| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 24 ᠤ ᠴᠠᠭᠢᠯᠭᠠᠨ ᠮᠡᠳᠡᠭᠡ 4 ᠰᠠᠷ᠎ᠠ ᠶᠢᠨ 24 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠺᠧᠨᠢᠶᠠ ᠶᠢᠨ ᠶᠡᠷᠦᠩᠬᠡᠶᠢᠯᠡᠭᠴᠢ ᠷᠦᠲ᠋ᠤ᠋ ᠲᠠᠢ ᠬᠡᠯᠡᠯᠴᠡᠭᠡ ᠬᠢᠪᠡ ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠬᠠᠷᠢᠯᠴᠠᠭᠠᠨ ᠤ ᠪᠠᠶᠢᠷᠢ ᠲᠣᠭᠲᠠᠭᠠᠯᠲᠠ ᠶᠢ | ᠰᠢᠨ᠎ᠡ ᠴᠠᠭ ᠦᠶ᠎ᠡ ᠶᠢᠨ ᠳᠤᠮᠳᠠᠳᠤ ᠺᠧᠨᠢᠶᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠤᠯᠭᠠᠵᠤ ᠳᠡᠭᠡᠭᠰᠢᠯᠡᠭᠦᠯᠭᠦ ᠪᠠᠷ ᠰᠠᠨᠠᠯ ᠨᠢᠭᠡᠲᠡᠢ ᠵᠥᠪᠰᠢᠶᠡᠷᠡᠪᠡ ᠃ | | 4 ᠰᠠᠷ᠎ᠠ ᠶᠢᠨ 24 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠧᠨᠢᠶᠠ ᠶᠢᠨ ᠶᠡᠷᠦᠩᠬᠡᠶᠢᠯᠡᠭᠴᠢ ᠷᠦᠲ᠋ᠤ᠋ ᠲᠠᠢ ᠬᠡᠯᠡᠯᠴᠡᠭᠡ ᠬᠢᠪᠡ ᠃ ᠵᠢᠷᠤᠭ | ᠪᠣᠯ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠷᠦᠲ᠋ᠤ᠋ ᠪᠣᠯᠣᠨ ᠲᠡᠭᠦᠨ ᠤ ᠬᠠᠳᠤᠨ ᠯᠦᠢᠴᠢᠶᠧᠷ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ ᠃ | ︵ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ ︶ | ᠰᠢ ᠶᠢᠨ ᠫᠢᠩ ᠂ ᠬᠠᠷᠢᠯᠴᠠᠭ᠎ᠠ ᠪᠠᠶᠢᠭᠤᠯᠤᠭᠰᠠᠨ 62 ᠵᠢᠯ ᠤᠨ ᠲᠤᠷᠰᠢ ᠂ ᠳᠤᠮᠳᠠᠳᠤ ᠺᠧᠨᠢᠶᠠ ᠬᠤᠶᠠᠷ ᠲᠠᠯ᠎ᠠ ᠪᠠᠷ ᠢᠶᠠᠨ ᠢᠮᠠᠭᠲᠠ ᠬᠠᠷᠢᠯᠴᠠᠨ ᠭᠦᠨᠳᠦᠳᠭᠡᠵᠦ ᠂ | ᠬᠠᠷᠢᠯᠴᠠᠨ ᠳᠡᠮᠵᠢᠯᠴᠡᠵᠦ ᠂ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠪᠣᠯᠣᠨ ᠲᠣᠷᠭᠠᠨ ᠵᠠᠮ ᠤᠨ ᠵᠣᠷᠢᠭ ᠰᠠᠨᠠᠭ᠎ᠠ ᠶᠢ | ᠤᠯᠠᠮᠵᠢᠯᠠᠵᠤ ᠂ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ | ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ ᠃ ᠳᠤᠮᠳᠠᠳᠤ ᠺᠧᠨᠢᠶᠠ ᠶᠢᠨ ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ ᠳᠤᠮᠳᠠᠳᠤ ᠺᠧᠨᠢᠶᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠪᠣᠯᠭᠠᠨ ᠳᠡᠭᠡᠭᠰᠢᠯᠡᠭᠦᠯᠭᠦ ᠪᠣᠯ ᠬᠤᠶᠠᠷ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠮᠥᠨ ᠃ ᠳᠤᠮᠳᠠᠳᠤ ᠤᠯᠤᠰ ᠳᠤᠷᠠᠲᠠᠶ᠎ᠠ | ᠺᠧᠨᠢᠶᠠ ᠶᠢᠨ ᠬᠢᠨ ᠲᠠᠢ ᠬᠠᠮᠲᠤ ᠪᠠᠷ ᠂ ᠲᠡᠦᠬᠡ ᠶᠢᠨ ᠤᠷᠤᠰᠬᠠᠯ ᠪᠣᠯᠣᠨ ᠴᠠᠭ ᠦᠶ᠎ᠡ ᠶᠢᠨ ᠶᠡᠭᠡ ᠬᠠᠨᠳᠤᠰᠢ ᠳᠤ ᠵᠣᠬᠢᠴᠠᠵᠤ ᠂ ᠰᠢᠨ᠎ᠡ ᠴᠠᠭ ᠦᠶ᠎ᠡ ᠶᠢᠨ ᠪᠦᠭᠦ | ᠲᠠᠯ᠎ᠠ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠬᠡᠪ ᠳᠠᠭᠤᠷᠢᠶᠠᠯ ᠢ ᠪᠤᠢ ᠪᠤᠯᠭᠠᠵᠤ ᠂ ᠳᠤᠮᠳᠠᠳᠤ ᠠᠹᠷᠢᠺᠠ ᠶᠢᠨ | ᠬᠠᠷᠢᠯᠴᠠᠭ᠎ᠠ ᠶᠢᠨ ᠬᠥᠭᠵᠢᠯᠲᠡ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠤᠨ᠎ᠠ | ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠬᠠᠷᠢᠯᠴᠠᠨ ᠬᠦᠨᠳᠦᠳᠬᠡᠬᠦ ᠂ ᠡᠷᠬᠡ ᠲᠡᠭᠰᠢ ᠪᠠᠷ ᠬᠠᠨᠳᠤᠬᠤ ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠂ ︽ ᠳᠡᠯᠡᠬᠡᠢ ᠳᠡᠭᠡᠷ᠎ᠡ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ ᠶᠠᠪᠤᠬᠤ ︾ ᠶᠡᠭᠡ ᠵᠠᠮ ᠪᠣᠯᠣᠨ᠎ᠠ ᠃ ᠳᠤᠮᠳᠠᠳᠤ | ᠺᠧᠨᠢᠶᠠ ᠬᠤᠶᠠᠷ ᠲᠠᠯ᠎ᠠ ᠪᠠᠷ ᠢᠶᠠᠨ ᠲᠣᠰ ᠲᠣᠰ ᠤᠨ ᠢᠶᠠᠨ ᠡᠷᠬᠡ ᠮᠡᠳᠡᠯ ᠂ ᠠᠮᠤᠷ ᠲᠦᠪᠰᠢᠨ ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠶᠢ ᠦᠷᠭᠦᠯᠵᠢᠯᠡᠨ | ᠡᠷᠡᠰ ᠳᠡᠮᠵᠢᠵᠤ ᠂ ᠲᠣᠰ ᠲᠣᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠬᠦ ᠶᠢ ᠡᠷᠡᠰ ᠳᠡᠮᠵᠢᠵᠤ ᠂ | ᠲᠥᠷᠥ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ ᠂ ᠣᠳᠣᠬᠢᠴᠢᠯᠠᠯᠲᠠ ᠶᠢᠨ ᠵᠠᠮ ᠳᠡᠭᠡᠷᠡᠬᠢ ᠬᠠᠮᠲᠤ ᠠᠶᠠᠯᠠᠭᠴᠢ ᠪᠠ | ᠵᠢᠩᠬᠢᠨᠢ ᠨᠠᠶᠢᠵᠠ ᠪᠣᠯᠣᠶ᠎ᠠ ᠃ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠪᠣᠯ ᠬᠤᠶᠠᠷ ᠤᠯᠤᠰ ᠤᠨ ᠬᠠᠮᠲᠤᠷᠠᠯᠴᠠᠭᠠᠨ ᠤ ᠭᠢᠯᠠᠯᠵᠠᠭᠰᠠᠨ | ᠬᠠᠭᠤᠳᠠᠰᠤ ᠪᠣᠯᠣᠨ᠎ᠠ ᠂ ᠪᠠᠶᠢᠩᠭᠤᠵᠢᠭᠰᠠᠨ ᠲᠦᠷᠦ ᠶᠢᠨ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ ᠂ ᠥᠨᠳᠥᠷ ᠲᠦᠪᠰᠢᠨ ᠪᠦᠬᠦᠢ ᠬᠤᠯᠪᠣᠯᠳᠤᠨ | ᠨᠡᠪᠲᠡᠷᠡᠯᠴᠡᠬᠦ ᠶᠢ ᠠᠬᠢᠭᠤᠯᠵᠤ ᠂ ᠠᠷᠠᠯᠵᠢᠶᠠᠨ ᠤ ᠦᠷᠭᠦᠯᠵᠢᠯᠡᠬᠦ ᠴᠢᠨᠠᠷᠲᠠᠢ ᠰᠠᠭᠠᠳ ᠦᠭᠡᠢ ᠨᠡᠪᠲᠡᠷᠡᠬᠦ ᠶᠢ ᠠᠬᠢᠭᠤᠯᠵᠤ ᠂ ᠤᠯᠠᠨ ᠡᠰᠢᠵᠢᠭᠰᠡᠨ ᠪᠡᠯᠡ ᠮᠥᠩᠭᠦᠨ ᠤ | ᠭᠦᠢᠯᠭᠡᠭᠡ ᠶᠢ ᠰᠦᠪᠡᠭᠴᠢᠯᠡᠵᠦ ᠂ ᠦᠶ᠎ᠡ ᠦᠶ᠎ᠡ ᠶᠢᠨ ᠨᠥᠬᠦᠷᠯᠡᠯ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠦᠷᠭᠦᠯᠵᠢᠯᠡᠭᠦᠯᠵᠦ ᠂ ︽ ᠨᠢᠭᠡ ᠪᠦᠰᠡ ᠨᠢᠭᠡ ᠵᠠᠮ ︾ | ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠠᠭᠠᠭᠤᠯᠤᠭᠴᠢ ᠪᠣᠯᠣᠶ᠎ᠠ ᠃ ᠳᠤᠮᠳᠠᠳᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠨᠢ ᠺᠧᠨᠢᠶᠠ ᠶᠢᠨ | ᠴᠢᠨᠠᠷ ᠰᠠᠶᠢᠲᠠᠢ ᠦᠢᠯᠡᠳᠬᠦᠨ ᠳᠤ ᠢᠮᠠᠭᠲᠠ ᠡᠭᠦᠳᠡ ᠪᠠᠨ ᠨᠡᠭᠡᠭᠡᠵᠦ ᠂ ᠳᠤᠮᠳᠠᠳᠤ ᠤᠯᠤᠰ ᠨᠡᠩ ᠤᠯᠠᠨ ᠪᠣᠳᠠᠲᠤ ᠬᠦᠴᠦᠨ ᠪᠦᠬᠦᠢ ᠳᠤᠮᠳᠠᠳᠤ ᠤᠯᠤᠰ ᠤᠨ ᠠᠵᠤ | ᠠᠬᠤᠶᠢᠯᠠᠯ ᠤᠨ ᠺᠧᠨᠢᠶᠠ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ ᠃ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠨ ᠴᠢᠬᠤᠯᠠ ᠪᠦᠷᠢᠯᠳᠦᠭᠦᠨ ᠪᠣᠯᠤᠭᠰᠠᠨ ᠤ ᠬᠤᠪᠢ ᠳᠤ ᠂ ᠳᠤᠮᠳᠠᠳᠤ ᠺᠧᠨᠢᠶᠠ ᠬᠤᠶᠠᠷ ᠤᠯᠤᠰ ᠪᠣᠳᠠᠲᠤ ᠠᠵᠢᠯᠯᠠᠭ᠎ᠠ ᠪᠠᠷ ᠢᠶᠠᠨ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠡᠷᠡᠰ ᠬᠠᠮᠠᠭᠠᠯᠠᠵᠤ ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ | ᠬᠠᠮᠲᠤ ᠪᠠᠷ ᠡᠳ᠋ᠯᠡᠬᠦ ᠪᠦᠭᠦ ᠪᠥᠮᠪᠥᠷᠴᠡᠭ ᠤᠨ ᠵᠠᠰᠠᠯᠲᠠ ᠶᠢ ᠠᠬᠢᠭᠤᠯᠵᠤ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠡᠷᠬᠡ ᠲᠡᠭᠰᠢ ᠡᠮᠬᠢ | ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠡ ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ ᠂ ᠳᠡᠯᠡᠬᠡᠢ ᠶᠢᠨ | ᠡᠩᠬᠡ ᠲᠠᠶᠢᠪᠤᠩ ᠂ ᠠᠮᠤᠷ ᠲᠦᠪᠰᠢᠨ ᠂ ᠬᠥᠭᠵᠢᠯ ᠴᠡᠴᠡᠭᠯᠡᠯ ᠂ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠤᠶ᠎ᠠ ᠭᠡᠵᠦ | ᠴᠢᠬᠤᠯᠠᠴᠢᠯᠠᠵᠠᠢ ᠃ | ᠰᠢ ᠶᠢᠨ ᠫᠢᠩ ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ ᠳᠤᠮᠳᠠᠳᠤ ᠤᠯᠤᠰ ᠤᠨ ᠦᠨᠡᠨ ᠪᠣᠳᠠᠲᠠᠢ ᠳᠣᠲᠣᠨᠣ ᠦᠨᠡᠨᠴᠢ ᠪᠠᠷ ᠠᠹᠷᠢᠺᠠ ᠲᠢᠪ ᠲᠤ | ᠬᠠᠨᠳᠤᠬᠤ ᠲᠦᠷᠦ ᠶᠢᠨ ᠪᠣᠳᠣᠯᠭ᠎ᠠ ᠶᠢᠨ ᠣᠶᠢᠯᠠᠭᠠᠭᠳᠠᠬᠤᠨ ᠬᠤᠪᠢᠷᠠᠬᠤ ᠦᠭᠡᠢ ᠂ ᠳᠤᠮᠳᠠᠳᠤ ᠠᠹᠷᠢᠺᠠ ᠶᠢᠨ ᠵᠢᠷᠭᠠᠯ ᠵᠣᠪᠠᠯᠠᠩ ᠢᠶᠠᠨ ᠬᠠᠮᠲᠤᠳᠬᠠᠵᠤ ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠭ ᠰᠠᠨᠠᠭ᠎ᠠ ᠬᠤᠪᠢᠷᠠᠬᠤ ᠦᠭᠡᠢ ᠂ ᠳᠤᠮᠳᠠᠳᠤ ᠠᠹᠷᠢᠺᠠ ᠶᠢᠨ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠂ | ᠬᠠᠮᠲᠤ ᠪᠠᠷ ᠬᠥᠭᠵᠢᠬᠦ ᠦᠨᠳᠦᠰᠦᠨ ᠵᠣᠷᠢᠯᠲᠠ ᠬᠤᠪᠢᠷᠠᠬᠤ ᠦᠭᠡᠢ ᠶᠤᠮ ᠃ ᠳᠤᠮᠳᠠᠳᠤ ᠤᠯᠤᠰ ᠬᠡᠯᠡᠪᠡᠯ ᠢᠲᠡᠭᠡᠮᠵᠢᠲᠡᠢ ᠂ ᠬᠢᠪᠡᠯ ᠪᠦᠲᠦᠮᠵᠢᠲᠡᠢ ᠪᠠᠶᠢᠵᠤ ᠂ | ᠳᠤᠷᠠᠲᠠᠶ᠎ᠠ ᠺᠧᠨᠢᠶᠠ ᠶᠢ ᠪᠠᠭᠲᠠᠭᠠᠭᠰᠠᠨ ᠠᠹᠷᠢᠺᠠ ᠲᠢᠪ ᠤᠨ ᠤᠯᠤᠰ ᠤᠳ ᠲᠠᠢ ᠬᠠᠮᠲᠤ ᠪᠠᠷ ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠤᠨ ᠨᠡᠩ ᠤᠯᠠᠨ ᠡᠬᠢᠨ ᠤ ᠬᠤᠭᠤᠴᠠᠭᠠᠨ ᠤ ᠠᠮᠵᠢᠯᠲᠠ ᠣᠯᠬᠤ ᠶᠢ ᠠᠬᠢᠭᠤᠯᠵᠤ ᠂ | ᠠᠹᠷᠢᠺᠠ ᠲᠢᠪ ᠤᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠵᠦ ᠂ ᠳᠤᠮᠳᠠᠳᠤ ᠠᠹᠷᠢᠺᠠ ᠶᠢᠨ ᠬᠠᠮᠲᠤᠷᠠᠨ ᠬᠦᠴᠦᠷᠬᠡᠭᠵᠢᠬᠦ ᠂ ᠪᠦᠯᠬᠦᠮᠳᠡᠨ ᠬᠠᠮᠵᠢᠯᠴᠠᠬᠤ | ᠴᠠᠭ ᠦᠶ᠎ᠡ ᠶᠢᠨ ᠬᠦᠴᠦᠷᠬᠡᠭ ᠲᠠᠭᠤᠨ ᠢ ᠦᠷᠭᠦᠯᠵᠢᠯᠡᠨ ᠴᠤᠤᠷᠢᠶᠠᠲᠤᠭᠤᠯᠵᠤ ᠂ ᠴᠢᠨᠠᠷ ᠰᠠᠶᠢᠲᠠᠢ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠪᠠᠷ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠪᠣᠭᠤᠮᠲᠠ ᠶᠢᠨ ᠭᠠᠶᠢᠯᠢ ᠶᠢᠨ ᠲᠠᠶᠢᠨ ᠂ ᠠᠷᠠᠯᠵᠢᠶᠠᠨ ᠤ ᠲᠠᠶᠢᠨ ᠳᠤ ᠢᠯᠠᠭᠴᠢ ᠭᠡᠵᠦ ᠪᠠᠶᠢᠳᠠᠭ ᠦᠭᠡᠢ ᠃ ᠳᠤᠮᠳᠠᠳᠤ ᠤᠯᠤᠰ ᠬᠡᠷᠡᠭ ᠲᠠᠲᠠᠬᠤ | ᠦᠭᠡᠢ ᠪᠥᠭᠡᠳ ᠬᠡᠷᠡᠭ ᠠᠴᠠ ᠠᠶᠤᠬᠤ ᠦᠭᠡᠢ ᠂ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤ ᠪᠠᠷ ᠪᠦᠯᠬᠦᠮᠳᠡᠨ ᠬᠠᠮᠲᠤᠷᠠᠯᠴᠠᠬᠤ ᠪᠠᠷ ᠲᠠᠮᠵᠢᠨ ᠡᠯ᠎ᠡ | ᠵᠦᠢᠯ ᠤᠨ ᠥᠷᠢᠰᠦᠯᠳᠦᠭᠡᠨ ᠢ ᠠᠷᠭᠠᠴᠠᠭᠠᠵᠤ ᠂ ᠲᠤᠰ ᠪᠡᠶ᠎ᠡ ᠶᠢᠨ ᠵᠦᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ ᠂ ᠤᠯᠠᠨ ᠤᠯᠤᠰ ᠤᠨ ᠠᠷᠠᠯᠵᠢᠶᠠᠨ ᠤ | ᠳᠦᠷᠢᠮ ᠢ ᠬᠠᠮᠠᠭᠠᠯᠠᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ ᠃ | ᠷᠦᠲ᠋ᠤ᠋ ᠂ ᠺᠧᠨᠢᠶᠠ ᠳᠤᠮᠳᠠᠳᠤ ᠴᠢᠩ ᠦᠨᠡᠨᠴᠢ ᠪᠠᠷ ᠬᠠᠨᠳᠤᠵᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠢᠮᠠᠭᠲᠠ ᠪᠠᠷᠢᠮᠲᠠᠯᠠᠵᠤ ᠂ ᠬᠤᠶᠠᠷ | ᠤᠯᠤᠰ ᠤᠨ ᠬᠠᠮᠲᠤᠷᠠᠯᠴᠠᠭ᠎ᠠ ᠬᠠᠮᠲᠤ ᠶᠢᠨ ᠬᠦᠰᠡᠯ ᠡᠷᠡᠮᠡᠯᠵᠡᠯ ᠲᠠᠢ ᠪᠠᠶᠢᠵᠤ ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠭᠰᠠᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠪᠣᠯᠣᠨ᠎ᠠ ᠃ ᠺᠧᠨᠢᠶᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ | ᠬᠡᠷᠡᠭᠵᠢᠭᠦᠯᠵᠦ ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠪᠤᠯᠬᠤ ᠶᠢ ᠪᠠᠷᠢᠮᠲᠠᠯᠠᠨ᠎ᠠ ᠃ | ᠺᠧᠨᠢᠶᠠ ᠶᠢᠨ ᠬᠢᠨ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠤ ᠺᠧᠨᠢᠶᠠ ᠶᠢᠨ ᠰᠠᠭᠤᠷᠢ ᠲᠥᠬᠦᠭᠡᠷᠦᠮᠵᠢ ᠶᠢᠨ ᠲᠦᠪᠰᠢᠨ ᠢ | ᠳᠡᠭᠡᠭᠰᠢᠯᠡᠭᠦᠯᠭᠦ ᠂ ᠪᠠᠶᠢᠭᠠᠯᠢ ᠶᠢᠨ ᠭᠠᠮᠰᠢᠭ ᠢ ᠠᠷᠭᠠᠴᠠᠭᠠᠬᠤ ᠳᠤ ᠬᠠᠷᠠᠮ ᠦᠭᠡᠢ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ ᠂ ᠮᠤᠮᠪᠠᠰᠠ ᠠᠴᠠ | ᠨᠠᠶᠢᠷᠤᠪᠢ ᠬᠦᠷᠬᠦ ᠲᠡᠮᠦᠷ ᠵᠠᠮ ᠵᠡᠷᠭᠡ ︽ ᠨᠢᠭᠡ ᠪᠦᠰᠡ ᠨᠢᠭᠡ ᠵᠠᠮ ︾ ᠤᠨ ᠲᠦᠷᠦᠯ ᠵᠦᠢᠯ ᠺᠧᠨᠢᠶᠠ ᠶᠢᠨ ᠤᠯᠤᠰ ᠤᠨ ᠬᠥᠭᠵᠢᠯᠲᠡ ᠶᠢ ᠬᠦᠴᠦᠲᠡᠢ ᠠᠬᠢᠭᠤᠯᠪᠠ ᠃ | ᠺᠧᠨᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠭᠠᠷ ᠬᠤᠯᠪᠣᠯᠴᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠪᠦᠭᠦ ᠲᠠᠯ᠎ᠠ ᠪᠠᠷ ᠵᠣᠯᠭᠠᠭᠤᠯᠵᠤ ᠂ ᠠᠷᠠᠯᠵᠢᠶ᠎ᠠ ᠂ ᠪᠡᠯᠡ ᠣᠷᠣᠭᠤᠯᠤᠯᠲᠠ ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ ᠂ | ᠰᠤᠷᠭᠠᠨ ᠬᠥᠮᠦᠵᠢᠯ ᠂ ᠰᠣᠶᠣᠯ ᠂ ᠵᠢᠭᠤᠯᠴᠢᠯᠠᠯ ᠤᠨ ᠰᠣᠯᠢᠯᠴᠠᠭ᠎ᠠ ᠪᠠᠨ ᠨᠡᠮᠡᠭᠳᠡᠭᠦᠯᠵᠦ ᠂ ᠲᠤᠰ ᠲᠤᠰ ᠤᠨ ᠣᠳᠣᠬᠢᠴᠢᠯᠠᠯᠲᠠ ᠶᠢᠨ ᠠᠬᠢᠴᠠ ᠪᠠᠨ ᠠᠬᠢᠭᠤᠯᠵᠤ ᠂ | ᠬᠤᠶᠠᠷ ᠤᠯᠤᠰ ᠤᠨ ᠢᠷᠡᠭᠡᠳᠦᠢ ᠶᠢ ᠨᠡᠩ ᠨᠢᠭᠲᠠ ᠬᠤᠯᠪᠣᠨ᠎ᠠ ᠃ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠨᠢ ᠠᠹᠷᠢᠺᠠ ᠲᠢᠪ ᠤᠨ ᠡᠩᠬᠡ ᠲᠠᠶᠢᠪᠤᠩ | ᠬᠥᠭᠵᠢᠯᠲᠡ ᠳᠤ ᠠᠰᠢᠭᠲᠠᠢ ᠶᠤᠮ ᠂ ᠺᠧᠨᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠵᠣᠬᠢᠴᠠᠭᠤᠯᠤᠨ ᠬᠠᠮᠵᠢᠯᠴᠠᠵᠤ ᠂ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠤᠨ᠎ᠠ ᠃ | ᠠᠷᠠᠯᠵᠢᠶᠠᠨ ᠤ ᠳᠠᠶᠢᠨ ᠨᠢ ᠣᠳᠣ ᠶᠢᠨ ᠪᠠᠶᠢᠭ᠎ᠠ ᠣᠯᠠᠨ ᠤᠯᠤᠰ ᠤᠨ ᠳᠦᠷᠢᠮ ᠪᠠ ᠡᠮᠬᠢ ᠳᠢᠭᠯᠢᠮ ᠢ ᠡᠪᠳᠡᠵᠦ ᠪᠤᠢ ᠃ ᠺᠧᠨᠢᠶᠠ ᠶᠢᠨ ᠬᠢᠨ ᠳᠤᠮᠳᠠᠳᠤ ᠤᠯᠤᠰ ᠤᠨ | ᠣᠳᠣᠬᠠᠨ ᠤ ᠣᠷᠤᠭ᠎ᠠ ᠪᠤᠰᠬᠠᠭ᠎ᠠ ᠪᠠᠶᠢᠳᠠᠯ ᠳᠤ ᠲᠣᠭᠲᠠᠪᠤᠷᠢᠵᠢᠭᠤᠯᠤᠭᠴᠢ ᠶᠢᠨ ᠦᠢᠯᠡᠳᠦᠯ ᠢᠶᠠᠨ ᠪᠠᠳᠠᠷᠠᠭᠤᠯᠵᠤ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ ᠤᠨ ᠵᠦᠢ ᠶᠣᠰᠣᠨ ᠤ ᠡᠷᠬᠡ ᠠᠰᠢᠭ ᠢ ᠬᠠᠮᠠᠭᠠᠯᠠᠵᠤ ᠪᠠᠶᠢᠬᠤ ᠶᠢ ᠮᠠᠭᠲᠠᠨ ᠰᠠᠶᠢᠰᠢᠶᠠᠵᠤ ᠪᠠᠶᠢᠨ᠎ᠠ ᠃ ᠺᠧᠨᠢᠶᠠ ᠶᠢᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠤᠯᠠᠨ ᠲᠠᠯᠠᠲᠤ ᠦᠵᠡᠯ ᠢ ᠬᠠᠮᠲᠤ ᠪᠠᠷ ᠪᠠᠷᠢᠮᠲᠠᠯᠠᠨ ᠦᠢᠯᠡᠳᠦᠯᠭᠡᠵᠢᠭᠦᠯᠦᠨ᠎ᠡ ᠭᠡᠵᠦ ᠢᠯᠡᠳᠬᠡᠪᠡ ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠬᠤᠶᠠᠷ ᠤᠯᠤᠰ ᠤᠨ ᠲᠡᠷᠢᠭᠦᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠂ ᠳᠡᠭᠡᠳᠦ ᠰᠢᠨ᠎ᠡ | ᠲᠦ᠋ᠭᠨᠢᠭ ᠮᠡᠷᠭᠡᠵᠢᠯ ᠂ ᠰᠣᠶᠣᠯ ᠢᠷᠭᠡᠨᠰᠢᠯ ᠤᠨ ᠰᠣᠯᠢᠯᠴᠠᠭ᠎ᠠ ᠂ ᠠᠵᠤ ᠠᠬᠤᠢ ᠠᠷᠠᠯᠵᠢᠶ᠎ᠠ ᠂ ᠰᠣᠨᠢᠨ ᠮᠡᠳᠡᠭᠡ ᠵᠠᠭᠤᠴᠢᠯᠠᠭᠤᠷ ᠵᠡᠷᠭᠡ ᠬᠦᠷᠢᠶᠡᠨ ᠳᠠᠬᠢ 20 ᠵᠦᠢᠯ ᠤᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃ | ᠬᠤᠶᠠᠷ ᠲᠠᠯ᠎ᠠ ᠪᠠᠷ ᠢᠶᠠᠨ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠺᠧᠨᠢᠶᠠ ᠤᠯᠤᠰ ᠤᠨ ᠰᠢᠨ᠎ᠡ ᠴᠠᠭ ᠦᠶ᠎ᠡ ᠶᠢᠨ | ᠪᠦᠭᠦ ᠲᠠᠯ᠎ᠠ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠦᠯᠢᠭᠡᠷ ᠳᠠᠭᠤᠷᠢᠶᠠᠯ ᠪᠤᠯᠬᠤ ᠲᠤᠬᠠᠢ ᠬᠠᠮᠲᠤᠷᠠᠭᠰᠠᠨ | ᠢᠯᠡᠷᠬᠡᠶᠢᠯᠡᠯᠲᠡ ︾ ᠶᠢ ᠨᠡᠶᠢᠲᠡᠯᠡᠪᠡ ᠃ | ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ | ᠭᠠᠳᠠᠨᠠᠬᠢ ᠠᠭᠤᠳᠠᠮ ᠲᠠᠯᠠᠪᠠᠢ ᠳᠤ ᠷᠦᠲ᠋ᠤ᠋ ᠪᠣᠯᠣᠨ ᠲᠡᠭᠦᠨ ᠤ ᠬᠠᠳᠤᠨ ᠯᠦᠢᠴᠢᠶᠧᠷ ᠢ ᠤᠭᠲᠤᠬᠤ ᠶᠣᠰᠣᠯᠠᠯ ᠶᠠᠪᠤᠭᠤᠯᠪᠠ ᠃ | ᠷᠦᠲ᠋ᠤ᠋ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ ᠃ ᠰᠢ ᠶᠢᠨ ᠫᠢᠩ ᠷᠦᠲ᠋ᠤ᠋ ᠲᠠᠢ ᠬᠠᠮᠲᠤ ᠰᠢᠯᠭᠠᠨ | ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠺᠧᠨᠢᠶᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ ᠲᠢᠶᠠᠨ | ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ ᠃ ᠷᠦᠲ᠋ᠤ᠋ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ | ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃ | ᠲᠤᠰ ᠡᠳᠦᠷ ᠤᠨ ᠦᠳᠡ ᠳᠤ ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ | ᠷᠦᠲ᠋ᠤ᠋ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | | |