| ᠵᠡᠬᠦᠠᠭᠠᠷ ᠵᠠᠰᠠᠭ ᠠᠯᠪᠠᠨ ᠲᠠᠷᠬᠠᠭᠠᠭᠰᠠᠨ 〔2025〕 10 ᠲᠣᠭᠠᠲᠤ | | | ᠬᠤᠯᠪᠣᠭᠳᠠᠯ ᠪᠦᠬᠦᠢ ᠨᠢᠭᠡᠴᠢ ᠳᠤ ᠄ | ᠪᠥᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠨᠢᠭᠡᠳᠦᠯᠲᠡᠢ ᠲᠥᠯᠥᠪᠵᠢᠬᠦᠯᠤᠨᠵᠣᠬᠢᠴᠠᠭᠤᠯᠬᠤ ᠶᠢ ᠴᠢᠩᠭᠠᠳᠬᠠᠵᠤ ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠂ | ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠯᠳᠤᠨ ᠬᠠᠮᠵᠢᠯᠴᠠᠬᠤ ᠪᠠ ᠬᠠᠤᠯᠢ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠴᠢᠩᠭᠠᠳᠬᠠᠵᠤ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ ᠂ | ᠮᠠᠨ ᠤ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠶᠢᠨ ᠳᠤᠰᠠᠳᠠ ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠬᠠᠮᠳᠤᠷᠠᠬᠰᠠᠨ ᠬᠤᠷᠠᠯ ᠤᠨ ᠳᠦᠷᠢᠮ ᠢ | ᠳᠤᠬᠳᠠᠭᠠᠬᠤ ᠪᠠᠷ ᠳᠤᠬᠳᠠᠪᠠ ᠃ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠭᠤᠣᠯ ᠡᠬᠦᠷᠭᠡ ᠴᠢᠳᠠᠪᠬᠢ | ︵ ᠨᠢᠭᠡ ︶ ᠬᠤᠰᠢᠭᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠂ ᠪᠥᠬᠦ ᠬᠤᠰᠢᠭᠤᠨ ᠤ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠨᠢᠭᠡᠳᠦᠯᠲᠡᠢ ᠲᠥᠯᠥᠪᠵᠢᠬᠦᠯᠤᠨ ᠵᠣᠬᠢᠴᠠᠭᠤᠯᠤᠨ᠎ᠠ ︔ | ︵ᠬᠤᠶᠠᠷ︶ ᠲᠡᠦᠬᠡ ᠶᠢᠨ ᠳᠤᠷᠠᠰᠬᠠᠯᠲᠤ ᠵᠦᠢᠯᠡᠰ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠂ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠬᠦ ᠵᠠᠰᠠᠭ | ᠵᠠᠬᠢᠷᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠬᠤ ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠲᠡᠦᠬᠡ ᠶᠢᠨ ᠳᠤᠷᠠᠰᠬᠠᠯᠲᠤ | ᠵᠦᠢᠯᠡᠰ ᠤᠨ ᠠᠮᠤᠷ ᠳᠦᠪᠰᠢᠨ ᠤ ᠠᠵᠢᠯ ᠢ ᠴᠢᠩᠭᠠᠳᠬᠠᠬᠤ ᠵᠡᠷᠭᠡ ᠲᠠᠯ᠎ᠠ ᠶᠢᠨ ᠲᠦᠷᠦ ᠶᠢᠨ ᠪᠣᠳᠣᠯᠭ᠎ᠠ ᠠᠷᠭ᠎ᠠ ᠭᠡᠮᠵᠢᠶ᠎ᠠ ᠶᠢ ᠰᠤᠳᠤᠯᠤᠨ ᠳᠤᠬᠳᠠᠭᠠᠨ᠎ᠠ ︔ | ︵ᠭᠤᠷᠪᠠ︶ ᠤᠯᠤᠰ ᠤᠨ ᠬᠤᠯᠪᠣᠭᠳᠠᠯ ᠪᠦᠬᠦᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ | ᠳᠦᠪᠰᠢᠨ ᠤ ᠠᠵᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠯᠣᠭᠤᠳᠤᠨ ᠱᠠᠯᠠᠪᠳᠠᠭᠤᠯᠤᠨ᠎ᠠ ︔ | ︵ ᠳᠥᠷᠪᠡ ︶ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ | ᠨᠢᠭᠡᠴᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠳᠤᠮᠳᠠᠬᠢ | ᠴᠢᠬᠤᠯᠠ ᠶᠡᠭᠡ ᠲᠣᠪᠣᠶᠢᠮ᠎ᠠ ᠠᠰᠠᠭᠤᠳᠠᠯ ᠢ ᠬᠠᠮᠵᠢᠯᠴᠠᠨ ᠰᠢᠢᠳᠪᠦᠷᠢᠯᠡᠬᠦ ᠶᠢ ᠠᠬᠢᠭᠤᠯᠤᠨ᠎ᠠ ︔ | ︵ᠲᠠᠪᠤ︶ ᠴᠢᠬᠤᠯᠠ ᠴᠠᠭ ᠦᠶ᠎ᠡ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠳᠦᠪᠰᠢᠨ ᠤ | ᠠᠵᠢᠯ ᠢ ᠲᠣᠬᠢᠷᠠᠭᠤᠯᠤᠨ ᠪᠠᠶᠢᠷᠢᠯᠠᠭᠤᠯᠵᠤ ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ | ᠳᠦᠪᠰᠢᠨ ᠳᠤ ᠬᠤᠯᠪᠣᠭᠳᠠᠭᠰᠠᠨ ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠨ᠎ᠡ ︔ | ︵ᠵᠢᠷᠭᠤᠭ᠎ᠠ︶ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠦᠭᠬᠦᠨ᠎ᠠ ︔ | ︵ ᠳᠣᠯᠤᠭ᠎ᠠ ︶ ᠬᠤᠰᠢᠭᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠤᠴᠢᠷ ᠶᠠᠪᠤᠳᠠᠯ ᠢ ᠭᠦᠢᠴᠡᠳᠬᠡᠨ᠎ᠡ ᠃ | ᠬᠤᠶᠠᠷ ᠂ ᠪᠦᠷᠢᠯᠳᠦᠭᠦᠨ ᠨᠢᠭᠡᠴᠢ ᠵᠢᠴᠢ ᠳᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠬᠠᠮᠲᠤᠷᠠᠭᠰᠠᠨ ᠬᠤᠷᠠᠯ ᠨᠢ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠂ ᠠᠷᠠᠳ ᠤᠨ ᠶᠠᠪᠤᠳᠠᠯ ᠤᠨ ᠲᠣᠪᠴᠢᠶ᠎ᠠ ᠂ ᠡᠳ᠋ ᠤᠨ ᠵᠠᠰᠠᠭ ᠤᠨ ᠲᠣᠪᠴᠢᠶ᠎ᠠ ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠂ ᠵᠠᠮ ᠬᠠᠷᠢᠯᠴᠠᠭᠠᠨ ᠤ ᠲᠣᠪᠴᠢᠶ᠎ᠠ ᠂ ᠤᠰᠤᠨ | ᠠᠰᠢᠭᠯᠠᠯᠲᠠ ᠶᠢᠨ ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠂ ᠰᠣᠶᠣᠯ ᠵᠢᠭᠤᠯᠴᠢᠯᠠᠯ ᠤᠨ ᠲᠣᠪᠴᠢᠶ᠎ᠠ ︵ ᠬᠤᠰᠢᠭᠤᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠲᠣᠪᠴᠢᠶ᠎ᠠ ︶ ᠂ ᠪᠠᠴᠢᠮ ᠪᠠᠶᠢᠳᠠᠯ ᠢᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨᠭᠠᠷ ᠬᠤᠰᠢᠭᠤᠨ ᠳᠠᠬᠢ ᠬᠤᠪᠢᠶᠠᠷᠢ ᠲᠣᠪᠴᠢᠶ᠎ᠠ ᠂ | ᠬᠤᠰᠢᠭᠤᠨ ᠤ ᠰᠢᠭᠦᠬᠦ ᠬᠤᠷᠢᠶ᠎ᠠ ᠂ ᠬᠤᠰᠢᠭᠤᠨ ᠤ ᠪᠠᠶᠢᠴᠠᠭᠠᠬᠤ ᠬᠤᠷᠢᠶ᠎ᠠ ᠂ ᠬᠤᠰᠢᠭᠤᠨ ᠤ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠂ | ᠠᠭᠤᠷᠬᠠᠢ ᠶᠢᠨ ᠣᠷᠣᠨ ᠤ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠂ ᠱᠧᠩ ᠰᠢᠶᠠᠩ ᠰᠣᠶᠣᠯ ᠵᠢᠭᠤᠯᠴᠢᠯᠠᠯ ᠤᠨ ᠪᠦᠯᠦᠭᠯᠡᠯ ᠤᠨ | ᠺᠣᠮᠫᠠᠨᠢ ᠂ ᠬᠤᠰᠢᠭᠤᠨ ᠤ ᠳᠡᠤᠭᠡ ᠶᠢᠨ ᠳᠤᠷᠠᠰᠬᠠᠯᠳᠤ ᠵᠤᠶᠢᠯᠡᠰ ᠤᠨ ᠬᠠᠮᠠᠭᠠᠯᠠᠯᠲᠠ ᠶᠢᠨ ᠲᠥᠪ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ | ᠡᠷᠬᠢᠯᠡᠬᠦ ᠭᠠᠵᠠᠷ ᠵᠡᠷᠭᠡ ᠪᠦᠷᠢᠯᠳᠦᠭᠦᠨ ᠨᠢᠭᠡᠴᠢ ᠪᠠᠷ ᠪᠦᠷᠢᠯᠳᠦᠪᠡ ᠃ | ︵ ᠨᠢᠭᠡ ︶ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠄ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠳᠤ ᠬᠤᠯᠪᠣᠭᠳᠠᠬᠤ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠪᠠᠶᠢᠴᠠᠭᠠᠬᠤ ᠳᠠᠭᠠᠨ ᠂ ᠲᠡᠦᠬᠡ ᠶᠢᠨ ᠳᠤᠷᠠᠰᠬᠠᠯᠲᠤ ᠵᠦᠢᠯᠡᠰ ᠤᠨ | ᠰᠠᠯᠠᠭ᠎ᠠ ᠮᠥᠴᠢᠷ ᠤᠨ ᠰᠠᠨᠠᠯ ᠢ ᠪᠢᠴᠢᠭ ᠤᠨ ᠭᠡᠯᠪᠡᠷᠢ ᠪᠠᠷ ᠬᠤᠷᠢᠶᠠᠨ᠎ᠠ ᠃ | ︵ ᠬᠤᠶᠠᠷ ︶ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠄ ᠪᠠᠭᠰᠢ ᠰᠤᠷᠤᠭᠴᠢᠳ ᠤᠨ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ︾ ᠪᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠳᠦᠷᠢᠮ ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠪᠠ ᠤᠬᠠᠭᠤᠯᠭ᠎ᠠ ᠶᠢ | ᠴᠢᠩᠭᠠᠳᠬᠠᠵᠤ ᠂ ᠰᠤᠷᠤᠭᠴᠢᠳ ᠢ ᠵᠣᠬᠢᠶᠠᠨ ᠪᠠᠶᠢᠭᠤᠯᠤᠨ ᠵᠡᠭᠦᠨᠭᠠᠷ ᠬᠤᠰᠢᠭᠤᠨ ᠤ ᠰᠣᠶᠣᠯ ᠦᠵᠡᠰᠬᠦᠯᠡᠩ ᠦᠨᠨᠢᠭᠡᠴᠢ ᠳᠤ ᠣᠴᠢᠭᠤᠯᠤᠨ ᠲᠣᠭᠤᠷᠢᠨ ᠦᠵᠡᠭᠦᠯᠵᠦ | ᠰᠤᠷᠤᠯᠴᠠᠭᠤᠯᠤᠨ᠎ᠠ ᠃ | ︵ ᠭᠤᠷᠪᠠ ︶ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠄ ᠲᠡᠦᠬᠡ ᠶᠢᠨ ᠳᠤᠷᠠᠰᠬᠠᠯᠲᠤ ᠵᠦᠢᠯᠡᠰ ᠢ ᠬᠤᠯᠠᠭᠠᠶᠢᠯᠠᠨ ᠠᠭᠤᠳᠠᠯᠬᠤ ᠂ ᠬᠤᠯᠠᠭᠠᠶᠢᠯᠠᠬᠤ ᠂ | ᠰᠠᠷᠢᠭᠠᠯᠠᠬᠤ ᠂ ᠨᠢᠭᠤᠴᠠ ᠪᠠᠷ ᠠᠷᠠᠯᠵᠢᠶᠠᠯᠠᠬᠤ ᠂ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ | ᠥᠭᠭᠦᠨ᠎ᠡ ︔ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠢᠭᠡᠴᠢ ᠶᠢᠨ ᠬᠠᠮᠠᠭᠠᠯᠠᠬᠤ ᠠᠵᠢᠯ ᠢ ᠴᠢᠩᠭᠠᠳᠬᠠᠵᠤ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠢᠯᠡᠷᠡᠪᠡᠯ ᠂ ᠬᠠᠤᠯᠢ ᠶᠣᠰᠣᠭᠠᠷ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠶᠢᠨ ᠬᠠᠮᠲᠤ ᠴᠠᠭ ᠲᠤᠬᠠᠢ ᠳᠤᠨᠢ ᠬᠤᠰᠢᠭᠤᠨ ᠤ | ᠰᠣᠶᠣᠯ ᠵᠢᠭᠤᠯᠴᠢᠯᠠᠯ ᠤᠨ ᠲᠣᠪᠴᠢᠶ᠎ᠠ ᠳᠤ ᠮᠡᠳᠡᠭᠦᠯᠤᠨ᠎ᠠ ᠃ | ︵ ᠳᠥᠷᠪᠡ ︶ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠄ ᠡᠳ᠋ ᠤᠨ ᠵᠠᠰᠠᠭ ᠤᠨ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ ᠂ ᠳᠡᠭᠡᠳᠦ ᠱᠠᠲᠤᠨ ᠤ | ᠪᠠᠭᠤᠯᠭᠠᠨ ᠥᠭᠬᠦ ᠪᠡᠯᠡ ᠮᠥᠩᠭᠦ ᠶᠢ ᠨᠢᠭᠡᠳᠦᠯᠲᠡᠢ ᠳᠦᠯᠦᠪᠵᠢᠬᠦᠯᠤᠨ ᠂ ᠬᠤᠰᠢᠭᠤᠨ ᠤ ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠵᠡᠷᠭᠡ ᠳᠤ ᠬᠡᠷᠡᠭᠰᠡᠬᠦ ᠵᠠᠷᠤᠳᠠᠯ ᠢ ᠨᠢᠭᠡᠳᠦᠯᠲᠡᠢ ᠳᠦᠯᠦᠪᠵᠢᠬᠦᠯᠤᠨ | ᠲᠣᠬᠢᠷᠠᠭᠤᠯᠵᠤ ᠂ ᠪᠡᠯᠡ ᠮᠥᠩᠭᠦ ᠶᠢ ᠨᠢᠭᠡᠳᠦᠯᠲᠡᠢ ᠳᠦᠯᠦᠪᠵᠢᠬᠦᠯᠤᠨ ᠪᠠᠲᠤᠯᠠᠬᠤ ᠡᠷᠴᠢᠮ ᠢ ᠴᠢᠩᠭᠠᠷᠠᠭᠤᠯᠤᠨ ᠂ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠲᠠᠬᠢ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠴᠢᠷᠮᠠᠶᠢᠨ ᠳᠡᠭᠡᠭᠰᠢᠯᠡᠭᠦᠯᠦᠨ᠎ᠡ ᠃ | ︵ ᠲᠠᠪᠤ ︶ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠄ ᠲᠡᠦᠬᠡ ᠰᠣᠶᠣᠯ ᠤᠨ ᠨᠠᠷᠠᠲᠤ ᠪᠠᠯᠭᠠᠰᠤ ᠂ ᠨᠠᠷᠠᠲᠤ ᠲᠣᠰᠬᠤᠨ ᠪᠠ ᠲᠡᠦᠬᠡ ᠶᠢᠨ | ᠵᠡᠭᠡᠯᠢ ᠲᠣᠭᠤᠷᠢᠭ ᠤᠨ ᠬᠠᠮᠢᠶᠠᠷᠤᠯᠲᠠ ᠳᠤᠮᠳᠠ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠴᠢᠩᠭᠠᠳᠬᠠᠨ᠎ᠠ ︔ ᠬᠤᠳᠠ ᠬᠥᠳᠡᠭᠡ ᠶᠢᠨ | ᠲᠥᠯᠦᠪᠵᠢᠭᠦᠯᠭᠡ ᠶᠢᠨ ᠵᠥᠪᠰᠢᠶᠡᠷᠡᠯ ᠤᠨ ᠵᠦᠢᠯᠡᠰ ᠢ ᠬᠢᠨᠠᠨ ᠪᠠᠶᠢᠴᠠᠭᠠᠬᠤ ᠳᠠᠭᠠᠨ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠤᠨ ᠰᠠᠨᠠᠯ ᠢ | ᠪᠢᠴᠢᠭ ᠤᠨ ᠭᠡᠯᠪᠡᠷᠢ ᠪᠠᠷ ᠬᠤᠷᠢᠶᠠᠨ᠎ᠠ ︔ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠨᠢᠭᠡᠴᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠶᠢᠨ ᠬᠠᠮᠲᠤ ᠬᠤᠳᠠ ᠬᠥᠳᠡᠭᠡ ᠶᠢᠨ ᠲᠥᠯᠦᠪᠵᠢᠭᠦᠯᠭᠡ᠂ ᠤᠯᠤᠰ ᠤᠨ | ᠭᠠᠵᠠᠷ ᠰᠢᠷᠤᠢ ᠶᠢᠨ ᠤᠷᠤᠨ ᠵᠠᠢ ᠶᠢᠨ ᠳᠦᠯᠦᠪᠵᠢᠬᠦᠯᠭᠡ ᠳᠤ ᠤᠷᠤᠭᠤᠯᠤᠨ᠎ᠠ ︔ ᠭᠠᠵᠠᠷ ᠰᠢᠷᠣᠢ ᠶᠢ ᠠᠰᠢᠭᠯᠠᠬᠤ ᠵᠥᠪᠰᠢᠶᠡᠷᠡᠯ ᠤᠨ ᠵᠦᠢᠯᠡᠰ ᠢ ᠬᠢᠨᠠᠨ | ᠪᠠᠶᠢᠴᠠᠭᠠᠬᠤ ᠳᠠᠭᠠᠨ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠤᠨ ᠰᠠᠨᠠᠯ ᠢ ᠪᠢᠴᠢᠭ ᠤᠨ ᠭᠡᠯᠪᠡᠷᠢ ᠪᠠᠷ ᠬᠤᠷᠢᠶᠠᠨ᠎ᠠ ︔ ᠭᠠᠵᠠᠷ ᠰᠢᠷᠣᠢ ᠶᠢ | ᠠᠰᠢᠭᠯᠠᠬᠤ ᠪᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠬᠢᠨᠠᠨ ᠵᠥᠪᠰᠢᠶᠡᠷᠡᠬᠦ ᠳᠤᠮᠳᠠ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢ ᠴᠢᠩᠭᠠᠳᠬᠠᠵᠤ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠮᠥᠷᠲᠡᠭᠡᠨ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶ᠎ᠠ ᠴᠠᠷᠠᠭ᠎ᠠ ᠠᠴᠠ ᠳᠠᠪᠠᠵᠤ ᠵᠠᠭᠠᠭ ᠬᠢᠵᠠᠭᠠᠷ ᠠᠴᠠ ᠳᠠᠪᠠᠭᠰᠠᠨ ᠬᠠᠤᠯᠢ ᠠᠴᠠ ᠵᠥᠷᠢᠴᠡᠭᠰᠡᠨ ᠤᠶᠢᠯᠡ | ᠠᠵᠢᠯᠯᠠᠭ᠎ᠠ ᠶᠢ ᠬᠠᠷᠭᠤᠭᠤᠯᠤᠨ ᠪᠠᠶᠢᠴᠠᠭᠠᠵᠤ ᠰᠢᠢᠳᠪᠤᠷᠢᠯᠡᠨ᠎ᠠ ᠃ | ︵ ᠵᠢᠷᠭᠤᠭ᠎ᠠ ︶ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨᠭᠠᠷ ᠬᠤᠰᠢᠭᠤᠨ ᠳᠠᠬᠢ ᠬᠤᠪᠢᠶᠠᠷᠢ ᠲᠣᠪᠴᠢᠶ᠎ᠠ ᠄ ᠲᠡᠦᠬᠡ ᠶᠢᠨ | ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠠᠴᠠ ᠵᠥᠷᠢᠴᠡᠭᠰᠡᠨ | ᠦᠶᠯᠡ ᠠᠵᠢᠯᠯᠠᠭ᠎ᠠ ᠶᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠨ᠎ᠡ ᠃ | ︵ ᠳᠣᠯᠤᠭ᠎ᠠ ︶ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠄ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠪᠤᠴᠠ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠴᠢᠩᠭᠠᠳᠬᠠᠨ᠎ᠠ ︔ ᠳᠡᠤᠭᠡ ᠶᠢᠨ ᠳᠤᠷᠠᠰᠬᠠᠯᠳᠤ ᠵᠤᠶᠢᠯᠡᠰ ᠤᠨ | ᠬᠠᠮᠠᠭᠠᠯᠠᠯᠲᠠ ᠶᠢᠨ ᠨᠢᠭᠡᠴᠢ ᠶᠢᠨ ᠢᠨᠵᠧᠨᠧᠷᠢᠩᠳᠦ ᠬᠤᠯᠪᠣᠭᠳᠠᠪᠠᠯ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠵᠤ ᠂ ᠡᠯ᠎ᠡ ᠣᠷᠣᠨ ᠪᠦᠰᠡ ᠶᠢᠨ ᠳᠣᠲᠣᠷᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠳᠦᠪᠰᠢᠨ ᠢ | ᠦᠨᠡᠨᠬᠦ ᠪᠠᠲᠤᠯᠠᠬᠤ ᠶᠢᠨ ᠬᠠᠮᠲᠤ ᠲᠡᠦᠬᠡ ᠶᠢᠨ ᠳᠤᠷᠠᠰᠬᠠᠯᠲᠤ ᠵᠦᠢᠯᠡᠰ ᠬᠢᠭᠡᠳ ᠤᠶᠢᠷ᠎ᠠ ᠬᠠᠪᠢ ᠶᠢᠨ ᠣᠷᠴᠢᠨ ᠲᠣᠭᠤᠷᠢᠨ ᠤ ᠵᠣᠬᠢᠴᠠᠩᠭᠤᠢ ᠨᠢᠭᠡᠳᠦᠯᠲᠡᠢ | ᠪᠠᠶᠢᠬᠤ ᠶᠢ ᠰᠠᠶᠢᠲᠤᠷ ᠬᠠᠮᠠᠭᠠᠯᠠᠨ᠎ᠠ᠃ | ︵ ᠨᠠᠢᠮᠠ ︶ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠄ ᠬᠠᠷᠢᠶᠠᠲᠤ ᠣᠷᠣᠨ ᠤ ᠳᠣᠲᠣᠷᠠᠬᠢ ᠵᠠᠮ ᠬᠠᠷᠢᠯᠴᠠᠭᠠᠨ ᠤ ᠳᠦᠬᠦᠭᠡᠷᠤᠮᠵᠢ ᠳᠤ | ᠬᠤᠯᠪᠣᠭᠳᠠᠬᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠥᠪᠰᠢᠶᠡᠷᠡᠯ ᠤᠨ ᠵᠦᠢᠯᠡᠰ ᠢ ᠬᠢᠨᠠᠨ ᠪᠠᠶᠢᠴᠠᠭᠠᠬᠤ ᠳᠠᠭᠠᠨ ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠤᠨ ᠰᠠᠨᠠᠯ ᠢ ᠪᠢᠴᠢᠭ ᠤᠨ ᠭᠡᠯᠪᠡᠷᠢ ᠪᠠᠷ ᠬᠤᠷᠢᠶᠠᠨ᠎ᠠ ᠃ | ︵ ᠶᠢᠰᠦ ︶ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠄ ᠬᠠᠷᠢᠶᠠᠲᠤ ᠣᠷᠣᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠶᠠᠪᠤᠴᠠ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠴᠢᠩᠭᠠᠳᠬᠠᠵᠤ ᠂ ᠰᠢᠭᠤᠳ ᠬᠠᠮᠢᠶᠠᠷᠴᠤ ᠪᠠᠶᠢᠭ᠎ᠠ ᠤᠰᠤᠨ ᠠᠰᠢᠭᠯᠠᠯᠲᠠ ᠶᠢᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠵᠥᠪᠰᠢᠶᠡᠷᠡᠯ ᠤᠨ ᠵᠦᠢᠯᠡᠰ ᠢ ᠬᠢᠨᠠᠨ ᠪᠠᠶᠢᠴᠠᠭᠠᠬᠤ ᠳᠠᠭᠠᠨ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ | ᠮᠥᠴᠢᠷ ᠤᠨ ᠰᠠᠨᠠᠯ ᠢ ᠪᠢᠴᠢᠭ ᠤᠨ ᠭᠡᠯᠪᠡᠷᠢ ᠪᠠᠷ ᠬᠤᠷᠢᠶᠠᠨ᠎ᠠ ᠃ | ︵ ᠠᠷᠪᠠ ︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ | ᠪᠠᠶᠢᠭᠤᠯᠤᠯᠲᠠ ᠶᠢᠨ ᠳᠤᠮᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠰᠠᠶᠢᠲᠤᠷ ᠠᠳᠬᠤᠵᠤ ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ ᠵᠥᠪᠰᠢᠶᠡᠷᠡᠯ ᠤᠨ ᠵᠦᠢᠯᠡᠰ ᠢ ᠬᠢᠨᠠᠨ ᠪᠠᠶᠢᠴᠠᠭᠠᠬᠤ ᠳᠠᠭᠠᠨ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ | ᠮᠥᠴᠢᠷ ᠤᠨ ᠰᠠᠨᠠᠯ ᠢ ᠪᠢᠴᠢᠭ ᠤᠨ ᠭᠡᠯᠪᠡᠷᠢ ᠪᠠᠷ ᠬᠤᠷᠢᠶᠠᠵᠤ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ | ᠮᠥᠷᠲᠡᠭᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠬᠠᠷᠭᠤᠭᠤᠯᠤᠨ ᠪᠠᠶᠢᠴᠠᠭᠠᠵᠤ ᠰᠢᠢᠳᠪᠤᠷᠢᠯᠡᠨ᠎ᠠ ᠃ | ︵ ᠠᠷᠪᠠᠨ ᠨᠢᠭᠡ ︶ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ︵ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ︶ ᠄ | ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠱᠠᠯᠠᠪᠳᠠᠭᠤᠯᠤᠨ ᠪᠠᠶᠢᠴᠠᠭᠠᠬᠤ ᠳᠦᠷᠢᠮ ᠲᠣᠭᠲᠠᠭᠠᠯ ᠢ | ᠲᠤᠭᠤᠷᠪᠢᠬᠤ ᠶᠢ ᠬᠠᠷᠢᠭᠤᠴᠠᠵᠤ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠳᠤᠬᠳᠠᠯᠴᠠᠭ᠎ᠠ ᠶᠢ ᠰᠤᠳᠤᠯᠤᠨ | ᠪᠠᠶᠢᠭᠤᠯᠤᠨ᠎ᠠ ︔ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠱᠠᠯᠠᠪᠳᠠᠭᠤᠯᠤᠨ ᠪᠠᠶᠢᠴᠠᠭᠠᠬᠤ ᠪᠠ ᠠᠮᠤᠷ | ᠲᠦᠪᠰᠢᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠰᠤᠶᠤᠯ ᠤᠨ ᠮᠦᠽᠸᠢ ᠳᠡᠤᠭᠡ ᠶᠢᠨ ᠳᠤᠷᠠᠰᠬᠠᠯᠳᠤ ᠵᠤᠶᠢᠯᠡᠰ ᠤᠨ ᠬᠠᠮᠠᠭᠠᠯᠠᠯᠳᠠ ᠶᠢᠨ | ᠨᠢᠭᠡᠴᠢ ᠶᠢᠨ ᠠᠮᠤᠷ ᠳᠦᠪᠰᠢᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ ᠂ ᠳᠣᠲᠣᠭᠠᠳᠤ ᠶᠢ ᠬᠠᠮᠠᠭᠠᠯᠠᠬᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠶᠠᠯᠠᠲᠤ ᠬᠡᠷᠡᠭ ᠤᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠭᠡᠨ᠎ᠠ ᠃ ᠡᠯ᠎ᠡ ᠰᠤᠮᠤ ᠰᠢᠶᠠᠩ ᠪᠠᠯᠭᠠᠰᠤ | ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠡᠯ᠎ᠡ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠠᠵᠢᠯ ᠢ ᠱᠠᠯᠠᠪᠳᠠᠭᠤᠯᠤᠨ ᠵᠢᠯᠣᠭᠤᠳᠤᠨ᠎ᠠ ᠃ | ︵ ᠠᠷᠪᠠᠨ ᠬᠤᠶᠠᠷ ︶ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠄ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠬᠤᠯᠪᠣᠭᠳᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠳᠤ ᠬᠤᠯᠪᠣᠭᠳᠠᠭᠰᠠᠨ ᠲᠠᠯ᠎ᠠ ᠶᠢ | ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠨ᠎ᠡ ︔ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠬᠠᠮᠲᠤᠷᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯ ᠦᠭᠡᠢ ᠦᠢᠯᠡᠳᠪᠦᠷᠢᠯᠡᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠪᠠ ᠰᠢᠢᠳᠪᠦᠷᠢᠯᠡᠬᠦ ᠶᠢ | ᠬᠠᠷᠢᠭᠤᠴᠠᠵᠤ ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠲᠥᠪ ᠂ ᠮᠦᠽᠧᠢ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠨᠢᠭᠡᠴᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠢᠯᠣᠭᠤᠳᠤᠨ ᠱᠠᠯᠠᠪᠳᠠᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ | ᠲᠡᠭᠦᠯᠳᠡᠷᠵᠢᠭᠦᠯᠵᠦ ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠤᠷᠢᠯᠳᠠ ᠬᠢᠨ᠎ᠠ ᠃ | ︵ᠠᠷᠪᠠᠨ ᠭᠤᠷᠪᠠ︶ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠄ ᠲᠡᠦᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠭᠦᠷ ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠲᠡᠦᠬᠡ ᠶᠢᠨ ᠳᠤᠷᠠᠰᠬᠠᠯᠲᠤ ᠵᠦᠢᠯᠡᠰ ᠦᠨᠬᠠᠤᠯᠢ | ᠪᠤᠰᠤ ᠬᠤᠳᠠᠯᠳᠤᠭᠠᠨ ᠤ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ ᠃ | ︵ᠠᠷᠪᠠᠨ ᠳᠥᠷᠪᠡ︶ ᠬᠤᠰᠢᠭᠤᠨ ᠤ ᠰᠢᠭᠦᠬᠦ ᠬᠤᠷᠢᠶ᠎ᠠ ᠂ ᠬᠤᠰᠢᠭᠤᠨ ᠤ ᠪᠠᠶᠢᠴᠠᠭᠠᠬᠤ ᠬᠤᠷᠢᠶ᠎ᠠ ᠄ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ | ᠲᠦᠪᠰᠢᠨ ᠤ ᠪᠠᠶᠢᠳᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠶᠠᠯᠠᠲᠤ ᠬᠡᠷᠡᠭ ᠢ ᠲᠠᠩᠨᠠᠨ ᠰᠢᠢᠳᠪᠦᠷᠢᠯᠡᠬᠦ ᠂ | ᠵᠠᠷᠭᠤᠯᠳᠤᠭᠠᠨ ᠤ ᠳᠤᠮᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ ᠃ ᠬᠦᠨᠳᠦ ᠶᠡᠭᠡ ᠬᠡᠷᠡᠭ ᠢ ᠬᠠᠮᠲᠤᠷᠠᠨ ᠱᠠᠯᠠᠪᠳᠠᠭᠤᠯᠤᠨ | ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠵᠦ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠰᠡᠷᠭᠡᠶᠢᠯᠡᠬᠦ ᠬᠤᠯᠪᠣᠭᠳᠠᠯ | ᠪᠦᠬᠦᠢ ᠠᠵᠢᠯ ᠢ ᠬᠠᠮᠲᠤ ᠪᠠᠷ ᠰᠤᠳᠤᠯᠤᠨ ᠪᠠᠶᠢᠷᠢᠯᠠᠭᠤᠯᠤᠨ᠎ᠠ᠃ | ︵ᠠᠷᠪᠠᠨ ᠲᠠᠪᠤ︶ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠲᠥᠪ ᠄ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠂ ᠳᠤᠭᠤᠰᠢᠯᠠᠭᠤᠯᠬᠤ ᠪᠠ ᠬᠡᠷᠡᠭᠵᠢᠭᠦᠯᠬᠦ ᠶᠢ ᠬᠠᠷᠢᠭᠤᠴᠠᠨ᠎ᠠ ᠃ ᠪᠦᠭᠦ ᠬᠤᠰᠢᠭᠤᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢ ᠬᠠᠷᠢᠭᠤᠴᠠᠵᠤ ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠯᠪᠢᠨ ᠵᠠᠰᠠᠬᠤ ᠂ | ᠨᠡᠭᠡᠭᠡᠨ ᠠᠰᠢᠭᠯᠠᠬᠤ ᠵᠡᠷᠭᠡ ᠠᠵᠢᠯ ᠳᠤ ᠰᠠᠨᠠᠯ ᠰᠠᠨᠠᠭᠤᠯᠭ᠎ᠠ ᠳᠤᠷᠠᠳᠤᠨ᠎ᠠ ᠃ ᠪᠥᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠬᠤ ᠂ ᠬᠤᠷᠢᠶᠠᠨ | ᠴᠤᠭᠯᠠᠭᠤᠯᠬᠤ ᠠᠵᠢᠯ ᠢ ᠬᠠᠷᠢᠭᠤᠴᠠᠵᠤ ᠂ ᠠᠪᠤᠷᠠᠯᠳᠠ ᠶᠢᠨ ᠴᠢᠨᠠᠷᠲᠠᠢ ᠴᠡᠪᠡᠷᠯᠡᠨ ᠠᠭᠤᠳᠠᠯᠬᠤ ᠳᠤ ᠬᠠᠮᠵᠢᠯᠴᠠᠨ᠎ᠠ ᠃ | ︵ ᠠᠷᠪᠠᠨ ᠵᠢᠷᠭᠤᠭ᠎ᠠ ︶ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠠᠭᠤᠷᠬᠠᠢ ᠶᠢᠨ ᠣᠷᠣᠨ ᠤ ᠭᠠᠯ ᠰᠡᠷᠭᠡᠶᠢᠯᠡᠨ ᠤᠨᠲᠠᠷᠠᠭᠠᠬᠤ | ᠠᠪᠤᠷᠠᠨ ᠲᠤᠰᠠᠯᠠᠬᠤ ᠶᠡᠭᠡ ᠠᠩᠭᠢ᠄ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ ᠶᠢᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠵᠦ ᠂ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ ᠳᠤ ᠭᠠᠯ ᠰᠡᠷᠭᠡᠶᠢᠯᠡᠨ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠬᠢᠨᠠᠯᠲᠠ | ᠪᠠᠶᠢᠴᠠᠭᠠᠯᠲᠠ ᠬᠢᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠲᠠᠢ ᠬᠠᠮᠵᠢᠯᠴᠠᠨ ᠬᠠᠮᠲᠤᠷᠠᠨ ᠪᠠᠶᠢᠴᠠᠭᠠᠬᠤ ᠪᠠ ᠲᠤᠰᠬᠠᠢ ᠪᠠᠶᠢᠴᠠᠭᠠᠯᠲᠠ ᠶᠢ | ᠥᠷᠨᠢᠭᠦᠯᠵᠦ ᠂ ︽ ᠭᠠᠯ ᠰᠡᠷᠭᠡᠶᠢᠯᠡᠨ ᠤᠨᠲᠠᠷᠠᠭᠠᠬᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠪᠣᠯᠣᠨ ︽ᠭᠤᠷᠪᠠ ᠶᠢ | ᠬᠠᠮᠢᠶᠠᠷᠴᠤ ᠭᠤᠷᠪᠠ ᠶᠢ ᠡᠷᠬᠡᠪᠰᠢ︾ ᠪᠠᠶᠢᠯᠭᠠᠬᠤ ᠵᠠᠷᠴᠢᠮ ᠢ ᠨᠠᠶᠢᠳᠠᠪᠤᠷᠢᠵᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠢ ᠵᠢᠯᠤᠭᠤᠳᠴᠤ | ᠪᠠᠶᠢᠭᠠᠳ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠳᠠ ᠶᠢᠨ ᠨᠢᠭᠡᠴᠢ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠲᠠᠯᠳᠠ ᠬᠡᠮ | ᠤᠨ ᠠᠰᠠᠭᠤᠳᠠᠯ ᠢ ᠬᠠᠯᠠᠨ ᠰᠠᠶᠢᠵᠢᠷᠠᠭᠤᠯᠵᠤ ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠳᠦᠪᠰᠢᠨ ᠤ ᠲᠠᠯᠳᠠ ᠬᠡᠮ ᠢ ᠠᠷᠢᠯᠭᠠᠨ᠎ᠠ᠃ | ︵ᠠᠷᠪᠠᠨ ᠳᠣᠯᠤᠭ᠎ᠠ︶ ᠡᠯ᠎ᠡᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠄ ᠲᠡᠦᠬᠡ ᠶᠢᠨ ᠳᠤᠷᠠᠰᠬᠠᠯᠲᠤ ᠵᠤᠶᠢᠯᠡᠰ ᠤᠨ ᠠᠮᠤᠷ | ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠮᠥᠷᠲᠡᠭᠡᠨ ᠬᠤᠲᠠ ᠬᠥᠳᠡᠭᠡ ᠶᠢᠨ ᠲᠥᠯᠦᠪᠵᠢᠭᠦᠯᠭᠡ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠨ ᠭᠠᠵᠠᠷ | ᠡᠵᠡᠯᠡᠭᠰᠡᠨ ᠦᠶᠯᠡ ᠠᠵᠢᠯᠯᠠᠭ᠎ᠠ ᠪᠠ ᠭᠠᠵᠠᠷ ᠰᠢᠷᠣᠢ ᠶᠢ ᠠᠰᠢᠭᠯᠠᠬᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠷᠭᠤᠭᠤᠯᠤᠨ ᠪᠠᠶᠢᠴᠠᠭᠠᠵᠤ | ᠰᠢᠢᠳᠪᠦᠷᠢᠯᠡᠨ᠎ᠡ ︔ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ ᠂ ᠲᠣᠰ ᠣᠷᠣᠨ ᠪᠦᠰᠡ ᠶᠢᠨ ᠳᠣᠲᠣᠷᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠪᠠ ᠬᠠᠮᠠᠭᠠᠯᠠᠯᠲᠠ ᠶᠢᠨ ᠠᠵᠢᠯ ᠢ | ᠰᠠᠶᠢᠲᠤᠷ ᠬᠢᠨ᠎ᠡ ᠃ | ᠭᠤᠷᠪᠠ ᠂ ᠠᠵᠢᠯ ᠤᠨ ᠳᠦᠷᠢᠮ | ︵ᠨᠢᠭᠡ︶ ᠬᠠᠮᠲᠤᠷᠠᠭᠰᠠᠨ ᠬᠤᠷᠠᠯ ᠤᠨ ᠬᠤᠷᠠᠯᠳᠤᠭᠤᠯᠤᠭᠴᠢ ᠶᠢ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ ᠡᠭᠦᠷᠭᠡᠯᠡᠵᠦ ᠂ ᠡᠯ᠎ᠡ | ᠪᠦᠷᠢᠯᠳᠦᠭᠦᠨ ᠨᠢᠭᠡᠴᠢ ᠶᠢᠨ ᠬᠤᠯᠪᠤᠬᠳᠠᠯ ᠪᠦᠬᠦᠢ ᠬᠠᠷᠢᠭᠤᠴᠠᠯᠭᠠᠲᠠᠨ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠪᠣᠯᠣᠨ᠎ᠠ ᠃ | ︵ᠬᠤᠶᠠᠷ︶ ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠳᠤ ᠪᠠᠶᠢᠷᠢᠯᠠᠭᠤᠯᠵᠤ ᠂ ᠬᠠᠮᠲᠤᠷᠠᠭᠰᠠᠨ | ᠬᠤᠷᠠᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠰᠣᠶᠣᠯ ᠵᠢᠭᠤᠯᠴᠢᠯᠠᠯ ᠤᠨ | ᠲᠣᠪᠴᠢᠶ᠎ᠠ ᠶᠢᠨ ᠳᠠᠷᠤᠭ᠎ᠠ ᠬᠠᠪᠰᠤᠷᠭᠠᠨ ᠬᠠᠷᠢᠭᠤᠴᠠᠵᠤ ᠂ ᠳᠡᠳ᠋ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠡᠭᠦᠷᠭᠡᠯᠡᠨ᠎ᠡ ᠃ ᠬᠠᠮᠲᠤᠷᠠᠭᠰᠠᠨ ᠬᠤᠷᠠᠯ ᠳᠤ ᠬᠤᠯᠪᠣᠭᠠᠴᠢᠨ ᠲᠣᠬᠢᠷᠠᠭᠤᠯᠵᠤ ᠂ ᠬᠤᠰᠢᠭᠤᠨ ᠤ ᠰᠣᠶᠣᠯ ᠵᠢᠭᠤᠯᠴᠢᠯᠠᠯ ᠤᠨ | ᠲᠣᠪᠴᠢᠶ᠎ᠠ ᠶᠢᠨ ᠠᠯᠪᠠᠨ ᠭᠡᠷ ᠤᠨ ᠡᠷᠬᠢᠯᠡᠭᠴᠢ ᠪᠠᠷ ᠬᠠᠷᠢᠭᠤᠴᠠᠭᠤᠯᠤᠨ᠎ᠠ ᠃ | ︵ ᠭᠤᠷᠪᠠ ︶ ᠠᠵᠢᠯ ᠤᠨ ᠬᠡᠷᠡᠭᠴᠡᠭᠡ ᠪᠠᠨ ᠦᠨᠳᠦᠰᠦᠯᠡᠨ ᠂ ᠲᠦᠷ ᠴᠠᠭ ᠤᠨ ᠪᠥᠬᠦᠳᠡ ᠬᠤᠷᠠᠯ ᠪᠤᠶᠤ ᠵᠠᠷᠢᠮ ᠪᠦᠷᠢᠯᠳᠦᠭᠦᠨ ᠨᠢᠭᠡᠴᠢ ᠶᠢᠨ ᠬᠤᠷᠠᠯ ᠢ | ᠬᠤᠷᠠᠯᠳᠤᠭᠤᠯᠵᠤ ᠪᠣᠯᠣᠨ᠎ᠠ ᠂ ᠪᠤᠰᠤᠳ ᠰᠠᠯᠠᠭ᠎ᠠ ᠮᠥᠴᠢᠷ ᠢ ᠤᠷᠢᠵᠤ ᠬᠤᠷᠠᠯ ᠳᠤ ᠣᠷᠣᠯᠴᠠᠭᠤᠯᠵᠤ ᠂ ᠬᠠᠮᠢᠶ᠎ᠠ ᠪᠦᠬᠦᠢ ᠠᠵᠢᠯ ᠢ ᠰᠤᠳᠤᠯᠤᠭᠰᠠᠨ ᠴᠤ ᠪᠣᠯᠣᠨ᠎ᠠ ᠃ | ᠳᠥᠷᠪᠡ ᠂ ᠠᠵᠢᠯ ᠤᠨ ᠱᠠᠭᠠᠷᠳᠠᠯᠭ᠎ᠠ | ᠡᠯ᠎ᠡ ᠪᠦᠷᠢᠯᠳᠦᠭᠦᠨ ᠨᠢᠭᠡᠴᠢ ᠳᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠡᠦᠬᠡ ᠶᠢᠨ ᠳᠤᠷᠠᠰᠬᠠᠯᠲᠤ ᠵᠤᠶᠢᠯᠡᠰ ᠢ ᠬᠠᠮᠠᠭᠠᠯᠠᠬᠤ ᠪᠠ | ᠲᠡᠦᠬᠡ ᠶᠢᠨ ᠳᠤᠷᠠᠰᠬᠠᠯᠲᠤ ᠵᠤᠶᠢᠯᠡᠰ ᠤᠨ ᠠᠮᠤᠷ ᠲᠦᠪᠰᠢᠨ ᠤ ᠠᠵᠢᠯ ᠢ ᠴᠢᠩᠭᠠᠳᠬᠠᠬᠤ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ | ᠰᠤᠳᠤᠯᠵᠤ ᠂ ᠬᠠᠮᠲᠤᠷᠠᠭᠰᠠᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠤᠶᠢᠯᠠᠭᠠᠯᠴᠠᠵᠤ ᠨᠡᠪᠲᠡᠷᠡᠯᠴᠡᠬᠦ ᠂ ᠮᠡᠳᠡᠭᠡ | ᠵᠠᠩᠭᠢ ᠪᠠᠨ ᠨᠡᠪᠲᠡᠷᠡᠯᠴᠡᠬᠦ ᠶᠢ ᠴᠢᠩᠭᠠᠳᠬᠠᠵᠤ ᠂ ᠨᠢᠭᠲᠠ ᠬᠠᠮᠵᠢᠯᠴᠠᠨ ᠂ ᠬᠠᠷᠢᠯᠴᠠᠨ ᠳᠡᠮᠵᠢᠵᠦ ᠂ ᠬᠠᠮᠲᠤᠷᠠᠭᠰᠠᠨ ᠬᠤᠷᠠᠯ ᠤᠨ ᠦᠢᠯᠡᠳᠦᠯ ᠢ ᠭᠦᠢᠴᠡᠳ | ᠪᠠᠳᠠᠷᠠᠭᠤᠯᠵᠤ ᠂ ᠥᠨᠳᠥᠷ ᠪᠦᠲᠦᠮᠵᠢᠲᠡᠢ ᠠᠵᠢᠯᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠪᠦᠷᠢᠯᠳᠦᠭᠦᠯᠤᠨ᠎ᠠ᠃ ᠬᠠᠮᠲᠤᠷᠠᠭᠰᠠᠨ | ᠬᠤᠷᠠᠯ ᠤᠨ ᠠᠯᠪᠠᠨ ᠭᠡᠷ ᠨᠢ ᠡᠯ᠎ᠡ ᠪᠦᠷᠢᠯᠳᠦᠭᠦᠨ ᠨᠢᠭᠡᠴᠢ ᠳᠤ ᠪᠥᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠲᠡᠦᠬᠡ ᠶᠢᠨ | ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠴᠠᠭ ᠲᠤᠬᠠᠢ ᠳᠤᠨᠢ ᠮᠡᠳᠡᠭᠦᠯᠤᠨ᠎ᠠ ᠃ | | | ᠵᠡᠭᠦᠨᠭᠠᠷ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2025 ᠣᠨ ᠤ 2 ᠰᠠᠷ᠎ᠠ ᠶᠢᠨ 24 ᠤ ᠡᠳᠤᠷ | | | | | | | | | | | | |