| | | | | | | 4 ᠳ᠋ᠦ᠋ᠭᠡᠷ ᠰᠠᠷ᠎ᠠ ᠶᠢᠨ 21 ᠤ ᠡᠳᠦᠷ ᠂ ︽ ᠳᠤᠮᠳᠠᠳᠤ ᠤᠯᠤᠰ ᠤᠨ ᠡᠳᠦᠷ ᠤᠨ ᠰᠣᠨᠢᠨ ︾ ᠤ ᠲᠡᠷᠢᠭᠦᠨ ᠨᠢᠭᠤᠷ ᠤᠨ ︽ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠣᠷᠣᠨ ᠨᠤᠲᠤᠭ ᠲᠠᠬᠢ ᠦᠢᠯᠡᠳᠦᠯᠭᠡ ︾ ᠪᠤᠯᠤᠩ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠢᠨ ᠲᠤᠰᠬᠠᠢ ᠰᠣᠷᠪᠤᠯᠵᠢᠯᠠᠭ᠎ᠠ ︽ Inner | Mongolia acts as green power bank ︾ ︵ ᠥᠪᠥᠷ ᠮᠣᠩᠭᠤᠯ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠬᠡᠨ ᠠᠬᠢᠭᠤᠯᠵᠤ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ | ᠪᠦᠲᠦᠭᠡᠨ ᠪᠠᠶᠢᠭᠤᠯᠤᠨ᠎ᠠ ︶ ᠢ ᠨᠡᠶᠢᠲᠡᠯᠡᠪᠡ ᠃ | ᠰᠤᠷᠪᠤᠯᠵᠢᠯᠠᠭᠴᠢ ᠄ ᠥᠪᠥᠷ ᠮᠣᠩᠭᠤᠯ ᠰᠢᠨ᠎ᠡ ᠡᠨᠧᠷᠭᠢ ᠶᠢ ᠬᠥᠭᠵᠢᠭᠦᠯᠬᠦ ᠲᠠᠯ᠎ᠠ ᠪᠠᠷ ᠶᠠᠮᠠᠷ ᠶᠠᠮᠠᠷ ᠥᠪᠡᠷᠮᠢᠴᠡ ᠳᠠᠪᠠᠭᠤᠯᠢᠭ ᠪᠠᠶᠢᠬᠤ ᠪᠣᠢ ᠂ ᠨᠢᠳᠤᠨᠤᠨ ᠶᠠᠮᠠᠷ | ᠶᠠᠮᠠᠷ ᠰᠢᠨ᠎ᠡ ᠰᠢᠪᠲᠤᠯᠤᠯᠲᠠ ᠂ ᠰᠢᠨ᠎ᠡ ᠬᠢᠯᠠᠰ ᠴᠡᠭ ᠲᠠᠢ ᠪᠣᠯᠤᠭᠰᠠᠨ ᠪᠣᠶ ︖ | ᠸᠠᠩ ᠯᠢ ᠰᠢᠶᠠ ᠄ ᠨᠢᠭᠡ ᠳᠤ ᠤᠯᠤᠰ ᠤᠨ ᠰᠠᠶᠢᠨ ᠲᠥᠷᠥ ᠶᠢᠨ ᠪᠣᠳᠣᠯᠭ᠎ᠠ ᠃ ᠥᠪᠥᠷ ᠮᠣᠩᠭᠤᠯ ᠤᠷᠢᠳ ᠬᠤᠵᠢᠳ ᠤᠯᠤᠰ ᠤᠨ ᠨᠢᠭᠡᠳᠦᠭᠡᠷ ᠪᠦᠯᠦᠭ ᠂ | ᠬᠤᠶᠠᠳᠤᠭᠠᠷ ᠪᠦᠯᠦᠭ ᠂ ᠭᠤᠷᠪᠠᠳᠤᠭᠠᠷ ᠪᠦᠯᠦᠭ ᠵᠢᠴᠢ ︽ ᠡᠯᠡᠰᠦ ᠭᠤᠪᠢ ᠴᠥᠯ ︾ ᠭᠠᠵᠠᠷ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯᠴᠢ | ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠵᠥᠪᠰᠢᠶᠡᠷᠡᠯ ᠢ ᠣᠯᠵᠠᠢ ᠃ 2023 ᠣᠨ ᠠᠴᠠ ᠨᠠᠭᠠᠰᠢ ᠂ ᠲᠦᠷᠦ ᠶᠢᠨ ᠶᠠᠪᠤᠳᠠᠯ ᠤᠨ ᠬᠤᠷᠢᠶ᠎ᠠ ︽ | ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠢ ᠰᠠᠨᠠᠯ ︾ ᠢ ᠳᠠᠷᠤᠮᠠᠯᠯᠠᠨ ᠶᠠᠪᠤᠭᠤᠯᠵᠤ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 6 ᠰᠠᠯᠠᠭ᠎ᠠ ᠮᠥᠴᠢᠷ ︽ | ᠥᠪᠥᠷ ᠮᠣᠩᠭᠤᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠪᠠᠭᠤᠯᠭᠠᠭᠠᠳ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠠᠵᠤ | ᠦᠢᠯᠡᠰ ᠤᠨ ᠬᠥᠭᠵᠢᠯᠲᠡ ᠶᠢ ᠬᠦᠴᠦᠲᠡᠢ ᠳᠡᠮᠵᠢᠪᠡ ᠃ | ᠬᠤᠶᠠᠷ ᠲᠤ ᠰᠠᠯᠬᠢᠨ ᠬᠦᠴᠦᠨ ᠤ ᠪᠠ ᠭᠡᠷᠡᠯᠴᠢ ᠡᠨᠧᠷᠭᠢ ᠶᠢᠨ ᠰᠢᠷᠭᠢᠰᠢ ᠦᠭᠡᠢ ᠡᠯᠪᠡᠭ ᠰᠠᠶᠢᠨ ᠡᠬᠢ ᠪᠠᠶᠠᠯᠢᠭ ᠃ ᠰᠠᠯᠬᠢᠨ ᠬᠦᠴᠦᠨ ᠤ ᠡᠨᠧᠷᠭᠢ ᠶᠢᠨ ᠡᠬᠢ | ᠪᠠᠶᠠᠯᠢᠭ ᠢ ᠣᠳᠣᠬᠠᠨ ᠤ ᠮᠡᠷᠭᠡᠵᠢᠯ ᠢᠶᠠᠷ ᠨᠡᠭᠡᠭᠡᠨ ᠠᠰᠢᠭᠯᠠᠵᠤ ᠪᠣᠯᠬᠤ ᠬᠡᠮᠵᠢᠶ᠎ᠡ 14.6 ᠳ᠋ᠦᠩᠰᠢᠭᠤᠷ ᠺᠢᠯᠣᠸᠠᠲ ᠪᠠᠶᠢᠵᠤ ᠂ ᠪᠠᠷᠤᠭ ᠪᠦᠬᠦ ᠤᠯᠤᠰ ᠤᠨ 57% ᠶᠢ | ᠡᠵᠡᠯᠡᠨ᠎ᠡ ᠂ ᠨᠡᠷᠡᠨ ᠤ ᠡᠨᠧᠷᠭᠢ ᠶᠢᠨ ᠡᠬᠢ ᠪᠠᠶᠠᠯᠢᠭ ᠢ ᠣᠳᠣᠬᠠᠨ ᠤ ᠮᠡᠷᠭᠡᠵᠢᠯ ᠢᠶᠠᠷ ᠨᠡᠭᠡᠭᠡᠨ ᠠᠰᠢᠭᠯᠠᠵᠤ ᠪᠣᠯᠬᠤ ᠬᠡᠮᠵᠢᠶ᠎ᠡ 94 ᠳ᠋ᠦᠩᠰᠢᠭᠤᠷ ᠺᠢᠯᠣᠸᠠᠲ ᠪᠠᠶᠢᠵᠤ ᠂ | ᠪᠠᠷᠤᠭ ᠪᠦᠬᠦ ᠤᠯᠤᠰ ᠤᠨ 21% ᠶᠢ ᠡᠵᠡᠯᠡᠵᠦ ᠪᠠᠶᠢᠨ᠎ᠠ ᠃ | ᠭᠤᠷᠪᠠ ᠳᠤ ᠪᠡᠭᠡᠵᠢᠩ ᠲᠢᠶᠠᠨᠵᠢᠨ ᠾᠧᠪᠧᠢ ᠯᠦᠭᠡ ᠬᠥᠷᠰᠢᠯᠡᠵᠦ ᠪᠠᠶᠢᠭ᠎ᠠ ᠰᠠᠶᠢᠨ ᠵᠠᠬ᠎ᠠ ᠳᠡᠯᠭᠡᠭᠦᠷ ᠃ ᠪᠢᠳᠡ ᠡᠨᠡ ᠬᠦ ᠣᠷᠣᠨ ᠪᠠᠶᠢᠷᠢ ᠶᠢᠨ ᠳᠠᠪᠠᠭᠤᠯᠢᠭ ᠢᠶᠠᠨ | ᠭᠦᠢᠴᠡᠳ ᠠᠰᠢᠭᠯᠠᠵᠤ ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ ᠃ ᠥᠨᠥ ᠵᠢᠯ ᠤᠨ | ᠲᠦᠷᠦᠭᠦᠦ ᠬᠤᠶᠠᠷ ᠰᠠᠷ᠎ᠠ ᠳᠤ ᠂ 10 ᠳ᠋ᠦᠩᠰᠢᠭᠤᠷ ᠭᠠᠷᠤᠢ ᠭᠷᠡᠳᠦ᠋ᠰ ᠨᠣᠭᠤᠭᠠᠨ ᠴᠠᠬᠢᠯᠭᠠᠨ ᠢ ᠨᠡᠶᠢᠰᠯᠡᠯ ᠳᠤ ᠬᠦᠷᠭᠡᠪᠡ ᠂ ᠡᠨᠡ ᠨᠢ 30 ᠲᠦᠮᠡᠨ ᠡᠷᠦᠬᠡ ᠶᠢᠨ | ᠨᠢᠭᠡ ᠵᠢᠯ ᠤᠨ ᠴᠠᠬᠢᠯᠭᠠᠨ ᠬᠡᠷᠡᠭᠯᠡᠬᠦ ᠬᠡᠮᠵᠢᠶ᠎ᠡ ᠲᠠᠢ ᠲᠡᠩᠴᠡᠨ᠎ᠡ ᠃ | ᠳᠥᠷᠪᠡ ᠳᠤ ᠤᠷᠬᠢᠯ ᠬᠤᠭᠤᠴᠠᠭᠠᠨ ᠳᠤ ᠲᠣᠬᠢᠷᠠᠭᠤᠯᠵᠤ ᠭᠠᠳᠠᠭᠰᠢ ᠬᠦᠷᠭᠡᠬᠦ ᠪᠠᠲᠤ ᠰᠠᠭᠤᠷᠢ ᠃ ᠥᠪᠥᠷ ᠮᠣᠩᠭᠤᠯ ᠤᠨ ᠨᠡᠭᠦᠷᠡᠰᠦᠨ ᠤ ᠡᠬᠢ ᠪᠠᠶᠠᠯᠢᠭ ᠢ | ᠬᠠᠶᠢᠨ ᠲᠣᠳᠣᠯᠠᠭᠰᠠᠨ ᠨᠥᠭᠡᠴᠡ ᠪᠥᠬᠦ ᠤᠯᠤᠰ ᠲᠤ ᠨᠢᠭᠡᠳᠦᠭᠡᠷ ᠲᠤ ᠣᠷᠣᠵᠤ ᠂ ᠠᠯᠤᠰ ᠤᠨ ᠬᠠᠳᠠᠭᠠᠯᠠᠭᠳᠠᠴᠠ ᠨᠢ ᠪᠥᠬᠦ ᠤᠯᠤᠰ ᠤᠨ 1/4 ᠶᠢ ᠡᠵᠡᠯᠡᠵᠦ ᠪᠣᠶ ᠃ | ᠥᠪᠥᠷ ᠮᠣᠩᠭᠤᠯ ᠳᠤ ᠪᠠᠰᠠ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠬᠦᠴᠦᠨ ᠤ ᠲᠣᠣᠷ ᠲᠠᠢ ᠪᠠᠶᠢᠵᠤ ᠂ ᠰᠢᠨ᠎ᠡ ᠡᠨᠧᠷᠭᠢ ᠶᠢ ᠴᠠᠬᠢᠯᠭᠠᠨ | ᠬᠦᠴᠦᠨ ᠤ ᠲᠣᠣᠷ ᠲᠤ ᠨᠡᠶᠢᠯᠡᠭᠦᠯᠬᠦ ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠠᠶᠢᠨ ᠰᠦᠪᠡᠭᠴᠢᠯᠡᠬᠦ ᠳᠤ | ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠲᠣᠬᠢᠶᠠᠯ ᠬᠠᠩᠭᠠᠵᠠᠢ ᠃ | ᠰᠤᠷᠪᠤᠯᠵᠢᠯᠠᠭᠴᠢ ᠄ ᠥᠪᠥᠷ ᠮᠣᠩᠭᠤᠯ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠳᠤ ᠪᠠᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ | ᠪᠣᠶ ︖ | ᠸᠠᠩ ᠯᠢ ᠰᠢᠶᠠ ᠄ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤᠮᠳᠠ ᠂ ᠪᠢᠳᠡ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠤᠭᠰᠠᠨ ᠰᠠᠭᠤᠷᠢᠨ ᠳᠡᠭᠡᠷ᠎ᠡ ᠂ ᠨᠢᠭᠡ ᠲᠠᠯ᠎ᠠ ᠪᠠᠷ ᠰᠢᠨ᠎ᠡ ᠡᠨᠧᠷᠭᠢ ᠶᠢ ᠬᠤᠷᠠᠭᠤᠯᠤᠨ ᠠᠪᠴᠤ ᠠᠰᠢᠭᠯᠠᠬᠤ ᠶᠢ ᠠᠳᠬᠤᠵᠤ ᠂ ᠨᠦᠬᠦᠭᠡ ᠲᠠᠯ᠎ᠠ ᠪᠠᠷ ᠰᠢᠨ᠎ᠡ | ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠥᠭᠵᠢᠯᠲᠡ ᠶᠢ ᠠᠳᠬᠤᠪᠠ ᠃ | ᠬᠤᠷᠠᠭᠤᠯᠤᠨ ᠠᠪᠴᠤ ᠠᠰᠢᠭᠯᠠᠬᠤ ᠲᠠᠯ᠎ᠠ ᠪᠠᠷ ᠂ ᠨᠢᠭᠡ ᠳᠤ ᠬᠤᠷᠠᠭᠤᠯᠤᠨ ᠠᠪᠬᠤ ᠶᠢ ᠰᠠᠶᠢᠲᠤᠷ ᠠᠳᠬᠤᠪᠠ ᠂ ᠰᠢᠨ᠎ᠡ ᠡᠨᠧᠷᠭᠢ ᠶᠢ ᠵᠠᠬ᠎ᠠ ᠳᠡᠯᠭᠡᠭᠦᠷᠴᠢᠯᠡᠨ | ᠬᠤᠷᠠᠭᠤᠯᠤᠨ ᠠᠪᠬᠤ 6 ᠲᠥᠷᠥᠯ ᠤᠨ ᠵᠠᠭᠪᠤᠷ ᠢ ᠪᠥᠬᠦ ᠤᠯᠤᠰ ᠲᠤ ᠬᠠᠮᠤᠭ ᠤᠨ ᠲᠦᠷᠦᠭᠦᠨ ᠳᠤ ᠳᠤᠷᠠᠳᠤᠨ ᠭᠠᠷᠭᠠᠵᠤ ᠂ ᠰᠢᠨ᠎ᠡ ᠡᠨᠧᠷᠭᠢ ᠶᠢ ᠬᠤᠷᠠᠭᠤᠯᠤᠨ | ᠠᠪᠬᠤ ᠶᠢ ᠠᠬᠢᠭᠤᠯᠬᠤ 23 ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠨ᠎ᠡ ᠪᠠᠷ ᠡᠭᠦᠳᠦᠨ ᠨᠡᠶᠢᠲᠡᠯᠡᠪᠡ ᠃ ᠬᠤᠶᠠᠷ ᠲᠤ ᠤᠯᠠᠷᠢᠭᠤᠯᠬᠤ ᠶᠢ | ᠰᠠᠶᠢᠲᠤᠷ ᠠᠳᠬᠤᠪᠠ ᠂ ᠪᠢᠳᠡ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷᠲᠦ ᠠᠯᠺᠣᠣᠯ ᠤᠨ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ ᠂ ︽ ᠨᠢᠭᠡ | ᠴᠠᠬᠢᠯᠭᠠᠨ ᠪᠠᠶᠢᠭᠰᠠᠨ ᠢ ᠭᠤᠷᠪᠠᠨ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ︾ ᠶᠢ ᠪᠡᠶᠡᠯᠡᠭᠦᠯᠪᠡ ᠃ ᠭᠤᠷᠪᠠ ᠳᠤ ᠂ ᠡᠨᠧᠷᠭᠢ ᠨᠥᠭᠡᠴᠡᠯᠡᠬᠦ ᠶᠢ ᠰᠠᠶᠢᠲᠤᠷ | ᠠᠳᠬᠤᠪᠠ ᠂ ᠰᠢᠨ᠎ᠡ ᠬᠡᠯᠪᠡᠷᠢ ᠪᠦᠬᠦᠢ ᠨᠥᠭᠡᠴᠡ ᠡᠨᠧᠷᠭᠢ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠬᠡᠷᠡᠭᠵᠢᠭᠦᠯᠵᠦ ᠂ ᠰᠢᠨ᠎ᠡ ᠬᠡᠯᠪᠡᠷᠢ ᠪᠦᠬᠦᠢ ᠨᠥᠭᠡᠴᠡ | ᠡᠨᠧᠷᠭᠢ ᠶᠢᠨ ᠬᠥᠭᠵᠢᠯᠲᠡ ᠶᠢᠨ ᠲᠤᠰᠬᠠᠢ ᠠᠵᠢᠯᠯᠠᠭᠠᠨ ᠢ ᠥᠷᠨᠢᠭᠦᠯᠪᠡ ᠃ | ᠲᠤᠨᠤᠭ ᠲᠥᠬᠦᠭᠡᠷᠦᠮᠵᠢ ᠦᠢᠯᠡᠳᠬᠦ ᠲᠠᠯ᠎ᠠ ᠪᠠᠷ ᠂ ᠪᠢᠳᠠ ᠬᠥᠬᠡᠬᠤᠲᠠ ᠂ ᠪᠤᠭᠤᠲᠤ ᠂ ᠣᠷᠳᠣᠰ ᠂ ᠲᠦᠩᠯᠢᠶᠣᠣ ᠵᠡᠷᠭᠡ 4 ᠰᠠᠭᠤᠷᠢᠨ ᠭᠠᠵᠠᠷ ᠢᠶᠠᠷ ᠰᠠᠭᠤᠷᠢ | ᠪᠣᠯᠭᠠᠵᠤ ᠂ ᠰᠠᠯᠬᠢᠨ ᠬᠦᠴᠦᠨ ᠤ ᠴᠠᠬᠢᠯᠭᠠᠨ ᠂ ᠭᠡᠷᠡᠯᠴᠢ ᠴᠡᠨᠡᠭ ᠂ ᠤᠰᠤᠲᠥ᠋ᠷᠥᠭᠴᠢ ᠡᠨᠧᠷᠭᠢ ᠂ ᠨᠥᠭᠡᠴᠡ ᠡᠨᠧᠷᠭᠢ ᠵᠡᠷᠭᠡ 4 ᠠᠵᠤ ᠦᠢᠯᠡᠰ ᠤᠨ ᠬᠡᠯᠬᠢᠶ᠎ᠡ ᠪᠠᠷ | ᠭᠤᠣᠯᠳᠠᠯᠭ᠎ᠠ ᠪᠣᠯᠭᠠᠨ ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠪᠦᠬᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠪᠠ ᠃ | ᠰᠤᠷᠪᠤᠯᠵᠢᠯᠠᠭᠴᠢ ᠄ ᠰᠢᠨ᠎ᠡ ᠡᠨᠧᠷᠭᠢ ᠶᠢᠨ ᠠᠵᠤ ᠦᠢᠯᠡᠰ ᠨᠢ ᠪᠣᠳᠠᠲᠠᠢ ᠪᠠᠷ ᠶᠠᠮᠠᠷ ᠶᠠᠮᠠᠷ ᠢᠳᠡᠪᠬᠢᠲᠡᠢ ᠦᠢᠯᠡᠳᠦᠯ ᠪᠠᠳᠠᠷᠠᠭᠤᠯᠤᠭᠰᠠᠨ ᠪᠣᠶ ︖ | ᠸᠠᠩ ᠯᠢ ᠰᠢᠶᠠ ᠄ ᠪᠣᠳᠠᠲᠠᠢ ᠪᠠᠷ ᠬᠡᠯᠡᠪᠡᠯ ᠂ ᠥᠪᠥᠷ ᠮᠣᠩᠭᠤᠯ ᠤᠨ 3 ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠲᠤᠰᠠᠯᠠᠪᠠ ᠃ | ᠨᠢᠭᠡ ᠳᠤ ᠬᠦᠳᠡᠯᠭᠡᠭᠴᠢ ᠬᠦᠴᠦᠨ ᠢᠶᠠᠷ ᠨᠡᠩ ᠲᠡᠭᠦᠯᠳᠡᠷ ᠪᠣᠯᠣᠭᠰᠠᠨ ᠬᠥᠭᠵᠢᠯᠲᠡ ᠃ ᠨᠢᠳᠤᠨᠤᠨ ᠵᠢᠯ ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠳᠠᠬᠢ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠰ ᠤᠨ ᠡᠵᠡᠯᠡᠬᠦ ᠬᠤᠪᠢ ᠶᠢᠨ ᠵᠢᠩ 1/3 ᠰᠢᠬᠠᠮ ᠳᠤ ᠬᠦᠷᠴᠦ ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠳᠤ 60% ᠭᠠᠷᠤᠢ ᠪᠠᠷ ᠨᠡᠮᠡᠷᠢᠯᠡᠪᠡ ᠃ ᠨᠢᠳᠤᠨᠤᠨ ᠥᠪᠥᠷ ᠮᠣᠩᠭᠤᠯ ᠤᠨ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 5.8% ᠪᠠᠷ ᠨᠡᠮᠡᠭᠳᠡᠨ ᠂ ᠪᠦᠬᠦ ᠤᠯᠤᠰ ᠲᠤ ᠭᠤᠷᠪᠠᠳᠤᠭᠠᠷ ᠲᠤ ᠣᠷᠣᠪᠠ ᠂ ᠠᠵᠤ ᠠᠬᠤᠢ ᠶᠢᠨ ᠶᠡᠷᠦᠩᠬᠡᠢ | ᠬᠡᠮᠵᠢᠶ᠎ᠡ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠨ ᠂ ᠲᠡᠰ ᠳᠠᠷᠠᠭᠠᠯᠠᠯ ᠨᠢ ᠳᠠᠪᠰᠢᠭᠠᠳ ᠪᠦᠬᠦ ᠤᠯᠤᠰ ᠤᠨ 20 ᠳ᠋ᠤᠭᠠᠷ ᠲᠤ ᠵᠢᠭᠰᠠᠭᠠᠭᠳᠠᠵᠤ ᠂ ᠪᠦᠬᠦ | ᠤᠯᠤᠰ ᠤᠨ ᠳᠤᠮᠳᠠ ᠲᠦᠪᠰᠢᠨ ᠳᠤ ᠳᠠᠪᠰᠢᠨ ᠣᠷᠣᠪᠠ ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 13.6% ᠳᠤ | ᠬᠦᠷᠴᠦ ᠂ ᠪᠦᠬᠦ ᠤᠯᠤᠰ ᠲᠤ ᠬᠤᠶᠠᠳᠤᠭᠠᠷ ᠲᠤ ᠣᠷᠣᠪᠠ ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ 3 ᠵᠢᠯ | ᠳᠠᠷᠠᠭᠠᠯᠠᠨ ᠪᠦᠬᠦ ᠤᠯᠤᠰ ᠲᠠᠬᠢ ᠨᠢᠭᠡᠳᠦᠭᠡᠷ ᠡᠩᠨᠡᠭᠡ ᠪᠠᠨ ᠪᠠᠲᠤᠯᠠᠪᠠ ᠃ | ᠬᠤᠶᠠᠷ ᠲᠤ ᠪᠦᠲᠦᠴᠡ ᠨᠢ ᠨᠡᠩ ᠰᠢᠯᠢᠳᠡᠭ ᠪᠣᠯᠣᠭᠰᠠᠨ ᠬᠥᠭᠵᠢᠯᠲᠡ ᠃ ᠨᠢᠳᠤᠨᠤᠨ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠵᠢᠴᠢ | ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ 20% ᠶᠢ ᠳᠠᠪᠠᠪᠠ ᠃ ᠢᠯᠠᠩᠭᠤᠶ᠎ᠠ ᠰᠢᠨ᠎ᠡ ᠡᠨᠧᠷᠭᠢ ᠶᠢ ᠰᠢᠨ᠎ᠡ ᠠᠵᠤ ᠦᠢᠯᠡᠰ ᠪᠠ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠯᠦᠭᠡ ᠡᠪᠴᠡᠯᠳᠦᠭᠦᠯᠦᠨ ᠬᠥᠭᠵᠢᠭᠦᠯᠬᠦ ᠶᠢ ᠠᠬᠢᠭᠤᠯᠪᠠ ᠃ | ᠭᠤᠷᠪᠠ ᠳᠤ ᠰᠠᠭᠤᠷᠢ ᠥᠩᠭᠡ ᠨᠢ ᠨᠠᠩ ᠲᠣᠳᠣ ᠪᠣᠯᠣᠭᠰᠠᠨ ᠬᠥᠭᠵᠢᠯᠲᠡ ᠃ ᠪᠦᠬᠦ ᠪᠥᠮᠪᠥᠷᠴᠡᠭ ᠲᠠᠬᠢ ᠠᠩᠬᠠᠳᠠᠭᠴᠢ 100% ᠶᠢᠨ ᠨᠣᠭᠤᠭᠠᠨ ᠴᠠᠬᠢᠯᠭᠠᠨ ᠤ | ᠬᠠᠩᠭᠠᠯᠭ᠎ᠠ ᠶᠢᠨ ︽ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ︾ ᠢ ᠣᠷᠳᠣᠰ ᠲᠤ ᠪᠠᠶᠢᠭᠤᠯᠤᠭᠰᠠᠨ ᠪᠥᠭᠡᠳ ᠪᠤᠭᠤᠲᠤ ᠂ | ᠲᠦᠩᠯᠢᠶᠣᠣ ᠂ ᠤᠯᠠᠭᠠᠨᠬᠠᠳᠠ ᠵᠡᠷᠭᠡ ᠭᠠᠵᠠᠷ ᠲᠤ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠂ ᠨᠡᠭᠦᠷᠡᠰᠦᠲᠥ᠋ᠷᠥᠭᠴᠢ ᠪᠠᠭᠠᠲᠠᠢ ᠨᠢᠭᠡ ᠪᠦᠯᠦᠭ ᠬᠦᠷᠢᠶᠡᠯᠡᠩ | ᠲᠣᠭᠤᠷᠢᠭ ᠢ ᠪᠠᠶᠢᠭᠤᠯᠤᠭᠰᠠᠨ ᠪᠠᠶᠢᠨ᠎ᠠ ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠪᠠᠨ ᠨᠢᠭᠡ ᠵᠢᠯ ᠤᠷᠢᠳᠴᠢᠯᠠᠨ ᠪᠡᠶᠡᠯᠡᠭᠦᠯᠵᠦ ᠂ | ᠪᠣᠬᠢᠷᠲᠤᠯ ᠦᠭᠡᠢ ᠨᠡᠮᠡᠭᠳᠡᠯ ᠬᠢᠭᠡᠳ ᠦᠷ᠎ᠡ ᠠᠰᠢᠭ ᠤᠨ ᠳᠡᠭᠡᠭᠰᠢᠯᠡᠯᠲᠡ ᠶᠢᠨ ︽ ᠬᠤᠣᠰ ᠰᠢᠪᠲᠤᠯᠤᠯᠲᠠ ︾ ᠶᠢ ᠪᠡᠶᠡᠯᠡᠭᠦᠯᠪᠡ ᠃ | ᠰᠤᠷᠪᠤᠯᠵᠢᠯᠠᠭᠴᠢ ᠄ ᠥᠪᠥᠷ ᠮᠣᠩᠭᠤᠯ ︽ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ + ᠠᠮᠢ ᠠᠬᠤᠢ ᠶᠢᠨ ᠵᠠᠰᠠᠯᠲᠠ + ᠬᠠᠪᠲᠠᠰᠤ ᠶᠢᠨ ᠳᠣᠣᠷᠠᠬᠢ ᠠᠵᠤ | ᠠᠬᠤᠢ ︾ ᠶᠢᠨ ᠪᠡᠶᠡᠲᠦ ᠵᠠᠭᠪᠤᠷ ᠢ ᠬᠡᠷᠬᠢᠨ ᠬᠠᠶᠢᠨ ᠰᠦᠪᠡᠭᠴᠢᠯᠡᠵᠦ ᠭᠠᠷᠭᠠᠭᠰᠠᠨ ᠪᠣᠶ ︖ ᠡᠨᠡ ᠬᠦ ᠵᠠᠭᠪᠤᠷ ᠨᠢ ᠠᠮᠢ ᠠᠬᠤᠢ ᠶᠢᠨ ᠬᠠᠮᠠᠭᠠᠯᠠᠯᠲᠠ ᠬᠢᠭᠡᠳ ᠠᠵᠤ | ᠠᠬᠤᠢ ᠶᠢᠨ ᠬᠥᠭᠵᠢᠯᠲᠡ ᠳᠤ ᠶᠠᠮᠠᠷ ᠶᠠᠮᠠᠷ ᠪᠣᠳᠠᠲᠠᠢ ᠦᠷ᠎ᠡ ᠠᠰᠢᠭ ᠠᠪᠴᠢᠷᠠᠭᠰᠠᠨ ᠪᠤᠢ ︖ | ᠸᠠᠩ ᠯᠢ ᠰᠢᠶᠠ ᠄ 2023 ᠣᠨ ᠤ 6 ᠳ᠋ᠤᠭᠠᠷ ᠰᠠᠷ᠎ᠠ ᠳᠤ ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ ︽ | ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠡᠷᠦᠩᠬᠡᠢ ᠵᠠᠷᠯᠢᠭ ᠢ ᠳᠤᠷᠠᠳᠴᠠᠢ ᠃ ︽ | ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ ᠂ ᠨᠢᠳᠤᠨᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠨᠢᠭᠡ | ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠳᠤᠷᠠᠳᠤᠭᠰᠠᠨ ᠪᠠᠶᠢᠪᠠ ᠃ 2024 ᠣᠨ ᠤ ᠰᠡᠭᠦᠯᠴᠢ ᠪᠣᠯᠬᠤ ᠳᠤ ᠂ ᠪᠢᠳᠡ ᠨᠢᠭᠡ ᠴᠣᠭᠴᠠᠵᠢᠭᠤᠯᠬᠤ | ᠢᠨᠵᠧᠨᠧᠷᠢᠩ ᠢᠶᠠᠷ ᠳᠠᠮᠵᠢᠨ 238 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠵᠠᠰᠠᠵᠤ ᠂ 2727 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢ ᠢᠵᠢ ᠲᠦᠬᠦᠷᠵᠢᠭᠦᠯᠵᠡᠢ ᠃ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ ᠪᠠᠨ ᠪᠢᠳᠡ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ | ᠠᠵᠢᠯ ᠢ ᠢᠳᠡᠪᠬᠢᠲᠡᠢ ᠥᠷᠨᠢᠭᠦᠯᠦᠨ ᠂ ᠨᠢᠳᠤᠨᠤᠨ ᠤᠯᠠᠨ ᠲᠦᠮᠡᠨ ᠢ ᠳᠠᠶᠢᠴᠢᠯᠠᠭᠠᠳ ᠣᠷᠣᠯᠭ᠎ᠠ ᠶᠢ ᠨᠢ 8.5 ᠳ᠋ᠦᠩᠰᠢᠭᠤᠷ ᠲᠥᠭᠦᠷᠢᠭ ᠨᠡᠮᠡᠭᠳᠡᠭᠦᠯᠪᠡ ᠃ | | |