| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ 4 ᠰᠠᠷ᠎ᠠ ᠶᠢᠨ 23 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠠᠭᠤᠷ ᠠᠮᠢᠰᠬᠤᠯ ᠪᠣᠯᠣᠨ ᠲᠥᠪ ᠭᠤᠤᠯᠴᠢ ᠪᠠᠷ ᠭᠡᠯᠪᠡᠷᠢ ᠪᠠᠨ ᠬᠤᠪᠢᠷᠠᠭᠤᠯᠬᠤ ᠤᠳᠤᠷᠢᠳᠬᠤ ᠬᠥᠮᠥᠰ ᠤᠨ ᠲᠦᠷᠦᠭᠦᠴᠦᠳ ᠤᠨ ᠸᠢᠳᠢᠤ᠋ ᠬᠤᠷᠠᠯ ᠳᠤ ᠪᠠᠶᠠᠷ ᠤᠨ | ᠦᠭᠡ ᠬᠡᠯᠡᠪᠡ ᠃ | | 4 ᠰᠠᠷ᠎ᠠ ᠶᠢᠨ 23 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠭᠤᠷ ᠠᠮᠢᠰᠬᠤᠯ ᠪᠣᠯᠣᠨ ᠲᠥᠪ ᠭᠤᠤᠯᠴᠢ ᠪᠠᠷ ᠭᠡᠯᠪᠡᠷᠢ ᠪᠠᠨ ᠬᠤᠪᠢᠷᠠᠭᠤᠯᠬᠤ | ᠤᠳᠤᠷᠢᠳᠬᠤ ᠬᠥᠮᠥᠰ ᠤᠨ ᠲᠦᠷᠦᠭᠦᠴᠦᠳ ᠤᠨ ᠸᠢᠳᠢᠤ᠋ ᠬᠤᠷᠠᠯ ᠳᠤ ᠪᠠᠶᠠᠷ ᠤᠨ ᠦᠭᠡ ᠬᠡᠯᠡᠪᠡ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠂ ᠡᠨᠡ ᠵᠢᠯ ᠪᠣᠯ ︽ ᠫᠠᠷᠢᠰ ᠤᠨ ᠬᠡᠯᠡᠯᠴᠡᠭᠡᠷ ︾ ᠲᠣᠭᠲᠠᠭᠰᠠᠨ 10 ᠵᠢᠯ ᠤᠨ ᠤᠢ ᠪᠤᠯᠬᠤ ᠪᠥᠭᠡᠳ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ ᠃ ᠣᠳᠣᠬᠠᠨ ᠳᠤ ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ | ᠬᠤᠪᠢᠰᠤᠯᠲᠠ ᠲᠦᠷᠭᠡᠰᠦᠨ ᠤᠯᠠᠷᠢᠵᠤ ᠂ ᠬᠥᠮᠥᠨ ᠲᠥᠷᠥᠯᠬᠢᠲᠡᠨ ᠤ ᠨᠡᠶᠢᠭᠡᠮ ᠰᠢᠨ᠎ᠡ ᠲᠣᠨᠣᠯᠵᠢᠨ ᠵᠠᠮ ᠳᠤ ᠵᠣᠭᠰᠣᠪᠠ ᠃ ᠣᠨᠴᠠ ᠵᠠᠷᠢᠮ ᠲᠣᠮᠣ ᠤᠯᠤᠰ | ᠬᠡᠳᠦ᠋ᠢᠪᠡᠷ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠳᠤ ᠬᠠᠯᠠᠮᠰᠢᠵᠤ ᠂ ᠤᠯᠠᠨ ᠤᠯᠤᠰ ᠤᠨ ᠳᠦᠷᠢᠮ ᠪᠠ ᠤᠯᠠᠨ ᠤᠯᠤᠰ ᠤᠨ ᠡᠮᠬᠢ ᠵᠢᠷᠤᠮ ᠳᠤ ᠬᠦᠨᠳᠦ | ᠨᠣᠴᠢᠲᠠᠢ ᠳᠠᠭᠠᠷᠢᠯᠲᠠ ᠤᠴᠠᠷᠠᠭᠤᠯᠵᠤ ᠪᠠᠶᠢᠬᠤ ᠪᠤᠯᠪᠠᠴᠤ ᠲᠡᠦᠬᠡ ᠶᠡᠷᠦ ᠨᠢ ᠨᠤᠭᠤᠷᠠᠯ ᠪᠦᠳᠦᠷᠢᠯ ᠤᠨ ᠳᠤᠮᠳᠠ ᠤᠷᠤᠭᠰᠢᠯᠠᠬᠤ ᠶᠤᠮ ᠃ ᠢᠲᠡᠭᠡᠯ ᠵᠣᠷᠢᠭ ᠢᠶᠠᠨ | ᠪᠠᠲᠤᠳᠬᠠᠵᠤ ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠳᠠᠭ ᠯᠠ ᠶᠤᠮ ᠪᠣᠯ ᠯᠠᠪᠲᠠᠢ ᠰᠥᠷᠭᠡᠦ ᠤᠷᠤᠰᠬᠠᠯ ᠢ ᠰᠢᠪᠲᠤᠯᠵᠤ ᠂ ᠪᠦᠭᠦ ᠪᠥᠮᠪᠥᠷᠴᠡᠭ ᠤᠨ ᠠᠭᠤᠷ | ᠠᠮᠢᠰᠬᠤᠯ ᠤᠨ ᠵᠠᠰᠠᠯᠲᠠ ᠪᠣᠯᠣᠨ ᠳᠡᠯᠡᠬᠡᠢ ᠶᠢᠨ ᠠᠯᠢᠪᠠ ᠲᠠᠪᠰᠢᠯᠳᠠ ᠶᠢᠨ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ ᠴᠢᠳᠠᠨ᠎ᠠ ᠃ | ᠨᠢᠭᠡ ᠳᠤ ᠂ ᠤᠯᠠᠨ ᠲᠠᠯᠠᠲᠤ ᠦᠵᠡᠯ ᠢ ᠪᠠᠲᠤ ᠰᠠᠬᠢᠨ᠎ᠠ ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ | ᠰᠢᠰᠲ᠋ᠧᠮ ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ ᠂ ᠤᠯᠠᠨ ᠤᠯᠤᠰ ᠤᠨ ᠲᠥᠪ | ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠬᠤ ᠬᠡᠷᠡᠭᠲᠡᠢ ᠃ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠷᠢᠮᠲᠠᠯᠠᠵᠤ ᠂ ᠢᠲᠡᠭᠡᠯ ᠢ ᠴᠢᠬᠤᠯᠠᠴᠢᠯᠠᠨ | ᠠᠮᠠᠯᠠᠯᠲᠠ ᠪᠠᠨ ᠵᠢᠷᠤᠮᠯᠠᠵᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠣᠨᠢᠯᠠᠨ ᠂ ᠤᠯᠠᠨ ᠲᠠᠯᠠᠲᠤ ᠵᠠᠰᠠᠯᠲᠠ ᠪᠠᠷ ᠳᠠᠮᠵᠢᠭᠤᠯᠤᠨ ᠠᠭᠤᠷ | ᠠᠮᠢᠰᠬᠤᠯ ᠤᠨ ᠬᠢᠮᠤᠷᠠᠯ ᠢ ᠬᠠᠮᠲᠤ ᠪᠠᠷ ᠠᠷᠭᠠᠴᠠᠭᠠᠶ᠎ᠠ ᠃ | ᠬᠤᠶᠠᠷ ᠲᠤ ᠂ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠃ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠪᠠᠷ ᠵᠠᠪᠰᠠᠷᠳᠠᠯ ᠮᠥᠷᠭᠦᠯᠳᠦᠭᠡᠨ ᠢ | ᠳᠠᠪᠠᠵᠤ ᠂ ᠬᠠᠮᠲᠤᠷᠠᠯᠴᠠᠭ᠎ᠠ ᠪᠠᠷ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠬᠤᠪᠢᠰᠤᠯᠲᠠ ᠶᠢ ᠠᠬᠢᠭᠤᠯᠵᠤ ᠂ ᠴᠢᠨᠠᠷ ᠰᠠᠶᠢᠲᠠᠢ ᠪᠣᠬᠢᠷᠳᠤᠯ ᠦᠭᠡᠢ | ᠮᠡᠷᠭᠡᠵᠢᠯ ᠪᠠ ᠦᠢᠯᠡᠳᠬᠦᠨ ᠤ ᠴᠢᠯᠦᠭᠡᠲᠡᠢ ᠭᠦᠢᠯᠭᠡᠭᠡ ᠶᠢ ᠠᠬᠢᠭᠤᠯᠵᠤ ᠂ ᠡᠯ᠎ᠡ ᠤᠯᠤᠰ ᠢᠯᠠᠩᠭᠤᠶ᠎ᠠ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠴᠥᠮ | ᠬᠡᠷᠡᠭᠯᠡᠵᠦ ᠪᠤᠯᠬᠤ ᠂ ᠬᠡᠷᠡᠭᠯᠡᠵᠦ ᠳᠡᠶᠢᠯᠭᠦ ᠂ ᠰᠠᠶᠢᠲᠤᠷ ᠬᠡᠷᠡᠭᠯᠡᠬᠦ ᠪᠣᠯᠭᠠᠨ᠎ᠠ ᠃ ᠳᠤᠮᠳᠠᠳᠤ ᠤᠯᠤᠰ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢ | ᠶᠡᠭᠡ ᠪᠠᠷ ᠭᠦᠨᠵᠡᠭᠡᠶᠢᠷᠡᠭᠦᠯᠵᠦ ᠂ ᠪᠤᠰᠤᠳ ᠬᠥᠭᠵᠢᠵᠦ ᠪᠠᠶᠢᠭ᠎ᠠ ᠤᠯᠤᠰ ᠤᠳ ᠲᠤ ᠦᠷᠭᠦᠯᠵᠢᠯᠡᠨ ᠴᠢᠳᠠᠯ ᠤᠨ ᠢᠶᠠᠨ ᠬᠢᠷᠢ ᠪᠠᠷ ᠬᠠᠪᠰᠤᠷᠤᠯᠭ᠎ᠠ ᠦᠵᠡᠭᠦᠯᠦᠨ᠎ᠡ ᠃ | ᠭᠤᠷᠪᠠ ᠳᠤ ᠂ ᠲᠥᠪ ᠭᠤᠤᠯᠴᠢ ᠪᠠᠷ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ ᠃ ᠠᠷᠠᠳ ᠲᠦᠮᠡᠨ ᠢᠶᠠᠷ ᠭᠤᠣᠯ ᠪᠤᠯᠭᠠᠵᠤ ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠰᠠᠶᠢᠵᠢᠷᠠᠭᠤᠯᠬᠤ ᠪᠠ ᠠᠭᠤᠷ ᠠᠮᠢᠰᠬᠤᠯ ᠢ ᠵᠠᠰᠠᠬᠤ ᠶᠢ ᠬᠠᠮᠵᠢᠯᠴᠠᠨ ᠠᠬᠢᠭᠤᠯᠵᠤ ᠂ ᠣᠷᠴᠢᠨ ᠲᠣᠭᠤᠷᠢᠨ ᠢ ᠬᠠᠮᠠᠭᠠᠯᠠᠬᠤ ᠂ ᠠᠵᠤ | ᠠᠬᠤᠢ ᠶᠢ ᠬᠥᠭᠵᠢᠭᠦᠯᠬᠦ ᠂ ᠠᠵᠢᠯ ᠤᠨ ᠪᠠᠶᠢᠷᠢ ᠡᠭᠦᠳᠬᠦ ᠂ ᠶᠠᠳᠠᠭᠤ ᠬᠦᠴᠢᠷᠳᠡᠯ ᠢ ᠠᠷᠢᠯᠭᠠᠬᠤ ᠵᠡᠷᠭᠡ ᠣᠯᠠᠨ ᠬᠠᠷᠠᠯᠲᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠃ | ᠬᠥᠭᠵᠢᠭᠰᠡᠨ ᠤᠯᠤᠰ ᠤᠳ ᠬᠥᠭᠵᠢᠵᠦ ᠪᠠᠶᠢᠭ᠎ᠠ ᠤᠯᠤᠰ ᠤᠳ ᠲᠤ ᠬᠠᠪᠰᠤᠷᠤᠯᠭ᠎ᠠ ᠳᠡᠮᠵᠢᠯᠭᠡ ᠬᠠᠩᠭᠠᠵᠤ ᠂ ᠪᠦᠭᠦ ᠪᠥᠮᠪᠥᠷᠴᠡᠭ ᠤᠨ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠵᠦ ᠂ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠪᠠ ᠠᠯᠤᠰ | ᠭᠡᠳᠤ ᠶᠢᠨ ᠠᠵᠠ ᠵᠢᠷᠭᠠᠯ ᠢ ᠨᠡᠮᠡᠭᠳᠡᠭᠦᠯᠬᠦ ᠡᠭᠦᠷᠭᠡ ᠲᠠᠢ ᠶᠤᠮ ᠃ | ᠳᠥᠷᠪᠡ ᠳᠤ ᠂ ᠪᠣᠳᠠᠲᠠᠢ ᠶᠢ ᠡᠷᠭᠢᠮᠯᠡᠭᠦ ᠠᠵᠢᠯᠯᠠᠭ᠎ᠠ ᠶᠢ ᠴᠢᠩᠭᠠᠳᠬᠠᠨ᠎ᠠ ᠃ ᠡᠯ᠎ᠡ ᠲᠠᠯ᠎ᠠ ᠶᠢᠨ ᠬᠢᠨ ᠴᠥᠮ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ | ᠠᠵᠤ ᠠᠬᠤᠢ ᠶᠢᠨ ᠬᠥᠭᠵᠢᠯᠲᠡ ᠪᠠ ᠡᠨᠧᠷᠭᠢ ᠶᠢᠨ ᠭᠡᠯᠪᠡᠷᠢ ᠶᠢᠨ ᠬᠤᠪᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠭᠰᠡᠨ ᠰᠠᠭᠤᠷᠢᠨ ᠳᠡᠭᠡᠷ᠎ᠡ ᠤᠯᠤᠰ ᠤᠨ | ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠭᠦ ᠠᠵᠢᠯᠯᠠᠭᠠᠨ ᠤ ᠬᠥᠲᠥᠯᠪᠦᠷᠢ ᠶᠢ ᠲᠣᠭᠲᠠᠭᠠᠨ ᠬᠡᠷᠡᠭᠵᠢᠭᠦᠯᠪᠡᠯ ᠵᠣᠬᠢᠨ᠎ᠠ ᠃ ᠳᠤᠮᠳᠠᠳᠤ ᠤᠯᠤᠰ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠧᠯᠦ᠋ᠨ ᠤ ᠶᠡᠭᠡ ᠬᠤᠷᠠᠯ ᠠᠴᠠ ᠡᠮᠦᠨ᠎ᠡ ᠂ ᠪᠤᠢ ᠪᠦᠬᠦᠢ ᠬᠦᠯᠡᠮᠵᠢ ᠶᠢᠨ ᠬᠡᠢ | ᠪᠡᠶᠡᠲᠦ ᠶᠢ ᠪᠠᠭᠲᠠᠭᠠᠭᠰᠠᠨ ᠪᠦᠭᠦ ᠠᠵᠤ ᠠᠬᠤᠢ ᠶᠢᠨ ᠬᠦᠷᠢᠶ᠎ᠡ ᠶᠢ ᠬᠠᠮᠤᠷᠤᠭᠰᠠᠨ 2035 ᠣᠨ ᠤ ᠤᠯᠤᠰ ᠤᠨ ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠭᠦ | ᠬᠠᠷᠠᠯᠲᠠ ᠶᠢ ᠨᠡᠶᠢᠲᠡᠯᠡᠬᠦ ᠪᠣᠯᠣᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡ ᠲᠣᠳᠣ | ᠣᠨᠴᠠᠯᠢᠭ ᠪᠣᠯᠣᠨ᠎ᠠ ᠃ ᠳᠤᠮᠳᠠᠳᠤ ᠤᠯᠤᠰ ᠪᠣᠯ ᠳᠡᠯᠡᠬᠡᠢ ᠶᠢᠨ ᠪᠣᠬᠢᠷᠳᠤᠯ ᠦᠭᠡᠢ ᠬᠥᠭᠵᠢᠯᠲᠡ ᠶᠢᠨ ᠡᠷᠡᠰ ᠪᠠᠲᠤ ᠠᠵᠢᠯᠯᠠᠭᠴᠢ ᠂ ᠴᠢᠬᠤᠯᠠ ᠬᠤᠪᠢ ᠨᠡᠮᠡᠷᠢ | ᠦᠵᠡᠭᠦᠯᠦᠭᠴᠢ ᠮᠥᠨ ᠂ 5 ᠵᠢᠯ ᠤᠨ ᠡᠮᠦᠨ᠎ᠡ ᠪᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠬᠠᠷᠠᠯᠲᠠ ᠶᠢ ᠨᠡᠶᠢᠲᠡᠯᠡᠭᠰᠡᠨ ᠠᠴᠠ ᠨᠠᠭᠠᠰᠢ ᠂ ᠳᠤᠮᠳᠠᠳᠤ ᠤᠯᠤᠰ ᠪᠦᠭᠦ ᠪᠥᠮᠪᠥᠷᠴᠡᠭ ᠤᠨ ᠬᠠᠮᠤᠭ ᠤᠨ ᠶᠡᠭᠡ ᠂ ᠬᠥᠭᠵᠢᠯᠲᠡ ᠪᠠᠷ ᠬᠠᠮᠤᠭ ᠤᠨ | ᠲᠦᠷᠭᠡᠨ ᠳᠠᠬᠢᠯᠲᠠ ᠡᠨᠧᠷᠭᠢ ᠶᠢᠨ ᠰᠢᠰᠲ᠋ᠧᠮ ᠢ ᠪᠠᠶᠢᠭᠤᠯᠵᠤ ᠂ ᠪᠦᠭᠦ ᠪᠥᠮᠪᠥᠷᠴᠡᠭ ᠤᠨ ᠬᠠᠮᠤᠭ ᠤᠨ ᠶᠡᠭᠡ ᠂ ᠬᠠᠮᠤᠭ ᠤᠨ ᠪᠦᠷᠢᠨ ᠪᠦᠲᠦᠨ ᠰᠢᠨ᠎ᠡ ᠡᠨᠧᠷᠭᠢ ᠶᠢᠨ | ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ ᠂ ᠪᠦᠭᠦ ᠪᠥᠮᠪᠥᠷᠴᠡᠭ ᠤᠨ ᠲᠦᠷᠪᠡᠨ ᠤ ᠨᠢᠭᠡ ᠬᠤᠪᠢ ᠶᠢᠨ ᠰᠢᠨ᠎ᠡ ᠪᠠᠷ ᠨᠡᠮᠡᠭᠳᠡᠭᠰᠡᠨ ᠪᠣᠬᠢᠷᠳᠤᠯ ᠦᠭᠡᠢ ᠲᠠᠯᠠᠪᠠᠢ ᠶᠢ | ᠬᠠᠨᠳᠢᠪᠯᠡᠪᠠ ᠃ ᠳᠡᠯᠡᠬᠡᠢ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ ᠳᠤᠮᠳᠠᠳᠤ ᠤᠯᠤᠰ ᠤᠨ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ | ᠠᠷᠭᠠᠴᠠᠭᠠᠬᠤ ᠠᠵᠢᠯᠯᠠᠭ᠎ᠠ ᠤᠳᠠᠭᠠᠰᠢᠷᠠᠬᠤ ᠦᠭᠡᠢ ᠂ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ ᠴᠢᠷᠮᠠᠶᠢᠯᠭ᠎ᠠ ᠰᠤᠯᠠᠷᠠᠬᠤ ᠦᠭᠡᠢ ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠦᠢᠯᠡᠳᠦᠯᠭᠡ ᠵᠤᠬᠰᠤᠬᠤ ᠦᠭᠡᠢ ᠶᠤᠮ ᠃ ᠳᠤᠮᠳᠠᠳᠤ ᠤᠯᠤᠰ | ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠂ ᠬᠠᠮᠲᠤ ᠶᠢᠨ ᠪᠤᠯᠪᠠᠴᠤ ᠢᠯᠭᠠᠭ᠎ᠠ ᠲᠠᠢ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠴᠢᠳᠠᠯ ᠤᠨ | ᠬᠢᠷᠢ ᠪᠠᠷ ᠢᠶᠠᠨ ᠴᠢᠷᠮᠠᠶᠢᠵᠤ ᠂ ᠪᠦᠯᠬᠦᠮᠳᠡᠨ ᠬᠠᠮᠵᠢᠯᠴᠠᠵᠤ ᠂ ᠠᠷᠢᠭᠤᠨ ᠴᠡᠪᠡᠷ ᠂ ᠦᠵᠡᠰᠬᠦᠯᠡᠩᠲᠦ ᠰᠠᠶᠢᠬᠠᠨ ᠂ ᠦᠷᠭᠦᠯᠵᠢᠯᠡᠬᠦ ᠳᠡᠯᠡᠬᠡᠢ ᠶᠢᠷᠲᠢᠨᠴᠦ ᠶᠢ ᠬᠠᠮᠲᠤ ᠪᠠᠷ | ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ ᠃ | | |