠭᠯᠠᠬᠤ ᠬᠡᠷᠡᠭᠲᠡᠢ ᠃ ᠢᠨᠵᠧᠨᠧᠷᠢᠩ ᠤᠨ ᠴᠢᠨᠠᠷᠲᠠᠢ ᠂ ᠤᠷᠢᠳᠴᠢᠯᠠᠨ ᠰᠡᠷᠭᠡᠶᠢᠯᠡᠬᠦ ᠴᠢᠨᠠᠷᠲᠠᠢ ᠠᠷᠭ᠎ᠠ ᠬᠡᠮᠵᠢᠶ᠎ᠡ ᠶᠢ ᠴᠢᠩᠭᠠᠳᠬᠠᠵᠤ ᠂ ᠬᠤᠲᠠ ᠬᠤᠰᠢᠭᠤ ᠲᠣᠭᠤᠷᠢᠭ ᠱᠠᠲᠤ ᠬᠤᠪᠢᠶᠠᠨ ᠬᠠᠷᠢᠭᠤᠴᠠᠵᠤ ᠂ ᠰᠠᠯᠠᠭ᠎ᠠ ᠮᠥᠴᠢᠷ ᠤᠳ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠂ ᠦᠶᠡᠷ ᠤᠨ ᠬᠤᠭᠤᠴᠠᠭ᠎ᠠ ᠬᠦᠷᠴᠦ ᠢᠷᠡᠬᠦ ᠠᠴᠠ ᠡᠮᠦᠨ᠎ᠡ ᠳᠤᠲᠠᠭᠤᠳᠠᠯ ᠢᠶᠠᠨ ᠨᠥᠬᠦᠪᠦᠷᠢᠯᠡᠵᠦ ᠂ ᠠᠯᠳᠠᠰᠢ ᠭᠠᠷᠬᠤ ᠶᠢ ᠬᠤᠷᠢᠭᠯᠠᠵᠤ ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠲᠣᠭᠲᠠᠭᠤᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠃ ᠲᠠᠷᠢᠶᠠᠯᠠᠭ᠎ᠠ ᠶᠢᠨ ᠴᠠᠭ ᠢ ᠵᠠᠪᠳᠤᠵᠤ ᠂ ᠴᠢᠭᠢᠭ ᠤᠨ ᠪᠠᠶᠢᠳᠠᠯ ᠳᠤ ᠵᠣᠬᠢᠴᠠᠭᠤᠯᠵᠤ ᠂ ᠣᠷᠣᠨ ᠬᠤᠪᠢᠶᠠᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠬᠠᠪᠤᠷ ᠤᠨ ᠲᠠᠷᠢᠶᠠᠯᠠᠭ᠎ᠠ ᠶᠢᠨ ᠡᠮᠬᠢ ᠲᠢᠭᠯᠢᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ ᠃ ᠢᠦᠢ ᠬᠠᠢ ᠢᠦᠢ ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢ ᠴᠢᠩᠭ᠎ᠠ ᠠᠳᠬᠤᠵᠤ ᠂ ᠠᠵᠢᠯ ᠤᠨ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠵᠤ ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠰᠠᠭᠤᠳᠠᠯ ᠢ ᠰᠢᠢᠳᠪᠦᠷᠢᠯᠡᠵᠦ ᠂ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠴᠢᠨᠠᠷᠵᠢᠯ ᠦᠷ᠎ᠡ ᠠᠰᠢᠭ ᠪᠣᠯᠣᠨ ᠲᠤᠰᠬᠠᠶᠢᠵᠢᠭᠰᠠᠨ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠂ ᠡᠯ᠎ᠡ ᠲᠥᠷᠥᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠠᠷ ᠨᠠᠶᠢᠳᠠᠪᠤᠷᠢᠵᠢᠭᠤᠯᠵᠤ ᠂ ᠲᠣᠭᠲᠠᠭᠤᠨ ᠂ ᠠᠮᠤᠷ ᠲᠦᠪᠰᠢᠨ ᠂ ᠡᠮᠬᠢ ᠳᠢᠭᠯᠢᠮ ᠲᠠᠢ ᠬᠥᠭᠵᠢᠯᠲᠡ ᠶᠢᠨ ᠣᠷᠴᠢᠨ ᠠᠬᠤᠢ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠪᠡ ᠃   
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ