| ᠰᠤᠷᠭᠠᠨ ᠬᠥᠮᠦᠵᠢᠯ ᠤᠨ ᠶᠠᠮᠤᠨ 4 ᠳ᠋ᠦ᠋ᠭᠡᠷ ᠰᠠᠷ᠎ᠠ ᠶᠢᠨ 22 ᠤᠨ ᠡᠳᠦᠷ 2024 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ | ᠠᠩᠭᠢ ᠶᠢᠨ ᠲᠤᠰᠬᠠᠢ ᠮᠡᠷᠭᠡᠵᠢᠯ ᠤᠨ ᠳᠠᠩᠰᠠᠯᠠᠯᠲᠠ ᠪᠠ ᠬᠢᠨᠠᠨ ᠵᠥᠪᠰᠢᠶᠡᠷᠡᠯ ᠤᠨ ᠳ᠋ᠦᠩ ᠢ ᠨᠡᠶᠢᠲᠡᠯᠡᠬᠦ ᠳᠤ ᠂ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ | ᠨᠡᠶᠢᠲᠡ 1839 ᠲᠤᠰᠬᠠᠢ ᠮᠡᠷᠭᠡᠵᠢᠯ ᠤᠨ ᠴᠡᠭ ᠨᠡᠮᠡᠭᠳᠡᠵᠦ ᠂ 2220 ᠲᠤᠰᠬᠠᠢ ᠮᠡᠷᠭᠡᠵᠢᠯ ᠤᠨ ᠴᠡᠭ ᠲᠤ ᠰᠣᠷᠣᠭᠴᠢ ᠡᠯᠰᠡᠬᠦ ᠶᠢ ᠨᠢ ᠵᠣᠭᠰᠣᠭᠠᠵᠤ ᠂ 1428 | ᠲᠤᠰᠬᠠᠢ ᠮᠡᠷᠭᠡᠵᠢᠯ ᠤᠨ ᠴᠡᠭ ᠢ ᠬᠠᠰᠤᠪᠠ ᠃ | ᠰᠤᠷᠭᠠᠨ ᠬᠥᠮᠦᠵᠢᠯ ᠤᠨ ᠶᠠᠮᠤᠨ ︽ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ ᠭᠠᠷᠴᠠᠭ ︵ 2025 | ᠣᠨ ︶ ︾ ᠢ ᠵᠡᠷᠭᠡ ᠳᠤ ᠨᠢ ᠰᠢᠨᠡᠳᠬᠡᠨ ᠨᠡᠶᠢᠲᠡᠯᠡᠵᠦ ᠂ 29 ᠵᠦᠢᠯ ᠤᠨ ᠰᠢᠨ᠎ᠡ ᠲᠤᠰᠬᠠᠢ ᠮᠡᠷᠭᠡᠵᠢᠯ ᠢ ᠨᠡᠮᠡᠨ ᠵᠢᠭᠰᠠᠭᠠᠵᠤ ᠂ 2025 ᠣᠨ ᠤ ᠶᠡᠭᠡ ᠳᠡᠭᠡᠳᠦ | ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠪᠣᠯᠪᠠ ᠃ ᠰᠢᠨ᠎ᠡ ᠭᠠᠷᠴᠠᠭ ᠲᠤ 93 ᠲᠤᠰᠬᠠᠢ ᠮᠡᠷᠭᠡᠵᠢᠯ ᠤᠨ ᠲᠥᠷᠥᠯ ᠂ 845 ᠵᠦᠢᠯ ᠤᠨ ᠲᠤᠰᠬᠠᠢ | ᠮᠡᠷᠭᠡᠵᠢᠯ ᠢ ᠪᠠᠭᠲᠠᠭᠠᠵᠤ ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠴᠢᠮ ᠬᠡᠷᠡᠭᠴᠡᠭᠡ ᠪᠠ ᠴᠢᠨᠠᠷ ᠰᠠᠶᠢᠲᠠᠢ | ᠬᠥᠭᠵᠢᠯᠲᠡ ᠳᠤ ᠲᠦᠷᠭᠡᠨ ᠨᠡᠶᠢᠴᠡᠭᠦᠯᠦᠨ ᠲᠣᠬᠢᠷᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠪᠠ ᠃ | ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠲᠠᠯ᠎ᠠ ᠪᠠᠷ ᠂ ᠣᠷᠣᠨ ᠪᠦᠰᠡ ᠪᠠ ᠤᠯᠤᠰ ᠤᠳ ᠤᠨ ᠢᠯᠭᠠᠯ ᠤᠨ ᠤᠬᠠᠭᠠᠨ ᠂ | ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠂ ᠲᠡᠯᠡᠶ ᠲᠠᠩᠭᠢᠰ ᠤᠨ ᠰᠢᠨᠵᠢᠯᠡᠬᠦ ᠤᠬᠠᠭᠠᠨ ᠬᠢᠭᠡᠳ ᠲᠧᠭᠨᠢᠭ ᠮᠡᠷᠭᠡᠵᠢᠯ ᠂ | ᠡᠷᠡᠭᠦᠯ ᠮᠡᠨᠳᠦ ᠬᠢᠭᠡᠳ ᠡᠮᠴᠢᠯᠡᠭᠡᠨ ᠤ ᠪᠠᠲᠤᠯᠠᠭ᠎ᠠ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠤᠰᠢᠭᠤᠷᠠᠯ ᠳᠤ ᠬᠠᠨᠳᠤᠭᠤᠯᠤᠨ ᠂ ᠣᠶᠤᠨᠴᠢ ᠮᠣᠯᠧᠺᠦ᠋ᠯ ᠤᠨ ᠢᠨᠵᠧᠨᠧᠷᠢᠩ ᠂ ᠡᠮᠴᠢᠯᠡᠭᠡᠨ ᠤ | ᠪᠠᠭᠠᠵᠢ ᠬᠡᠷᠡᠭᠰᠡᠯ ᠬᠢᠭᠡᠳ ᠲᠣᠨᠤᠭ ᠲᠥᠬᠦᠭᠡᠷᠦᠮᠵᠢ ᠶᠢᠨ ᠢᠨᠵᠧᠨᠧᠷᠢᠩ ᠂ ᠴᠠᠭ ᠣᠷᠣᠨ ᠵᠠᠢ ᠶᠢᠨ ᠮᠡᠳᠡᠭᠡ ᠵᠠᠩᠭᠢ ᠶᠢᠨ ᠢᠨᠵᠧᠨᠧᠷᠢᠩ ᠵᠡᠷᠭᠡ ᠲᠤᠰᠬᠠᠢ ᠮᠡᠷᠭᠡᠵᠢᠯ ᠢ | ᠨᠡᠮᠡᠵᠦ ᠲᠣᠬᠢᠷᠠᠭᠤᠯᠪᠠ ᠃ | ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ ᠂ ᠤᠯᠠᠨ ᠤᠯᠤᠰ ᠤᠨ ᠰᠢᠤᠳᠠᠨ ᠤ ᠬᠥᠯᠭᠡ ᠣᠩᠭᠤᠴᠠᠨ ᠤ ᠬᠠᠮᠢᠶᠠᠷᠤᠯᠲᠠ ᠂ | ᠠᠭᠠᠷ ᠠᠶᠠᠯᠠᠯ ᠤᠨ ᠬᠥᠳᠡᠯᠭᠡᠭᠡᠨ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ ᠃ | ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠣᠬᠢᠶᠠᠮᠠᠯ ᠣᠶᠣᠨ ᠢᠶᠠᠷ ᠡᠷᠴᠢᠮᠯᠡᠬᠦ ᠳᠤ ᠠᠩᠬᠠᠷᠤᠯ ᠲᠥᠪᠯᠡᠷᠡᠭᠦᠯᠵᠦ ᠂ ᠵᠣᠬᠢᠶᠠᠮᠠᠯ ᠣᠶᠣᠨ ᠤ ᠰᠤᠷᠭᠠᠨ ᠬᠥᠮᠦᠵᠢᠯ ᠂ | ᠣᠶᠤᠨᠴᠢ ᠠᠦ᠋ᠳᠢᠣ᠋ ᠸᠢᠳᠢᠣ᠋ ᠶᠢᠨ ᠢᠨᠵᠧᠨᠧᠷᠢᠩ ᠂ ᠳ᠋ᠢᠭᠢᠲ ᠰᠢ ᠵᠦᠴᠦᠭᠡ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ ᠃ | ᠣᠳᠣᠬᠠᠨ ᠳᠤ ᠂ ᠪᠥᠬᠦ ᠤᠯᠤᠰ ᠤᠨ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ | ᠨᠡᠶᠢᠲᠡ 6.28 ᠲᠦᠮᠡ ᠪᠠᠶᠢᠨ᠎ᠠ ᠃ ᠰᠤᠷᠭᠠᠨ ᠬᠥᠮᠦᠵᠢᠯ ᠤᠨ ᠶᠠᠮᠤᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠪᠠ ᠠᠵᠢᠯ ᠣᠯᠭᠤᠯᠲᠠ ᠶᠢᠨ ᠠᠵᠢᠯ ᠤᠨ | ᠬᠤᠯᠪᠣᠯᠳᠤᠯ ᠢ ᠤᠯᠠᠮ ᠨᠢᠭᠡ ᠠᠯᠬᠤᠮ ᠴᠢᠩᠭᠠᠳᠬᠠᠵᠤ ᠂ ᠶᠡᠭᠡ ᠳᠡᠭᠡᠳᠦ ᠰᠤᠷᠭᠠᠭᠤᠯᠢ ᠶᠢ ᠵᠢᠭᠠᠨ ᠵᠢᠯᠤᠭᠤᠳᠴᠤ ᠪᠠᠶᠢᠭᠠᠳ ᠦᠯᠡᠳᠡᠭᠡᠯ ᠲᠤᠰᠬᠠᠢ ᠮᠡᠷᠭᠡᠵᠢᠯ ᠢ ᠨᠢ | ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠬᠦ ᠂ ᠡᠯ᠎ᠡ ᠬᠦᠷᠢᠶᠡᠨ ᠳᠠᠬᠢ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠᠨ ᠲᠥᠰᠥᠭᠡᠯᠡᠵᠦ ᠵᠠᠳᠠᠯᠬᠤ ᠶᠢ | ᠴᠢᠩᠭᠠᠳᠬᠠᠨ ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠣᠬᠢᠴᠠᠯᠳᠤᠯ ᠢ ᠲᠠᠰᠤᠷᠠᠯᠲᠠ ᠦᠭᠡᠢ | ᠴᠢᠩᠭᠠᠷᠠᠭᠤᠯᠬᠤ ᠪᠣᠯᠣᠨ᠎ᠠ ᠃ | | | |