| ᠬᠠᠪᠤᠷ ᠤᠨ ᠲᠠᠷᠢᠶᠠᠯᠠᠭ᠎ᠠ ᠶᠢᠨ ᠤᠯᠠᠷᠢᠯ ᠳᠤ ᠂ ᠥᠪᠥᠷ ᠮᠣᠩᠭᠤᠯ ᠤᠨ ᠢ ᠳ᠋ᠦᠩ ᠳ᠋ᠦᠩ ᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠦᠢᠯᠡᠳᠪᠦᠷᠢᠯᠡᠯ ᠤᠨ ᠲᠠᠰᠤᠭ ᠲᠤ ᠮᠠᠰᠢᠨ ᠤᠳ ᠬᠦᠷᠴᠢᠬᠢᠨᠡᠨ ᠳᠤᠤᠭᠠᠷᠴᠤ ᠂ ᠪᠦᠷᠢᠨ ᠠᠦ᠋ᠲ᠋ᠤᠴᠢᠯᠠᠬᠰᠠᠨ ᠣᠶᠤᠨᠴᠢ ᠦᠢᠯᠡᠳᠪᠦᠷᠢᠯᠡᠯ ᠤᠨ ᠱᠤᠭᠤᠮ ᠪᠦᠬᠦ | ᠬᠤᠷᠳᠤᠴᠠ ᠪᠠᠷ ᠠᠵᠢᠯᠯᠠᠵᠤ ᠪᠠᠶᠢᠯ᠎ᠠ᠃ ᠺᠣᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ UAN ᠰᠢᠨ᠎ᠡ ᠬᠡᠯᠪᠡᠷᠢ ᠶᠢᠨ ᠣᠷᠴᠢᠨ ᠳᠤᠭᠤᠷᠢᠨ ᠢ | ᠬᠠᠮᠠᠭᠠᠯᠠᠬᠤ ᠰᠢᠩᠭᠡᠨ ᠳᠦᠯᠦᠪᠳᠤ ᠬᠢᠮᠢ ᠶᠢᠨ ᠪᠣᠷᠳᠣᠭᠤᠷ ᠤᠨ ᠵᠠᠬᠢᠶᠠᠯᠠᠭ᠎ᠠ ᠶᠢᠨ ᠬᠠᠭᠤᠳᠠᠰᠤ 3500 ᠲᠣᠨ ᠳᠤ ᠬᠦᠷᠴᠦ ᠂ ᠦᠢᠯᠡᠳᠬᠦᠨ ᠢ ᠥᠪᠥᠷ ᠮᠣᠩᠭᠤᠯ | ᠵᠢᠴᠢ ᠤᠶᠢᠷ᠎ᠠ ᠬᠠᠪᠢ ᠶᠢᠨ ᠲᠠᠷᠢᠶᠠᠯᠠᠬᠤ ᠣᠷᠣᠨ ᠳᠤ ᠲᠠᠰᠤᠷᠠᠯᠲᠠ ᠦᠭᠡᠢ ᠵᠥᠭᠡᠭᠡᠪᠦᠷᠢᠯᠡᠨᠠ᠃ | ︽4 ᠰᠠᠷ᠎ᠠ ᠶᠢᠨ ᠳᠤᠮᠳᠠᠴᠢ ᠪᠠᠷ ᠪᠤᠭᠤᠲᠤ ᠳᠤ ᠬᠤᠷᠠᠯᠳᠤᠭᠰᠠᠨ ᠬᠠᠪᠤᠷ ᠤᠨ ᠤᠯᠠᠷᠢᠯ ᠤᠨ ᠪᠠᠷᠠᠭ᠎ᠠ ᠵᠠᠬᠢᠶᠠᠯᠠᠬᠤ ᠬᠤᠷᠠᠯ ᠳᠡᠭᠡᠷ᠎ᠡ᠂ ᠪᠢᠳᠡ ᠪᠠᠶᠠᠨᠨᠠᠭᠤᠷ ᠂ | ᠤᠯᠠᠭᠠᠨᠴᠠᠪ ᠵᠡᠷᠭᠡ ᠭᠠᠵᠠᠷ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠲᠠᠢ ᠠᠬᠤᠢ ᠲᠠᠯᠠᠪᠠᠢ ᠳᠤ 3500 ᠲᠣᠨ ᠤ ᠭᠡᠷ᠎ᠡ ᠲᠣᠭᠲᠠᠵᠤ ᠂ ᠣᠳᠣᠬᠠᠨ ᠳᠤ | ᠵᠠᠬᠢᠶᠠᠯᠠᠭ᠎ᠠ ᠶᠢᠨ ᠬᠠᠭᠤᠳᠠᠰᠤ ᠶᠢ ᠪᠦᠬᠦ ᠥᠪᠥᠷ ᠮᠣᠩᠭᠤᠯ ᠣᠷᠣᠨ ᠳᠤ ᠲᠦᠭᠡᠭᠡᠵᠦ ᠂ ᠠᠦ᠋ᠰᠲᠷᠠᠯᠢᠶ᠎ᠠ ᠶᠢᠨ ᠵᠠᠬ᠎ᠠ ᠳᠡᠯᠭᠡᠭᠦᠷ ᠢ ᠪᠠᠶᠢᠷᠢᠰᠢᠭᠤᠯᠵᠤ ᠪᠠᠶᠢᠨ᠎ᠠ︾ ᠭᠡᠵᠦ | ᠥᠪᠥᠷ ᠮᠣᠩᠭᠤᠯ ᠤᠨ ᠢ ᠳ᠋ᠦᠩ ᠳ᠋ᠦᠩ ᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠲᠤᠰᠠᠯᠠᠭᠴᠢ | ᠶᠠᠩ ᠯᠢ ᠶᠧ ᠢᠯᠡᠷᠭᠡᠶᠢᠯᠡᠨ᠎ᠠ ᠃ | | ᠵᠢᠷᠤᠭ ᠄ ᠥᠪᠥᠷ ᠮᠣᠩᠭᠤᠯ ᠤᠨ ᠢ ᠳ᠋ᠦᠩ ᠳ᠋ᠦᠩ ᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ UAN ᠰᠢᠨ᠎ᠡ | ᠬᠡᠯᠪᠡᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠩᠭᠡᠨ ᠳᠦᠯᠦᠪᠳᠤ ᠬᠢᠮᠢ ᠶᠢᠨ ᠪᠣᠷᠳᠣᠭᠤᠷ ᠢ ᠵᠦᠭᠡᠭᠡᠪᠤᠷᠢᠯᠡᠬᠦ ᠪᠠᠷ ᠪᠡᠯᠡᠬᠡᠨ ᠪᠠᠶᠢᠨ᠎ᠠ᠃ ᠸᠠᠩ ᠯᠢ ᠮᠠᠨ | ᠰᠡᠭᠦᠳᠡᠷᠯᠡᠪᠡ | | ᠥᠪᠥᠷ ᠮᠣᠩᠭᠤᠯ ᠤᠨ ᠢ ᠳ᠋ᠦᠩ ᠳ᠋ᠦᠩ ᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ | ᠤᠷᠤᠨ ᠤ ᠢ ᠳ᠋ᠦᠩ ᠡᠷᠬᠢᠯᠳᠡᠳᠤ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ | ᠮᠡᠷᠭᠡᠵᠢᠯ ᠢ ᠰᠤᠳᠤᠯᠤᠨ ᠨᠡᠭᠡᠭᠡᠬᠦ ᠪᠠᠷ ᠭᠤᠣᠯ ᠪᠣᠯᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠣᠨ᠎ᠠ᠃ 2022 ᠣᠨ ᠳᠤ ᠂ ᠺᠣᠮᠫᠠᠨᠢ ᠡᠷᠭᠢᠯᠲᠡᠲᠦ | ᠠᠵᠤ ᠦᠢᠯᠡᠰ ᠤᠨ ᠬᠦᠷᠢᠶᠡᠯᠡᠩ ᠤᠨ ᠳᠡᠭᠡᠳᠦ ᠭᠡᠯᠬᠢᠶᠠᠨ ᠤ ᠢ ᠳ᠋ᠦᠩ ᠵᠢᠦ ᠳ᠋ᠢᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ | ᠦᠢᠯᠡᠳᠪᠦᠷᠢᠯᠡᠭᠰᠡᠨ ᠤᠯᠠᠨ ᠨᠦᠬᠡᠲᠦ ᠠᠽᠣᠲ ᠬᠦᠴᠢᠯ ᠤᠨ ᠠᠮᠮᠤᠨᠢ ᠶᠢᠨ ᠲᠦᠭᠦᠬᠡᠢ ᠮᠠᠲ᠋ᠧᠷᠢᠶᠠᠯ ᠳᠤ ᠲᠦᠰᠢᠭᠯᠡᠵᠦ ᠂ ᠮᠡᠷᠭᠡᠵᠢᠯ ᠤᠨ ᠪᠠᠬᠢᠯᠡᠯᠲᠡ ᠶᠢ ᠠᠮᠵᠢᠯᠲᠠᠲᠠᠢ | ᠰᠢᠪᠲᠤᠯᠵᠤ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠠᠪᠰᠠᠷ ᠪᠦᠲᠦᠭᠡᠭᠳᠡᠬᠦᠨ ᠢ ︽ᠰᠢᠩᠭᠡᠭᠡᠬᠦ ᠳᠤ ᠬᠢᠯᠪᠡᠷ ᠂ ᠪᠣᠬᠢᠷᠲᠤᠯ ᠢ ᠪᠠᠭᠠᠰᠬᠠᠬᠤ ᠂ ᠬᠡᠷᠡᠭᠯᠡᠭᠡ ᠶᠢ | ᠪᠠᠭᠠᠰᠬᠠᠬᠤ︾ ᠳᠠᠪᠠᠭᠤᠯᠢᠭ ᠢ ᠨᠢᠭᠡᠳᠬᠡᠭᠰᠡᠨ UAN ᠰᠢᠭᠡᠰᠦᠯᠢᠭ ᠡᠳ᠋ ᠤᠨ ᠠᠽᠣᠲ ᠬᠦᠴᠢᠯ ᠤᠨ ᠠᠮᠮᠤᠨᠢ ᠶᠢᠨ ᠠᠭᠤᠰᠤᠮᠠᠯ ᠪᠣᠯᠭᠠᠨ ᠬᠤᠪᠢᠷᠠᠭᠤᠯᠵᠤ ᠂ ᠲᠣᠨ | ᠪᠦᠷᠢ ᠶᠢᠨ ᠦᠢᠯᠡᠳᠬᠦᠨ ᠤ ᠨᠡᠮᠡᠯᠲᠡ ᠦᠷᠳᠡᠭ ᠢ 400 ᠲᠥᠭᠦᠷᠢᠭ ᠰᠢᠬᠠᠮ ᠳᠡᠭᠡᠭᠰᠢᠯᠡᠭᠦᠯᠵᠡᠢ᠃ | ︽ ᠮᠠᠨ ᠤ ᠦᠢᠯᠡᠳᠬᠦᠨ ᠰᠢᠨ᠎ᠡ ᠡᠭᠦᠳᠦᠯᠲᠡ ᠶᠢᠨ ᠴᠢᠨᠠᠷᠲᠠᠢ ᠪᠠᠷ ᠠᠽᠣᠲ ᠤᠨ ᠲᠥᠯᠥᠪᠲᠦ ᠠᠽᠣᠲ ᠂ ᠠᠮᠮᠤᠨᠢ ᠶᠢᠨ ᠲᠥᠯᠥᠪᠲᠦ ᠠᠽᠣᠲ ᠂ ᠠᠰᠢᠯ | ᠠᠮᠢᠨ ᠤ ᠲᠥᠯᠥᠪᠲᠦ ᠠᠽᠣᠲ ᠭᠤᠷᠪᠠᠨ ᠳᠠᠪᠬᠤᠷ ᠠᠽᠣᠲ ᠤᠨ ᠡᠬᠢ ᠰᠤᠷᠪᠤᠯᠵᠢ ᠶᠢ ᠨᠢᠭᠡᠳᠬᠡᠵᠦ ᠂ ᠲᠦᠷᠭᠡᠨ ᠦᠢᠯᠡᠳᠦᠯᠳᠦ ᠪᠣᠷᠳᠣᠭᠤᠷ ᠢ ᠴᠠᠭ ᠲᠤᠬᠠᠢ ᠳᠤᠨᠢ | ᠰᠢᠮ᠎ᠡ ᠲᠡᠵᠢᠭᠡᠯ ᠬᠠᠩᠭᠠᠬᠤ ᠴᠢᠳᠠᠪᠤᠷᠢ ᠶᠢ ᠪᠦᠷᠢᠳᠦᠭᠦᠯᠦᠭᠰᠡᠨ ᠪᠥᠭᠡᠳ ᠪᠠᠰᠠ ᠤᠷᠲᠤ ᠬᠤᠭᠤᠴᠠᠭᠠᠨ ᠤ ᠦᠢᠯᠡᠳᠦᠯᠳᠦ ᠪᠣᠷᠳᠣᠭᠤᠷ ᠢ ᠦᠷᠭᠦᠯᠵᠢᠯᠡᠨ ᠬᠦᠴᠤᠨ | ᠲᠠᠢ ᠪᠠᠶᠢᠬᠤ ᠣᠨᠴᠠᠯᠢᠭ ᠲᠠᠢ ᠪᠣᠯᠬᠤᠷ ᠨᠢᠭᠡ ᠭᠠᠷᠠᠭ ᠤᠨ ᠳᠣᠲᠣᠷ᠎ᠠ ᠲᠠᠷᠢᠮᠠᠯ ᠤᠨ ᠢᠯᠡᠳᠲᠡ ᠤᠷᠭᠤᠯᠲᠠ ᠶᠢ ᠣᠯᠵᠤ ᠬᠠᠷᠠᠵᠤ ᠪᠣᠯᠣᠨ᠎ᠠ ᠂ ᠡᠨᠡ ᠨᠢ | ᠤᠯᠠᠮᠵᠢᠯᠠᠯᠲᠤ ᠬᠢᠮᠢ ᠶᠢᠨ ᠪᠣᠷᠳᠣᠭᠤᠷ ᠤᠨ ᠲᠠᠷᠢᠮᠠᠯ ᠤᠨ ᠵᠦᠢᠯ ᠢ ᠰᠢᠩᠭᠡᠬᠡᠨ ᠠᠪᠬᠤ ᠨᠣᠷᠮ᠎ᠠ ᠠᠴᠠ 30% ᠠᠴᠠ ᠳᠡᠭᠡᠭᠰᠢ ᠳᠡᠭᠡᠭᠰᠢᠯᠡᠭᠰᠡᠨ ᠪᠠᠶᠢᠨ᠎ᠠ ︾ ᠭᠡᠵᠦ | ᠶᠠᠩ ᠯᠢ ᠶᠧ ᠲᠠᠨᠢᠯᠴᠠᠭᠤᠯᠤᠨ᠎ᠠ᠃ | ᠣᠳᠣᠬᠠᠨ ᠳᠤ ᠂ ᠲᠣᠰ ᠲᠥᠷᠥᠯ ᠵᠦᠢᠯ ᠤᠨ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 2 ᠲᠦᠮᠡᠨ ᠲᠣᠨ ᠳᠤ ᠬᠦᠷᠴᠦ ᠂ ᠵᠢᠯ ᠳᠤ ᠵᠠᠷᠤᠴᠠᠭᠤᠯᠤᠬᠰᠠᠨ ᠠᠽᠣᠲ | ᠬᠦᠴᠢᠯ ᠤᠨ ᠠᠮᠮᠤᠨᠢ ᠶᠢᠨ ᠲᠦᠭᠦᠬᠡᠢ ᠮᠠᠲ᠋ᠧᠷᠢᠶᠠᠯ ᠨᠢ ᠲᠦᠮᠡᠨ ᠲᠣᠨ ᠢ ᠳᠠᠪᠠᠵᠤ ᠂ UAN ᠢᠶᠠᠷ ᠡᠬᠡ ᠰᠢᠩᠭᠡᠨ ᠪᠣᠯᠭᠠᠭᠰᠠᠨ ᠢᠯᠵᠢᠮᠡᠭ ᠬᠦᠴᠢᠯ ᠤᠨ ᠤᠰᠤᠨ ᠳᠤ | ᠠᠭᠤᠰᠬᠤ ᠪᠣᠷᠳᠣᠭᠤᠷ ᠵᠢᠴᠢ ᠶᠡᠭᠡ ᠬᠡᠮᠵᠢᠶᠡᠨ ᠤ ᠂ ᠳᠤᠮᠳᠠ ᠬᠡᠮᠵᠢᠶᠡᠨ ᠤ ᠂ ᠪᠢᠴᠢᠯ ᠡᠯᠧᠮᠧᠨ᠋ᠲ ᠤᠨ ᠤᠰᠤᠨ ᠳᠤ ᠠᠭᠤᠰᠬᠤ ᠪᠣᠷᠳᠣᠭᠤᠷ ᠵᠡᠷᠭᠡ ᠳᠥᠷᠪᠡᠨ | ᠵᠦᠢᠯ ᠤᠨ ᠦᠢᠯᠡᠳᠬᠦᠨ ᠢ ᠰᠤᠳᠤᠯᠤᠨ ᠭᠠᠷᠭᠠᠭᠰᠠᠨ ᠪᠥᠭᠡᠳ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠪᠣᠷᠳᠣᠭᠤᠷ ᠤᠨ ᠳᠠᠩᠰᠠᠯᠠᠯᠲᠠ ᠶᠢᠨ | ᠦᠨᠡᠮᠯᠡᠯ ᠢ ᠣᠯᠵᠤ ᠂ ︽ ᠨᠡᠭᠦᠷᠡᠰᠦ ︱ ᠠᠽᠣᠲ ᠬᠦᠴᠢᠯ ᠤᠨ ᠠᠮᠮᠤᠨᠢ ︱ ᠳᠡᠭᠡᠳᠦ ᠲᠠᠰ ᠤᠨ ᠪᠣᠷᠳᠣᠭᠤᠷ ︾ ᠤᠨ ᠠᠵᠤ ᠦᠢᠯᠡᠰ ᠤᠨ ᠬᠡᠯᠬᠢᠶ᠎ᠡ ᠶᠢᠨ ᠪᠢᠲᠡᠭᠦᠦ | ᠴᠠᠭᠠᠷᠢᠭ ᠢ ᠵᠢᠩᠬᠢᠨᠢ ᠪᠠᠷ ᠪᠡᠶᠡᠯᠡᠭᠦᠯᠦᠭᠰᠡᠨ ᠪᠠᠶᠢᠨ᠎ᠠ ᠃ | | ᠵᠢᠷᠤᠭ ᠄ ᠥᠪᠥᠷ ᠮᠣᠩᠭᠤᠯ ᠤᠨ ᠢ ᠳ᠋ᠦᠩ ᠳ᠋ᠦᠩ ᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠲᠠᠭᠤ ᠳᠦᠯᠦᠪᠳᠤ UAN | ᠰᠢᠨᠡᠤᠶᠢᠯᠡᠳᠬᠦᠨ ᠢ ᠠᠮᠵᠢᠯᠲᠠ ᠲᠠᠢ ᠪᠠᠷ ᠰᠤᠳᠤᠯᠤᠨ ᠨᠡᠭᠡᠭᠡᠪᠡ ᠃ ᠸᠠᠩ ᠯᠢ ᠮᠠᠨ ᠰᠡᠭᠦᠳᠡᠷᠯᠡᠪᠡ | | ᠡᠭᠦᠨ ᠤ ᠬᠠᠮᠳᠤ ᠂ ᠺᠣᠮᠫᠠᠨᠢ ᠶᠢᠨ ᠰᠤᠳᠤᠯᠤᠨ ᠨᠡᠭᠡᠭᠡᠭᠰᠡᠨ ᠬᠠᠲᠠᠭᠤ ᠲᠥᠯᠥᠪᠲᠦ UAN ᠰᠢᠨ᠎ᠡ ᠦᠢᠯᠡᠳᠬᠦᠨ ᠴᠦ ᠶᠡᠭᠡ ᠠᠮᠵᠢᠯᠲᠠ ᠣᠯᠵᠠᠢ ᠂ ᠤᠯᠠᠮ ᠨᠢᠭᠡ | ᠠᠯᠬᠤᠮ ᠨᠠᠷᠢᠯᠢᠭ ᠪᠣᠯᠪᠠᠰᠤᠷᠠᠭᠤᠯᠬᠤ ᠪᠠᠷ ᠳᠡᠮᠵᠢᠨ ᠂ ᠰᠢᠩᠭᠡᠨ ᠲᠥᠯᠥᠪᠲᠦ UAN ᠦᠢᠯᠡᠳᠬᠦᠨ ᠨᠢ ᠮᠥᠬᠦᠯᠢᠭ ᠬᠡᠯᠪᠡᠷᠢᠲᠦ ᠬᠠᠲᠠᠭᠤ ᠲᠥᠯᠥᠪᠲᠦ ᠬᠢᠮᠢ ᠶᠢᠨ | ᠪᠣᠷᠳᠣᠭᠤᠷ ᠪᠣᠯᠵᠤ ᠠᠭᠰᠢᠭᠠᠭᠠᠳ ᠂ ᠬᠠᠳᠠᠭᠠᠯᠠᠵᠤ ᠲᠡᠭᠡᠭᠡᠪᠦᠷᠢᠯᠡᠬᠦ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠢᠶᠠᠷ ᠦᠯᠤ ᠪᠠᠷᠠᠨ ᠂ ᠨᠠᠩ ᠴᠤ ᠠᠽᠣᠲ ᠤᠨ | ᠠᠭᠤᠯᠤᠭᠳᠠᠴᠠ ᠶᠢᠨ ᠰᠢᠪᠲᠤᠯᠤᠯᠲᠠ ᠶᠢᠨ ᠴᠢᠨᠠᠷᠲᠠᠢ ᠳᠡᠭᠡᠭᠰᠢᠯᠡᠯᠲᠡ ᠶᠢ ᠪᠡᠶᠡᠯᠡᠭᠦᠯᠦᠭᠰᠡᠨ ᠪᠠᠶᠢᠨ᠎ᠠ ᠃ ᠬᠠᠲᠠᠭᠤ ᠲᠥᠯᠥᠪᠲᠦ UAN ᠤᠶᠢᠯᠡᠳᠬᠦᠨ ᠵᠠᠬ᠎ᠠ | ᠳᠡᠯᠭᠡᠭᠦᠷ ᠲᠤ ᠪᠦᠬᠦ ᠲᠠᠯ᠎ᠠ ᠪᠠᠷ ᠭᠠᠷᠬᠤ ᠶᠢ ᠳᠠᠭᠠᠯᠳᠤᠨ᠂ ᠢ ᠳ᠋ᠦᠩ ᠳ᠋ᠦᠩ ᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ︽ᠰᠠᠭᠤᠷᠢ | ᠪᠣᠷᠳᠣᠭᠤᠷ ︱ ᠨᠡᠮᠡᠯᠲᠡ ᠪᠣᠷᠳᠣᠭᠤᠷ ︱ ᠨᠠᠪᠴᠢᠨ ᠤ ᠭᠠᠳᠠᠷᠭᠤ ᠶᠢᠨ ᠪᠣᠷᠳᠣᠭᠤᠷ︾ ᠢ ᠬᠠᠮᠤᠷᠤᠬᠰᠠᠨ ᠪᠦᠬᠦ ᠦᠶᠡᠯᠡᠯ ᠤᠨ ᠬᠤᠭᠤᠴᠠᠭᠠᠨ ᠤ ᠤᠶᠢᠯᠡᠳᠬᠦᠨ ᠤ | ᠵᠢᠭᠰᠠᠭᠠᠯ ᠤᠨ ᠭᠠᠵᠠᠷ ᠢ ᠪᠠᠶᠢᠭᠤᠯᠵᠤ ᠪᠤᠢ᠃ ︽ᠡᠨᠡᠬᠦ ᠲᠦᠷᠦᠯ ᠵᠦᠢᠯ ᠪᠣᠯ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠨᠢᠨ | ᠳᠡᠭᠡᠷ᠎ᠡ ᠨᠢ ᠨᠥᠬᠦᠪᠦᠷᠢᠯᠡᠵᠦ ᠪᠠᠶᠢᠭ᠎ᠠ ᠶᠠᠪᠤᠳᠠᠯ ᠪᠣᠯᠣᠨ᠎ᠠ᠂ ᠨᠡᠭᠦᠷᠡᠰᠦᠨ ᠤ ᠡᠬᠢ ᠪᠠᠶᠠᠯᠢᠭ ᠢ ︿ ᠳᠤᠶᠢᠯᠪᠤᠷᠢᠳᠠᠢ ᠠᠰᠢᠬᠯᠠᠬᠤ﹀ ᠪᠠᠷ ᠳᠠᠮᠵᠢᠭᠤᠯᠤᠨ ᠂ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠢᠵᠢᠯ ᠴᠢᠨᠠᠷᠵᠢᠭᠤᠯᠬᠤ ᠬᠦᠴᠢᠷᠳᠡᠯ ᠢ ᠰᠢᠢᠳᠪᠤᠷᠢᠯᠡᠭᠰᠡᠨ ᠢᠶᠠᠷ ᠦᠯᠤ ᠪᠠᠷᠠᠨ ᠂ ᠨᠡᠩ ᠴᠤ ᠲᠣᠨ ᠪᠦᠷᠢ ᠶᠢᠨ | ᠨᠡᠭᠦᠷᠡᠰᠦᠨ ᠤ ᠦᠷᠳᠡᠭ ᠢ 10 ᠲᠠᠬᠢᠨ ᠰᠢᠬᠠᠮ ᠳᠡᠭᠡᠭᠰᠢᠯᠡᠭᠦᠯᠵᠡᠢ︾ ᠭᠡᠵᠦ ᠶᠠᠩ ᠯᠢ ᠶᠧ ᠢᠯᠡᠷᠭᠡᠶᠢᠯᠡᠨ᠎ᠠ᠃ | | ᠵᠢᠷᠤᠭ ᠄ ᠵᠡᠭᠦᠨᠭᠠᠷ ᠬᠤᠰᠢᠭᠤᠨ ᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠭᠠᠵᠠᠷ ᠪᠣᠯᠭᠠᠨ ᠳᠤ ᠬᠦᠭᠵᠢᠵᠤ ᠂ ᠠᠵᠤ ᠦᠢᠯᠡᠰ ᠤᠨ | ᠬᠡᠯᠬᠢᠶ᠎ᠡ ᠳᠠᠰᠤᠷᠠᠯᠳᠠ ᠦᠭᠡᠢ ᠳᠣᠣᠷᠠᠳᠤ ᠭᠡᠯᠬᠢᠶ᠎ᠠ ᠳᠡᠶᠢᠰᠢ ᠪᠠᠨ ᠥᠷᠭᠡᠵᠢᠵᠤ ᠪᠤᠢ᠃ ᠸᠠᠩ ᠯᠢ ᠮᠠᠨ ᠰᠡᠭᠦᠳᠡᠷᠯᠡᠪᠡ | | ︽ ᠨᠡᠬᠦᠷᠡᠰᠤ — ᠪᠤᠷᠳᠤᠭᠤᠷ ︾ ᠪᠤᠯᠬᠤ ᠡᠨᠡᠬᠦ ᠬᠤᠪᠢᠷᠠᠭᠤᠯᠤᠯᠳᠠ ᠶᠢᠨ ᠭᠡᠯᠬᠢᠶᠠᠨ ᠤ ᠠᠷᠤ ᠳᠤ ᠂ ᠤᠯᠠᠮᠵᠢᠯᠠᠯᠳᠤ ᠡᠨᠧᠷᠬᠢ ᠶᠢᠨ ᠠᠵᠤ ᠠᠬᠤᠶᠢᠯᠠᠯ ᠨᠢ | ᠪᠤᠬᠢᠷᠳᠤᠯ ᠦᠭᠡᠢ ᠤᠶᠢᠯᠡᠳᠪᠤᠷᠢᠯᠡᠬᠦ ᠳᠡᠶᠢᠰᠢ ᠭᠡᠯᠪᠡᠷᠢ ᠪᠠᠨ ᠬᠤᠪᠢᠷᠠᠭᠤᠯᠬᠤ ᠠᠮᠢᠳᠤᠯᠢᠭ ᠤᠶᠢᠯᠡᠳᠤᠯᠭᠡ ᠪᠤᠯᠵᠤ ᠪᠤᠢ ᠃ ᠡᠨᠡ ᠬᠦ ︽ᠬᠤᠣᠰ ᠨᠡᠭᠦᠷᠡᠰᠦᠲᠥ᠋ᠷᠥᠭᠴᠢ︾ | ᠶᠢᠨ ᠬᠠᠷᠠᠯᠲᠠ ᠶᠢᠨ ᠳᠠᠭᠠᠭᠤᠯᠭ᠎ᠠ ᠪᠠᠷ ᠂ ᠤᠯᠤᠰ ᠤᠨ ᠲᠣᠮᠣ ᠬᠡᠯᠪᠡᠷᠢ ᠶᠢᠨ ᠨᠡᠭᠦᠷᠡᠰᠦᠨ ᠤ ᠰᠠᠭᠤᠷᠢᠨ ᠭᠠᠵᠠᠷ᠂ ᠪᠦᠬᠦ ᠤᠯᠤᠰ ᠤᠨ ᠤᠳᠤ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ ᠂ ᠵᠡᠭᠦᠨᠭᠠᠷ ᠬᠤᠰᠢᠭᠤ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠴᠦᠬᠦᠷᠡᠯ ᠦᠭᠡᠢ ᠤᠷᠲᠤᠳᠬᠠᠵᠤ ᠂ ᠨᠡᠭᠦᠷᠡᠰᠦ ᠶᠢ ᠳᠠᠮ ᠢᠶᠠᠷ ᠰᠢᠩᠭᠡᠨᠵᠢᠭᠦᠯᠬᠦ ᠂ ᠨᠡᠭᠦᠷᠡᠰᠦ ᠪᠠᠷ ᠰᠢᠳᠠᠮᠠᠬᠠᠢ | ᠬᠡᠢ ᠤᠶᠢᠯᠡᠳᠪᠤᠷᠢᠯᠡᠬᠦ ᠂ ᠨᠡᠭᠦᠷᠡᠰᠦ ᠪᠠᠷ ᠠᠯᠺᠧᠨ ᠤᠶᠢᠯᠡᠳᠪᠤᠷᠢᠯᠡᠬᠦ ᠪᠠ ᠨᠡᠭᠦᠷᠡᠰᠦ ᠪᠠᠷ ᠦᠨᠦᠷᠲᠦ ᠨᠡᠭᠦᠷᠦᠭᠴᠢ ᠤᠶᠢᠯᠡᠳᠪᠤᠷᠢᠯᠡᠬᠦ ᠶᠢ ᠲᠡᠰ ᠳᠡᠪᠰᠢᠭᠦᠯᠤᠨ ᠵᠢᠱᠢᠶ᠎ᠡ | ᠦᠵᠡᠭᠦᠯᠬᠦ ᠶᠢ ᠲᠦᠷᠭᠡᠳᠬᠡᠨ ᠠᠬᠢᠭᠤᠯᠵᠤ ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠤᠷᠲᠤᠳᠬᠠᠨ ᠬᠥᠭᠵᠢᠭᠦᠯᠵᠦ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ | ᠪᠣᠯᠣᠨ ᠰᠢᠨ᠎ᠡ ᠡᠨᠧᠷᠭᠢ ᠶᠢᠨ ᠬᠤᠯᠪᠣᠯᠳᠤᠨ ᠬᠥᠭᠵᠢᠬᠦ ᠶᠢ ᠠᠬᠢᠭᠤᠯᠵᠤ ᠪᠤᠢ ᠃ ᠣᠳᠣᠬᠠᠨ ᠳᠤ ᠂ ᠬᠢᠮᠢ ᠶᠢᠨ ᠠᠵᠤ ᠦᠢᠯᠡᠳᠪᠦᠷᠢ ᠶᠢᠨ ᠶᠡᠷᠦᠩᠬᠡᠢ | ᠦᠢᠯᠡᠳᠪᠦᠷᠢᠯᠡᠯ ᠤᠨ ᠴᠢᠳᠠᠪᠤᠷᠢ 500 ᠲᠦᠮᠡᠨ ᠲᠣᠨ ᠰᠢᠬᠠᠮ ᠳᠤ ᠬᠦᠷᠴᠦ ᠂ ᠵᠢᠯ ᠳᠤ 1000 ᠲᠦᠮᠡᠨ ᠲᠣᠨ ᠨᠡᠭᠦᠷᠡᠰᠦ ᠬᠤᠪᠢᠷᠠᠭᠤᠯᠬᠤ ᠪᠠᠷ ᠪᠠᠶᠢᠨ᠎ᠠ᠃ | ᠳᠤᠬᠳᠠᠯᠴᠠᠭ᠎ᠠ ᠨᠢ ᠪᠦᠷᠢᠨ ᠲᠡᠭᠦᠯᠳᠡᠷ᠂ ᠲᠥᠪᠯᠡᠷᠡᠨ ᠬᠥᠭᠵᠢᠭᠰᠡᠨ ︽ᠨᠡᠭᠦᠷᠡᠰᠦ ᠪᠠᠷ ᠲᠣᠰᠣ ᠤᠶᠢᠯᠡᠳᠪᠤᠷᠢᠯᠡᠬᠦ ᠂ ᠨᠡᠭᠦᠷᠡᠰᠦ ᠪᠠᠷ ᠠᠯᠺᠧᠨ ᠤᠶᠢᠯᠡᠳᠪᠤᠷᠢᠯᠡᠬᠦ ᠂ | ᠨᠡᠭᠦᠷᠡᠰᠦ ᠪᠠᠷ ᠦᠨᠦᠷᠲᠦ ᠨᠡᠭᠦᠷᠦᠭᠴᠢ ᠤᠶᠢᠯᠡᠳᠪᠤᠷᠢᠯᠡᠬᠦ ᠂ ᠨᠡᠭᠦᠷᠡᠰᠦ ᠪᠠᠷ ᠰᠢᠨ᠎ᠡ ᠮᠠᠲ᠋ᠧᠷᠢᠶᠠᠯ ᠤᠶᠢᠯᠡᠳᠪᠤᠷᠢᠯᠡᠬᠦ︾ ᠪᠠᠷ ᠭᠤᠣᠯ ᠪᠣᠯᠭᠠᠭᠰᠠᠨ ᠡᠨᠧᠷᠭᠢ ᠬᠢᠮᠢ ᠶᠢᠨ | ᠠᠵᠤ ᠦᠢᠯᠡᠳᠪᠦᠷᠢ ᠶᠢᠨ ᠠᠵᠤ ᠦᠢᠯᠡᠰ ᠤᠨ ᠰᠦᠷᠦᠭᠵᠢᠯ ᠢ ᠪᠦᠷᠢᠯᠳᠦᠭᠦᠯᠵᠦ ᠂ ︽ᠨᠡᠭᠦᠷᠡᠰᠦ ᠳᠤ ᠲᠦᠰᠢᠭᠯᠡᠵᠦ ᠂ ᠨᠡᠭᠦᠷᠡᠰᠦ ᠶᠢ ᠬᠤᠪᠢᠷᠠᠭᠤᠯᠵᠤ ᠂ ᠨᠡᠭᠦᠷᠡᠰᠦ ᠶᠢ | ᠳᠠᠪᠠᠭ᠋ᠤ︾ ᠪᠣᠬᠢᠷᠲᠤᠯ ᠦᠭᠡᠢ ᠴᠢᠨᠠᠷ ᠰᠠᠶᠢᠲᠠᠢ ᠬᠦᠭᠵᠢᠯᠳᠡ ᠶᠢᠨ ᠰᠢᠨ᠎ᠠ ᠵᠠᠮ ᠢ ᠡᠷᠢᠨ ᠭᠠᠷᠭᠠᠵᠤ ᠂ ᠮᠢᠩᠭᠠᠨ ᠤᠨ ᠤ ᠬᠠᠷ᠎ᠠ ᠠᠯᠳᠠ ᠶᠢ ᠰᠢᠨ᠎ᠠ ᠴᠠᠭ ᠦᠶ᠎ᠠ ᠳᠤ | ᠪᠤᠬᠢᠷᠳᠤᠯ ᠦᠭᠡᠢ ᠠᠮᠢᠵᠢᠷᠠᠯ ᠲᠠᠢ ᠪᠤᠯᠭᠠᠬᠤ ᠪᠠᠷ ᠴᠢᠷᠮᠠᠶᠢᠨ᠎ᠠ ᠃ | |