ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯᠳᠤᠭᠠᠨ ᠬᠤᠷᠠᠯᠳᠤᠭᠤᠯᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯᠳᠤᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2025/4/27
   ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 4 ᠳ᠋ᠦ᠋ᠭᠡᠷ ᠰᠠᠷ᠎ᠠ ᠶᠢᠨ 25 ᠤ ᠡᠳᠦᠷ ᠬᠤᠷᠠᠯᠳᠤᠭᠠᠨ ᠬᠤᠷᠠᠯᠳᠤᠭᠤᠯᠵᠤ ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯᠳᠤᠭᠠᠨ ᠢ ᠡᠷᠬᠢᠯᠡᠪᠡ ᠃   ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠵᠢᠯ ᠪᠠ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠲᠡᠮᠡᠴᠡᠯ ᠢ ᠨᠢᠭᠡᠳᠦᠯᠲᠡᠢ ᠲᠥᠯᠥᠪᠯᠡᠵᠦ ᠂ ᠥᠪᠡᠷ ᠤᠨ ᠢᠶᠠᠨ ᠠᠵᠢᠯ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ ᠂ ᠠᠵᠢᠯ ᠣᠯᠭᠤᠯᠲᠠ ᠂ ᠠᠵᠤ ᠠᠬᠤᠶᠢᠯᠠᠯ ᠂ ᠵᠠᠬ᠎ᠠ ᠳᠡᠯᠭᠡᠭᠦᠷ ᠪᠠ ᠵᠢᠱᠢᠯᠲᠡ ᠶᠢ ᠬᠦᠴᠦᠯᠡᠨ ᠲᠣᠭᠲᠠᠪᠤᠷᠢᠵᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠭᠠᠳᠠᠭᠠᠳᠤ ᠣᠷᠴᠢᠨ ᠨᠥᠬᠦᠴᠡᠯ ᠤᠨ ᠲᠦᠷᠭᠡᠨ ᠬᠤᠪᠢᠷᠠᠯᠲᠠ ᠶᠢᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ ᠭᠡᠵᠡᠢ ᠃   ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ ᠂ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠮᠥᠷᠲᠡᠭᠡᠨ ᠭᠦᠢᠴᠡᠳ ᠬᠡᠷᠡᠭᠯᠡᠬᠦ ᠬᠡᠷᠡᠭᠲᠡᠢ ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠂ ᠤᠯᠤᠰ ᠤᠨ ᠬᠡᠳᠦ ᠤᠷᠳᠤ ᠬᠤᠭᠤᠴᠠᠭᠠᠲᠤ ᠣᠨᠴᠠᠭᠠᠢ ᠵᠢᠭᠡᠯᠡᠯᠭᠡ ᠵᠡᠷᠭᠡ ᠶᠢ ᠲᠠᠷᠬᠠᠭᠠᠨ ᠬᠡᠷᠡᠭᠯᠡᠬᠦ ᠶᠢ ᠲᠦᠷᠭᠡᠳᠬᠡᠨ᠎ᠡ ᠃ ᠦᠨᠳᠦᠰᠦᠨ ᠱᠠᠲᠤᠨ ᠤ ︽ ᠭᠤᠷᠪᠠ ᠶᠢ ᠪᠠᠲᠤᠯᠠᠬᠤ ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠪᠠ ᠬᠦᠦ ᠮᠥᠩᠭᠦ ᠶᠢᠨ ᠨᠤᠷᠮ᠎ᠠ ᠶᠢ ᠴᠠᠭ ᠲᠤ ᠨᠢ ᠲᠣᠬᠢᠷᠠᠭᠤᠯᠤᠨ ᠪᠠᠭᠤᠷᠠᠭᠤᠯᠵᠤ ᠂ ᠬᠥᠳᠡᠯᠭᠡᠭᠡᠨᠲᠦ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ ᠂ ᠪᠣᠳᠠᠲᠤ ᠴᠣᠭᠴᠠ ᠶᠢᠨ ᠠᠵᠤ ᠠᠬᠤᠢ ᠶᠢ ᠬᠦᠴᠦᠯᠡᠨ ᠳᠡᠮᠵᠢᠬᠦ ᠬᠡᠷᠡᠭᠲᠡᠢ ᠃ ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠰᠢᠨ᠎ᠡ ᠪᠠᠭᠠᠵᠢ ᠶᠢ ᠡᠭᠦᠳᠦᠨ ᠲᠣᠬᠢᠷᠠᠭᠤᠯᠵᠤ ᠂ ᠰᠢᠨ᠎ᠡ ᠮᠠᠶ᠋ᠢᠭ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠲᠣᠬᠢᠷᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠂ ᠬᠡᠷᠡᠭᠯᠡᠭᠡ ᠶᠢ ᠥᠷᠭᠡᠳᠬᠡᠬᠦ ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠵᠡᠷᠭᠡ ᠶᠢ ᠳᠡᠮᠵᠢᠨ᠎ᠡ ᠭᠡᠵᠡᠢ ᠃   ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠵᠦ ᠂ ᠦᠢᠯᠡᠴᠢᠯᠡᠭᠡᠨ ᠤ ᠬᠡᠷᠡᠭᠯᠡᠭᠡ ᠶᠢ ᠶᠡᠭᠡ ᠪᠠᠷ ᠬᠥᠭᠵᠢᠭᠦᠯᠵᠦ ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ ᠃ ᠬᠡᠷᠡᠭᠯᠡᠭᠡᠨ ᠤ ᠬᠦᠷᠢᠶᠡᠨ ᠳᠠᠬᠢ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠲᠦᠷᠭᠡᠬᠡᠨ ᠢᠯᠭᠠᠷᠠᠭᠤᠯᠤᠨ ᠲᠢᠭᠯᠡᠵᠦ ᠂ ᠦᠢᠯᠡᠴᠢᠯᠡᠭᠡᠨ ᠤ ᠬᠡᠷᠡᠭᠯᠡᠭᠡ ᠬᠢᠭᠡᠳ ᠨᠠᠰᠤᠵᠢᠯ ᠤᠨ ᠠᠰᠠᠷᠠᠮᠵᠢ ᠶᠢᠨ ᠳᠠᠬᠢᠯᠲᠠ ᠵᠢᠭᠡᠯᠡᠯᠭᠡ ᠶᠢ ᠲᠣᠬᠢᠷᠠᠭᠤᠯᠤᠨ᠎ᠠ ᠃ ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ ᠂ ᠬᠦᠷᠢᠶ᠎ᠡ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ︽ ᠰᠢᠨᠡᠳᠬᠡᠬᠦ ᠪᠠ ᠰᠣᠯᠢᠬᠤ ︾ ᠲᠠᠯ᠎ᠠ ᠪᠠᠷ ᠬᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ ᠂ ︽ ᠨᠢᠭᠡ ᠴᠢᠬᠤᠯᠠ ᠨᠢᠭᠡ ᠭᠤᠣᠯᠳᠠᠯᠭ᠎ᠠ ︾ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠬᠡᠷᠡᠭᠵᠢᠭᠦᠯᠦᠨ᠎ᠡ ᠭᠡᠵᠡᠢ ᠃    ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠬᠡᠷᠡᠭᠲᠡᠢ ᠃ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠠᠨ ᠲᠦᠷᠭᠡᠪᠴᠢᠯᠡᠨ ᠠᠬᠢᠭᠤᠯᠤᠨ᠎ᠠ ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ ᠂ ᠨᠢᠭᠡ ᠪᠦᠯᠦᠭ ᠰᠢᠨ᠎ᠡ ᠪᠠᠷ ᠡᠭᠦᠰᠦᠭᠰᠡᠨ ᠲᠤᠯᠭᠠᠭᠤᠷᠢ ᠠᠵᠤ ᠦᠢᠯᠡᠰ ᠢ ᠪᠤᠢ ᠪᠣᠯᠭᠠᠨ᠎ᠠ ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠰᠢᠢᠳᠪᠦᠷᠢᠯᠡᠬᠦ ᠶᠢ ᠦᠷᠭᠦᠯᠵᠢᠯᠡᠨ ᠬᠦᠴᠦᠯᠡᠨ ᠠᠬᠢᠭᠤᠯᠵᠤ ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠮᠪᠠᠷ᠎ᠠ ︾ ᠶᠢ ᠰᠢᠨ᠎ᠡ ᠪᠠᠷ ᠡᠭᠦᠳᠦᠨ ᠭᠠᠷᠭᠠᠵᠤ ᠂ ︽ ᠵᠣᠬᠢᠶᠠᠮᠠᠯ ᠤᠶᠤᠨ + ︾ ᠠᠵᠢᠯᠯᠠᠭ᠎ᠠ ᠶᠢ ᠲᠦᠷᠭᠡᠪᠴᠢᠯᠡᠨ ᠬᠡᠷᠡᠭᠵᠢᠭᠦᠯᠦᠨ᠎ᠡ ᠭᠡᠵᠡᠢ ᠃    ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ ᠃    
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ