ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ ᠵᠠᠮ ᠨᠡᠭᠡᠭᠡᠨ ᠰᠢᠨ᠎ᠡ ᠶᠢ ᠡᠭᠦᠳᠴᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ — ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠳ ᠲᠤ ᠥᠭᠭᠦᠭᠰᠡᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2025/4/27
ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠨ ᠨᠠᠶᠢᠵᠠ ᠨᠠᠷ ᠠ᠋ ᠄    ︽ 5 • 1 ︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠠᠴᠠ ᠪᠦᠭᠦ ᠣᠷᠣᠨ ᠤ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠵᠤ ᠂ ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠳ ᠢ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ ᠃ ᠣᠳᠣᠬᠠᠨ ᠳᠤ ᠂ ᠮᠠᠨ ᠤ ᠣᠷᠣᠨ ᠶᠠᠭ ︽ ᠨᠢᠭᠡ ᠭᠤᠣᠯ ᠰᠢᠵᠢᠮ ᠢ ᠲᠤᠭᠤᠰᠢᠯᠠᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ︿ ᠲᠠᠪᠤᠨ ᠶᠡᠭᠡ ᠡᠭᠦᠷᠭᠡ ﹀ ᠶᠢ ᠪᠡᠶᠡᠯᠡᠭᠦᠯᠵᠦ ᠂ ︿ ᠵᠢᠷᠭᠤᠭᠠᠨ ᠢᠨᠵᠧᠨᠧᠷᠢᠩ ﹀ ᠢ ᠬᠡᠷᠡᠭᠵᠢᠭᠦᠯᠵᠦ ᠂ ︿ ᠵᠢᠷᠭᠤᠭᠠᠨ ᠠᠵᠢᠯᠯᠠᠭ᠎ᠠ ﹀ ᠥᠷᠨᠢᠭᠦᠯᠬᠦ ︾ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠂ ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠳ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ ᠤᠮᠠᠷᠠᠲᠤ ᠶᠢᠨ ᠭᠤᠷᠪᠠᠨ ᠣᠷᠣᠨ ︾ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠲᠡᠰᠪᠦᠷᠢ ᠬᠠᠲᠠᠭᠤᠵᠢᠯᠲᠠᠢ ᠂ ᠴᠤᠴᠠᠯᠲᠠ ᠦᠭᠡᠢ ᠤᠷᠤᠭᠰᠢᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠱᠠᠭᠠᠷᠳᠠᠵᠤ ᠪᠠᠶᠢᠨ᠎ᠠ ᠃ ᠠᠳᠡ ᠳᠣᠣᠷᠠᠬᠢ ᠮᠡᠲᠦ ᠰᠠᠨᠠᠭᠠᠴᠢᠯᠠᠭ᠎ᠠ ᠶᠢ ᠳᠤᠷᠠᠳᠤᠶ᠎ᠠ ᠄    ᠨᠢᠭᠡ ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠢᠯᠡᠳᠦᠯᠭᠡᠵᠢᠭᠦᠯᠦᠭᠴᠢ ᠪᠤᠯᠬᠤ ᠪᠠᠷ ᠴᠢᠷᠮᠠᠶᠢᠶ᠎ᠠ ᠃ ᠪᠢᠳᠡ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠵᠤ ᠂ ᠶᠡᠷᠦᠩᠬᠡᠢ ᠱᠦᠵᠢ ᠰᠢ ᠶᠢᠨ ᠫᠢᠩ ᠤᠨ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠂ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠦᠶ᠎ᠡ ᠃    ᠬᠤᠶᠠᠷ ᠂ ᠰᠣᠶᠣᠯ ᠤᠨ ᠬᠦᠴᠦᠨ ᠢ ᠦᠷᠭᠦᠯᠵᠢᠯᠡᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠠᠮᠠᠭᠠᠯᠠᠭᠴᠢ ᠪᠤᠯᠬᠤ ᠪᠠᠷ ᠴᠢᠷᠮᠠᠶᠢᠶ᠎ᠠ ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠴᠣᠭᠴᠠᠯᠠᠵᠤ ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ ᠂ ︽ ᠵᠢᠷᠭᠤᠭᠠᠨ ᠦᠭᠡ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ ︾ ᠢ ᠭᠦᠨᠵᠡᠭᠡᠢ ᠣᠶᠢᠯᠠᠭᠠᠵᠤ ᠂ ᠤᠬᠠᠮᠰᠠᠷ ᠠᠴᠠ ᠪᠠᠨ ︽ ᠲᠤᠯᠤᠭᠠᠨ ᠵᠢᠱᠢᠶᠡᠴᠢ ᠪᠤᠯᠬᠤ ︾ ᠲᠠᠯ᠎ᠠ ᠪᠠᠷ ᠡᠷᠡᠯᠬᠡᠭᠯᠡᠨ ᠲᠡᠮᠡᠴᠡᠵᠦ ᠂ ᠴᠤᠭ ᠵᠢᠪᠬᠤᠭ᠎ᠠ ᠪᠠᠨ ᠢᠯᠡᠷᠡᠭᠦᠯᠵᠦ ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠂ ᠨᠡᠶᠢᠭᠡᠮ ᠤᠨ ᠲᠣᠭᠲᠠᠭᠤᠨ ᠪᠠ ᠤᠯᠤᠰ ᠤᠨ ᠠᠮᠤᠷ ᠲᠦᠪᠰᠢᠨ ᠢ ᠬᠠᠮᠠᠭᠠᠯᠠᠵᠤ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠶ᠎ᠠ ᠃    ᠭᠤᠷᠪᠠ ᠂ ᠬᠦᠴᠦᠯᠡᠨ ᠴᠢᠷᠮᠠᠶᠢᠵᠤ ᠪᠣᠳᠠᠲᠠᠢ ᠠᠵᠢᠯᠯᠠᠨ ᠵᠢᠳᠬᠦᠯ ᠴᠢᠷᠮᠠᠶᠢᠯᠭ᠎ᠠ ᠭᠠᠷᠭᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠭᠤᠣᠯ ᠬᠦᠴᠦᠨ ᠴᠡᠷᠢᠭ ᠪᠤᠯᠬᠤ ᠪᠠᠷ ᠴᠢᠷᠮᠠᠶᠢᠶ᠎ᠠ ᠃ ᠪᠢᠳᠡ ᠠᠵᠢᠯᠴᠢᠨ ᠠᠩᠭᠢ ᠶᠢᠨ ᠲᠡᠷᠢᠭᠦᠨ ᠤ ᠵᠠᠩ ᠰᠤᠷᠲᠠᠯ ᠪᠣᠯᠣᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠂ ᠭᠦᠳᠡᠯᠮᠦᠷᠢ ᠶᠢᠨ ᠵᠣᠷᠢᠭ ᠰᠠᠨᠠᠭ᠎ᠠ ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠬᠦᠴᠢᠷ ᠢ ᠳᠤᠭᠤᠯᠤᠨ ᠪᠡᠷᠬᠡ ᠶᠢ ᠳᠠᠪᠠᠵᠤ ᠂ ᠡᠷᠡᠮᠡᠬᠡᠶᠢᠯᠡᠨ ᠤᠷᠤᠭᠰᠢᠯᠠᠵᠤ ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠲᠡᠶᠢᠨ ᠤ ᠲᠠᠯᠠᠪᠤᠷ ᠲᠤ ᠡᠷᠡᠯᠬᠡᠭᠯᠡᠨ ᠲᠡᠮᠡᠴᠡᠵᠦ ᠂ ᠲᠡᠷᠢᠭᠦᠨ ᠤ ᠬᠢ ᠪᠤᠯᠬᠤ ᠪᠠᠷ ᠴᠢᠷᠮᠠᠶᠢᠵᠤ ᠂ ᠠᠵᠢᠯᠴᠢᠨ ᠠᠩᠭᠢ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠦᠶ᠎ᠡ ᠃    ᠳᠥᠷᠪᠡ ᠂ ᠡᠭᠦᠷᠭᠡ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ ᠂ ᠮᠡᠳᠡᠯᠭᠡ ᠶᠢᠨ ᠭᠡᠯᠪᠡᠷᠢ ᠶᠢᠨ ᠂ ᠮᠡᠷᠭᠡᠵᠢᠯ ᠤᠨ ᠭᠡᠯᠪᠡᠷᠢ ᠶᠢᠨ ᠂ ᠰᠢᠨ᠎ᠡ ᠶᠢ ᠡᠭᠦᠳᠬᠦ ᠭᠡᠯᠪᠡᠷᠢ ᠶᠢᠨ ᠬᠥᠳᠡᠯᠮᠦᠷᠢᠴᠢᠨ ᠪᠤᠯᠬᠤ ᠪᠠᠷ ᠴᠢᠷᠮᠠᠶᠢᠶ᠎ᠠ ᠃ ᠪᠢᠳᠡ ᠭᠠᠪᠰᠢᠭᠠᠶᠢᠯᠠᠬᠤ ᠵᠣᠷᠢᠭ ᠂ ᠰᠤᠳᠤᠯᠬᠤ ᠵᠣᠷᠢᠭ ᠂ ᠲᠡᠮᠡᠴᠡᠬᠦ ᠵᠣᠷᠢᠭ ᠢᠶᠠᠨ ᠢᠮᠠᠭᠲᠠ ᠪᠠᠷᠢᠮᠲᠠᠯᠠᠵᠤ ᠂ ᠰᠢᠨ᠎ᠡ ᠮᠡᠳᠡᠯᠭᠡ ᠶᠢ ᠲᠠᠰᠤᠷᠠᠯᠲᠠ ᠦᠭᠡᠢ ᠰᠤᠷᠤᠯᠴᠠᠵᠤ ᠂ ᠰᠢᠨ᠎ᠡ ᠤᠷ᠎ᠠ ᠴᠢᠳᠠᠪᠤᠷᠢ ᠶᠢ ᠡᠵᠡᠮᠰᠢᠵᠦ ᠂ ᠰᠢᠨ᠎ᠡ ᠡᠷᠳᠡᠮ ᠴᠢᠳᠠᠪᠤᠷᠢ ᠶᠢ ᠨᠡᠮᠡᠭᠳᠡᠭᠦᠯᠵᠦ ᠂ ᠬᠦᠰᠡᠯᠡᠩ ᠲᠠᠢ ᠢᠲᠡᠭᠡᠯ ᠪᠢᠰᠢᠷᠡᠯ ᠲᠠᠢ ᠂ ᠮᠡᠷᠭᠡᠵᠢᠯ ᠲᠠᠢ ᠰᠢᠨ᠎ᠡ ᠶᠢ ᠡᠭᠦᠳᠴᠦ ᠴᠢᠳᠠᠬᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠬᠤᠪᠢ ᠨᠡᠮᠡᠷᠢ ᠦᠵᠡᠭᠦᠯᠭᠦ ᠶᠢ ᠡᠷᠭᠢᠮᠯᠡᠳᠡᠭ ᠥᠨᠳᠥᠷ ᠬᠡᠪ ᠪᠣᠯᠪᠠᠰᠤᠷᠠᠯ ᠲᠠᠢ ᠬᠥᠳᠡᠯᠮᠦᠷᠢᠴᠢᠨ ᠪᠤᠯᠬᠤ ᠪᠠᠷ ᠴᠢᠷᠮᠠᠶᠢᠵᠤ ᠂ ᠵᠣᠷᠢᠭᠲᠠᠢ ᠪᠠᠷ ᠰᠢᠨ᠎ᠡ ᠶᠢ ᠡᠭᠦᠳᠴᠦ ᠂ ᠵᠣᠷᠢᠭᠲᠠᠢ ᠪᠠᠷ ᠲᠦᠷᠦᠭᠦᠯᠡᠨ ᠬᠢᠵᠦ ᠂ ᠤᠷ᠎ᠠ ᠴᠢᠳᠠᠪᠤᠷᠢ ᠲᠠᠢ ᠴᠢᠳᠠᠪᠤᠷᠢᠲᠠᠨ ᠪᠣᠯᠵᠤ ᠂ ᠤᠷ᠎ᠠ ᠴᠢᠳᠠᠪᠤᠷᠢ ᠪᠠᠷ ᠤᠯᠤᠰ ᠲᠠᠭᠠᠨ ᠵᠢᠳᠬᠦᠵᠦ ᠂ ᠠᠵᠢᠯᠴᠢᠨ ᠠᠩᠭᠢ ᠶᠢᠨ ᠲᠡᠷᠢᠭᠦᠨ ᠤ ᠦᠵᠡᠯ ᠰᠠᠨᠠᠭ᠎ᠠ ᠂ ᠵᠢᠱᠢᠶᠡᠴᠢ ᠦᠢᠯᠡ ᠠᠵᠢᠯᠯᠠᠭ᠎ᠠ ᠪᠠᠷ ᠭᠦᠳᠡᠯᠮᠦᠷᠢ ᠢᠷᠠᠭᠤ ᠠᠯᠳᠠᠷ ᠲᠠᠢ ᠂ ᠡᠭᠦᠳᠦᠨ ᠪᠦᠲᠦᠭᠡᠯᠲᠡ ᠠᠭᠤᠤ ᠭᠡᠬᠦ ᠶᠡᠭᠡ ᠴᠠᠭ ᠦᠶ᠎ᠡ ᠶᠢᠨ ᠬᠦᠴᠦᠷᠬᠡᠭ ᠳᠠᠭᠤᠨ ᠢ ᠴᠢᠪᠬᠠᠳᠠᠶ᠎ᠠ ᠃    ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠨ ᠨᠠᠶᠢᠵᠠ ᠨᠠᠷ ᠠ᠋ ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠢᠲᠡᠭᠡᠯ ᠵᠣᠷᠢᠭ ᠢᠶᠠᠨ ᠪᠠᠲᠤᠳᠬᠠᠵᠤ ᠂ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠡᠪᠦᠷᠯᠡᠵᠦ ᠂ ᠵᠠᠮ ᠨᠡᠭᠡᠭᠡᠨ ᠤᠷᠤᠭᠰᠢᠯᠠᠵᠤ ᠂ ᠡᠷᠡᠯᠬᠡᠭᠯᠡᠨ ᠲᠡᠮᠡᠴᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠳᠠᠬᠢᠨᠲᠠ ᠰᠢᠯᠢᠳᠡᠭ ᠠᠮᠵᠢᠯᠲᠠ ᠣᠯᠬᠤ ᠪᠠᠷ ᠴᠢᠷᠮᠠᠶᠢᠰᠤᠭᠠᠢ ᠃    ᠥᠪᠡᠷᠲᠡᠭᠡᠨ ᠵᠠᠰᠠᠬᠤ ᠣᠷᠣᠨ ᠤ ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠭᠦᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ    2025 ᠣᠨ ᠤ 4 ᠰᠠᠷ᠎ᠠ ᠶᠢᠨ 24 ᠤ ᠡᠳᠦᠷ     
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ