| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ 4 ᠰᠠᠷ᠎ᠠ ᠶᠢᠨ 23 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠲᠠᠢ ᠬᠡᠯᠡᠯᠴᠡᠭᠡ ᠬᠢᠪᠡ ᠃ ᠬᠤᠶᠠᠷ ᠤᠯᠤᠰ ᠤᠨ ᠲᠡᠷᠢᠭᠦᠨ ᠂ ᠳᠤᠮᠳᠠᠳᠤ ᠠᠽᠧᠷᠪᠠᠶᠢᠵᠠᠨ ᠤ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠤᠨ᠎ᠠ ᠭᠡᠵᠦ ᠨᠡᠶᠢᠲᠡᠯᠡᠪᠡ ᠃ | | 4 ᠰᠠᠷ᠎ᠠ ᠶᠢᠨ 23 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠲᠠᠢ ᠬᠡᠯᠡᠯᠴᠡᠭᠡ ᠬᠢᠪᠡ ᠃ | ᠵᠢᠷᠤᠭ ᠪᠣᠯ ᠰᠢ ᠶᠢᠨ ᠫᠢᠩ ᠬᠠᠲᠤᠨ ᠫᠧᠩ ᠯᠢ ᠶᠤᠸᠠᠨ ᠲᠠᠢ ᠪᠠᠨ ᠠᠯᠢᠶᠧᠹ ᠪᠣᠯᠣᠨ ᠲᠡᠭᠦᠨ ᠤ ᠬᠠᠲᠤᠨ ᠠᠯᠢᠶ᠋ᠸᠧᠠ ᠲᠠᠢ ᠬᠠᠮᠲᠤ ᠭᠡᠷᠡᠯ ᠵᠢᠷᠤᠭ ᠲᠠᠲᠠᠭᠤᠯᠵᠤ | ᠪᠠᠶᠢᠭ᠎ᠠ ᠨᠢ ᠃ ︵ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ ︶ | ᠰᠢ ᠶᠢᠨ ᠫᠢᠩ ᠂ ᠵᠣᠷᠢᠯᠲᠠ ᠨᠢᠭᠡᠲᠡᠳ ᠵᠠᠮ ᠢ ᠬᠤᠯᠠ ᠭᠡᠵᠦ ᠴᠥᠬᠦᠷᠡᠳᠡᠭ ᠦᠭᠡᠢ ᠃ ᠬᠡᠳᠦ᠋ᠢᠪᠡᠷ ᠳᠡᠯᠡᠬᠡᠢ ᠶᠢᠨ ᠪᠠᠶᠢᠳᠠᠯ ᠤᠷᠪᠠᠭᠠᠨ ᠬᠥᠷᠪᠡᠭᠡᠨ ᠲᠠᠢ | ᠪᠠᠶᠢᠭᠰᠠᠨ ᠴᠤ ᠳᠤᠮᠳᠠᠳᠤ ᠠᠽᠧᠷᠪᠠᠶᠢᠵᠠᠨ ᠤ ᠬᠠᠷᠢᠯᠴᠠᠭ᠎ᠠ ᠭᠠᠵᠠᠷ ᠵᠦᠢ ᠶᠢᠨ ᠪᠠᠶᠢᠷᠢᠰᠢᠯ ᠳᠤ ᠬᠢᠵᠠᠭᠠᠷᠯᠠᠭᠳᠠᠭᠰᠠᠨ ᠦᠭᠡᠢ ᠂ ᠶᠠᠪᠤᠬᠤ ᠲᠤᠳᠤᠮ ᠪᠠᠬᠢᠵᠢᠪᠡ ᠃ | ᠬᠤᠶᠠᠷ ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠢᠮᠠᠭᠲᠠ ᠪᠠᠲᠤ ᠴᠡᠭᠡᠵᠢᠯᠡᠵᠦ ᠂ ᠬᠠᠷᠢᠯᠴᠠᠨ ᠬᠦᠨᠳᠦᠳᠬᠡᠬᠦ ᠂ ᠲᠥᠪ | ᠭᠤᠣᠯᠴᠢ ᠰᠢᠳᠤᠷᠭᠤ ᠶᠣᠰᠣ ᠶᠢ ᠡᠷᠭᠢᠮᠯᠡᠭᠦ ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ | ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠠᠽᠧᠷᠪᠠᠶᠢᠵᠠᠨ ᠤ ᠬᠠᠷᠢᠯᠴᠠᠭ᠎ᠠ ᠳᠤ ᠬᠠᠨᠳᠤᠵᠤ ᠬᠥᠭᠵᠢᠭᠦᠯᠪᠡ ᠃ ᠬᠤᠶᠠᠷ ᠲᠠᠯ᠎ᠠ ᠪᠠᠷ ᠢᠶᠠᠨ ᠤᠯᠤᠰ | ᠲᠦᠷᠦ ᠶᠢᠨ ᠢᠲᠡᠭᠡᠯᠴᠡᠭᠡ ᠪᠠᠨ ᠦᠷᠭᠦᠯᠵᠢᠯᠡᠨ ᠨᠡᠮᠡᠭᠳᠡᠭᠦᠯᠵᠦ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠤᠯᠠᠨ ᠤᠯᠤᠰ ᠤᠨ | ᠬᠠᠮᠵᠢᠯᠴᠠᠭ᠎ᠠ ᠪᠠᠨ ᠨᠢᠭᠲᠠᠷᠠᠭᠤᠯᠵᠤ ᠂ ᠳᠤᠮᠳᠠᠳᠤ ᠠᠽᠧᠷᠪᠠᠶᠢᠵᠠᠨ ᠤ ᠪᠦᠭᠦ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠵᠦ ᠂ ᠬᠤᠶᠠᠷ | ᠤᠯᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠵᠦ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠶ᠎ᠡ ᠭᠡᠵᠦ ᠵᠢᠭᠠᠵᠤ | ᠭᠠᠷᠭᠠᠪᠠ ᠃ | ᠰᠢ ᠶᠢᠨ ᠫᠢᠩ ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠬᠠᠷᠢᠯᠴᠠᠨ ᠡᠷᠡᠰ ᠳᠡᠮᠵᠢᠯᠴᠡᠬᠦ ᠪᠣᠯ | ᠳᠤᠮᠳᠠᠳᠤ ᠠᠽᠧᠷᠪᠠᠶᠢᠵᠠᠨ ᠬᠤᠶᠠᠷ ᠤᠯᠤᠰ ᠤᠨ ᠰᠢᠯᠢᠳᠡᠭ ᠤᠯᠠᠮᠵᠢᠯᠠᠯ ᠪᠤᠯᠬᠤ ᠪᠥᠭᠡᠳ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠤᠭᠰᠠᠨ ᠤ ᠬᠤᠪᠢ ᠳᠤ | ᠪᠠᠶᠢᠪᠠᠰᠤ ᠵᠣᠬᠢᠬᠤ ᠠᠭᠤᠯᠭ᠎ᠠ ᠪᠣᠯᠣᠨ᠎ᠠ ᠃ ᠳᠤᠮᠳᠠᠳᠤ ᠤᠯᠤᠰ ᠠᠽᠧᠷᠪᠠᠶᠢᠵᠠᠨ ᠤ ᠬᠢᠨ ᠤ ᠤᠯᠤᠰ ᠤᠨ ᠡᠷᠬᠡ ᠮᠡᠳᠡᠯ ᠂ ᠲᠤᠰᠠᠭᠠᠷ ᠲᠣᠭᠲᠠᠨᠢᠯ ᠪᠣᠯᠣᠨ ᠨᠤᠲᠤᠭ | ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠵᠤ ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠦᠷᠭᠦᠯᠵᠢᠯᠡᠨ ᠵᠠᠮᠨᠠᠬᠤ ᠶᠢ | ᠳᠡᠮᠵᠢᠨ᠎ᠠ ᠃ ᠠᠽᠧᠷᠪᠠᠶᠢᠵᠠᠨ ᠯᠤᠭ᠎ᠠ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ ᠂ ︽ ᠭᠤᠷᠪᠠᠨ ᠵᠦᠢᠯ ᠤᠨ ᠬᠦᠴᠦᠨ ︾ | ᠳᠤ ᠡᠷᠡᠰ ᠴᠣᠬᠢᠯᠲᠠ ᠥᠭᠭᠦᠨ᠎ᠡ ᠃ ᠳᠤᠮᠳᠠᠳᠤ ᠠᠽᠧᠷᠪᠠᠶᠢᠵᠠᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠤᠭᠠᠳ ᠡᠯᠪᠡᠭ ᠪᠠᠶᠠᠯᠢᠭ ᠦᠷ᠎ᠡ | ᠪᠦᠲᠦᠭᠡᠯ ᠣᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠵᠠ ᠵᠢᠷᠭᠠᠯ ᠣᠯᠭᠤᠪᠠ ᠃ ᠦᠵᠦ ᠲᠥᠯᠥᠪᠯᠡᠭᠡ ᠶᠢ ᠰᠢᠯᠢᠳᠡᠭᠵᠢᠭᠦᠯᠵᠦ ᠂ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ ᠂ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ ᠂ ᠬᠠᠮᠲᠤᠷᠠᠯᠴᠠᠭᠠᠨ ᠤ | ᠳᠠᠯᠳᠠ ᠬᠦᠴᠦᠨ ᠢ ᠭᠦᠨᠵᠡᠭᠡᠢ ᠠᠭᠤᠳᠠᠯᠵᠤ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠶ᠎ᠡ ᠃ ᠰᠤᠷᠭᠠᠨ ᠬᠥᠮᠦᠵᠢᠯ ᠂ ᠰᠣᠶᠣᠯ ᠂ ᠵᠢᠭᠤᠯᠴᠢᠯᠠᠯ ᠂ ᠵᠠᠯᠠᠭᠤᠴᠤᠳ ᠂ ᠣᠷᠣᠨ ᠨᠤᠲᠤᠭ ᠵᠡᠷᠭᠡ ᠶᠢᠨ | ᠬᠠᠮᠲᠤᠷᠠᠯᠴᠠᠭ᠎ᠠ ᠶᠢ ᠵᠣᠷᠢᠭᠵᠢᠭᠤᠯᠤᠨ ᠳᠡᠮᠵᠢᠵᠦ ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠵᠤ ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ | ᠰᠠᠨᠠᠭ᠎ᠠ ᠶᠢᠨ ᠰᠠᠭᠤᠷᠢ ᠶᠢ ᠪᠠᠬᠢᠵᠢᠭᠦᠯᠦᠶ᠎ᠡ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠪᠣᠭᠤᠮᠲᠠ ᠶᠢᠨ ᠭᠠᠶᠢᠯᠢ ᠶᠢᠨ ᠲᠠᠶᠢᠨ ᠂ ᠠᠷᠠᠯᠵᠢᠶᠠᠨ ᠤ ᠳᠠᠶᠢᠨ ᠨᠢ ᠡᠯ᠎ᠡ ᠤᠯᠤᠰ ᠤᠨ ᠵᠦᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠂ | ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠪᠳᠡᠵᠦ ᠂ ᠳᠡᠯᠡᠬᠡᠢ ᠶᠢᠨ ᠠᠵᠤ ᠠᠬᠤᠢ ᠶᠢᠨ ᠡᠮᠬᠢ ᠳᠢᠭᠯᠢᠮ ᠢ ᠲᠠᠭᠠᠷᠢᠪᠠ ᠃ ᠳᠤᠮᠳᠠᠳᠤ ᠤᠯᠤᠰ ᠳᠤᠷᠠᠲᠠᠶ᠎ᠠ | ᠠᠽᠧᠷᠪᠠᠶᠢᠵᠠᠨ ᠲᠠᠢ ᠬᠠᠮᠲᠤ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ | ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠵᠤ ᠂ ᠲᠤᠰ ᠪᠡᠶ᠎ᠡ ᠶᠢᠨ ᠵᠦᠢ ᠶᠣᠰᠣᠨ ᠤ ᠡᠷᠬᠡ ᠠᠰᠢᠭ ᠢᠶᠠᠨ ᠡᠷᠡᠰ | ᠬᠠᠮᠠᠭᠠᠯᠠᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠵᠢᠭᠠᠵᠤ ᠭᠠᠷᠭᠠᠪᠠ ᠃ | ᠠᠯᠢᠶᠧᠹ ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠲᠦᠷᠭᠡᠨ | ᠬᠥᠭᠵᠢᠵᠦ ᠂ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡ ᠲᠠᠰᠤᠷᠠᠯᠳᠡ ᠦᠭᠡᠢ ᠳᠡᠭᠡᠭᠰᠢᠯᠡᠪᠡ ᠃ ᠬᠡᠳᠦ᠋ᠢᠪᠡᠷ ᠳᠡᠯᠡᠬᠡᠢ ᠳ᠋ᠠᠬᠢᠨ ᠵᠠᠭᠤᠨ ᠵᠢᠯ ᠳᠤ | ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠣᠷᠣᠰᠢᠵᠤ ᠪᠠᠶᠢᠭ᠎ᠠ ᠪᠤᠯᠪᠠᠴᠤ ᠠᠽᠧᠷᠪᠠᠶᠢᠵᠠᠨ ᠪᠣᠯᠣᠨ ᠳᠤᠮᠳᠠᠳᠤ ᠤᠯᠤᠰ ᠢᠮᠠᠭᠲᠠ ᠬᠠᠷᠢᠯᠴᠠᠨ ᠭᠦᠨᠳᠦᠳᠭᠡᠵᠦ ᠂ | ᠬᠠᠷᠢᠯᠴᠠᠨ ᠢᠲᠡᠭᠡᠯᠴᠡᠵᠦ ᠂ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ ᠂ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠲᠦᠷᠭᠡᠨ ᠬᠥᠭᠵᠢᠵᠦ ᠂ ᠣᠷᠣᠨ | ᠨᠤᠲᠤᠭ ᠤᠨ ᠰᠣᠯᠢᠯᠴᠠᠭ᠎ᠠ ᠡᠳᠦᠷ ᠢᠷᠡᠬᠦᠶ᠎ᠡ ᠨᠢᠭᠲᠠᠷᠠᠵᠤ ᠂ ᠬᠤᠯᠪᠣᠯᠳᠤᠨ ᠨᠡᠪᠲᠡᠷᠡᠯᠴᠡᠬᠦ ᠠᠵᠢᠯ ᠲᠦᠷᠭᠡᠨ ᠠᠬᠢᠴᠠ ᠲᠠᠢ ᠪᠣᠯᠪᠠ ᠃ ᠠᠽᠧᠷᠪᠠᠶᠢᠵᠠᠨ ᠤ ᠬᠢᠨ ᠨᠢᠭᠡ | ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ | ᠪᠤᠯᠬᠤ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠨᠢᠭᠡᠳᠦᠯ ᠢᠶᠠᠨ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ | ᠴᠢᠷᠮᠠᠶᠢᠯᠭ᠎ᠠ ᠶᠢ ᠳᠡᠮᠵᠢᠨ᠎ᠠ ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠣᠶᠢᠯᠠᠭᠠᠭᠳᠠᠬᠤᠨ ᠪᠣᠯᠣᠨ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠨᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠬᠥᠭᠵᠢᠯ | ᠴᠡᠴᠡᠭᠯᠡᠯ ᠳᠤ ᠠᠰᠢᠭᠲᠠᠢ ᠶᠤᠮ ᠂ ᠠᠽᠧᠷᠪᠠᠶᠢᠵᠠᠨ ᠤ ᠬᠢᠨ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠂ ᠢᠳᠡᠪᠬᠢᠲᠡᠢ ᠲᠡᠮᠵᠢᠵᠥ ᠪᠠᠶᠢᠨ᠎ᠠ ᠃ | ᠠᠽᠧᠷᠪᠠᠶᠢᠵᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠪᠠᠶᠢᠭᠤᠯᠤᠯᠲᠠ ᠶᠢ | ᠭᠦᠨᠵᠡᠭᠡᠢ ᠠᠬᠢᠭᠤᠯᠵᠤ ᠂ ︽ ᠨᠢᠭᠡ ᠪᠦᠰᠡ ᠨᠢᠭᠡ ᠵᠠᠮ ︾ ᠤᠨ ᠪᠦᠲᠦᠭᠡᠨ ᠪᠠᠶᠢᠭᠤᠯᠤᠯᠲᠠ ᠂ ᠲᠣᠭᠠᠴᠢᠯᠠᠭᠰᠠᠨ ᠠᠵᠤ ᠠᠬᠤᠢ ᠂ ᠪᠣᠬᠢᠷᠳᠤᠯ ᠦᠭᠡᠢ ᠡᠨᠧᠷᠭᠢ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠥᠷᠭᠡᠳᠬᠡᠵᠦ ᠂ ᠲᠦᠷᠦ ᠶᠢᠨ ᠨᠠᠮ ᠵᠢᠴᠢ ᠰᠣᠶᠣᠯ ᠢᠷᠭᠡᠨᠰᠢᠯ ᠤᠨ | ᠰᠣᠯᠢᠯᠴᠠᠭ᠎ᠠ ᠶᠢ ᠭᠦᠨᠵᠡᠭᠡᠶᠢᠷᠡᠭᠦᠯᠵᠦ ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ ᠴᠢᠩᠭᠠᠳᠬᠠᠵᠤ ᠂ ᠬᠤᠶᠠᠷ ᠤᠯᠤᠰ ᠤᠨ | ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ ᠭᠡᠵᠦ ᠢᠯᠡᠳᠬᠡᠪᠡ ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠬᠤᠶᠠᠷ ᠤᠯᠤᠰ ᠤᠨ ᠲᠡᠷᠢᠭᠦᠨ ︽ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ | ᠠᠽᠧᠷᠪᠠᠶᠢᠵᠠᠨ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾ ᠳᠤ | ᠬᠠᠮᠲᠤ ᠪᠠᠷ ᠭᠠᠷ ᠤᠨ ᠦᠰᠦᠭ ᠵᠢᠷᠤᠵᠤ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠂ ᠬᠠᠤᠯᠢ ᠴᠠᠭᠠᠵᠠ ᠂ ᠪᠣᠬᠢᠷᠳᠤᠯ ᠦᠭᠡᠢ | ᠬᠥᠭᠵᠢᠯᠲᠡ ᠂ ᠲᠣᠭᠠᠴᠢᠯᠠᠭᠰᠠᠨ ᠠᠵᠤ ᠠᠬᠤᠢ ᠂ ᠮᠡᠳᠡᠯᠭᠡ ᠶᠢᠨ ᠥᠮᠴᠢᠯᠡᠯ ᠤᠨ ᠡᠷᠬᠡ ᠂ ᠰᠠᠨᠰᠠᠷ ᠤᠨ ᠠᠶᠠᠯᠠᠯ ᠵᠡᠷᠭᠡ ᠬᠦᠷᠢᠶᠡᠨ ᠳᠠᠬᠢ 20 ᠵᠦᠢᠯ ᠤᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ ᠃ | ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ | ᠭᠠᠳᠠᠨᠠᠬᠢ ᠠᠭᠤᠳᠠᠮ ᠲᠠᠯᠠᠪᠠᠢ ᠳᠤ ᠠᠯᠢᠶᠧᠹ ᠪᠣᠯᠣᠨ ᠲᠡᠭᠦᠨ ᠤ ᠬᠠᠳᠤᠨ ᠠᠯᠢᠶ᠋ᠸᠧᠠ ᠶᠢ ᠤᠭᠲᠤᠬᠤ ᠶᠣᠰᠣᠯᠠᠯ ᠶᠠᠪᠤᠭᠤᠯᠪᠠ ᠃ | ᠠᠯᠢᠶᠧᠹ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ ᠃ ᠰᠢ ᠶᠢᠨ ᠫᠢᠩ ᠠᠯᠢᠶᠧᠹ ᠲᠠᠢ ᠬᠠᠮᠲᠤ ᠰᠢᠯᠭᠠᠨ | ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠠᠽᠧᠷᠪᠠᠶᠢᠵᠠᠨ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ | ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ ᠃ ᠠᠯᠢᠶᠧᠹ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ | ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃ | ᠲᠤᠰ ᠡᠳᠦᠷ ᠤᠨ ᠦᠳᠡ ᠳᠤ ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ | ᠠᠯᠢᠶᠧᠹ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | | |